ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠶᠠᠮᠣᠨ᠎ᠤ ᠮᠡᠳᠡᠭᠡ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠢᠭᠡ ᠭᠠᠷᠠᠭ᠎ᠤᠨ ᠴᠢᠬᠤᠯᠠ ᠮᠡᠳᠡᠭᠡ( 12.28︱1.3 )
ᠨᠡᠶ᠋ᠢᠲᠡᠯᠡᠭᠰᠡᠨ ᠴᠠᠭ᠄ 2026-01-12

      1. ᠠᠮᠢ ᠠᠬᠤᠢ ᠣᠷᠴᠢᠨ ᠲᠣᠭᠣᠷᠢᠨ᠎ᠤ ᠶᠠᠮᠤᠨ ᠶᠠᠮᠤᠨ᠎ᠤ ᠪᠠᠢᠩᠭᠤ᠎ᠶᠢᠨ ᠬᠤᠷᠠᠯ ᠬᠤᠷᠠᠯᠳᠤᠭᠤᠯᠪᠠ
      12 ᠰᠠᠷ᠎ᠠ᠎ᠶᠢᠨ 30᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠶᠠᠮᠤᠨ᠎ᠤ ᠪᠠᠢᠩᠭᠤ᠎ᠶᠢᠨ ᠬᠤᠷᠠᠯ᠎ᠢ ᠡᠷᠭᠢᠯᠡᠨ ᠬᠤᠷᠠᠯᠳᠤᠭᠤᠯᠵᠤ᠂ 《 2026 ᠣᠨ᠎ᠤ ᠠᠮᠢ ᠠᠬᠤᠢ ᠣᠷᠴᠢᠨ ᠲᠣᠭᠣᠷᠢᠨ᠎ᠤ ᠠᠵᠢᠯ᠎ᠤᠨ ᠭᠣᠣᠯᠳᠠᠯᠭ᠎ᠠ 》᠂ ᠵᠢᠶᠠᠩᠰᠤ᠎ᠶᠢᠨ ᠰᠢᠦᠢ ᠸᠧᠢ᠎ᠶᠢᠨ ᠴᠥᠮ᠎ᠡ᠎ᠶᠢᠨ ᠡᠨᠧᠷᠭᠢ ᠢᠯᠴᠢ ᠬᠠᠩᠭᠠᠬᠤ ᠴᠠᠬᠢᠯᠭᠠᠨ ᠭᠠᠷᠭᠠᠬᠤ ᠦᠢᠯᠡᠳᠪᠦᠷᠢ᠎ᠶᠢᠨ ᠨᠢᠭᠡᠳᠦᠭᠡᠷ ᠬᠤᠭᠤᠴᠠᠭᠠᠨ᠎ᠤ ᠢᠨᠵᠧᠨᠧᠷᠢᠩ᠎ᠦᠨ 1᠂ 2 ᠳ᠋ᠤᠭᠠᠷ ᠮᠠᠰᠢᠨ ᠴᠣᠭᠴᠠᠯᠠᠪᠤᠷᠢ᠎ᠶᠢᠨ ᠣᠷᠴᠢᠨ ᠲᠣᠭᠣᠷᠢᠨ᠎ᠤ ᠨᠥᠯᠥᠭᠡᠯᠡᠯ᠎ᠦᠨ ᠮᠡᠳᠡᠭᠦᠯᠦᠯᠲᠡ᠎ᠶᠢᠨ ᠪᠢᠴᠢᠭ ( ᠪᠠᠶ᠋ᠢᠭᠤᠯᠬᠤ ᠱᠠᠲᠤ ) ᠪᠣᠯᠣᠨ ᠪᠠᠶ᠋ᠢᠭᠤᠯᠬᠤ ᠵᠥᠪᠰᠢᠶᠡᠷᠡᠯ᠎ᠦᠨ ᠦᠨᠡᠮᠯᠡᠯ᠎ᠦᠨ ᠭᠤᠶᠤᠴᠢᠯᠠᠯ᠎ᠢ ᠬᠢᠨᠠᠨ ᠦᠨᠡᠯᠡᠵᠦ ᠬᠢᠨᠠᠯᠲᠠ ᠲᠠᠯᠪᠢᠭ᠍ᠰᠠᠨ ᠪᠠᠢᠳᠠᠯ᠎ᠢ ᠬᠢᠨᠠᠨ ᠶᠠᠷᠢᠯᠴᠠᠵᠤ ᠵᠠᠷᠴᠢᠮ ᠳᠡᠭᠡᠷ᠎ᠡ᠎ᠪᠡᠨ ᠪᠠᠲᠤᠯᠠᠭᠰᠠᠨ ᠪᠥᠭᠡᠳ ᠰᠢᠨ᠎ᠡ ᠵᠢᠯ᠂ ᠴᠠᠭᠠᠨ ᠰᠠᠷ᠎ᠠ᠎ᠶᠢᠨ ᠬᠤᠭᠤᠴᠠᠭᠠᠨ᠎ᠳᠠᠬᠢ ᠬᠣᠯᠪᠣᠭᠳᠠᠯ ᠪᠦᠬᠦᠢ ᠠᠵᠢᠯ᠎ᠳᠤ ᠪᠠᠢᠷᠢᠯᠠᠭᠤᠯᠤᠯᠲᠠ ᠬᠢᠭᠰᠡᠨ ᠪᠠᠢᠨ᠎ᠠ᠃
