ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠶᠠᠮᠣᠨ᠎ᠤ ᠮᠡᠳᠡᠭᠡ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠢᠭᠡ ᠭᠠᠷᠠᠭ᠎ᠤᠨ ᠴᠢᠬᠤᠯᠠ ᠮᠡᠳᠡᠭᠡ (12.14︱12.20)
ᠨᠡᠶ᠋ᠢᠲᠡᠯᠡᠭᠰᠡᠨ ᠴᠠᠭ᠄ 2026-01-03

      1. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠰᠦᠨ ᠵᠢᠨ ᠯᠦᠩ 《 ᠠᠷᠠᠳ᠎ᠤᠨ ᠡᠳᠦᠷ᠎ᠦᠨ ᠰᠣᠨᠢᠨ 》᠎ᠳᠤ 《 ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠢ ᠪᠦᠲᠦᠭᠡᠨ ᠪᠠᠢᠭᠤᠯᠤᠶ᠎ᠠ 》 ᠭᠡᠰᠡᠨ ᠨᠡᠷ᠎ᠡ ᠬᠠᠳᠠᠭᠰᠠᠨ ᠵᠣᠬᠢᠶᠠᠯ ᠨᠡᠢᠲᠡᠯᠡᠪᠡ
      ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠠᠴᠠ ᠪᠠᠲᠤᠯᠠᠭᠰᠠᠨ 《 ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢ ᠲᠣᠭᠲᠠᠭᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠰᠠᠨᠠᠭᠤᠯᠭ᠎ᠠ 》 ( ᠳᠣᠷᠣᠭ᠍ᠰᠢ 《 ᠰᠠᠨᠠᠭᠤᠯᠭ᠎ᠠ 》 ᠭᠡᠵᠦ ᠲᠣᠪᠴᠢᠯᠠᠨ᠎ᠠ )᠎ᠳᠤ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠬᠡᠯᠪᠡᠷᠢ᠎ᠪᠡᠨ ᠪᠦᠬᠦ ᠲᠠᠯ᠎ᠠ᠎ᠪᠠᠷ ᠬᠤᠪᠢᠷᠠᠭᠤᠯᠬᠤ᠎ᠶᠢ ᠲᠦᠷᠭᠡᠳᠬᠡᠵᠦ᠂ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠢ ᠪᠦᠲᠦᠭᠡᠨ ᠪᠠᠢᠭᠤᠯᠤᠨ᠎ᠠ ᠭᠡᠵᠦ ᠲᠣᠳᠣᠷᠬᠠᠢ ᠳᠤᠷᠠᠳᠤᠨ ᠭᠠᠷᠭᠠᠵᠠᠢ᠃ ᠡᠨᠡ ᠪᠣᠯ ᠰᠢ᠎ᠶᠢᠨ ᠫᠢᠩ ᠨᠥᠬᠥᠷ᠎ᠢᠶᠡᠷ ᠭᠣᠣᠯᠯᠠᠭᠤᠯᠤᠭᠰᠠᠨ ᠨᠠᠮ᠎ᠤᠨ ᠲᠥᠪ ᠬᠣᠷᠢᠶ᠎ᠠ᠎ᠠᠴᠠ ᠬᠥᠮᠥᠨ ᠬᠢᠭᠡᠳ ᠪᠠᠢᠭᠠᠯᠢ᠎ᠶᠢᠨ ᠡᠶ᠎ᠡ ᠵᠣᠬᠢᠴᠠᠯ᠎ᠲᠠᠢ᠎ᠪᠠᠷ ᠬᠠᠮᠲᠤ᠎ᠪᠠᠷ ᠣᠷᠣᠰᠢᠬᠤ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶᠢᠨ ᠪᠦᠬᠦ ᠲᠠᠯ᠎ᠠ᠎ᠳᠤ ᠴᠢᠭᠯᠡᠭᠦᠯᠦᠨ ᠭᠠᠷᠭᠠᠭᠰᠠᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ ᠪᠣᠯᠣᠨ᠎ᠠ᠃ ᠪᠢᠳᠡ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠰᠢ᠎ᠶᠢᠨ ᠫᠢᠩ ᠎ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠴᠠᠭ ᠦᠶ᠎ᠡ᠎ᠶᠢᠨ ᠰᠢᠨ᠎ᠡ ᠠᠶᠠᠨ᠎ᠳᠠᠬᠢ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ᠎ᠶᠢᠨ ᠴᠢᠬᠤᠯᠠ ᠶᠡᠬᠡ ᠠᠴᠢ ᠬᠣᠯᠪᠣᠭᠳᠠᠯ ᠪᠣᠯᠣᠨ ᠬᠠᠷᠠᠯᠲᠠ ᠡᠭᠦᠷᠭᠡ᠎ᠶᠢ ᠣᠨᠣᠪᠴᠢᠲᠠᠢ ᠡᠵᠡᠮᠳᠡᠵᠦ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢ ᠡᠷᠡᠰ ᠰᠠᠢᠲᠤᠷ ᠠᠳᠬᠤᠵᠤ᠂ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ᠎ᠶᠢ ᠲᠦᠷᠭᠡᠳᠬᠡᠨ ᠠᠬᠢᠭᠤᠯᠬᠤ ᠬᠡᠷᠡᠭᠲᠡᠢ᠃
      2. ᠳᠤᠮᠳᠠᠳᠤ ᠤᠯᠤᠰ᠎ᠤᠨ ᠲᠥᠯᠥᠭᠡᠯᠡᠭᠴᠢᠳ᠎ᠦᠨ ᠪᠦᠯᠬᠦᠮ ᠳᠣᠯᠣᠳᠤᠭᠠᠷ ᠬᠤᠭᠤᠴᠠᠭᠠᠨ᠎ᠤ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠣᠷᠴᠢᠨ ᠲᠣᠭᠣᠷᠢᠨ᠎ᠤ ᠶᠡᠬᠡ ᠬᠤᠷᠠᠯ᠎ᠳᠤ ᠣᠷᠣᠯᠴᠠᠪᠠ
      12 ᠰᠠᠷ᠎ᠠ᠎ᠶᠢᠨ 8᠎ᠤ ᠡᠳᠦᠷ᠎ᠡᠴᠡ 12᠎ᠤᠨ ᠡᠳᠦᠷ ᠪᠣᠯᠲᠠᠯ᠎ᠠ᠂ ᠳᠣᠯᠣᠳᠤᠭᠠᠷ ᠬᠤᠭᠤᠴᠠᠭᠠᠨ᠎ᠤ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠣᠷᠴᠢᠨ ᠲᠣᠭᠣᠷᠢᠨ᠎ᠤ ᠶᠡᠬᠡ ᠬᠤᠷᠠᠯ ᠺᠧᠨᠢᠶᠠ ᠵᠢᠨ ᠨᠠᠢ᠍ᠢᠷᠤᠪᠢ ᠵᠢᠨ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠣᠷᠴᠢᠨ ᠲᠣᠭᠣᠷᠢᠨ᠎ᠤ ᠵᠠᠬᠢᠷᠭ᠎ᠠ᠎ᠶᠢᠨ ᠶᠡᠷᠦᠩᠬᠡᠢ ᠭᠠᠵᠠᠷ᠎ᠲᠤ ᠶᠠᠪᠤᠭᠳᠠᠪᠠ᠃ ᠶᠡᠬᠡ ᠬᠤᠷᠠᠯ᠎ᠠᠴᠠ 《 ᠦᠷᠭᠦᠯᠵᠢᠯᠡᠨ ᠰᠢᠢᠳᠪᠦᠷᠢᠯᠡᠬᠦ ᠲᠥᠰᠥᠯ᠎ᠢ ᠠᠬᠢᠭᠤᠯᠵᠤ᠂ ᠤᠶᠠᠨ ᠬᠠᠳᠠᠨ ᠴᠢᠨᠠᠷᠲᠠᠢ ᠳᠡᠯᠡᠬᠡᠢ᠎ᠶᠢᠨ ᠪᠥᠮᠪᠥᠷᠴᠡᠭ᠎ᠢ ᠪᠠᠶ᠋ᠢᠭᠤᠯᠬᠤ 》 ᠪᠡᠷ ᠭᠣᠣᠯ ᠰᠡᠳᠦᠪ ᠪᠣᠯᠭᠠᠵᠤ᠂ ᠰᠠᠢᠳ ᠨᠠᠷ᠎ᠤᠨ ᠲᠤᠩᠬᠠᠭ᠂ 11 ᠵᠦᠢᠯ᠎ᠦᠨ ᠰᠢᠢᠳᠪᠦᠷᠢ ᠵᠢᠴᠢ 3 ᠵᠦᠢᠯ᠎ᠦᠨ ᠲᠣᠭᠲᠠᠭᠠᠯ᠎ᠢ ᠪᠠᠲᠤᠯᠠᠪᠠ᠃ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ 180 ᠭᠠᠷᠤᠢ ᠭᠡᠰᠢᠭᠦᠨ ᠤᠯᠤᠰ᠂ ᠬᠣᠯᠪᠣᠭᠳᠠᠯ ᠪᠦᠬᠦᠢ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠪᠠᠢᠭᠤᠯᠤᠮᠵᠢ᠂ ᠵᠠᠰᠠᠭ᠎ᠤᠨ ᠣᠷᠳᠣᠨ᠎ᠤ ᠬᠣᠭᠣᠷᠣᠨᠳᠣᠬᠢ ᠵᠣᠬᠢᠶᠠᠨ ᠪᠠᠢᠭᠤᠯᠤᠯᠲᠠ ᠵᠡᠷᠭᠡ 6000 ᠭᠠᠷᠤᠢ ᠲᠥᠯᠥᠭᠡᠯᠡᠭᠴᠢ ᠬᠤᠷᠠᠯ᠎ᠳᠤ ᠣᠷᠣᠯᠴᠠᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠡᠳ᠋ ᠰᠠᠢᠳ ᠭᠦᠸᠧ ᠹᠠᠩ ᠳᠤᠮᠳᠠᠳᠤ ᠤᠯᠤᠰ᠎ᠤᠨ ᠲᠥᠯᠥᠭᠡᠯᠡᠭᠴᠢᠳ᠎ᠦᠨ ᠪᠦᠯᠬᠦᠮ᠎ᠢ ᠳᠠᠭᠠᠭᠤᠯᠤᠨ ᠬᠤᠷᠠᠯ᠎ᠳᠤ ᠣᠷᠣᠯᠴᠠᠪᠠ᠃
      3. ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠱᠠᠯᠠᠪᠳᠠᠭᠤᠯᠤᠨ ᠪᠠᠢᠴᠠᠭᠠᠯᠲᠠ᠎ᠶᠢᠨ ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠵᠠᠷᠯᠠᠨ ᠮᠡᠳᠡᠭᠳᠡᠪᠡ
      ᠭᠤᠷᠪᠠᠳᠤᠭᠠᠷ ᠡᠭᠡᠯᠵᠢ᠎ᠶᠢᠨ ᠲᠠᠪᠤᠳᠤᠭᠠᠷ ᠪᠦᠯᠦᠭ᠎ᠦᠨ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠱᠠᠯᠠᠪᠳᠠᠭᠤᠯᠤᠨ ᠪᠠᠢᠴᠠᠭᠠᠯᠲᠠ ᠨᠢ ᠰᠢ᠎ᠶᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠵᠢᠭᠠᠪᠤᠷᠢ ᠴᠣᠬᠣᠯᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ 《 ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠱᠠᠯᠠᠪᠳᠠᠭᠤᠯᠤᠨ ᠪᠠᠢᠴᠠᠭᠠᠬᠤ ᠠᠵᠢᠯ᠎ᠤᠨ ᠳᠦᠷᠢᠮ 》᠎ᠢ ᠴᠢᠩᠭ᠎ᠠ ᠨᠠᠢᠳᠠᠪᠤᠷᠢᠵᠢᠭᠤᠯᠵᠤ᠂ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ ᠪᠣᠯᠣᠨ ᠠᠮᠢ ᠠᠬᠤᠢ ᠣᠷᠴᠢᠨ ᠲᠣᠭᠣᠷᠢᠨ᠎ᠤ ᠥᠨᠳᠥᠷ ᠲᠦᠪᠰᠢᠨ᠎ᠦ ᠬᠠᠮᠠᠭᠠᠯᠠᠯᠲᠠ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠨᠢᠨ ᠳᠡᠭᠡᠷ᠎ᠡ ᠨᠢ ᠰᠢᠨᠵᠢᠯᠡᠬᠦ ᠤᠬᠠᠭᠠᠨᠴᠢ᠎ᠪᠠᠷ ᠬᠠᠤᠯᠢ ᠶᠣᠰᠣᠭᠠᠷ ᠱᠠᠯᠠᠪᠳᠠᠭᠤᠯᠤᠨ ᠪᠠᠢᠴᠠᠭᠠᠬᠤ᠎ᠶᠢ ᠥᠷᠨᠢᠭᠦᠯᠪᠡ᠃ ᠡᠯ᠎ᠡ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠬᠢᠨ ᠨᠢᠭᠡᠳᠦᠭᠡᠷ ᠹᠷᠣᠨᠲ᠎ᠳᠤ ᠭᠦᠨᠵᠡᠭᠡᠢᠷᠡᠵᠦ᠂ ᠲᠤᠬᠠᠢ᠎ᠶᠢᠨ ᠲᠠᠯᠠᠪᠠᠢ᠎ᠳᠤ ᠭᠦᠨᠵᠡᠭᠡᠢᠷᠡᠵᠦ᠂ ᠨᠢᠭᠡ ᠪᠦᠯᠦᠭ ᠲᠣᠪᠣᠢᠮ᠎ᠠ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠢ ᠪᠠᠢᠴᠠᠭᠠᠨ ᠲᠣᠳᠣᠯᠠᠵᠤ᠂ ᠨᠢᠭᠡ ᠪᠦᠯᠦᠭ ᠠᠵᠢᠯ ᠬᠢᠬᠦ ᠦᠭᠡᠢ᠂ ᠤᠳᠠᠭᠠᠰᠢᠷᠠᠭᠤᠯᠤᠨ ᠬᠢᠬᠦ᠂ ᠬᠠᠷᠢᠭᠤᠴᠠᠯᠭ᠎ᠠ ᠡᠭᠦᠷᠭᠡᠯᠡᠬᠦ ᠦᠭᠡᠢ᠂ ᠬᠠᠲᠠᠭᠤ ᠠᠰᠠᠭᠤᠳᠠᠯ᠎ᠳᠤ ᠬᠠᠯᠳᠠᠬᠤ ᠦᠭᠡᠢ᠂ ᠴᠢᠨᠠᠭᠰᠢᠯᠠᠪᠠᠯ ᠬᠠᠰᠢ ᠶᠠᠰᠢ᠎ᠪᠠᠷ ᠠᠷᠭᠠᠴᠠᠬᠤ᠂ ᠬᠤᠳᠠᠯ ᠬᠡᠯᠡᠵᠦ ᠬᠠᠭᠤᠷᠮᠠᠭ᠎ᠢᠶᠠᠷ ᠵᠣᠬᠢᠶᠠᠬᠤ ᠵᠡᠷᠭᠡ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠤᠨ ᠠᠰᠠᠭᠤᠳᠠᠯ᠎ᠢ ᠬᠢᠨᠠᠨ ᠬᠠᠷᠭᠤᠭᠤᠯᠪᠠ᠃ ᠰᠡᠷᠡᠮᠵᠢᠯᠡᠭᠦᠯᠬᠦ ᠦᠢᠯᠡᠳᠦᠯ᠎ᠢ ᠪᠠᠳᠠᠷᠠᠭᠤᠯᠤᠨ᠂ ᠠᠰᠠᠭᠤᠳᠠᠯ᠎ᠢ ᠴᠡᠭᠴᠡᠯᠡᠨ ᠰᠠᠢᠵᠢᠷᠠᠭᠤᠯᠬᠤ᠎ᠶᠢ ᠦᠨᠡᠨ ᠬᠦ᠌ ᠲᠦᠯᠬᠢᠨ ᠠᠬᠢᠭᠤᠯᠬᠤ᠎ᠶᠢᠨ ᠲᠥᠯᠥᠭᠡ᠂ ᠭᠤᠷᠪᠠᠳᠤᠭᠠᠷ ᠪᠦᠯᠦᠭ ᠤᠳᠠᠭ᠎ᠠ᠂ ᠳᠥᠷᠪᠡᠳᠦᠭᠡᠷ ᠪᠦᠯᠦᠭ ᠤᠳᠠᠭ᠎ᠠ᠎ᠶᠢᠨ ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠢᠯᠡ᠎ᠪᠡᠷ ᠵᠠᠷᠯᠠᠨ ᠮᠡᠳᠡᠭᠳᠡᠪᠡ᠃
      4. 《 ᠣᠷᠴᠢᠨ ᠲᠣᠭᠣᠷᠢᠨ᠎ᠤ ᠠᠭᠠᠷ᠎ᠤᠨ ᠶᠠᠰᠤ ᠴᠢᠨᠠᠷ᠎ᠤᠨ ᠪᠠᠷᠢᠮᠵᠢᠶ᠎ᠠ ( ᠰᠠᠨᠠᠯ ᠬᠤᠷᠢᠶᠠᠬᠤ ᠡᠬᠡ ᠪᠢᠴᠢᠭ ) 》 ᠵᠡᠷᠭᠡ 3 ᠵᠦᠢᠯ᠎ᠦᠨ ᠠᠮᠢ ᠠᠬᠤᠢ ᠣᠷᠴᠢᠨ ᠲᠣᠭᠣᠷᠢᠨ᠎ᠤ ᠪᠠᠷᠢᠮᠵᠢᠶ᠎ᠠ᠎ᠶᠢᠨ ᠲᠤᠬᠠᠢ ᠢᠯᠡ᠎ᠪᠡᠷ ᠰᠠᠨᠠᠯ ᠬᠤᠷᠢᠶᠠᠵᠤ ᠪᠠᠢᠨ᠎ᠠ
      《 ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠣᠷᠴᠢᠨ ᠲᠣᠭᠣᠷᠢᠨ᠎ᠢ ᠬᠠᠮᠠᠭᠠᠯᠠᠬᠤ ᠬᠠᠤᠯᠢ 》 ᠪᠣᠯᠣᠨ 《 ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠬᠠᠤᠯᠢ 》 ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ᠎ᠢ ᠲᠤᠭᠤᠰᠢᠯᠠᠭᠤᠯᠬᠤ᠎ᠶᠢᠨ ᠲᠥᠯᠥᠭᠡ ᠂ ᠠᠭᠠᠷ᠎ᠤᠨ ᠶᠠᠰᠤ ᠴᠢᠨᠠᠷ᠎ᠢ ᠰᠠᠢᠵᠢᠷᠠᠭᠤᠯᠬᠤ᠎ᠳᠤ ᠦᠵᠡᠭᠦᠯᠬᠦ ᠪᠠᠷᠢᠮᠵᠢᠶ᠎ᠠ᠎ᠶᠢᠨ ᠬᠥᠲᠥᠯᠥᠨ ᠳᠠᠭᠠᠭᠤᠯᠬᠤ ᠦᠢᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠵᠤ᠂ ᠣᠯᠠᠨ ᠨᠡᠶ᠋ᠢᠲᠡ᠎ᠶᠢᠨ ᠡᠷᠡᠭᠦᠯ ᠮᠡᠨᠳᠦ᠎ᠶᠢ ᠨᠠᠩ ᠰᠠᠢᠨ ᠪᠠᠲᠤᠯᠠᠬᠤ᠎ᠶᠢᠨ ᠲᠥᠯᠥᠭᠡ᠂ ᠮᠠᠨ᠎ᠤ ᠶᠠᠮᠤᠨ 《ᠣᠷᠴᠢᠨ ᠲᠣᠭᠣᠷᠢᠨ᠎ᠤ ᠠᠭᠠᠷ᠎ᠤᠨ ᠶᠠᠰᠤ ᠴᠢᠨᠠᠷ᠎ᠤᠨ ᠪᠠᠷᠢᠮᠵᠢᠶ᠎ᠠ ( ᠰᠠᠨᠠᠯ ᠬᠤᠷᠢᠶᠠᠬᠤ ᠨᠣᠣᠷᠠᠭ ) 》 ( ᠵᠠᠰᠠᠪᠤᠷᠢ ᠣᠷᠣᠭᠤᠯᠤᠭᠰᠠᠨ GB 3095︱2012 ) ᠵᠢᠴᠢ ᠬᠣᠯᠪᠣᠭᠳᠠᠯ ᠪᠦᠬᠦᠢ ᠮᠡᠷᠭᠡᠵᠢᠯ᠎ᠦᠨ ᠵᠢᠷᠤᠮᠵᠢᠯ 《 ᠣᠷᠴᠢᠨ ᠲᠣᠭᠣᠷᠢᠨ᠎ᠤ ᠠᠭᠠᠷ᠎ᠤᠨ ᠶᠠᠰᠤ ᠴᠢᠨᠠᠷ᠎ᠤᠨ ᠵᠢᠭᠠᠯᠲᠠ ᠲᠣᠭ᠎ᠠ ( AQI )᠎ᠶᠢᠨ ᠮᠡᠷᠭᠡᠵᠢᠯ᠎ᠦᠨ ᠲᠣᠭᠲᠠᠭᠠᠯ ( ᠰᠠᠨᠠᠯ ᠬᠤᠷᠢᠶᠠᠬᠤ ᠨᠣᠣᠷᠠᠭ ) 》 ( ᠵᠠᠰᠠᠪᠤᠷᠢ ᠣᠷᠣᠭᠤᠯᠤᠭᠰᠠᠨ HJ633 ︱ 2012 ) ᠂ 《 ᠣᠷᠴᠢᠨ ᠲᠣᠭᠣᠷᠢᠨ᠎ᠤ ᠠᠭᠠᠷ᠎ᠤᠨ ᠶᠠᠰᠤ ᠴᠢᠨᠠᠷ᠎ᠢ ᠦᠨᠡᠯᠡᠬᠦ ᠮᠡᠷᠭᠡᠵᠢᠯ᠎ᠦᠨ ᠵᠢᠷᠤᠮᠵᠢᠯ ( ᠰᠠᠨᠠᠯ ᠬᠤᠷᠢᠶᠠᠬᠤ ᠨᠣᠣᠷᠠᠭ ) 》 ( ᠵᠠᠰᠠᠪᠤᠷᠢ ᠣᠷᠣᠭᠤᠯᠤᠭᠰᠠᠨ HJ663 ︱ 2013 ) ᠎ᠢ ᠵᠣᠬᠢᠶᠠᠨ ᠪᠠᠢᠭᠤᠯᠤᠨ ᠨᠠᠢᠷᠠᠭᠤᠯᠵᠤ ᠂ ᠡᠳᠦᠭᠡ ᠢᠯᠡ᠎ᠪᠡᠷ ᠰᠠᠨᠠᠯ ᠬᠤᠷᠢᠶᠠᠨ᠎ᠠ᠃
      5. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠠᠭᠠᠷ ᠮᠠᠨᠳᠠᠯ᠎ᠤᠨ ᠣᠷᠴᠢᠨ ᠲᠣᠭᠣᠷᠢᠨ᠎ᠤ ᠵᠤᠷᠭᠠᠨ᠎ᠤ ᠬᠣᠯᠪᠣᠭᠳᠠᠯ ᠪᠦᠬᠦᠢ ᠬᠠᠷᠢᠭᠤᠴᠠᠯᠭᠠᠲᠠᠨ 《 ᠤᠰᠤᠲᠥ᠋ᠷᠥᠭᠴᠢ ᠠᠭᠤᠯᠤᠭᠰᠠᠨ ᠾᠯᠣᠷᠲᠤ ᠹᠯᠣᠷᠲᠤ ᠨᠡᠭᠦᠷᠦᠭᠴᠢ ( HCFCs )᠎ᠪᠠᠷ ᠬᠥᠭᠡᠰᠦᠷᠡᠭᠦᠯᠦᠭᠴᠢ ᠪᠣᠯᠭᠠᠭᠰᠠᠨ ᠪᠥᠭᠡᠭᠡᠨᠡᠷᠡᠯ ᠹᠸᠨᠢᠯ ᠡᠲᠧᠨ ᠬᠥᠭᠡᠰᠦᠷᠬᠡᠭ ᠦᠢᠯᠡᠳᠬᠦᠨ᠎ᠢ ᠰᠢᠬᠠᠨ ᠭᠠᠷᠭᠠᠬᠤ᠎ᠶᠢ ᠴᠠᠭᠠᠵᠠᠯᠠᠬᠤ ᠲᠤᠬᠠᠢ ᠠᠯᠪᠠᠨ ᠵᠠᠷ 》 ᠵᠡᠷᠭᠡ ᠬᠣᠶᠠᠷ ᠠᠯᠪᠠᠨ ᠵᠠᠷ᠎ᠤᠨ ᠲᠤᠬᠠᠢ ᠰᠤᠷᠪᠤᠯᠵᠢᠯᠠᠭ᠍ᠴᠢ᠎ᠶᠢᠨ ᠠᠰᠠᠭᠤᠯᠲᠠ᠎ᠶᠢ ᠬᠠᠷᠢᠭᠤᠯᠪᠠ
      ᠣᠢᠷ᠎ᠠ᠎ᠳᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ 《 ᠤᠰᠤᠲᠥ᠋ᠷᠥᠭᠴᠢ ᠠᠭᠤᠯᠤᠭᠰᠠᠨ ᠾᠯᠣᠷᠲᠤ ᠹᠯᠣᠷᠲᠤ ᠨᠡᠭᠦᠷᠦᠭᠴᠢ ( HCFCs )᠎ᠪᠠᠷ ᠬᠥᠭᠡᠰᠦᠷᠡᠭᠦᠯᠦᠭᠴᠢ ᠪᠣᠯᠭᠠᠭᠰᠠᠨ ᠪᠥᠭᠡᠭᠡᠨᠡᠷᠡᠯ ᠹᠸᠨᠢᠯ ᠡᠲᠧᠨ᠎ᠦ ᠬᠥᠭᠡᠰᠦᠷᠬᠡᠭ ᠦᠢᠯᠡᠳᠬᠦᠨ᠎ᠢ ᠰᠢᠬᠠᠨ ᠭᠠᠷᠭᠠᠬᠤ᠎ᠶᠢ ᠴᠠᠭᠠᠵᠠᠯᠠᠬᠤ ᠲᠤᠬᠠᠢ ᠠᠯᠪᠠᠨ ᠵᠠᠷ 》 ᠪᠠ 《 ᠤᠰᠤᠲᠥ᠋ᠷᠥᠭᠴᠢ ᠠᠭᠤᠯᠤᠭᠰᠠᠨ ᠾᠯᠣᠷᠲᠤ ᠹᠯᠣᠷᠲᠤ ᠨᠡᠭᠦᠷᠦᠭᠴᠢ ( HCFCs )᠎ᠪᠠᠷ ᠴᠡᠪᠡᠷᠰᠢᠭᠦᠯᠦᠭᠴᠢ ᠪᠣᠯᠭᠠᠬᠤ᠎ᠶᠢ ᠴᠠᠭᠠᠵᠠᠯᠠᠬᠤ ᠲᠤᠬᠠᠢ ᠠᠯᠪᠠᠨ ᠵᠠᠷ 》 ( ᠳᠣᠷᠣᠭ᠍ᠰᠢ ᠬᠣᠶᠠᠷ ᠠᠯᠪᠠᠨ ᠵᠠᠷ ᠭᠡᠵᠦ ᠲᠣᠪᠴᠢᠯᠠᠨ᠎ᠠ )᠎ᠢ ᠳᠠᠷᠤᠮᠠᠯᠯᠠᠨ ᠲᠠᠷᠬᠠᠭᠠᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠠᠭᠠᠷ ᠮᠠᠨᠳᠠᠯ᠎ᠤᠨ ᠣᠷᠴᠢᠨ ᠲᠣᠭᠣᠷᠢᠨ᠎ᠤ ᠵᠤᠷᠭᠠᠨ᠎ᠤ ᠬᠣᠯᠪᠣᠭᠳᠠᠯ ᠪᠦᠬᠦᠢ ᠬᠠᠷᠢᠭᠤᠴᠠᠯᠭᠠᠲᠠᠨ ᠬᠣᠶᠠᠷ ