1. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ ᠬᠤᠷᠠᠯ ᠬᠤᠷᠠᠯᠳᠤᠭᠤᠯᠪᠠ
1 ᠰᠠᠷ᠎ᠠ᠎ᠶᠢᠨ 7᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠰᠦᠨ ᠵᠢᠨ ᠯᠦᠩ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ᠎ᠶᠢᠨ ᠫᠢᠩ᠎ᠤᠨ 2026 ᠣᠨ᠎ᠤ ᠰᠢᠨ᠎ᠡ ᠵᠢᠯ᠎ᠦᠨ ᠪᠠᠶᠠᠷ᠎ᠤᠨ ᠦᠭᠡ᠎ᠶᠢ ᠤᠯᠠᠮᠵᠢᠯᠠᠨ ᠰᠤᠷᠤᠯᠴᠠᠵᠤ᠂ ᠲᠥᠪ ᠬᠣᠷᠢᠶᠠᠨ᠎ᠤ ᠤᠯᠤᠰ ᠲᠦᠷᠦ᠎ᠶᠢᠨ ᠲᠣᠪᠴᠢᠶᠠᠨ᠎ᠤ ᠠᠷᠠᠳᠴᠢᠯᠠᠭᠰᠠᠨ ᠠᠮᠢᠳᠤᠷᠠᠯ᠎ᠤᠨ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ᠎ᠶᠢᠨ ᠫᠢᠩ᠎ᠤᠨ ᠬᠥᠳᠡᠭᠡ ᠲᠤᠰᠬᠤᠨ᠂ ᠮᠠᠯᠴᠢᠨ ᠲᠠᠷᠢᠶᠠᠴᠢᠨ᠂ ᠬᠥᠳᠡᠭᠡ ᠠᠵᠤ ᠠᠬᠤᠢ᠎ᠶᠢᠨ ᠠᠵᠢᠯ᠎ᠢ ᠰᠠᠢᠲᠤᠷ ᠬᠢᠬᠦ ᠲᠤᠬᠠᠢ ᠭᠠᠷᠭᠠᠭᠰᠠᠨ ᠴᠢᠬᠤᠯᠠ ᠵᠢᠭᠠᠪᠤᠷᠢ ᠪᠠ ᠲᠥᠪ᠎ᠦᠨ ᠬᠥᠳᠡᠭᠡ ᠲᠣᠰᠬᠣᠨ᠎ᠤ ᠠᠵᠢᠯ᠎ᠤᠨ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠥᠪ ᠬᠣᠷᠢᠶᠠᠨ᠎ᠤ ᠤᠯᠤᠰ ᠲᠦᠷᠦ᠎ᠶᠢᠨ ᠲᠣᠪᠴᠢᠶᠠᠨ᠎ᠤ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠬᠤᠷᠠᠯ᠎ᠳᠤ ᠰᠤᠯᠠ ᠣᠷᠣᠯᠴᠠᠪᠠ᠃
2. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ ( ᠥᠷᠭᠡᠳᠬᠡᠭᠰᠡᠨ ) ᠬᠤᠷᠠᠯ ᠬᠤᠷᠠᠯᠳᠤᠭᠤᠯᠪᠠ
1 ᠰᠠᠷ᠎ᠠ᠎ᠶᠢᠨ 9᠎ᠦ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠰᠦᠨ ᠵᠢᠨ ᠯᠦᠩ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ( ᠥᠷᠭᠡᠳᠬᠡᠭᠰᠡᠨ ) ᠬᠤᠷᠠᠯ᠎ᠢ ᠡᠷᠬᠢᠯᠡᠨ ᠬᠤᠷᠠᠯᠳᠤᠭᠤᠯᠵᠤ᠂ ᠶᠠᠮᠤᠨ ᠰᠢᠰᠲᠧᠮ᠎ᠦᠨ 2025 ᠣᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠱᠦᠵᠢ᠎ᠶᠢᠨ ᠨᠠᠮ᠎ᠤᠨ ᠪᠠᠢᠭᠤᠯᠤᠯᠲᠠ᠎ᠶᠢᠨ ᠠᠵᠢᠯ᠎ᠢ ᠠᠳᠬᠤᠭᠰᠠᠨ ᠠᠵᠢᠯ᠎ᠤᠨ ᠮᠡᠳᠡᠭᠦᠯᠦᠯᠲᠡ ᠦᠨᠡᠯᠡᠯᠲᠡ᠎ᠶᠢ ᠥᠷᠨᠢᠭᠦᠯᠵᠦ᠂ ᠶᠡᠷᠦᠩᠬᠡᠢ ᠱᠦᠵᠢ ᠰᠢ᠎ᠶᠢᠨ ᠫᠢᠩ᠎ᠤᠨ ᠨᠠᠮ᠎ᠤᠨ ᠪᠠᠢᠭᠤᠯᠤᠯᠲᠠ᠎ᠶᠢᠨ ᠲᠤᠬᠠᠢ ᠴᠢᠬᠤᠯᠠ ᠦᠵᠡᠯ ᠰᠠᠨᠠᠭ᠎ᠠ᠂ ᠨᠠᠮ᠎ᠤᠨ ᠥᠪᠡᠷ ᠪᠡᠶ᠎ᠡ᠎ᠶᠢᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠨᠠᠮ᠎ᠢ ᠬᠠᠮᠢᠶᠠᠷᠴᠤ ᠨᠠᠮ᠎ᠢ ᠵᠠᠰᠠᠬᠤ ᠤᠯᠤᠰ ᠲᠦᠷᠦ᠎ᠶᠢᠨ ᠬᠠᠷᠢᠭᠤᠴᠠᠯᠭ᠎ᠠ᠎ᠶᠢ ᠪᠣᠳᠠᠲᠠᠢᠵᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠡᠭᠦᠷᠭᠡ ᠬᠠᠷᠢᠭᠤᠴᠠᠯᠭ᠎ᠠ᠎ᠪᠠᠨ ᠨᠡᠩ ᠰᠠᠢᠲᠤᠷ ᠭᠦᠢᠴᠡᠳᠬᠡᠬᠦ᠎ᠳᠦ ᠴᠢᠩᠭ᠎ᠠ ᠬᠦᠴᠦᠲᠡᠢ ᠤᠯᠤᠰ ᠲᠦᠷᠦ᠂ ᠦᠵᠡᠯ ᠰᠠᠨᠠᠭ᠎ᠠ ᠪᠠ ᠵᠣᠬᠢᠶᠠᠨ ᠪᠠᠢᠭᠤᠯᠤᠯᠲᠠ᠎ᠶᠢᠨ ᠪᠠᠲᠤᠯᠠᠭ᠎ᠠ ᠬᠠᠩᠭᠠᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠬᠤᠷᠠᠯ᠎ᠳᠤ ᠰᠤᠯᠠ ᠣᠷᠣᠯᠴᠠᠪᠠ᠃
3. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠰᠦᠨ ᠵᠢᠨ ᠯᠦᠩ 《 ᠨᠠᠮ᠎ᠤᠨ ᠪᠠᠢᠭᠤᠯᠤᠯᠲᠠ 》 ᠰᠡᠳᠬᠦᠯ᠎ᠳᠦ 《 ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠴᠢᠬᠤᠯᠠ ᠶᠡᠬᠡ ᠰᠢᠨ᠎ᠡ ᠠᠬᠢᠴᠠ᠎ᠲᠠᠢ ᠪᠣᠯᠬᠤ᠎ᠶᠢ ᠴᠢᠷᠮᠠᠢᠨ ᠠᠬᠢᠭᠤᠯᠤᠶ᠎ᠠ 》 ᠭᠡᠰᠡᠨ ᠨᠡᠷ᠎ᠡ ᠬᠠᠳᠠᠭᠰᠠᠨ ᠵᠣᠬᠢᠶᠠᠯ ᠨᠡᠢᠲᠡᠯᠡᠪᠡ
ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ ᠪᠣᠯ ᠮᠠᠨ᠎ᠤ ᠤᠯᠤᠰ ᠤᠳᠠᠯ ᠦᠭᠡᠢ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ᠎ᠳᠦ ᠰᠠᠭᠤᠷᠢ᠎ᠪᠠᠨ ᠪᠠᠲᠤᠳᠬᠠᠵᠤ᠂ ᠪᠦᠬᠦ ᠲᠠᠯ᠎ᠠ᠎ᠪᠠᠷ ᠬᠦᠴᠦᠯᠡᠬᠦ ᠵᠠᠩᠭᠢᠯᠠᠭ᠎ᠠ᠎ᠶᠢᠨ ᠦᠶ᠎ᠡ᠎ᠳᠦ ᠣᠷᠣᠬᠤ ᠭᠡᠵᠦ ᠪᠠᠢᠭ᠎ᠠ ᠨᠢᠭᠡᠨ ᠤᠳᠠᠭᠠᠨ᠎ᠤ ᠲᠤᠢᠯ᠎ᠤᠨ ᠴᠢᠬᠤᠯᠠ ᠬᠤᠷᠠᠯᠳᠤᠭᠠᠨ ᠪᠣᠯᠣᠨ᠎ᠠ᠃ ᠪᠥᠬᠥᠳᠡ ᠬᠤᠷᠠᠯ᠎ᠠᠴᠠ ᠬᠢᠨᠠᠨ ᠶᠠᠷᠢᠯᠴᠠᠵᠤ ᠪᠠᠲᠤᠯᠠᠭᠰᠠᠨ 《 ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢ ᠲᠣᠭᠲᠠᠭᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠰᠠᠨᠠᠭᠤᠯᠭ᠎ᠠ 》 ᠂ ᠢᠷᠡᠭᠡᠳᠦᠢ᠎ᠶᠢᠨ ᠲᠠᠪᠤᠨ ᠵᠢᠯ᠎ᠦᠨ ᠬᠥᠭᠵᠢᠯᠲᠡ᠎ᠶᠢᠨ ᠲᠤᠬᠠᠢ ᠦᠵᠦ ᠲᠥᠯᠥᠪᠯᠡᠭᠡ ᠪᠠ ᠪᠠᠢᠯᠳᠤᠬᠤ ᠪᠣᠳᠣᠯᠭ᠎ᠠ᠎ᠶᠢᠨ ᠵᠢᠷᠤᠭ ᠲᠥᠯᠥᠪᠯᠡᠭᠡ ᠬᠢᠭᠰᠡᠨ ᠶᠠᠪᠤᠳᠠᠯ ᠪᠣᠯ ᠢᠯᠠᠯᠲᠠ᠎ᠶᠢᠨ ᠡᠷᠴᠢᠨ ᠳᠡᠭᠡᠷ᠎ᠡ᠎ᠪᠡᠨ ᠤᠷᠤᠭᠰᠢᠯᠠᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢ ᠦᠷᠭᠦᠯᠵᠢᠯᠡᠨ ᠲᠦᠯᠬᠢᠨ ᠠᠬᠢᠭᠤᠯᠬᠤ ᠪᠠᠰᠠ ᠨᠢᠭᠡ ᠤᠳᠠᠭᠠᠨ᠎ᠤ ᠶᠡᠷᠦᠩᠬᠡᠢ ᠳᠠᠢᠴᠢᠯᠠᠯᠲᠠ᠂ ᠶᠡᠷᠦᠩᠬᠡᠢ ᠪᠠᠢᠷᠢᠯᠠᠭᠤᠯᠤᠯᠲᠠ ᠮᠥᠨ᠂ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠵᠢᠯᠤᠭᠣᠳᠬᠤ ᠬᠥᠲᠥᠯᠪᠦᠷᠢ᠎ᠶᠢᠨ ᠴᠢᠨᠠᠷᠲᠠᠢ ᠪᠢᠴᠢᠭ ᠮᠠᠲᠧᠷᠢᠶᠠᠯ ᠮᠥᠨ᠃ ᠪᠢᠳᠡ ᠭᠦᠨᠵᠡᠭᠡᠢ ᠰᠤᠷᠤᠯᠴᠠᠨ ᠣᠢᠯᠠᠭᠠᠵᠤ ᠂ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠶᠠᠷᠢᠶ᠎ᠠ ᠪᠣᠯᠣᠨ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠡᠷᠡᠰ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ 《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠣᠯᠣᠭᠰᠠᠨ ᠴᠢᠬᠤᠯᠠ ᠶᠡᠬᠡ ᠠᠮᠵᠢᠯᠲᠠ ᠪᠦᠲᠦᠮᠵᠢ᠂ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠣᠷᠣᠰᠢᠵᠤ ᠪᠠᠢᠭ᠎ᠠ ᠲᠡᠦᠬᠡᠨ ᠣᠷᠣᠨ ᠪᠠᠢᠷᠢ ᠪᠠ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶᠢᠨ ᠡᠭᠦᠷᠭᠡ᠎ᠶᠢ ᠣᠨᠣᠪᠴᠢᠲᠠᠶ ᠡᠵᠡᠮᠳᠡᠵᠦ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠶᠠᠪᠤᠳᠠᠯ᠎ᠢ ᠡᠭᠦᠷᠢᠳᠡ ᠵᠣᠭᠰᠣᠰᠢ ᠦᠭᠡᠢ ᠬᠠᠳᠠᠨ ᠵᠣᠷᠢᠭ᠋ ᠪᠠ ᠡᠷᠡᠰ ᠪᠠᠷᠢᠮᠲᠠᠯᠠᠯ᠎ᠢᠶᠠᠷ ᠭᠦᠨᠵᠡᠭᠡᠢᠷᠡᠭᠦᠯᠦᠨ ᠠᠬᠢᠭᠤᠯᠵᠤ᠂ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠴᠢᠬᠤᠯᠠ ᠶᠡᠬᠡ ᠰᠢᠨ᠎ᠡ ᠠᠬᠢᠴᠠ᠎ᠲᠠᠢ ᠪᠣᠯᠬᠤ᠎ᠶᠢ ᠴᠢᠷᠮᠠᠢᠨ ᠠᠬᠢᠭᠤᠯᠬᠤ ᠬᠡᠷᠡᠭᠲᠡᠢ᠃
4. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠰᠦᠨ ᠵᠢᠨ ᠯᠦᠩ 《 ᠰᠤᠷᠤᠯᠴᠠᠯᠭ᠎ᠠ᠎ᠶᠢᠨ ᠴᠠᠭ ᠰᠣᠨᠢᠨ 》᠎ᠳᠤ 《 ᠰᠢ᠎ᠶᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢ ᠲᠦᠯᠬᠢᠨ ᠠᠬᠢᠭᠤᠯᠵᠤ ᠴᠢᠬᠤᠯᠠ ᠶᠡᠬᠡ ᠰᠢᠨ᠎ᠡ ᠠᠬᠢᠴᠠ᠎ᠲᠠᠢ ᠪᠣᠯᠭᠠᠶ᠎ᠠ 》 ᠭᠡᠰᠡᠨ ᠨᠡᠷ᠎ᠡ ᠬᠠᠳᠠᠭᠰᠠᠨ ᠵᠣᠬᠢᠶᠠᠯ ᠨᠡᠢᠲᠡᠯᠡᠪᠡ
ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠠᠴᠠ 《 ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢ ᠲᠣᠭᠲᠠᠭᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠰᠠᠨᠠᠭᠤᠯᠭ᠎ᠠ 》 ( ᠳᠣᠷᠣᠭ᠍ᠰᠢ 《 ᠰᠠᠨᠠᠭᠤᠯᠭ᠎ᠠ 》 ᠭᠡᠵᠦ ᠲᠣᠪᠴᠢᠯᠠᠨ᠎ᠠ )᠎ᠶᠢ ᠬᠢᠨᠠᠨ ᠶᠠᠷᠢᠯᠴᠠᠵᠤ ᠪᠠᠲᠤᠯᠠᠪᠠ᠃ ᠡᠨᠡ ᠪᠣᠯ ᠢᠯᠠᠯᠲᠠ᠎ᠶᠢᠨ ᠡᠷᠴᠢᠨ ᠳᠡᠭᠡᠷ᠎ᠡ ᠤᠷᠤᠭᠰᠢᠯᠠᠵᠤ᠂ ᠳᠤᠮᠳᠠᠳᠤ ᠤᠯᠤᠰ᠎ᠤᠨ ᠮᠠᠶ᠋ᠢᠭ᠋ᠤᠨ ᠣᠳᠣᠬᠢᠴᠢᠯᠠᠬᠤ ᠪᠦᠲᠦᠭᠡᠨ ᠪᠠᠢ᠍ᠭᠤᠯᠤᠯᠲᠠ᠎ᠶᠢ ᠦᠷᠭᠦᠯᠵᠢᠯᠡᠨ ᠠᠬᠢᠭᠤᠯᠬᠤ ᠪᠠᠰᠠ ᠨᠢᠭᠡ ᠤᠳᠠᠭᠠᠨ᠎ᠤ ᠶᠡᠷᠦᠩᠬᠡᠢ ᠳᠠᠢ᠍ᠴᠢᠯᠠᠯᠲᠠ᠂ ᠶᠡᠷᠦᠩᠬᠡᠢ ᠪᠠᠢᠷᠢᠯᠠᠭᠤᠯᠤᠯᠲᠠ ᠮᠥᠨ᠂ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠠᠵᠤ ᠠᠬᠤᠢ ᠨᠡᠢ᠍ᠭᠡᠮ᠎ᠦᠨ ᠬᠥᠭᠵᠢᠯᠲᠡ᠎ᠶᠢ ᠵᠢᠯᠤᠭᠣᠳᠬᠤ ᠬᠥᠲᠥᠯᠪᠦᠷᠢ᠎ᠶᠢᠨ ᠴᠢᠨᠠᠷᠲᠠᠢ ᠪᠢᠴᠢᠭ ᠮᠠᠲᠧᠷᠢᠶᠠᠯ ᠮᠥᠨ᠃ 《 ᠰᠠᠨᠠᠭᠤᠯᠭ᠎ᠠ 》 ᠶ᠋ᠢ ᠪᠦᠷᠢᠨ ᠪᠦᠲᠦᠨ᠂ ᠵᠥᠪ ᠣᠨᠣᠪᠴᠢᠲᠠᠶ᠂ ᠪᠥᠬᠥ ᠲᠠᠯ᠎ᠠ᠎ᠪᠠᠷ ᠰᠤᠷᠤᠯᠴᠠᠨ ᠣᠢᠯᠠᠭᠠᠵᠤ᠂ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠪᠠᠨ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠶᠠᠷᠢᠶ᠎ᠠ ᠪᠠ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠲᠠᠢ ᠦᠨᠡᠨ ᠬᠦ᠌ ᠨᠢᠭᠡᠳᠬᠡᠵᠦ᠂ ᠨᠠᠩ ᠥᠨᠳᠥᠷ ᠵᠣᠭᠰᠣᠯᠲᠠ᠂ ᠨᠠᠩ ᠥᠷᠭᠡᠨ ᠬᠠᠷᠠᠭᠠᠰᠤ᠂ ᠨᠠᠩ ᠶᠡᠬᠡ ᠡᠷᠴᠢᠮ᠎ᠢᠶᠡᠷ ᠰᠢᠨ᠎ᠡ ᠠᠶᠠᠨ ᠵᠠᠮ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠠᠵᠢᠯ᠎ᠢ ᠲᠥᠯᠥᠪᠵᠢᠭᠦᠯᠦᠨ ᠠᠬᠢᠭᠤᠯᠵᠤ᠂ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠴᠢᠬᠤᠯᠠ ᠶᠡᠬᠡ ᠰᠢᠨ᠎ᠡ ᠠᠬᠢᠴᠠ᠎ᠲᠠᠢ ᠪᠣᠯᠬᠤ᠎ᠶᠢ ᠲᠦᠯᠬᠢᠨ ᠠᠬᠢᠭᠤᠯᠬᠤ ᠬᠡᠷᠡᠭᠲᠡᠢ᠃
5. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠺᠣᠷᠢᠶᠠ᠎ᠶᠢᠨ ᠠᠭᠤᠷ ᠠᠮᠢᠰᠬᠤᠯ ᠡᠨᠧᠷᠭᠢ᠎ᠶᠢᠨ ᠰᠤᠷᠪᠤᠯᠵᠢ ᠣᠷᠴᠢᠨ ᠲᠣᠭᠣᠷᠢᠨ᠎ᠤ ᠶᠠᠮᠤᠨ᠎ᠤ ᠰᠠᠢᠳ᠎ᠶᠢᠨ ᠰᠢᠩ ᠬᠤᠸᠠᠨᠲᠠᠢ ᠠᠭᠤᠯᠵᠠᠪᠠ
1 ᠰᠠᠷ᠎ᠠ᠎ᠶᠢᠨ 5᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠪᠡᠭᠡᠵᠢᠩ᠎ᠳᠦ ᠺᠣᠷᠢᠶᠠ᠎ᠶᠢᠨ ᠠᠭᠤᠷ ᠠᠮᠢᠰᠬᠤᠯ ᠡᠨᠧᠷᠭᠢ ᠣᠷᠴᠢᠨ ᠲᠣᠭᠣᠷᠢᠨ᠎ᠤ ᠶᠠᠮᠤᠨ᠎ᠤ ᠰᠠᠢᠳ᠎ᠶᠢᠨ ᠰᠢᠩ ᠬᠤᠸᠠᠨ ᠲᠠᠢ ᠬᠠᠮᠲᠤ ᠳᠤᠮᠳᠠᠳᠤ ᠺᠣᠷᠢᠶᠠ᠎ᠶᠢᠨ ᠣᠷᠴᠢᠨ ᠲᠣᠭᠣᠷᠢᠨ᠎ᠤ ᠶᠠᠮᠤᠨ᠎ᠤ ᠰᠠᠢᠳ᠎ᠤᠨ ᠣᠨ᠎ᠤ ᠠᠵᠢᠯ᠎ᠤᠨ ᠠᠭᠤᠯᠵᠠᠯᠲᠠ ᠬᠢᠵᠦ᠂ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠂ ᠠᠭᠠᠷ᠎ᠤᠨ ᠶᠠᠰᠤ ᠴᠢᠨᠠᠷ᠎ᠢ ᠰᠠᠢᠵᠢᠷᠠᠭᠤᠯᠬᠤ᠂ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠬᠤ᠂ ᠳᠤᠮᠳᠠᠳᠤ ᠺᠣᠷᠢᠶᠠ᠎ᠶᠢᠨ ᠣᠷᠴᠢᠨ ᠲᠣᠭᠣᠷᠢᠨ᠎ᠤ ᠬᠠᠮᠲᠤᠷᠠᠯᠴᠠᠭᠠᠨ᠎ᠤ ᠲᠥᠪ᠎ᠦᠨ ᠪᠦᠲᠦᠭᠡᠨ ᠪᠠᠢᠭᠤᠯᠤᠯᠲᠠ ᠵᠡᠷᠭᠡ ᠵᠥᠪᠯᠡᠬᠦ ᠰᠡᠳᠦᠪ᠎ᠦᠨ ᠲᠤᠬᠠᠢ ᠭᠦᠨᠵᠡᠭᠡᠢ ᠰᠣᠯᠢᠯᠴᠠᠪᠠ᠃
6. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠰᠢᠩᠭᠠᠫᠤᠷ᠎ᠤᠨ ᠥᠨᠢᠳᠡ᠎ᠶᠢᠨ ᠦᠷᠭᠦᠯᠵᠢᠯᠡᠬᠦ ᠬᠥᠭᠵᠢᠯᠲᠡ ᠪᠣᠯᠣᠨ ᠣᠷᠴᠢᠨ ᠲᠣᠭᠣᠷᠢᠨ᠎ᠤ ᠶᠠᠮᠤᠨ᠎ᠤ ᠳᠡᠭᠡᠳᠦ ᠵᠡᠷᠭᠡ᠎ᠶᠢᠨ ᠵᠠᠰᠠᠭ᠎ᠤᠨ ᠶᠠᠪᠤᠳᠠᠯ᠎ᠤᠨ ᠶᠠᠮᠤᠨ᠎ᠤ ᠰᠠᠢᠳ ᠫᠦ ᠵᠢᠶᠧ ᠯᠢ᠎ᠲᠠᠢ ᠠᠭᠤᠯᠵᠠᠪᠠ
1 ᠰᠠᠷ᠎ᠠ᠎ᠶᠢᠨ 9᠎ᠦ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠪᠡᠭᠡᠵᠢᠩ᠎ᠳᠦ ᠰᠢᠩᠭᠠᠫᠤᠷ᠎ᠤᠨ ᠥᠨᠢᠳᠡ᠎ᠶᠢᠨ ᠦᠷᠭᠦᠯᠵᠢᠯᠡᠬᠦ ᠬᠥᠭᠵᠢᠯᠲᠡ ᠬᠢᠭᠡᠳ ᠣᠷᠴᠢᠨ ᠲᠣᠭᠣᠷᠢᠨ᠎ᠤ ᠶᠠᠮᠤᠨ᠎ᠤ ᠳᠡᠭᠡᠳᠦ ᠵᠡᠷᠭᠡ᠎ᠶᠢᠨ ᠵᠠᠰᠠᠭ᠎ᠤᠨ ᠶᠠᠪᠤᠳᠠᠯ᠎ᠤᠨ ᠶᠠᠮᠤᠨ᠎ᠤ ᠰᠠᠢᠳ ᠫᠦ ᠵᠢᠶᠧ ᠯᠢ᠎ᠲᠠᠢ ᠠᠭᠤᠯᠵᠠᠪᠠ᠃ ᠬᠣᠶᠠᠷ ᠲᠠᠯ᠎ᠠ᠎ᠪᠠᠷ᠎ᠢᠶᠠᠨ ᠳᠤᠮᠳᠠᠳᠤ ᠰᠢᠩᠭᠠᠫᠤᠷ᠎ᠤᠨ ᠣᠷᠴᠢᠨ ᠲᠣᠭᠣᠷᠢᠨ ᠪᠣᠯᠣᠨ ᠠᠭᠤᠷ ᠠᠮᠢᠰᠬᠤᠯ᠎ᠤᠨ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠬᠦ᠎ᠶᠢᠨ ᠲᠣᠭᠣᠷᠢᠨ᠎ᠳᠤ ᠰᠠᠨᠠᠯ᠎ᠢᠶᠠᠨ ᠰᠣᠯᠢᠯᠴᠠᠪᠠ᠃