      2. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠱᠠᠨ ᠰᠢ ᠮᠤᠵᠢ᠎ᠳᠤ ᠬᠦᠷᠴᠦ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠠᠵᠢᠯ᠎ᠢ ᠪᠠᠢᠴᠠᠭᠠᠨ ᠰᠤᠳᠤᠯᠪᠠ
      12 ᠰᠠᠷ᠎ᠠ᠎ᠶᠢᠨ 28᠎ᠤ ᠡᠳᠦᠷ᠎ᠡᠴᠡ 29᠎ᠦ ᠡᠳᠦᠷ ᠪᠣᠯᠲᠠᠯ᠎ᠠ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠱᠠᠨ ᠰᠢ ᠮᠤᠵᠢ᠎ᠶᠢᠨ ᠲᠠᠢᠶᠤᠸᠠᠨ ᠬᠤᠳᠠ᠂ ᠳ᠋ᠠᠲ᠋ᠦ᠋ᠩ ᠬᠤᠳᠠ᠎ᠳᠤ ᠬᠦᠷᠴᠦ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠠᠵᠢᠯ᠎ᠢ ᠪᠠᠢᠴᠠᠭᠠᠨ ᠰᠤᠳᠤᠯᠵᠠᠢ᠃
      3. ᠶᠠᠮᠤᠨ᠎ᠤ ᠰᠠᠢᠳ ᠬᠤᠸᠠᠩ ᠷᠦᠨ ᠴᠢᠦ 《 ᠠᠷᠠᠳ᠎ᠤᠨ ᠤᠯᠤᠰ ᠲᠥᠷᠥ ᠎ᠶᠢᠨ ᠵᠥᠪᠯᠡᠯᠭᠡᠨ᠎ᠦ ᠰᠣᠨᠢᠨ 》᠎ᠳᠤ 《 ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢ ᠲᠦᠯᠬᠢᠨ ᠠᠬᠢᠭᠤᠯᠵᠤ ᠴᠢᠬᠤᠯᠠ ᠶᠡᠬᠡ ᠰᠢᠨ᠎ᠡ ᠠᠬᠢᠴᠠ᠎ᠲᠠᠢ ᠪᠣᠯᠭᠠᠶ᠎ᠠ 》 ᠭᠡᠰᠡᠨ ᠨᠡᠷ᠎ᠡ ᠬᠠᠳᠠᠭᠰᠠᠨ ᠵᠣᠬᠢᠶᠠᠯ ᠨᠡᠢᠲᠡᠯᠡᠪᠡ
      ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠠᠴᠠ ᠪᠠᠲᠤᠯᠠᠭᠰᠠᠨ 《 ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢ ᠲᠣᠭᠲᠠᠭᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠰᠠᠨᠠᠭᠤᠯᠭ᠎ᠠ 》 ( ᠳᠣᠷᠣᠭ᠍ᠰᠢ 《 ᠰᠠᠨᠠᠭᠤᠯᠭ᠎ᠠ 》 ᠭᠡᠵᠦ ᠲᠣᠪᠴᠢᠯᠠᠨ᠎ᠠ )᠎ᠳᠤ ᠢᠷᠡᠭᠡᠳᠦᠢ᠎ᠶᠢᠨ ᠲᠠᠪᠤᠨ ᠵᠢᠯ᠎ᠦᠨ ᠬᠥᠭᠵᠢᠯᠲᠡ᠎ᠶᠢᠨ ᠲᠤᠬᠠᠢ ᠳᠡᠭᠡᠳᠦ ᠵᠡᠷᠭᠡᠯᠡᠯ᠎ᠦᠨ ᠵᠢᠷᠤᠭ ᠲᠥᠯᠥᠪᠯᠡᠭᠡ ᠪᠠ ᠪᠠᠢᠯᠳᠤᠬᠤ ᠪᠣᠳᠣᠯᠭ᠎ᠠ᠎ᠶᠢᠨ ᠵᠢᠷᠤᠭᠯᠠᠯ᠎ᠢ ᠭᠠᠷᠭᠠᠵᠠᠢ᠂ ᠡᠨᠡ ᠪᠣᠯ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠵᠢᠯᠤᠭᠣᠳᠬᠤ ᠬᠥᠲᠥᠯᠪᠦᠷᠢ᠎ᠶᠢᠨ ᠴᠢᠨᠠᠷᠲᠠᠢ ᠪᠢᠴᠢᠭ ᠮᠠᠲᠧᠷᠢᠶᠠᠯ ᠮᠥᠨ᠃
      4. 2025 ᠣᠨ᠎ᠳᠤ ᠪᠦᠭᠦ ᠤᠯᠤᠰ᠎ᠤᠨ ᠨᠡᠭᠦᠷᠡᠰᠦᠲᠥ᠋ᠷᠥᠭᠴᠢ᠎ᠶᠢᠨ ᠵᠠᠬ᠎ᠠ ᠳᠡᠯᠭᠡᠭᠦᠷ ᠲᠣᠭᠲᠠᠭᠤᠨ ᠪᠥᠭᠡᠳ ᠡᠮᠬᠢ ᠵᠢᠷᠤᠮ᠎ᠲᠠᠢ ᠠᠵᠢᠯᠯᠠᠵᠤ ᠣᠨ᠎ᠤ ᠪᠦᠲᠦᠭᠡᠨ ᠪᠠᠢᠭᠤᠯᠤᠯᠲᠠ᠎ᠶᠢᠨ ᠠᠵᠢᠯ᠎ᠢᠶᠠᠨ ᠲᠡᠭᠦᠰ ᠠᠮᠵᠢᠯᠲᠠ᠎ᠲᠠᠢ ᠪᠡᠶᠡᠯᠡᠭᠦᠯᠪᠡ
      ᠨᠢᠭᠡ ᠵᠢᠯ᠎ᠦᠨ ᠲᠤᠷᠰᠢ᠂ ᠪᠦᠬᠦ ᠤᠯᠤᠰ᠎ᠤᠨ ᠨᠡᠭᠦᠷᠡᠰᠦᠲᠥ᠋ᠷᠥᠭᠴᠢ᠎ᠶᠢᠨ ᠵᠠᠬ᠎ᠠ ᠳᠡᠯᠭᠡᠭᠦᠷ᠎ᠦᠨ ᠠᠵᠢᠯᠯᠠᠭᠠᠨ ᠲᠣᠭᠲᠠᠭᠤᠨ ᠪᠥᠭᠡᠳ ᠡᠮᠬᠢ ᠳᠢᠭ᠌ᠯᠢᠮ᠎ᠲᠠᠢ ᠪᠠᠢᠵᠤ᠂ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ ᠲᠣᠭᠲᠠᠭᠤᠨ᠎ᠢᠶᠠᠷ ᠳᠡᠭᠡᠭᠰᠢᠯᠡᠪᠡ᠃ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ᠎ᠶᠢᠨ ᠠᠷᠠᠯᠵᠢᠶᠠᠨ᠎ᠤ ᠵᠠᠬ᠎ᠠ ᠳᠡᠯᠭᠡᠭᠦᠷ᠎ᠦᠨ ᠭᠣᠣᠯᠳᠠᠯᠭ᠎ᠠ᠎ᠲᠠᠢ ᠭᠠᠳᠠᠭᠰᠢᠯᠠᠭᠤᠯᠬᠤ ᠨᠢᠭᠡᠴᠢ᠎ᠶᠢᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ ᠦᠵᠡᠯ ᠤᠬᠠᠮᠰᠠᠷ ᠦᠷᠭᠦᠯᠵᠢᠯᠡᠨ ᠴᠢᠩᠭᠠᠷᠠᠵᠤ᠂ ᠲᠣᠬᠢᠷᠠᠭᠤᠯᠤᠯᠲᠠ᠎ᠶᠢᠨ ᠲᠣᠭ᠎ᠠ᠎ᠶᠢ ᠢᠯᠭᠠᠷᠠᠭᠤᠯᠤᠨ ᠲᠤᠰᠢᠶᠠᠬᠤ᠎ᠶᠢ ᠪᠡᠶᠡᠯᠡᠭᠦᠯᠦᠭᠰᠡᠨ ᠪᠠᠢᠳᠠᠯ ᠥᠨᠳᠥᠷ ᠲᠦᠪᠰᠢᠨ᠎ᠳᠦ ᠪᠠᠢᠬᠤ᠎ᠶᠢ ᠪᠠᠲᠤᠯᠠᠵᠤ᠂ ᠬᠦᠯᠡᠮᠵᠢ᠎ᠶᠢᠨ ᠬᠡᠢ ᠪᠡᠶᠡᠲᠦ᠎ᠶᠢᠨ ᠰᠠᠢᠨ ᠳᠤᠷ᠎ᠠ᠎ᠠᠴᠠ᠎ᠪᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ ᠠᠷᠠᠯᠵᠢᠶᠠᠨ᠎ᠤ ᠵᠠᠬ᠎ᠠ ᠳᠡᠯᠭᠡᠭᠦᠷ᠎ᠦᠨ ᠳᠡᠮᠵᠢᠯᠭᠡ᠎ᠶᠢᠨ ᠬᠦᠷᠢᠶ᠎ᠡ ᠤᠯᠠᠮ ᠨᠢᠭᠡ ᠠᠯᠬᠤᠮ ᠥᠷᠭᠡᠳᠴᠦ᠂ ᠵᠠᠬ᠎ᠠ ᠳᠡᠯᠭᠡᠭᠦᠷ᠎ᠦᠨ ᠪᠠᠭᠲᠠᠭᠠᠮᠵᠢ᠎ᠶᠢ ᠲᠦᠷᠭᠡᠨ᠎ᠢᠶᠡᠷ ᠥᠷᠭᠡᠳᠬᠡᠪᠡ᠃ ᠪᠦᠬᠦ ᠤᠯᠤᠰ᠎ᠤᠨ ᠨᠡᠭᠦᠷᠡᠰᠦᠲᠥ᠋ᠷᠥᠭᠴᠢ᠎ᠶᠢᠨ ᠵᠠᠬ᠎ᠠ ᠳᠡᠯᠭᠡᠭᠦᠷ᠎ᠦᠨ ᠪᠦᠬᠦ ᠨᠡᠢᠭᠡᠮ᠎ᠦᠨ ᠳᠣᠣᠷ᠎ᠠ ᠥᠪᠡᠷ᠎ᠦᠨ ᠦᠷᠳᠡᠭ᠎ᠢᠶᠡᠷ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ ᠴᠢᠳᠠᠮᠵᠢ᠎ᠶᠢ ᠲᠠᠰᠤᠷᠠᠯᠲᠠ ᠦᠭᠡᠢ ᠢᠯᠡᠷᠡᠭᠦᠯᠬᠦ᠎ᠶᠢ ᠠᠬᠢᠭᠤᠯᠪᠠ᠃
      5. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠣᠯᠣᠨ ᠬᠢᠮᠢ᠎ᠶᠢᠨ ᠪᠣᠳᠠᠰ᠎ᠤᠨ ᠵᠤᠷᠭᠠᠨ᠎ᠤ ᠬᠣᠯᠪᠣᠭᠳᠠᠯ ᠪᠦᠬᠦᠢ ᠬᠠᠷᠢᠭᠤᠴᠠᠯᠭᠠᠲᠠᠨ 《 ᠬᠢᠮᠢ᠎ᠶᠢᠨ ᠪᠣᠳᠠᠰ᠎ᠤᠨ ᠨᠡᠷᠡᠰ᠎ᠦᠨ ᠵᠢᠭ᠍ᠰᠠᠭᠠᠯᠲᠠ᠎ᠶᠢ ᠤᠷᠢᠳ᠎ᠢᠶᠠᠷ ᠡᠵᠡᠮᠳᠡᠬᠦ ( ᠭᠤᠷᠪᠠᠳᠤᠭᠠᠷ ᠪᠦᠯᠦᠭ ) 》᠎ᠶᠢᠨ ᠲᠤᠬᠠᠢ ᠰᠤᠷᠪᠤᠯᠵᠢᠯᠠᠭ᠍ᠴᠢ᠎ᠶᠢᠨ ᠠᠰᠠᠭᠤᠯᠲᠠ᠎ᠶᠢ ᠬᠠᠷᠢᠭᠤᠯᠪᠠ
      ᠣᠢᠷ᠎ᠠ᠎ᠳᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ ᠂ ᠤᠯᠤᠰ᠎ᠤᠨ ᠡᠪᠡᠳᠴᠢᠨ ᠡᠮᠭᠡᠭ᠎ᠢ ᠰᠡᠷᠭᠡᠢᠯᠡᠨ ᠬᠢᠵᠠᠭᠠᠷᠯᠠᠬᠤ ᠲᠣᠪᠴᠢᠶ᠎ᠠ ᠬᠠᠮᠲᠤᠷᠠᠨ 《 ᠬᠢᠮᠢ᠎ᠶᠢᠨ ᠪᠣᠳᠠᠰ᠎ᠢ ᠤᠷᠢᠳ᠎ᠢᠶᠠᠷ ᠬᠢᠵᠠᠭᠠᠷᠯᠠᠬᠤ ᠨᠡᠷᠡᠰ᠎ᠦᠨ ᠵᠢᠭ᠍ᠰᠠᠭᠠᠯᠲᠠ ( ᠭᠤᠷᠪᠠᠳᠤᠭᠠᠷ ᠪᠦᠯᠦᠭ ) 》 ( ᠳᠣᠷᠣᠭ᠍ᠰᠢ 《 ᠨᠡᠷᠡᠰ᠎ᠦᠨ ᠵᠢᠭ᠍ᠰᠠᠭᠠᠯᠲᠠ 》 ᠭᠡᠵᠦ ᠲᠣᠪᠴᠢᠯᠠᠨ᠎ᠠ )᠎ᠶᠢ ᠳᠠᠷᠤᠮᠠᠯᠯᠠᠨ ᠲᠠᠷᠬᠠᠭᠠᠪᠠ᠃ 《 ᠨᠡᠷᠡᠰ᠎ᠦᠨ ᠵᠢᠭ᠍ᠰᠠᠭᠠᠯᠲᠠ 》 ᠶ᠋ᠢ ᠲᠣᠭᠲᠠᠭᠠᠭᠰᠠᠨ ᠬᠣᠯᠪᠣᠭᠳᠠᠯ ᠪᠦᠬᠦᠢ ᠪᠠᠢᠳᠠᠯ᠎ᠳᠤ ᠴᠢᠭᠯᠡᠭᠦᠯᠦᠨ ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠬᠢᠭᠡᠳ ᠬᠢᠮᠢ᠎ᠶᠢᠨ ᠪᠣᠳᠠᠰ᠎ᠤᠨ ᠵᠤᠷᠭᠠᠨ᠎ᠤ ᠬᠣᠯᠪᠣᠭᠳᠠᠯ ᠪᠦᠬᠦᠢ ᠬᠠᠷᠢᠭᠤᠴᠠᠯᠭᠠᠲᠠᠨ ᠰᠤᠷᠪᠤᠯᠵᠢᠯᠠᠭ᠍ᠴᠢ᠎ᠶᠢᠨ ᠠᠰᠠᠭᠤᠯᠲᠠ᠎ᠶᠢ ᠬᠠᠷᠢᠭᠤᠯᠪᠠ᠃
      6. ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠠᠩᠬᠠᠨ᠎ᠤ ᠪᠦᠯᠦᠭ᠎ᠦᠨ ᠲᠣᠭᠠᠴᠢᠯᠠᠨ ᠣᠶᠤᠨᠴᠢᠯᠠᠭᠰᠠᠨ ᠰᠢᠯᠢᠳᠡᠭ ᠬᠡᠷᠡᠭ᠎ᠦᠨ ᠵᠢᠱ᠌ᠢᠶ᠎ᠡ᠎ᠶᠢᠨ ᠨᠡᠷᠡᠰ᠎ᠢ ᠨᠡᠢᠲᠡᠯᠡᠪᠡ
      ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠲᠣᠭᠠᠴᠢᠯᠠᠨ ᠣᠶᠤᠨᠴᠢᠯᠠᠭᠰᠠᠨ ᠰᠢᠨ᠎ᠡ᠎ᠶᠢ ᠡᠭᠦᠳᠬᠦ ᠦᠢᠯᠡᠳᠦᠯᠭᠡ᠎ᠶᠢ ᠠᠬᠢᠭᠤᠯᠬᠤ᠎ᠶᠢᠨ ᠲᠥᠯᠥᠭᠡ᠂ 2025 ᠣᠨ᠎ᠳᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ ᠠᠩᠬᠠᠳᠠᠭ᠍ᠴᠢ ᠪᠦᠯᠦᠭ ᠰᠢᠶᠠᠨ ( ᠲᠣᠭᠣᠷᠢᠭ᠋᠂ ᠬᠤᠳᠠ )᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠲᠣᠭᠠᠴᠢᠯᠠᠨ ᠣᠶᠤᠨᠴᠢᠯᠠᠭᠰᠠᠨ ᠰᠢᠯᠢᠳᠡᠭ ᠬᠡᠷᠡᠭ᠎ᠦᠨ ᠵᠢᠱ᠌ᠢᠶ᠎ᠡ᠎ᠶᠢ ᠰᠣᠩᠭᠣᠨ ᠭᠠᠷᠭᠠᠵᠠᠢ᠂ ᠡᠳᠡᠭᠡᠷ ᠬᠡᠷᠡᠭ᠎ᠦᠨ ᠵᠢᠱ᠌ᠢᠶ᠎ᠡ ᠨᠢ ᠪᠣᠳᠠᠰᠯᠢᠭ᠋ ᠬᠣᠯᠪᠣᠭᠠᠲᠤ ᠰᠦᠯᠵᠢᠶ᠎ᠡ᠂ ᠲᠣᠮᠣ᠌ ᠳ᠋ᠠᠢᠲ᠋ᠠ᠂ ᠵᠣᠬᠢᠶᠠᠮᠠᠯ ᠤᠶᠤᠨ ᠴᠢᠳᠠᠪᠤᠷᠢ ᠵᠡᠷᠭᠡ ᠲᠡᠷᠢᠭᠦᠨ᠎ᠦ ᠮᠡᠷᠭᠡᠵᠢᠯ᠎ᠢ ᠭᠦᠨᠵᠡᠭᠡᠢ ᠠᠭᠤᠰᠤᠯᠴᠠᠭᠤᠯᠵᠤ᠂ ᠶᠡᠷᠦᠩᠬᠡᠢᠯᠡᠨ ᠦᠨᠡᠯᠡᠬᠦ᠂ ᠪᠣᠬᠢᠷᠲᠤᠯ᠎ᠤᠨ ᠡᠬᠢ ᠰᠤᠷᠪᠤᠯᠵᠢ᠎ᠶᠢ ᠡᠷᠢᠬᠦ᠂ ᠠᠶᠤᠯ ᠲᠦᠭᠰᠢᠭᠦᠷᠢ᠎ᠶᠢ ᠤᠷᠢᠳᠴᠢᠯᠠᠨ ᠰᠡᠷᠡᠮᠵᠢᠯᠡᠭᠦᠯᠬᠦ᠂ ᠬᠠᠮᠵᠢᠯᠴᠠᠨ ᠵᠠᠰᠠᠬᠤ ᠵᠡᠷᠭᠡ ᠲᠠᠯᠠᠪᠤᠷ᠎ᠲᠤ ᠢᠯᠡᠳᠲᠡ ᠦᠷ᠎ᠡ ᠪᠦᠲᠦᠮᠵᠢ ᠣᠯᠵᠤ᠂ ᠬᠢᠨᠠᠨ ᠬᠡᠮᠵᠢᠯᠲᠡ᠎ᠶᠢᠨ ᠰᠦᠯᠵᠢᠶ᠎ᠡ᠎ᠶᠢᠨ ᠲᠣᠭᠠᠴᠢᠯᠠᠨ ᠣᠶᠤᠨᠴᠢᠯᠠᠭᠰᠠᠨ ᠬᠡᠯᠪᠡᠷᠢ᠎ᠶᠢᠨ ᠬᠤᠪᠢᠷᠠᠯᠲᠠ᠎ᠶᠢᠨ ᠰᠢᠨ᠎ᠡ ᠰᠣᠷᠭᠣᠭ ᠬᠡᠪ ᠳᠠᠭᠤᠷᠢᠶᠠᠯ ᠪᠣᠯᠤᠭᠰᠠᠨ ᠪᠠᠢᠨ᠎ᠠ᠃
      7. 《 ᠠᠮᠢ ᠠᠬᠤᠢ᠎ᠶᠢ ᠲᠡᠷᠢᠭᠦᠨ᠎ᠳᠦ ᠲᠠᠯᠪᠢᠬᠤ ᠪᠠ ᠠᠵᠤ ᠦᠢᠯᠡᠰ᠎ᠢᠶᠡᠷ ᠠᠷᠠᠳ᠎ᠢ ᠪᠠᠶᠠᠵᠢᠭᠤᠯᠬᠤ ᠬᠣᠶᠠᠷ ᠬᠦᠷᠳᠦ᠎ᠪᠡᠷ ᠬᠥᠳᠡᠯᠭᠡᠭᠦᠷ ᠪᠣᠯᠭᠠᠨ᠎ᠠ —— ᠨᠢᠩᠰᠢᠶᠠ᠎ᠶᠢᠨ ᠬᠣᠲᠣᠩ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ᠎ᠤ ᠵᠢᠩ ᠶᠤᠸᠠᠨ ᠰᠢᠶᠠᠨ᠎ᠤ  〈 ᠪᠣᠬᠢᠷᠳᠤᠯ ᠦᠭᠡᠢ ᠪᠠ ᠪᠠᠶᠠᠵᠢᠨ ᠴᠢᠨᠡᠭᠡᠯᠢᠭᠵᠢᠬᠦ ᠬᠠᠮᠲᠤ᠎ᠶᠢᠨ ᠢᠯᠠᠯᠲᠠ 〉 ᠶᠠᠳᠠᠭᠤ᠎ᠶᠢ ᠪᠠᠭᠠᠰᠬᠠᠭᠰᠠᠨ ᠬᠡᠷᠡᠭ᠎ᠦᠨ ᠵᠢᠱ᠌ᠢᠶ᠎ᠡ 》
      《 ᠵᠢᠷᠭᠤᠳᠤᠭᠠᠷ ᠬᠤᠭᠤᠴᠠᠭᠠᠨ᠎ᠤ ᠪᠦᠬᠦ ᠪᠥᠮᠪᠥᠷᠴᠡᠭ᠎ᠦᠨ ᠶᠠᠳᠠᠭᠤ ᠬᠦᠴᠢᠷᠳᠡᠯᠲᠡᠢ ᠬᠥᠮᠥᠨ ᠠᠮᠠ᠎ᠶᠢ ᠴᠥᠭᠡᠳᠬᠡᠭᠰᠡᠨ ᠬᠡᠷᠡᠭ᠎ᠦᠨ ᠵᠢᠱ᠌ᠢᠶ᠎ᠡ᠎ᠶᠢ ᠴᠤᠭᠯᠠᠭᠤᠯᠬᠤ ᠠᠵᠢᠯᠯᠠᠭ᠎ᠠ 》᠎ᠶᠢᠨ ᠬᠠᠮᠤᠭ ᠰᠠᠢᠨ ᠶᠠᠳᠠᠭᠤ ᠬᠦᠴᠢᠷᠳᠡᠯᠲᠡᠢ ᠬᠥᠮᠥᠨ ᠠᠮᠠ᠎ᠶᠢ ᠴᠥᠭᠡᠳᠬᠡᠭᠰᠡᠨ ᠬᠡᠷᠡᠭ᠎ᠦᠨ ᠵᠢᠱ᠌ᠢᠶ᠎ᠡ᠎ᠪᠠᠷ ᠦᠨᠡᠯᠡᠭᠳᠡᠭᠰᠡᠨ 2025 ᠪᠦᠬᠦ ᠪᠥᠮᠪᠥᠷᠴᠡᠭ᠎ᠦᠨ ᠶᠠᠳᠠᠭᠤ ᠬᠦᠴᠢᠷᠳᠡᠯᠲᠡᠢ ᠬᠥᠮᠥᠨ ᠠᠮᠠ᠎ᠶᠢ ᠴᠥᠭᠡᠳᠬᠡᠭᠰᠡᠨ ᠬᠠᠨᠢᠲᠠᠨ᠎ᠤ ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠠᠴᠠ ᠲᠠᠨᠢᠯᠴᠠᠭᠤᠯᠤᠭᠰᠠᠨ 《 ᠠᠮᠢ ᠠᠬᠤᠢ᠎ᠶᠢ ᠲᠡᠷᠢᠭᠦᠨ᠎ᠳᠦ ᠲᠠᠯᠪᠢᠬᠤ ᠪᠠ ᠠᠵᠤ ᠦᠢᠯᠡᠰ᠎ᠢᠶᠡᠷ ᠠᠷᠠᠳ᠎ᠢ ᠪᠠᠶᠠᠵᠢᠭᠤᠯᠬᠤ ᠬᠣᠶᠠᠷ ᠬᠦᠷᠳᠦ᠎ᠪᠡᠷ ᠬᠥᠳᠡᠯᠭᠡᠭᠦᠷ ᠪᠣᠯᠭᠠᠨ᠎ᠠ —— ᠨᠢᠩᠰᠢᠶᠠ᠎ᠶᠢᠨ ᠬᠣᠲᠣᠩ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ᠎ᠤ ᠵᠢᠩ ᠶᠤᠸᠠᠨ ᠰᠢᠶᠠᠨ᠎ᠤ 〈 ᠪᠣᠬᠢᠷᠳᠤᠯ ᠦᠭᠡᠢ ᠪᠠ ᠪᠠᠶᠠᠵᠢᠨ ᠴᠢᠨᠡᠭᠡᠯᠢᠭᠵᠢᠬᠦ ᠬᠠᠮᠲᠤ᠎ᠶᠢᠨ ᠢᠯᠠᠯᠲᠠ 〉 ᠶᠠᠳᠠᠭᠤ᠎ᠶᠢ ᠪᠠᠭᠠᠰᠬᠠᠭᠰᠠᠨ ᠬᠡᠷᠡᠭ᠎ᠦᠨ ᠵᠢᠱ᠌ᠢᠶ᠎ᠡ 》 ᠨᠢ ᠳᠤᠮᠳᠠᠳᠤ ᠤᠯᠤᠰ᠎ᠤᠨ ᠤᠯᠠᠨ ᠤᠯᠤᠰ᠎ᠤᠨ ᠶᠠᠳᠠᠭᠤ ᠬᠦᠴᠢᠷᠳᠡᠯᠲᠡᠢ ᠬᠥᠮᠥᠨ ᠠᠮᠠ᠎ᠶᠢ ᠴᠥᠭᠡᠳᠬᠡᠬᠦ ᠲᠥᠪ᠂ ᠤᠯᠠᠨ ᠤᠯᠤᠰ᠎ᠤᠨ ᠬᠣᠯᠪᠣᠭᠠᠲᠤ ᠪᠠᠢᠭᠤᠯᠤᠭ᠎ᠠ᠎ᠶᠢᠨ ᠠᠮᠤ ᠪᠤᠳᠠᠭ᠎ᠠ ᠵᠢᠴᠢ ᠲᠠᠷᠢᠶᠠᠯᠠᠩ᠎ᠤᠨ ᠵᠣᠬᠢᠶᠠᠨ ᠪᠠᠢᠭᠤᠯᠤᠯᠲᠠ ᠵᠡᠷᠭᠡ ᠪᠠᠢᠭᠤᠯᠤᠮᠵᠢ᠎ᠶᠢᠨ ᠬᠠᠮᠲᠤᠷᠠᠨ ᠡᠷᠬᠢᠯᠡᠭᠰᠡ 《 ᠵᠢᠷᠭᠤᠳᠤᠭᠠᠷ ᠬᠤᠭᠤᠴᠠᠭᠠᠨ᠎ᠤ ᠪᠦᠬᠦ ᠪᠥᠮᠪᠥᠷᠴᠡᠭ᠎ᠦᠨ ᠶᠠᠳᠠᠭᠤ ᠬᠦᠴᠢᠷᠳᠡᠯᠲᠡᠢ ᠬᠥᠮᠥᠨ ᠠᠮᠠ᠎ᠶᠢ ᠴᠥᠭᠡᠳᠬᠡᠭᠰᠡᠨ ᠬᠡᠷᠡᠭ᠎ᠦᠨ ᠵᠢᠱ᠌ᠢᠶ᠎ᠡ᠎ᠶᠢ ᠴᠤᠭᠯᠠᠭᠤᠯᠬᠤ ᠠᠵᠢᠯᠯᠠᠭ᠎ᠠ 》 ᠵᠢᠨ ᠬᠠᠮᠤᠭ᠎ᠤᠨ ᠰᠠᠢᠨ ᠶᠠᠳᠠᠭᠤ ᠬᠦᠴᠢᠷᠳᠡᠯᠲᠡᠢ ᠬᠥᠮᠥᠨ ᠠᠮᠠ᠎ᠶᠢ ᠴᠥᠭᠡᠳᠬᠡᠭᠰᠡᠨ ᠬᠡᠷᠡᠭ᠎ᠦᠨ ᠵᠢᠱ᠌ᠢᠶ᠎ᠡ᠎ᠪᠡᠷ ᠦᠨᠡᠯᠡᠭᠳᠡᠪᠡ᠃
      8. ᠠᠮᠢ ᠠᠬᠤᠢ ᠣᠷᠴᠢᠨ ᠲᠣᠭᠣᠷᠢᠨ᠎ᠤ ᠶᠠᠮᠤᠨ 2025 ᠣᠨ᠎ᠤ 11 ᠳ᠋ᠦ᠍ᠭᠡᠷ ᠰᠠᠷ᠎ᠠ᠎ᠶᠢᠨ ᠪᠦᠬᠦ ᠤᠯᠤᠰ᠎ᠤᠨ ᠣᠷᠴᠢᠨ ᠲᠣᠭᠣᠷᠢᠨ᠎ᠤ ᠠᠭᠠᠷ᠎ᠤᠨ ᠶᠠᠰᠤ ᠴᠢᠨᠠᠷ᠎ᠤᠨ ᠪᠠᠢᠳᠠᠯ᠎ᠢ ᠨᠡᠢᠲᠡᠯᠡᠪᠡ
      ᠠᠮᠢ ᠠᠬᠤᠢ ᠣᠷᠴᠢᠨ ᠲᠣᠭᠣᠷᠢᠨ᠎ᠤ ᠶᠠᠮᠤᠨ 12 ᠰᠠᠷ᠎ᠠ᠎ᠶᠢᠨ 30᠎ᠤ ᠡᠳᠦᠷ 2025 ᠣᠨ᠎ᠤ 11 ᠳ᠋ᠦ᠍ᠭᠡᠷ ᠰᠠᠷ᠎ᠠ᠎ᠶᠢᠨ ᠪᠥᠬᠥ ᠤᠯᠤᠰ᠎ᠤᠨ ᠣᠷᠴᠢᠨ ᠲᠣᠭᠣᠷᠢᠨ᠎ᠤ ᠠᠭᠠᠷ᠎ᠤᠨ ᠶᠠᠰᠤ ᠴᠢᠨᠠᠷ᠎ᠤᠨ ᠪᠠᠢᠳᠠᠯ᠎ᠢ ᠵᠠᠭᠤᠴᠢᠯᠠᠭᠤᠷ᠎ᠲᠤ ᠨᠡᠢᠲᠡᠯᠡᠪᠡ᠃
