ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠶᠠᠮᠣᠨ᠎ᠤ ᠮᠡᠳᠡᠭᠡ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠢᠭᠡ ᠭᠠᠷᠠᠭ᠎ᠤᠨ ᠴᠢᠬᠤᠯᠠ ᠮᠡᠳᠡᠭᠡ ( 1.18︱1.24 )
ᠨᠡᠶ᠋ᠢᠲᠡᠯᠡᠭᠰᠡᠨ ᠴᠠᠭ᠄ 2026-01-28

      1. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ 《 ᠰᠢᠨ᠎ᠡ ᠮᠠᠶᠢᠭ᠋᠎ᠤᠨ ᠠᠵᠤ ᠦᠢᠯᠡᠳᠪᠦᠷᠢᠵᠢᠯᠲᠡ 》᠎ᠳᠦ 《 ᠪᠣᠬᠢᠷᠲᠤᠯ ᠦᠭᠡᠢ ᠦᠢᠯᠡᠳᠪᠦᠷᠢᠯᠡᠯ᠎ᠦᠨ ᠬᠦᠴᠦᠨ᠎ᠢ ᠶᠡᠬᠡ᠎ᠪᠡᠷ ᠬᠥᠭᠵᠢᠭᠦᠯᠵᠦ ᠥᠨᠳᠥᠷ ᠬᠢᠷᠢ ᠲᠦᠪᠰᠢᠨ ᠪᠦᠬᠦᠢ ᠬᠠᠮᠠᠭᠠᠯᠠᠯᠲᠠ᠎ᠪᠠᠷ ᠴᠢᠨᠠᠷ ᠰᠠᠢᠲᠠᠢ ᠬᠥᠭᠵᠢᠯᠲᠡ ᠎ᠶᠢ ᠲᠤᠯᠭᠠᠭᠤᠷᠢᠯᠠᠭᠤᠯᠤᠶ᠎ᠠ 》 ᠭᠡᠰᠡᠨ ᠨᠡᠷ᠎ᠡ ᠬᠠᠳᠠᠭᠰᠠᠨ ᠵᠣᠬᠢᠶᠠᠯ ᠨᠡᠢᠲᠡᠯᠡᠪᠡ
      ᠠᠵᠤ ᠦᠢᠯᠡᠳᠪᠦᠷᠢᠵᠢᠭᠦᠯᠦᠯᠲᠡ ᠪᠣᠯ ᠣᠳᠣᠬᠢᠴᠢᠯᠠᠯᠲᠠ᠎ᠶᠢᠨ ᠤᠷᠢᠲᠠᠯ ᠪᠠ ᠰᠠᠭᠤᠷᠢ ᠮᠥᠨ᠃ ᠶᠡᠷᠦᠩᠬᠡᠢ ᠱᠦᠵᠢ ᠰᠢ᠎ᠶᠢᠨ ᠫᠢᠩ ᠵᠢᠭᠠᠵᠤ ᠭᠠᠷᠭᠠᠭᠰᠠᠨ ᠨᠢ᠂ ᠰᠢᠨ᠎ᠡ ᠴᠠᠭ ᠦᠶ᠎ᠡ ᠰᠢᠨ᠎ᠡ ᠠᠶᠠᠯᠠᠯ᠎ᠳᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠤᠯᠤᠰ᠎ᠢᠶᠠᠨ ᠬᠦᠴᠦᠷᠬᠡᠭᠵᠢᠭᠦᠯᠬᠦ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠲᠠᠯ᠎ᠠ᠎ᠪᠠᠷ ᠠᠬᠢᠭᠤᠯᠵᠤ᠂ ᠰᠢᠨ᠎ᠡ ᠮᠠᠶᠢᠭ᠋᠎ᠤᠨ ᠠᠵᠤ ᠦᠢᠯᠡᠳᠪᠦᠷᠢᠵᠢᠯᠲᠡ᠎ᠶᠢ ᠪᠡᠶᠡᠯᠡᠭᠦᠯᠬᠦ ᠪᠣᠯ ᠵᠠᠩᠭᠢᠯᠠᠭ᠎ᠠ᠎ᠶᠢᠨ ᠡᠭᠦᠷᠭᠡ ᠪᠣᠯᠣᠨ᠎ᠠ᠃ ᠰᠢᠨ᠎ᠡ ᠮᠠᠶᠢᠭ᠋᠎ᠤᠨ ᠠᠵᠤ ᠦᠢᠯᠡᠳᠪᠦᠷᠢᠵᠢᠯᠲᠡ᠎ᠶᠢᠨ 《 ᠰᠢᠨ᠎ᠡ 》 ᠪᠠᠢᠬᠤ᠎ᠶᠢᠨ ᠴᠢᠬᠤᠯᠠ ᠣᠨᠴᠠᠯᠢᠭ᠋᠎ᠤᠨ ᠨᠢᠭᠡ ᠨᠢ ᠭᠡᠪᠡᠯ ᠰᠠᠭᠤᠷᠢ ᠥᠩᠭᠡ᠎ᠶᠢ ᠡᠷᠬᠡᠪᠰᠢ 《 ᠨᠣᠭᠣᠭᠠᠨ 》 ᠪᠠᠢᠯᠭᠠᠬᠤ ᠬᠡᠷᠡᠭᠲᠡᠢ ᠪᠠᠢᠬᠤ᠎ᠳᠤ ᠣᠷᠣᠰᠢᠨ᠎ᠠ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠠᠴᠠ ᠪᠠᠲᠤᠯᠠᠭᠰᠠᠨ 《 ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢ ᠲᠣᠭᠲᠠᠭᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠰᠠᠨᠠᠭᠤᠯᠭ᠎ᠠ 》 ᠳ᠋ᠤ᠌᠂ ᠪᠣᠬᠢᠷᠲᠤᠯ ᠦᠭᠡᠢ ᠬᠥᠭᠵᠢᠯᠲᠡ ᠪᠣᠯ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠢᠯᠡ ᠲᠣᠳᠣ᠌ ᠰᠠᠭᠤᠷᠢ ᠥᠩᠭᠡ ᠮᠥᠨ᠂ 《 ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠦᠬᠦ ᠲᠠᠯ᠎ᠠ᠎ᠪᠠᠷ ᠪᠣᠬᠢᠷᠲᠤᠯ ᠦᠭᠡᠢ ᠬᠡᠯᠪᠡᠷᠢ᠎ᠪᠠᠨ ᠬᠤᠪᠢᠷᠠᠭᠤᠯᠬᠤ᠎ᠶᠢ ᠲᠦᠷᠭᠡᠳᠬᠡᠵᠦ᠂ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ 》ᠲᠤᠬᠠᠢ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ ᠪᠢᠳᠡ ᠶᠡᠷᠦᠩᠬᠡᠢ ᠱᠦᠵᠢ ᠰᠢ᠎ᠶᠢᠨ ᠫᠢᠩ᠎ᠦᠨ ᠴᠢᠬᠤᠯᠠ ᠶᠠᠷᠢᠶ᠎ᠠ ᠪᠣᠯᠣᠨ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠪᠣᠬᠢᠷᠲᠤᠯ ᠦᠭᠡᠢ ᠦᠢᠯᠡᠳᠪᠦᠷᠢᠯᠡᠯ᠎ᠦᠨ ᠬᠦᠴᠦᠨ᠎ᠢ ᠶᠡᠬᠡ᠎ᠪᠡᠷ ᠬᠥᠭᠵᠢᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠥᠨᠳᠥᠷ ᠲᠦᠪᠰᠢᠨ᠎ᠦ ᠬᠠᠮᠠᠭᠠᠯᠠᠯᠲᠠ᠎ᠪᠠᠷ ᠴᠢᠨᠠᠷ ᠰᠠᠢᠲᠠᠢ ᠬᠥᠭᠵᠢᠯᠲᠡ᠎ᠶᠢ ᠲᠤᠯᠭᠠᠭᠤᠷᠢᠯᠠᠵᠤ᠂ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠴᠢᠬᠤᠯᠠ ᠶᠡᠬᠡ ᠰᠢᠨ᠎ᠡ ᠠᠬᠢᠴᠠ᠎ᠲᠠᠢ ᠪᠣᠯᠬᠤ᠎ᠶᠢ ᠠᠬᠢᠭᠤᠯᠬᠤ ᠬᠡᠷᠡᠭᠲᠡᠢ᠃
      2. ᠠᠮᠢ ᠠᠬᠤᠢ ᠣᠷᠴᠢᠨ ᠲᠣᠭᠣᠷᠢᠨ᠎ᠤ ᠶᠠᠮᠤᠨ ᠨᠢᠭᠡᠳᠦᠭᠡᠷ ᠪᠦᠯᠦᠭ᠎ᠦᠨ ᠦᠵᠡᠰᠬᠦᠯᠡᠩᠲᠦ ᠰᠠᠢᠬᠠᠨ ᠬᠥᠳᠡᠭᠡ ᠲᠣᠰᠬᠣᠨ᠎ᠤ ᠤᠷᠢᠳ᠎ᠢᠶᠠᠷ ᠬᠡᠷᠡᠭᠵᠢᠭᠦᠯᠬᠦ ᠣᠷᠣᠨ᠎ᠤ ᠨᠡᠷᠡᠰ᠎ᠢ ᠨᠡᠢᠲᠡᠯᠡᠪᠡ᠃
      《 ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢ ᠪᠥᠬᠥ ᠲᠠᠯ᠎ᠠ᠎ᠪᠠᠷ ᠲᠦᠯᠬᠢᠨ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠰᠠᠨᠠᠯ 》 《 ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠤᠨ ᠤᠷᠢᠳ᠎ᠢᠶᠠᠷ ᠬᠡᠷᠡᠭᠵᠢᠭᠦᠯᠬᠦ ᠣᠷᠣᠨ᠎ᠢ ᠪᠦᠲᠦᠭᠡᠨ ᠪᠠᠶ᠋ᠢᠭᠤᠯᠬᠤ ᠲᠤᠬᠠᠢ ᠬᠡᠷᠡᠭᠵᠢᠭᠦᠯᠬᠦ ᠰᠠᠨᠠᠯ 》 《 ᠦᠵᠡᠰᠬᠦᠯᠡᠩᠲᠦ ᠰᠠᠢᠬᠠᠨ ᠬᠥᠳᠡᠭᠡ ᠲᠣᠰᠬᠣᠨ᠎ᠤ ᠪᠦᠲᠦᠭᠡᠨ ᠪᠠᠢᠭᠤᠯᠤᠯᠲᠠ᠎ᠶᠢᠨ ᠬᠡᠷᠡᠭᠵᠢᠭᠦᠯᠬᠦ ᠲᠥᠰᠥᠯ 》᠎ᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠬᠠᠮᠤᠭ᠎ᠤᠨ ᠲᠦᠷᠦᠭᠦᠨ᠎ᠳᠦ ᠨᠢᠭᠡ ᠪᠦᠯᠦᠭ ᠦᠵᠡᠰᠬᠦᠯᠡᠩᠲᠦ ᠰᠠᠢᠬᠠᠨ ᠬᠥᠳᠡᠭᠡ ᠲᠣᠰᠬᠣᠨ᠎ᠤ ᠪᠦᠲᠦᠭᠡᠨ ᠪᠠᠢᠭᠤᠯᠤᠯᠲᠠ᠎ᠶᠢᠨ ᠬᠡᠪ ᠳᠠᠭᠤᠷᠢᠶᠠᠯ᠎ᠢ ᠪᠣᠶ ᠪᠣᠯᠭᠠᠬᠤ᠎ᠶᠢᠨ ᠲᠥᠯᠥᠭᠡ᠂ ᠡᠯ᠎ᠡ ᠮᠤᠵᠢ ( ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ )᠎ᠶᠢᠨ ᠲᠠᠨᠢᠯᠴᠠᠭᠤᠯᠤᠭᠰᠠᠨ ᠨᠡᠷᠡᠰ᠎ᠦᠨ ᠰᠠᠭᠤᠷᠢᠨ ᠳᠡᠭᠡᠷ᠎ᠡ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠠᠴᠠ ᠵᠣᠬᠢᠶᠠᠨ ᠪᠠᠢᠭᠤᠯᠵᠤ ᠵᠧᠵᠢᠶᠠᠩ ᠮᠤᠵᠢ᠎ᠶᠢᠨ ᠬᠤᠵᠸᠤ ᠬᠣᠲᠠ᠎ᠶᠢᠨ ᠠᠨ ᠵᠢᠢ ᠰᠢᠶᠠᠨ ᠵᠡᠷᠭᠡ 23 ᠰᠢᠶᠠᠨ ( ᠬᠣᠲᠠ ᠂ ᠲᠣᠭᠣᠷᠢᠭ᠋ )᠎ᠢ ᠨᠢᠭᠡᠳᠦᠭᠡᠷ ᠪᠦᠯᠦᠭ᠎ᠦᠨ ᠦᠵᠡᠰᠬᠦᠯᠡᠩᠲᠦ ᠰᠠᠢᠬᠠᠨ ᠬᠥᠳᠡᠭᠡ ᠲᠣᠰᠬᠣᠨ᠎ᠤ ᠤᠷᠢᠳ᠎ᠢᠶᠠᠷ ᠬᠡᠷᠡᠭᠵᠢᠭᠦᠯᠬᠦ ᠣᠷᠣᠨ ᠪᠣᠯᠭᠠᠬᠤ᠎ᠪᠠᠷ ᠰᠣᠩᠭᠣᠪᠠ᠂ ᠣᠲᠣ᠌ ᠨᠡᠢᠲᠡᠯᠡᠶ᠎ᠡ᠃
      3. ᠠᠮᠢ ᠠᠬᠤᠢ ᠣᠷᠴᠢᠨ ᠲᠣᠭᠣᠷᠢᠨ᠎ᠤ ᠶᠠᠮᠤᠨ 《 ᠠᠮᠢ ᠠᠬᠤᠢ ᠣᠷᠴᠢᠨ ᠲᠣᠭᠣᠷᠢᠨ᠎ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠮᠡᠷᠭᠡᠵᠢᠯ᠎ᠦᠨ ᠵᠦᠭᠯᠡᠭᠦᠷ᠎ᠦᠨ ᠶᠡᠷᠦᠩᠬᠡᠢ ᠬᠥᠲᠥᠯᠪᠦᠷᠢ 》 ᠵᠡᠷᠭᠡ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ 3 ᠪᠠᠷᠢᠮᠵᠢᠶ᠎ᠠ ᠎ᠶᠢ ᠨᠡᠢᠲᠡᠯᠡᠪᠡ
      《 ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠬᠠᠤᠯᠢ 》 ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ 《 ᠠᠮᠢ ᠠᠬᠤᠢ ᠣᠷᠴᠢᠨ ᠲᠣᠭᠣᠷᠢᠨ᠎ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ᠎ᠶᠢ ᠴᠢᠩᠭᠠᠳᠬᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠦᠨ ᠰᠠᠨᠠᠯ 》᠎ᠢ ᠲᠤᠭᠤᠰᠢᠯᠠᠭᠤᠯᠵᠤ᠂ ᠠᠮᠢ ᠠᠬᠤᠢ ᠣᠷᠴᠢᠨ ᠲᠣᠭᠣᠷᠢᠨ᠎ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠠᠵᠢᠯ᠎ᠢ ᠵᠢᠯᠣᠭᠣᠳᠤᠨ ᠵᠢᠷᠤᠮᠵᠢᠭᠤᠯᠵᠤ᠂ ᠣᠷᠣᠨ ᠪᠦᠰᠡ ᠬᠤᠪᠢᠶᠠᠨ ᠵᠦᠷᠢᠶᠡᠵᠢᠬᠦᠯᠦᠨ ᠨᠠᠷᠢᠯᠢᠭ᠋ ᠣᠨᠣᠴᠠᠲᠠᠢ᠎ᠪᠠᠷ ᠬᠠᠮᠢᠶᠠᠷᠤᠨ ᠡᠵᠡᠮᠳᠡᠬᠦ ᠣᠷᠴᠢᠨ ᠲᠣᠭᠣᠷᠢᠨ᠎ᠤ ᠬᠠᠮᠢᠶᠠᠷᠤᠯᠲᠠ᠎ᠶᠢᠨ ᠳᠦᠷᠢᠮ᠎ᠢ ᠬᠡᠷᠡᠭᠵᠢᠭᠦᠯᠵᠦ᠂ ᠠᠮᠢ ᠠᠬᠤᠢ᠎ᠶᠢᠨ ᠴᠢᠳᠠᠮᠵᠢ᠎ᠶᠢ ᠪᠠᠲᠤᠯᠠᠬᠤ ᠪᠠ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠢᠵᠢᠷᠠᠭᠤᠯᠬᠤ᠎ᠶᠢᠨ ᠲᠥᠯᠥᠭᠡ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠠᠴᠠ 《 ᠠᠮᠢ ᠠᠬᠤᠢ ᠣᠷᠴᠢᠨ ᠲᠣᠭᠣᠷᠢᠨ᠎ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠮᠡᠷᠭᠡᠵᠢᠯ᠎ᠦᠨ ᠵᠦᠭᠯᠡᠭᠦᠷ᠎ᠦᠨ ᠶᠡᠷᠦᠩᠬᠡᠢ ᠬᠥᠲᠥᠯᠪᠦᠷᠢ》 ᠵᠡᠷᠭᠡ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ 3 ᠵᠦᠢᠯ᠎ᠦᠨ ᠪᠠᠷᠢᠮᠵᠢᠶ᠎ᠠ᠎ᠶᠢ ᠨᠡᠢᠲᠡᠯᠡᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号