7. ᠠᠮᠢ ᠠᠬᠤᠢ ᠣᠷᠴᠢᠨ ᠲᠣᠭᠣᠷᠢᠨ᠎ᠤ ᠶᠠᠮᠤᠨ ( ᠤᠯᠤᠰ᠎ᠤᠨ ᠴᠥᠮ᠎ᠡ᠎ᠶᠢᠨ ᠠᠶᠤᠯᠭᠦᠢ᠎ᠶᠢᠨ ᠲᠣᠪᠴᠢᠶ᠎ᠠ ) ᠤᠯᠠᠷᠢᠯ᠎ᠤᠨ ᠴᠥᠮ᠎ᠡ᠎ᠶᠢᠨ ᠠᠶᠤᠯᠭᠦᠢ᠎ᠶᠢᠨ ᠪᠠᠢᠳᠠᠯ᠎ᠳᠤ ᠵᠠᠳᠠᠯᠤᠯᠲᠠ ᠬᠢᠬᠦ ᠠᠵᠢᠯᠯᠠᠭ᠎ᠠ ᠥᠷᠨᠢᠭᠦᠯᠪᠡ
2026 ᠣᠨ᠎ᠤ 1 ᠰᠠᠷ᠎ᠠ᠎ᠶᠢᠨ 4᠎ᠦ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ ( ᠤᠯᠤᠰ᠎ᠤᠨ ᠴᠥᠮ᠎ᠡ᠎ᠶᠢᠨ ᠠᠮᠤᠷ ᠲᠦᠪᠰᠢᠨ᠎ᠦ ᠲᠣᠪᠴᠢᠶ᠎ᠠ ) ᠪᠡᠭᠡᠵᠢᠩ᠎ᠳᠦ ᠤᠯᠠᠷᠢᠯ᠎ᠤᠨ ᠴᠥᠮ᠎ᠡ᠎ᠶᠢᠨ ᠠᠮᠤᠷ ᠲᠦᠪᠰᠢᠨ᠎ᠦ ᠪᠠᠢᠳᠠᠯ᠎ᠳᠤ ᠵᠠᠳᠠᠯᠤᠯᠲᠠ ᠬᠢᠬᠦ ᠠᠵᠢᠯᠯᠠᠭ᠎ᠠ᠎ᠶᠢ ᠵᠣᠬᠢᠶᠠᠨ ᠪᠠᠢᠭᠤᠯᠵᠤ ᠥᠷᠨᠢᠭᠦᠯᠪᠡ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠡᠳ᠋ ᠰᠠᠢᠳ᠂ ᠤᠯᠤᠰ᠎ᠤᠨ ᠴᠥᠮ᠎ᠡ᠎ᠶᠢᠨ ᠠᠮᠤᠷ ᠲᠦᠪᠰᠢᠨ᠎ᠦ ᠲᠣᠪᠴᠢᠶᠠᠨ᠎ᠤ ᠳᠠᠷᠤᠭ᠎ᠠ ᠳ᠋ᠦᠩ ᠪᠦᠦ ᠲᠦᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃
8. ᠠᠮᠢ ᠠᠬᠤᠢ ᠣᠷᠴᠢᠨ ᠲᠣᠭᠣᠷᠢᠨ᠎ᠤ ᠶᠠᠮᠤᠨ ᠵᠡᠷᠭᠡ ᠬᠣᠶᠠᠷ ᠰᠠᠯᠠᠭ᠎ᠠ ᠮᠥᠴᠢᠷ ᠬᠠᠮᠲᠤᠷᠠᠨ 《 ᠬᠣᠲᠠ ᠪᠠᠯᠭᠠᠰᠤᠨ᠎ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠎ᠶᠢᠨ ᠪᠣᠬᠢᠷᠲᠤᠯ ᠪᠣᠳᠠᠰ ᠭᠠᠳᠠᠭᠰᠢᠯᠠᠭᠤᠯᠬᠤ ᠪᠠᠷᠢᠮᠵᠢᠶ᠎ᠠ 》 ( GB 18918 – 2002 )᠎ᠳᠤ ᠵᠠᠰᠠᠪᠤᠷᠢ ᠣᠷᠣᠭᠤᠯᠬᠤ ᠬᠠᠭᠤᠳᠠᠰᠤ ᠵᠢᠴᠢ ᠢᠳᠡᠭᠡᠨ ᠂ ᠨᠢᠲᠤᠯᠬᠤ ᠂ ᠠᠷᠢᠬᠢᠨ᠎ᠤ ᠵᠦᠢᠯ ᠵᠡᠷᠭᠡ ᠭᠤᠷᠪᠠᠨ ᠵᠦᠢᠯ᠎ᠦᠨ ᠤᠯᠤᠰ᠎ᠤᠨ ᠤᠰᠤ ᠪᠣᠬᠢᠷᠲᠤᠭᠤᠯᠬᠤ ᠪᠣᠳᠠᠰ ᠭᠠᠳᠠᠭᠰᠢᠯᠠᠭᠤᠯᠬᠤ ᠪᠠᠷᠢᠮᠵᠢᠶ᠎ᠠ᠎ᠶᠢ ᠨᠡᠢᠲᠡᠯᠡᠪᠡ
ᠣᠢᠷ᠎ᠠ᠎ᠳᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ ᠪᠣᠯᠣᠨ ᠤᠯᠤᠰ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ ᠬᠠᠮᠲᠤᠷᠠᠨ 《 ᠬᠣᠲᠠ ᠪᠠᠯᠭᠠᠰᠤ᠎ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠎ᠶᠢᠨ ᠪᠣᠬᠢᠷ ᠪᠣᠳᠠᠰ ᠭᠠᠳᠠᠭᠰᠢᠯᠠᠭᠤᠯᠬᠤ ᠪᠠᠷᠢᠮᠵᠢᠶ᠎ᠠ 》 ( GB 18918 ︱ 2002 )᠎ᠳᠤ ᠵᠠᠰᠠᠪᠤᠷᠢ ᠣᠷᠣᠭᠤᠯᠬᠤ ᠬᠠᠭᠤᠳᠠᠰᠤ ( ᠳᠣᠷᠣᠭ᠍ᠰᠢ 《 ᠵᠠᠰᠠᠪᠤᠷᠢ ᠣᠷᠣᠭᠤᠯᠬᠤ ᠬᠠᠭᠤᠳᠠᠰᠤ 》 ᠭᠡᠵᠦ ᠲᠣᠪᠴᠢᠯᠠᠨ᠎ᠠ ) 《 ᠢᠳᠡᠭᠡᠨ ᠡᠳ᠋ᠰᠢᠭᠦᠯᠦᠨ ᠦᠢᠯᠡᠳᠬᠦ ᠦᠢᠯᠡᠰ᠎ᠦᠨ ᠤᠰᠤᠨ᠎ᠤ ᠪᠣᠬᠢᠷ ᠪᠣᠳᠠᠰ ᠭᠠᠳᠠᠭᠰᠢᠯᠠᠭᠤᠯᠬᠤ ᠪᠠᠷᠢᠮᠵᠢᠶ᠎ᠠ 》 ( GB 46817 ︱ 2025 )᠂ 《 ᠠᠯᠠᠵᠤ ᠨᠢᠲᠤᠯᠬᠤ ᠵᠢᠴᠢ ᠮᠢᠬᠠᠨ᠎ᠤ ᠲᠥᠷᠥᠯ᠎ᠢ ᠡᠳ᠋ᠰᠢᠭᠦᠯᠬᠦ ᠠᠵᠤ ᠦᠢᠯᠡᠳᠪᠦᠷᠢ᠎ᠶᠢᠨ ᠤᠰᠤᠨ᠎ᠤ ᠪᠣᠬᠢᠷ ᠪᠣᠳᠠᠰ ᠭᠠᠳᠠᠭᠰᠢᠯᠠᠭᠤᠯᠬᠤ ᠪᠠᠷᠢᠮᠵᠢᠶ᠎ᠠ 》 ( GB 13457 ︱ 2025 )᠂ 《 ᠠᠷᠢᠬᠢᠨ᠎ᠤ ᠵᠦᠢᠯ᠎ᠢ ᠦᠢᠯᠡᠳᠬᠦ ᠦᠢᠯᠡᠰ᠎ᠦᠨ ᠤᠰᠤᠨ᠎ᠤ ᠪᠣᠬᠢᠷ ᠪᠣᠳᠠᠰ ᠭᠠᠳᠠᠭᠰᠢᠯᠠᠭᠤᠯᠬᠤ ᠪᠠᠷᠢᠮᠵᠢᠶ᠎ᠠ 》 ( GB 19821 ︱ 2025 ) ᠵᠡᠷᠭᠡ 4 ᠵᠦᠢᠯ᠎ᠦᠨ ᠪᠣᠬᠢᠷ ᠪᠣᠳᠠᠰ ᠭᠠᠳᠠᠭᠰᠢᠯᠠᠭᠤᠯᠬᠤ ᠪᠠᠷᠢᠮᠵᠢᠶ᠎ᠠ᠎ᠶᠢ ᠨᠡᠢᠲᠡᠯᠡᠪᠡ᠃
9. ᠠᠮᠢ ᠠᠬᠤᠢ ᠣᠷᠴᠢᠨ ᠲᠣᠭᠣᠷᠢᠨ᠎ᠤ ᠶᠠᠮᠤᠨ ᠠᠮᠢ ᠠᠬᠤᠢ ᠣᠷᠴᠢᠨ ᠲᠣᠭᠣᠷᠢᠨ᠎ᠤ ᠪᠠᠷᠢᠮᠵᠢᠶ᠎ᠠ᠎ᠶᠢᠨ 《 ᠰᠠᠴᠤᠷᠠᠭ ᠴᠢᠨᠠᠷᠲᠠᠢ ᠡᠳ᠋ ᠪᠣᠳᠠᠰ ᠲᠡᠭᠡᠭᠡᠪᠦᠷᠢᠯᠡᠬᠦ ᠰᠠᠪᠠ᠎ᠶᠢᠨ ᠬᠠᠯᠠᠭᠤᠨ᠎ᠢ ᠳᠠᠭᠠᠭᠠᠬᠤ ᠲᠤᠷᠰᠢᠯᠲᠠ᠎ᠶᠢᠨ ᠵᠦᠭᠯᠡᠭᠦᠷ 》 ᠪᠣᠯᠣᠨ 《 ᠰᠠᠴᠤᠷᠠᠭ ᠴᠢᠨᠠᠷᠲᠠᠢ ᠡᠳ᠋ ᠪᠣᠳᠠᠰ ᠲᠡᠭᠡᠭᠡᠪᠦᠷᠢᠯᠡᠬᠦ ᠰᠠᠪᠠ᠎ᠶᠢᠨ ᠳᠠᠭᠠᠷᠢᠯᠲᠠ᠎ᠶᠢᠨ ᠲᠤᠷᠰᠢᠯᠲᠠ᠎ᠶᠢᠨ ᠵᠦᠭᠯᠡᠭᠦᠷ 》᠎ᠢ ᠨᠡᠢᠲᠡᠯᠡᠪᠡ
ᠣᠢᠷ᠎ᠠ᠎ᠳᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ ᠠᠮᠢ ᠠᠬᠤᠢ ᠣᠷᠴᠢᠨ ᠲᠣᠭᠣᠷᠢᠨ᠎ᠤ ᠪᠠᠷᠢᠮᠵᠢᠶ᠎ᠠ 《ᠰᠠᠴᠤᠷᠠᠭ ᠢᠳᠡᠪᠬᠢ ᠴᠢᠨᠠᠷᠲᠠᠢ ᠡᠳ᠋ ᠪᠣᠳᠠᠰ ᠲᠡᠭᠡᠭᠡᠪᠦᠷᠢᠯᠡᠬᠦ ᠰᠠᠪᠠ᠎ᠶᠢᠨ ᠬᠠᠯᠠᠭᠤᠨ᠎ᠢ ᠳᠠᠭᠠᠭᠠᠬᠤ ᠲᠤᠷᠰᠢᠯᠲᠠ᠎ᠶᠢᠨ ᠵᠦᠭᠯᠡᠭᠦᠷ》 ( HJ1422︱2025 ) ᠪᠠ 《 ᠰᠠᠴᠤᠷᠠᠭ ᠢᠳᠡᠪᠬᠢ ᠴᠢᠨᠠᠷᠲᠠᠢ ᠡᠳ᠋ ᠪᠣᠳᠠᠰ ᠲᠡᠭᠡᠭᠡᠪᠦᠷᠢᠯᠡᠬᠦ ᠰᠠᠪᠠ᠎ᠶᠢᠨ ᠳᠠᠭᠠᠷᠢᠯᠲᠠ᠎ᠶᠢᠨ ᠲᠤᠷᠰᠢᠯᠲᠠ᠎ᠶᠢᠨ ᠵᠦᠭᠯᠡᠭᠦᠷ》 ( HJ1421︱2025 ) ᠢ ᠨᠡᠢᠲᠡᠯᠡᠵᠦ᠂ 2026 ᠣᠨ᠎ᠤ 1 ᠰᠠᠷ᠎ᠠ᠎ᠶᠢᠨ 1᠎ᠦ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃
10. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ ᠪᠠ ᠭᠠᠳᠠᠭᠰᠢᠯᠠᠭᠤᠯᠤᠯᠲᠠ᠎ᠶᠢ ᠬᠠᠮᠢᠶᠠᠷᠬᠤ ᠵᠤᠷᠭᠠᠨ᠎ᠤ ᠬᠣᠯᠪᠣᠭᠳᠠᠯ ᠪᠦᠬᠦᠢ ᠬᠠᠷᠢᠭᠤᠴᠠᠯᠭᠠᠲᠠᠨ 《 ᠡᠮ ᠦᠢᠯᠡᠳᠬᠦ ᠠᠵᠢᠯ ᠲᠥᠷᠥᠯ᠎ᠦᠨ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯᠡᠰ᠎ᠦᠨ ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ ᠠᠵᠢᠯ᠎ᠢ ᠰᠢᠯᠢᠳᠡᠭᠵᠢᠭᠦᠯᠬᠦ ᠲᠤᠬᠠᠢ ᠰᠠᠨᠠᠯ 》᠎ᠤᠨ ᠲᠤᠬᠠᠢ ᠰᠤᠷᠪᠤᠯᠵᠢᠯᠠᠭ᠍ᠴᠢ᠎ᠶᠢᠨ ᠠᠰᠠᠭᠤᠯᠲᠠ᠎ᠶᠢ ᠬᠠᠷᠢᠭᠤᠯᠪᠠ
ᠠᠮᠢ ᠠᠬᠤᠢ ᠣᠷᠴᠢᠨ ᠲᠣᠭᠣᠷᠢᠨ᠎ᠤ ᠶᠠᠮᠤᠨ ᠣᠢᠷ᠎ᠠ᠎ᠳᠤ 《 ᠡᠮ ᠦᠢᠯᠡᠳᠬᠦ ᠠᠵᠢᠯ ᠲᠥᠷᠥᠯ᠎ᠦᠨ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯᠡᠰ᠎ᠦᠨ ᠣᠷᠴᠢᠨ ᠲᠣᠭᠣᠷᠢᠨ᠎ᠤ ᠨᠥᠯᠥᠭᠡᠯᠡᠯ᠎ᠦᠨ ᠦᠨᠡᠯᠡᠯᠲᠡ᠎ᠶᠢᠨ ᠠᠵᠢᠯ᠎ᠢ ᠰᠢᠯᠢᠳᠡᠭᠵᠢᠭᠦᠯᠬᠦ ᠲᠤᠬᠠᠢ ᠰᠠᠨᠠᠯ 》 ( ᠳᠣᠷᠣᠭ᠍ᠰᠢ 《 ᠰᠠᠨᠠᠯ 》 ᠭᠡᠵᠦ ᠲᠣᠪᠴᠢᠯᠠᠨ᠎ᠠ )᠎ᠢ ᠨᠡᠢᠲᠡᠯᠡᠵᠦ᠂ 《 ᠰᠠᠨᠠᠯ 》᠎ᠢ ᠨᠠᠢᠷᠠᠭᠤᠯᠤᠨ ᠵᠣᠬᠢᠶᠠᠭᠰᠠᠨ ᠠᠬᠤᠢ ᠪᠠᠢᠳᠠᠯ ᠪᠠ ᠭᠣᠣᠯ ᠠᠭᠤᠯᠭ᠎ᠠ᠎ᠶᠢ ᠭᠦᠨᠵᠡᠭᠡᠢ ᠣᠢᠯᠠᠭᠠᠬᠤ᠎ᠶᠢᠨ ᠲᠥᠯᠥᠭᠡ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠣᠷᠴᠢᠨ ᠲᠣᠭᠣᠷᠢᠨ᠎ᠤ ᠨᠥᠯᠥᠭᠡᠯᠡᠯ᠎ᠦᠨ ᠦᠨᠡᠯᠡᠯᠲᠡ ᠬᠢᠭᠡᠳ ᠭᠠᠳᠠᠭᠰᠢᠯᠠᠭᠤᠯᠤᠯᠲᠠ᠎ᠶᠢᠨ ᠬᠠᠮᠢᠶᠠᠷᠤᠯᠲᠠ᠎ᠶᠢᠨ ᠵᠤᠷᠭᠠᠨ᠎ᠤ ᠬᠣᠯᠪᠣᠭᠳᠠᠯ ᠪᠦᠬᠦᠢ ᠬᠠᠷᠢᠭᠤᠴᠠᠯᠭᠠᠲᠠᠨ ᠰᠤᠷᠪᠤᠯᠵᠢᠯᠠᠭ᠍ᠴᠢ᠎ᠶᠢᠨ ᠠᠰᠠᠭᠤᠯᠲᠠ᠎ᠶᠢ ᠬᠠᠷᠢᠭᠤᠯᠵᠤ᠂ 《 ᠰᠠᠨᠠᠯ 》᠎ᠤᠨ ᠲᠤᠬᠠᠢ ᠨᠠᠷᠢᠨ ᠲᠠᠢᠯᠪᠤᠷᠢᠯᠠᠯᠲᠠ ᠬᠢᠪᠡ᠃
11. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠬᠤ ᠵᠤᠷᠭᠠᠨ᠎ᠤ ᠬᠣᠯᠪᠣᠭᠳᠠᠯ ᠪᠦᠬᠦᠢ ᠬᠠᠷᠢᠭᠤᠴᠠᠯᠭᠠᠲᠠᠨ 《 2023 ᠣᠨ᠎ᠤ ᠴᠠᠬᠢᠯᠭᠠᠨ ᠬᠦᠴᠦᠨ᠎ᠦ ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ᠎ᠢ ᠭᠠᠳᠠᠭᠰᠢᠯᠠᠭᠤᠯᠬᠤ ᠬᠦᠴᠦᠨ ᠵᠦᠢᠯ᠎ᠢ ᠨᠡᠢᠲᠡᠯᠡᠬᠦ ᠲᠤᠬᠠᠢ ᠠᠯᠪᠠᠨ ᠵᠠᠷ 》᠎ᠤᠨ ᠲᠤᠬᠠᠢ ᠰᠤᠷᠪᠤᠯᠵᠢᠯᠠᠭ᠍ᠴᠢ᠎ᠶᠢᠨ ᠠᠰᠠᠭᠤᠯᠲᠠ᠎ᠶᠢ ᠬᠠᠷᠢᠭᠤᠯᠪᠠ
ᠣᠢᠷ᠎ᠠ᠎ᠳᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ ᠪᠣᠯᠣᠨ ᠤᠯᠤᠰ᠎ᠤᠨ ᠲᠣᠭ᠎ᠠ ᠪᠦᠷᠢᠳᠬᠡᠯ᠎ᠦᠨ ᠲᠣᠪᠴᠢᠶ᠎ᠠ ᠬᠠᠮᠲᠤᠷᠠᠨ 《 2023 ᠣᠨ᠎ᠤ ᠴᠠᠬᠢᠯᠭᠠᠨ ᠬᠦᠴᠦᠨ᠎ᠦ ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ᠎ᠦᠨ ᠭᠠᠳᠠᠭᠰᠢᠯᠠᠭᠤᠯᠤᠯᠲᠠ᠎ᠶᠢᠨ ᠬᠦᠴᠦᠨ ᠵᠦᠢᠯ᠎ᠢ ᠨᠡᠢᠲᠡᠯᠡᠬᠦ ᠲᠤᠬᠠᠢ ᠠᠯᠪᠠᠨ ᠵᠠᠷ 》 ( ᠳᠣᠷᠣᠭ᠍ᠰᠢ 《 ᠠᠯᠪᠠᠨ ᠵᠠᠷ 》 ᠭᠡᠵᠦ ᠲᠣᠪᠴᠢᠯᠠᠨ᠎ᠠ )᠎ᠢ ᠳᠠᠷᠤᠮᠠᠯᠯᠠᠨ ᠲᠠᠷᠬᠠᠭᠠᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠬᠤ ᠵᠤᠷᠭᠠᠨ᠎ᠤ ᠬᠠᠷᠢᠭᠤᠴᠠᠯᠭᠠᠲᠠᠨ ᠨᠥᠬᠥᠳ 《 ᠠᠯᠪᠠᠨ ᠵᠠᠷ 》᠎ᠤᠨ ᠬᠣᠯᠪᠣᠭᠳᠠᠯ ᠪᠦᠬᠦᠢ ᠪᠠᠢᠳᠠᠯ᠎ᠤᠨ ᠲᠤᠬᠠᠢ ᠰᠤᠷᠪᠤᠯᠵᠢᠯᠠᠭ᠍ᠴᠢ᠎ᠶᠢᠨ ᠠᠰᠠᠭᠤᠯᠲᠠ᠎ᠶᠢ ᠬᠠᠷᠢᠭᠤᠯᠪᠠ᠃
12. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠬᠤ ᠵᠤᠷᠭᠠᠨ᠎ᠤ ᠬᠣᠯᠪᠣᠭᠳᠠᠯ ᠪᠦᠬᠦᠢ ᠬᠠᠷᠢᠭᠤᠴᠠᠯᠭᠠᠲᠠᠨ 2025 ᠣᠨ᠎ᠳᠤ ᠨᠡᠢᠲᠡᠯᠡᠭᠰᠡᠨ 12 ᠵᠦᠢᠯ᠎ᠦᠨ ᠬᠦᠯᠡᠮᠵᠢ᠎ᠶᠢᠨ ᠬᠡᠢ ᠪᠡᠶᠡᠲᠦ ᠭᠠᠳᠠᠭᠰᠢᠯᠠᠭᠤᠯᠬᠤ ᠬᠡᠮᠵᠢᠶ᠎ᠡ᠎ᠶᠢ ᠰᠠᠢᠨ ᠳᠤᠷ᠎ᠠ᠎ᠠᠴᠠ᠎ᠪᠠᠨ ᠪᠠᠭᠠᠰᠬᠠᠬᠤ ᠲᠥᠷᠥᠯ ᠵᠦᠢᠯᠡᠰ᠎ᠦᠨ ᠲᠤᠬᠠᠢ ᠰᠤᠷᠪᠤᠯᠵᠢᠯᠠᠭ᠍ᠴᠢ᠎ᠶᠢᠨ ᠠᠰᠠᠭᠤᠯᠲᠠ᠎ᠶᠢ ᠬᠠᠷᠢᠭᠤᠯᠪᠠ
ᠪᠦᠬᠦ ᠤᠯᠤᠰ᠎ᠤᠨ ᠬᠦᠯᠡᠮᠵᠢ᠎ᠶᠢᠨ ᠬᠡᠢ ᠪᠡᠶᠡᠲᠦ ᠰᠠᠢᠨ ᠳᠤᠷ᠎ᠠ᠎ᠠᠴᠠ᠎ᠪᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ ᠠᠷᠠᠯᠵᠢᠶᠠᠨ᠎ᠤ ᠵᠠᠬ᠎ᠠ ᠳᠡᠯᠭᠡᠭᠦᠷ᠎ᠢ ᠳᠡᠮᠵᠢᠬᠦ ᠬᠦᠷᠢᠶ᠎ᠡ᠎ᠪᠡᠨ ᠥᠷᠭᠡᠳᠬᠡᠬᠦ ᠪᠣᠯ ᠨᠡᠩ ᠥᠷᠭᠡᠨ ᠳᠡᠯᠭᠡᠷ ᠠᠵᠢᠯ ᠲᠦᠷᠦᠯ᠂ ᠠᠵᠤ ᠠᠬᠤᠢᠯᠠᠯ᠎ᠤᠨ ᠪᠡᠶ᠎ᠡ᠎ᠪᠡᠨ ᠳᠠᠭᠠᠭᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ᠎ᠶᠢ ᠵᠣᠷᠢᠭ᠍ᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠣᠢᠷ᠎ᠠ᠎ᠳᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ ᠪᠠᠢᠭᠠᠯᠢ᠎ᠶᠢᠨ ᠡᠬᠢ ᠪᠠᠶᠠᠯᠢᠭ᠋᠎ᠤᠨ ᠶᠠᠮᠤᠨ᠂ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠶᠠᠮᠤᠨ᠂ ᠤᠰᠤᠨ ᠠᠰᠢᠭ᠍ᠯᠠᠯᠲᠠ᠎ᠶᠢᠨ ᠶᠠᠮᠤᠨ᠂ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠂ ᠤᠯᠤᠰ᠎ᠤᠨ ᠡᠨᠧᠷᠭᠢ᠎ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ᠂ ᠲᠣᠰᠣ᠌ ᠬᠡᠢ᠎ᠶᠢᠨ ᠠᠭᠤᠷᠬᠠᠢ᠎ᠶᠢ ᠬᠣᠷᠢᠶᠠᠨ ᠠᠪᠴᠤ ᠠᠰᠢᠭ᠍ᠯᠠᠬᠤ᠂ ᠨᠦᠯᠦᠮᠡᠯ ᠭᠠᠵᠠᠷ᠎ᠤᠨ ᠬᠠᠰᠢᠯᠭ᠎ᠠ᠎ᠶᠢᠨ ᠨᠡᠭᠦᠷᠡᠰᠦᠲᠥ᠋ᠷᠥᠭᠴᠢ᠎ᠶᠢ ᠬᠤᠷᠠᠭᠤᠯᠬᠤ᠂ ᠳᠠᠪᠤᠰᠤᠲᠤ ᠨᠠᠮᠤᠭ ᠪᠠ ᠳᠠᠯᠠᠢ᠎ᠶᠢᠨ ᠡᠪᠡᠰᠦᠨ᠎ᠦ ᠬᠡᠪᠲᠡᠰᠢ᠎ᠶᠢᠨ ᠤᠷᠭᠤᠮᠠᠯ᠎ᠤᠨ ᠬᠤᠴᠢᠯᠭ᠎ᠠ᠎ᠶᠢ ᠵᠠᠰᠠᠨ ᠰᠡᠷᠭᠦᠭᠡᠬᠦ᠂ ᠲᠠᠷᠢᠶᠠᠯᠠᠩ᠎ᠤᠨ ᠬᠠᠶᠠᠭᠳᠠᠮᠠᠯ ᠪᠣᠳᠠᠰ᠎ᠢ ᠡᠬᠢ ᠪᠠᠶᠠᠯᠢᠭ᠍ᠵᠢᠭᠤᠯᠤᠨ ᠠᠰᠢᠭ᠍ᠯᠠᠬᠤ᠂ ᠰᠢᠨ᠎ᠡ ᠡᠨᠧᠷᠭᠢ᠎ᠶᠢᠨ ᠰᠤᠷᠪᠤᠯᠵᠢ᠎ᠶᠢ ᠠᠰᠢᠭ᠍ᠯᠠᠬᠤ᠂ ᠡᠨᠧᠷᠭᠢ ᠠᠷᠪᠢᠯᠠᠵᠤ ᠡᠨᠧᠷᠭᠢ᠎ᠶᠢᠨ ᠠᠰᠢᠭ᠍ᠯᠠᠮᠵᠢ᠎ᠶᠢ ᠳᠡᠭᠡᠭᠰᠢᠯᠡᠭᠦᠯᠬᠦ᠂ ᠵᠢᠷᠭᠤᠭᠠᠨ ᠹᠯᠣᠷᠲᠤ ᠬᠦᠬᠦᠷ᠎ᠦᠨ ᠭᠠᠳᠠᠭᠰᠢᠯᠠᠭᠤᠯᠤᠯᠲᠠ᠎ᠶᠢ ᠪᠠᠭᠠᠰᠬᠠᠬᠤ ᠵᠡᠷᠭᠡ ᠬᠦᠷᠢᠶᠡᠨ᠎ᠳᠡᠬᠢ 12 ᠵᠦᠢᠯ᠎ᠦᠨ ᠠᠷᠭ᠎ᠠ᠎ᠶᠢᠨ ᠤᠬᠠᠭᠠᠨ᠎ᠢ ᠨᠡᠢᠲᠡᠯᠡᠵᠦ᠂ ᠪᠦᠬᠦ ᠤᠯᠤᠰ᠎ᠤᠨ ᠬᠦᠯᠡᠮᠵᠢ᠎ᠶᠢᠨ ᠬᠡᠢ ᠪᠡᠶᠡᠲᠦ᠎ᠶᠢᠨ ᠰᠠᠢᠨ ᠳᠤᠷ᠎ᠠ᠎ᠠᠴᠠ᠎ᠪᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ ᠠᠷᠠᠯᠵᠢᠶᠠᠨ᠎ᠤ ᠵᠠᠬ᠎ᠠ ᠳᠡᠯᠭᠡᠭᠦᠷ ᠲᠦᠷᠭᠡᠨ ᠬᠥᠭᠵᠢᠯᠲᠡ᠎ᠶᠢᠨ ᠰᠢᠨ᠎ᠡ ᠱᠠᠲᠤᠨ᠎ᠳᠤ ᠣᠷᠣᠪᠠ᠃ ᠨᠡᠢᠭᠡᠮ᠎ᠦᠨ ᠡᠯ᠎ᠡ ᠡᠲᠡᠭᠡᠳ᠎ᠲᠦ ᠠᠷᠭ᠎ᠠ᠎ᠶᠢᠨ ᠤᠬᠠᠭᠠᠨ᠎ᠤ ᠠᠭᠤᠯᠭ᠎ᠠ᠎ᠶᠢ ᠨᠠᠩ ᠰᠠᠢᠨ ᠣᠢᠯᠠᠭᠠᠭᠤᠯᠬᠤ᠎ᠶᠢᠨ ᠲᠥᠯᠥᠭᠡ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠬᠤ ᠵᠤᠷᠭᠠᠨ᠎ᠤ ᠬᠣᠯᠪᠣᠭᠳᠠᠯ ᠪᠦᠬᠦᠢ ᠬᠠᠷᠢᠭᠤᠴᠠᠯᠭᠠᠲᠠᠨ᠎ᠠᠴᠠ ᠬᠣᠯᠪᠣᠭᠳᠠᠯ ᠪᠦᠬᠦᠢ ᠪᠠᠢᠳᠠᠯ᠎ᠢ ᠲᠠᠨᠢᠯᠴᠠᠭᠤᠯᠪᠠ᠃