      9. ᠠᠮᠢ ᠠᠬᠤᠢ ᠣᠷᠴᠢᠨ ᠲᠣᠭᠣᠷᠢᠨ᠎ᠤ ᠶᠠᠮᠤᠨ 2026 ᠣᠨ᠎ᠤ 1 ᠳ᠋ᠦ᠍ᠭᠡᠷ ᠰᠠᠷ᠎ᠠ᠎ᠶᠢᠨ ᠳᠡᠭᠡᠷ᠎ᠡ ᠬᠠᠭᠠᠰ ᠰᠠᠷ᠎ᠠ᠎ᠶᠢᠨ ᠪᠦᠬᠦ ᠤᠯᠤᠰ᠎ᠤᠨ ᠠᠭᠠᠷ᠎ᠤᠨ ᠶᠠᠰᠤ ᠴᠢᠨᠠᠷ᠎ᠢ ᠤᠷᠢᠳᠴᠢᠯᠠᠨ ᠮᠡᠳᠡᠭᠡᠯᠡᠵᠦ ᠵᠥᠪᠳᠡᠯᠴᠡᠭᠰᠡᠨ ᠳ᠋ᠦᠩ᠎ᠢ ᠨᠡᠢᠲᠡᠯᠡᠪᠡ
      2025 ᠣᠨ᠎ᠤ 12 ᠰᠠᠷ᠎ᠠ᠎ᠶᠢᠨ 31᠎ᠦ ᠡᠳᠦᠷ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠶᠡᠷᠦᠩᠬᠡᠢ ᠥᠷᠲᠡᠭᠡ ᠲᠥᠪ᠎ᠦᠨ ᠴᠠᠭ ᠠᠭᠤᠷ᠎ᠤᠨ ᠬᠣᠷᠢᠶ᠎ᠠ᠂ ᠤᠯᠤᠰ᠎ᠤᠨ ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠰᠢᠪᠲᠤᠯᠬᠤ ᠬᠠᠮᠲᠤᠷᠠᠭᠰᠠᠨ ᠲᠥᠪ᠂ ᠵᠡᠭᠦᠨ ᠬᠣᠢᠲᠤ ᠣᠷᠣᠨ᠂ ᠡᠮᠦᠨᠡᠲᠦ ᠣᠷᠣᠨ᠂ ᠪᠠᠷᠠᠭᠤᠨ ᠡᠮᠦᠨᠡᠲᠦ ᠣᠷᠣᠨ᠂ ᠪᠠᠷᠠᠭᠤᠨ ᠬᠣᠢᠲᠤ ᠣᠷᠣᠨ᠂ ᠬᠥᠬᠡᠮᠥ᠋ᠷᠡᠨ᠎ᠦ ᠭᠤᠷᠪᠠᠯᠵᠢᠨ ᠬᠣᠢᠭ᠋᠎ᠤᠨ ᠣᠷᠣᠨ ᠪᠦᠰᠡ᠎ᠶᠢᠨ ᠠᠭᠠᠷ᠎ᠤᠨ ᠶᠠᠰᠤ ᠴᠢᠨᠠᠷ᠎ᠢ ᠤᠷᠢᠳᠴᠢᠯᠠᠨ ᠵᠢᠱ᠌ᠢᠵᠦ ᠤᠷᠢᠳᠴᠢᠯᠠᠨ ᠮᠡᠳᠡᠭᠡᠯᠡᠬᠦ ᠲᠥᠪ ᠪᠠ ᠪᠡᠭᠡᠵᠢᠩ ᠬᠣᠲᠠ᠎ᠶᠢᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠲᠥᠪ᠎ᠲᠠᠢ ᠬᠣᠯᠪᠤᠭᠠᠯᠠᠨ᠂ 2026 ᠣᠨ᠎ᠤ 1 ᠳ᠋ᠦ᠍ᠭᠡᠷ ᠰᠠᠷ᠎ᠠ᠎ᠶᠢᠨ ᠳᠡᠭᠡᠷ᠎ᠡ ᠬᠠᠭᠠᠰ ᠰᠠᠷ᠎ᠠ ( 1 ᠰᠠᠷ᠎ᠠ᠎ᠶᠢᠨ 1᠎ᠦ ᠡᠳᠦᠷ᠎ᠡᠴᠡ 15᠎ᠤ ᠡᠳᠦᠷ ) ᠵᠢᠨ ᠪᠥᠬᠥ ᠤᠯᠤᠰ᠎ᠤᠨ ᠠᠭᠠᠷ᠎ᠤᠨ ᠶᠠᠰᠤ ᠴᠢᠨᠠᠷ᠎ᠢ ᠤᠷᠢᠳᠴᠢᠯᠠᠨ ᠮᠡᠳᠡᠭᠡᠯᠡᠬᠦ ᠵᠥᠪᠳᠡᠯᠴᠡᠭᠡ᠎ᠶᠢ ᠥᠷᠨᠢᠭᠦᠯᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号