ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠶᠠᠮᠣᠨ᠎ᠤ ᠮᠡᠳᠡᠭᠡ
ᠰᠠᠢᠳ ᠬᠤᠸᠠᠩ ᠷᠦᠨ ᠴᠢᠦ 《 ᠠᠷᠠᠳ᠎ᠤᠨ ᠤᠯᠤᠰ ᠲᠥᠷᠥ᠎ᠶᠢᠨ ᠵᠥᠪᠯᠡᠯᠭᠡᠨ᠎ᠦ ᠰᠣᠨᠢᠨ 》᠎ᠳᠤ 《 ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢ ᠲᠦᠯᠬᠢᠨ ᠠᠬᠢᠭᠤᠯᠵᠤ ᠴᠢᠬᠤᠯᠠ ᠶᠡᠬᠡ ᠰᠢᠨ᠎ᠡ ᠠᠬᠢᠴᠠ᠎ᠲᠠᠢ ᠪᠣᠯᠭᠠᠶ᠎ᠠ 》 ᠭᠡᠰᠡᠨ ᠨᠡᠷ᠎ᠡ ᠬᠠᠳᠠᠭᠰᠠᠨ ᠵᠣᠬᠢᠶᠠᠯ ᠨᠡᠢᠲᠡᠯᠡᠪᠡ
ᠨᠡᠶ᠋ᠢᠲᠡᠯᠡᠭᠰᠡᠨ ᠴᠠᠭ᠄ 2026-01-12

      ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢ ᠲᠦᠯᠬᠢᠨ ᠠᠬᠢᠭᠤᠯᠵᠤ ᠴᠢᠬᠤᠯᠠ ᠶᠡᠬᠡ ᠰᠢᠨ᠎ᠡ ᠠᠬᠢᠯᠲᠠ᠎ᠲᠠᠢ ᠪᠣᠯᠭᠠᠶ᠎ᠠ

      ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠨ᠂ 《9·3》᠎ᠤ ᠡᠷᠳᠡᠮ ᠰᠢᠨᠵᠢᠯᠡᠭᠡᠨ᠎ᠦ ᠨᠡᠢᠭᠡᠮᠯᠢᠭ᠎ᠦᠨ ᠲᠥᠪ ᠬᠣᠷᠢᠶᠠᠨ᠎ᠤ ᠳᠡᠳ᠋ ᠲᠡᠷᠢᠭᠦᠯᠡᠭᠴᠢ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ  ᠬᠤᠸᠠᠩ ᠷᠦᠨ ᠴᠢᠦ
      ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠠᠴᠠ ᠪᠠᠲᠤᠯᠠᠭᠰᠠᠨ 《 ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢ ᠲᠣᠭᠲᠠᠭᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠰᠠᠨᠠᠭᠤᠯᠭ᠎ᠠ 》 ( ᠳᠣᠷᠣᠭ᠍ᠰᠢ 《 ᠰᠠᠨᠠᠭᠤᠯᠭ᠎ᠠ 》 ᠭᠡᠵᠦ ᠲᠣᠪᠴᠢᠯᠠᠨ᠎ᠠ )᠎ᠳᠤ ᠢᠷᠡᠭᠡᠳᠦᠢ᠎ᠶᠢᠨ ᠲᠠᠪᠤᠨ ᠵᠢᠯ᠎ᠦᠨ ᠬᠥᠭᠵᠢᠯᠲᠡ᠎ᠶᠢᠨ ᠲᠤᠬᠠᠢ ᠳᠡᠭᠡᠳᠦ ᠵᠡᠷᠭᠡᠯᠡᠯ᠎ᠦᠨ ᠵᠢᠷᠤᠭ ᠲᠥᠯᠥᠪᠯᠡᠭᠡ ᠪᠠ ᠪᠠᠢᠯᠳᠤᠬᠤ ᠪᠣᠳᠣᠯᠭ᠎ᠠ᠎ᠶᠢᠨ ᠵᠢᠷᠤᠭᠯᠠᠯ᠎ᠢ ᠭᠠᠷᠭᠠᠵᠠᠢ᠂ ᠡᠨᠡ ᠪᠣᠯ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠵᠢᠯᠤᠭᠣᠳᠬᠤ ᠬᠥᠲᠥᠯᠪᠦᠷᠢ᠎ᠶᠢᠨ ᠴᠢᠨᠠᠷᠲᠠᠢ ᠪᠢᠴᠢᠭ ᠮᠠᠲᠧᠷᠢᠶᠠᠯ ᠮᠥᠨ᠃ ᠶᠡᠷᠦᠩᠬᠡᠢ ᠱᠦᠵᠢ ᠰᠢ᠎ᠶᠢᠨ ᠫᠢᠩ ᠪᠥᠬᠥᠳᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃ 《 ᠬᠣᠶᠠᠷ᠎ᠢ ᠲᠣᠭᠲᠠᠭᠠᠬᠤ 》᠎ᠶᠢᠨ ᠰᠢᠢᠳᠪᠦᠷᠢᠯᠡᠭᠴᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ 《 ᠲᠦᠷᠪᠡᠨ ᠤᠬᠠᠮᠰᠠᠷ 》᠎ᠢᠶᠠᠨ ᠴᠢᠩᠭᠠᠳᠬᠠᠨ᠂ 《 ᠲᠦᠷᠪᠡᠨ ᠢᠲᠡᠭᠡᠯ 》᠎ᠢᠶᠡᠨ ᠪᠠᠲᠤᠳᠬᠠᠵᠤ᠂ 《 ᠬᠣᠶᠠᠷ᠎ᠢ ᠬᠠᠮᠠᠭᠠᠯᠠᠬᠤ 》᠎ᠶᠢ ᠪᠡᠶᠡᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠶᠠᠷᠢᠶ᠎ᠠ ᠪᠠ ᠪᠥᠬᠥᠳᠡ ᠬᠤᠷᠠᠯ᠎ᠤᠨ ᠵᠣᠷᠢᠭ᠋ ᠰᠠᠨᠠᠭ᠎ᠠ ᠳᠡᠭᠡᠷ᠎ᠡ ᠦᠨᠡᠨ ᠬᠦ᠌ ᠨᠢᠭᠡᠳᠬᠡᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶᠢ ᠲᠦᠯᠬᠢᠨ ᠠᠬᠢᠭᠤᠯᠬᠤ᠎ᠳᠤ ᠤᠯᠤᠰ ᠲᠦᠷᠦ᠎ᠶᠢᠨ ᠵᠥᠪᠯᠡᠯᠭᠡᠨ᠎ᠦ ᠬᠦᠴᠦᠨ ᠴᠢᠳᠠᠯ᠎ᠢᠶᠠᠨ ᠡᠷᠭᠦᠬᠦ ᠬᠡᠷᠡᠭᠲᠡᠢ᠃
      ᠳᠥᠷᠪᠡᠳᠦᠭᠡᠷ ᠪᠦᠭᠦᠳᠡ ᠬᠤᠷᠠᠯ᠎ᠤᠨ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠲᠤᠬᠠᠢ ᠴᠢᠬᠤᠯᠠ ᠶᠡᠬᠡ ᠪᠠᠢᠷᠢᠯᠠᠭᠤᠯᠤᠯᠲᠠ ᠎ᠶᠢ ᠭᠦᠨᠵᠡᠭᠡᠢ ᠡᠵᠡᠮᠰᠢᠬᠦ ᠬᠡᠷᠡᠭᠲᠡᠢ
      《 ᠰᠠᠨᠠᠭᠤᠯᠭ᠎ᠠ 》᠎ᠳᠤ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ ᠴᠢᠬᠤᠯᠠ ᠶᠡᠬᠡ ᠰᠢᠨ᠎ᠡ ᠠᠬᠢᠴᠠ᠎ᠲᠠᠢ ᠪᠣᠯᠬᠤ᠎ᠶᠢ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠲᠣᠯᠣᠭᠠᠨ ᠲᠠᠯ᠎ᠠ᠎ᠶᠢᠨ ᠭᠣᠣᠯ ᠬᠠᠷᠠᠯᠲᠠ᠎ᠶᠢᠨ ᠨᠢᠭᠡ ᠪᠣᠯᠭᠠᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠵᠠᠢ ᠃ ᠪᠣᠬᠢᠷᠲᠤᠯ ᠦᠭᠡᠢ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠬᠡᠯᠪᠡᠷᠢ᠎ᠶᠢ ᠦᠨᠳᠦᠰᠦᠨ᠎ᠳᠡᠭᠡᠨ ᠪᠦᠷᠢᠯᠳᠦᠭᠦᠯᠵᠦ᠂ ᠨᠡᠭᠦᠷᠡᠰᠦᠲᠥ᠋ᠷᠥᠭᠴᠢ᠎ᠶᠢ ᠤᠷᠬᠢᠯ᠎ᠳᠤ ᠬᠦᠷᠭᠡᠬᠦ ᠬᠠᠷᠠᠯᠲᠠ᠎ᠶᠢ ᠲᠣᠭᠲᠠᠭᠰᠠᠨ ᠬᠤᠭᠤᠴᠠᠭᠠᠨ᠎ᠳᠤ ᠪᠡᠶᠡᠯᠡᠭᠦᠯᠵᠦ᠂ ᠠᠷᠢᠭᠤᠨ ᠴᠡᠪᠡᠷ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠤᠷ ᠲᠦᠪᠰᠢᠨ ᠥᠨᠳᠥᠷ ᠪᠦᠲᠦᠮᠵᠢᠲᠡᠢ ᠰᠢᠨ᠎ᠡ ᠬᠡᠯᠪᠡᠷᠢ᠎ᠶᠢᠨ ᠡᠨᠧᠷᠭᠢ᠎ᠶᠢᠨ ᠰᠢᠰᠲᠧᠮ᠎ᠢ ᠠᠩᠬ᠎ᠠ ᠠᠯᠬᠤᠮ ᠪᠠᠢᠭᠤᠯᠵᠤ᠂ ᠭᠣᠣᠯ ᠪᠣᠯᠬᠤ ᠪᠣᠬᠢᠷᠲᠤᠯ ᠪᠣᠳᠠᠰ᠎ᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ᠎ᠶᠢ ᠦᠷᠭᠦᠯᠵᠢᠯᠡᠨ ᠪᠠᠭᠠᠰᠬᠠᠵᠤ᠂ ᠠᠮᠢ ᠠᠬᠤᠢ᠎ᠶᠢᠨ ᠰᠢᠰᠲᠧᠮ᠎ᠤᠨ ᠤᠯᠠᠨ ᠶᠠᠩᠵᠤᠲᠤ ᠴᠢᠨᠠᠷ ᠲᠣᠭᠲᠠᠭᠤᠨ ᠴᠢᠨᠠᠷ ᠦᠷᠭᠦᠯᠵᠢᠯᠡᠬᠦ ᠴᠢᠨᠠᠷ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ ᠭᠡᠵᠦ ᠴᠢᠬᠤᠯᠠᠴᠢᠯᠠᠪᠠ᠃ 《 ᠰᠠᠨᠠᠭᠤᠯᠭ᠎ᠠ 》 ᠳ᠋ᠦ᠍ 《 ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠲᠦᠷᠭᠡᠳᠬᠡᠨ ᠪᠦᠬᠦ ᠲᠠᠯ᠎ᠠ᠎ᠪᠠᠷ ᠪᠣᠬᠢᠷᠲᠤᠯ ᠦᠭᠡᠢ ᠬᠡᠯᠪᠡᠷᠢ᠎ᠶᠢ ᠬᠤᠪᠢᠷᠠᠭᠤᠯᠵᠤ᠂ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ 》 ᠶ᠋ᠢ 《 ᠠᠷᠪᠠᠨ ᠲᠠᠪᠤᠳᠤᠭᠠᠷ ᠲᠠᠪᠤᠨ ᠵᠢᠯ 》᠎ᠤᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ 12 ᠲᠠᠯ᠎ᠠ᠎ᠶᠢᠨ ᠪᠠᠢᠯᠳᠤᠬᠤ ᠪᠣᠳᠣᠯᠭ᠎ᠠ᠎ᠶᠢᠨ ᠡᠭᠦᠷᠭᠡ᠎ᠶᠢᠨ ᠨᠢᠭᠡ ᠪᠣᠯᠭᠠᠵᠤ᠂ ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ ᠭᠡᠬᠦ ᠣᠢᠯᠠᠭᠠᠭᠳᠠᠬᠤᠨ᠎ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ ᠨᠡᠭᠦᠷᠡᠰᠦᠲᠥ᠋ᠷᠥᠭᠴᠢ᠎ᠶᠢᠨ ᠤᠷᠬᠢᠯ᠎ᠳᠤ ᠬᠦᠷᠬᠦ ᠨᠡᠭᠦᠷᠡᠰᠦᠲᠥ᠋ᠷᠥᠭᠴᠢ᠎ᠶᠢᠨ ᠰᠠᠭᠠᠷᠮᠠᠭᠵᠢᠯᠲᠠ᠎ᠪᠠᠷ ᠬᠥᠲᠥᠯᠥᠮᠵᠢ ᠪᠣᠯᠭᠠᠵᠤ᠂ ᠨᠡᠭᠦᠷᠡᠰᠦᠲᠥ᠋ᠷᠥᠭᠴᠢ᠎ᠶᠢ ᠪᠠᠭᠠᠰᠬᠠᠬᠤ᠂ ᠪᠣᠬᠢᠷᠲᠤᠯ᠎ᠢ ᠪᠠᠭᠠᠰᠬᠠᠬᠤ᠂ ᠨᠣᠭᠣᠭᠠᠷᠠᠭᠤᠯᠤᠯᠲᠠ᠎ᠶᠢ ᠥᠷᠭᠡᠳᠬᠡᠬᠦ᠂ ᠨᠡᠮᠡᠭᠳᠡᠯ᠎ᠢ ᠬᠠᠮᠵᠢᠯᠴᠠᠨ ᠠᠬᠢᠭᠤᠯᠵᠤ᠂ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠵᠦ᠂ ᠪᠣᠬᠢᠷᠲᠤᠯ ᠦᠭᠡᠢ ᠬᠥᠭᠵᠢᠯᠲᠡ᠎ᠶᠢᠨ ᠬᠥᠳᠡᠯᠭᠡᠬᠦ ᠬᠦᠴᠦᠨ᠎ᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ 《 ᠰᠠᠨᠠᠭᠤᠯᠭ᠎ᠠ 》 ᠳ᠋ᠤ᠌ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠰᠢᠪᠲᠤᠯᠬᠤ ᠪᠠ ᠠᠮᠢ ᠠᠬᠤᠢ᠎ᠶᠢᠨ ᠰᠢᠰᠲᠧᠮ᠎ᠢ ᠰᠢᠯᠢᠳᠡᠭᠵᠢᠭᠦᠯᠬᠦ᠎ᠶᠢ ᠦᠷᠭᠦᠯᠵᠢᠯᠡᠨ ᠭᠦᠨᠵᠡᠭᠡᠢ ᠠᠬᠢᠭᠤᠯᠬᠤ᠂ ᠰᠢᠨ᠎ᠡ ᠬᠡᠯᠪᠡᠷᠢ᠎ᠶᠢᠨ ᠡᠨᠧᠷᠭᠢ᠎ᠶᠢᠨ ᠰᠢᠰᠲᠧᠮ᠎ᠢ ᠲᠦᠷᠭᠡᠨ ᠪᠠᠶ᠋ᠢᠭᠤᠯᠬᠤ᠂ ᠨᠡᠭᠦᠷᠡᠰᠦᠲᠥ᠋ᠷᠥᠭᠴᠢ᠎ᠶᠢᠨ ᠤᠷᠬᠢᠯ᠎ᠳᠤ ᠬᠦᠷᠬᠦ᠎ᠶᠢ ᠢᠳᠡᠪᠬᠢᠲᠡᠢ ᠯᠠᠪᠳᠠᠭᠤᠨ᠎ᠢᠶᠠᠷ ᠠᠬᠢᠭᠤᠯᠬᠤ ᠪᠠ ᠪᠡᠶᠡᠯᠡᠭᠦᠯᠬᠦ᠂ ᠪᠣᠬᠢᠷᠲᠤᠯ ᠦᠭᠡᠢ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠬᠡᠯᠪᠡᠷᠢ᠎ᠶᠢ ᠲᠦᠷᠭᠡᠨ ᠪᠦᠷᠢᠯᠳᠦᠭᠦᠯᠬᠦ ᠵᠡᠷᠭᠡ 4 ᠲᠠᠯ᠎ᠠ᠎ᠪᠠᠷ ᠠᠯᠢ ᠤᠯᠠᠨ ᠴᠢᠬᠤᠯᠠ ᠶᠡᠬᠡ ᠠᠷᠭ᠎ᠠ ᠬᠡᠮᠵᠢᠶ᠎ᠡ ᠳᠤᠷᠠᠳᠴᠠᠢ᠃ ᠡᠨᠡ ᠨᠢ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ᠎ᠠᠴᠠ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠶᠢ ᠢᠮᠠᠭᠲᠠ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠪᠠᠢᠭ᠎ᠠ᠎ᠶᠢ ᠭᠦᠢᠴᠡᠳ ᠬᠠᠷᠠᠭᠤᠯᠵᠤ᠂ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢ ᠪᠦᠬᠦ ᠲᠠᠯ᠎ᠠ᠎ᠪᠠᠷ ᠲᠦᠯᠬᠢᠨ ᠠᠬᠢᠭᠤᠯᠬᠤ᠎ᠳᠤ ᠴᠢᠭᠯᠡᠯ᠎ᠦᠨ ᠵᠢᠯᠣᠭᠣᠳᠤᠮᠵᠢ ᠪᠠ ᠠᠵᠢᠯᠯᠠᠭᠠᠨ᠎ᠤ ᠵᠦᠭᠯᠡᠭᠦᠷ ᠬᠠᠩᠭᠠᠭᠰᠠᠨ ᠪᠠᠢᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号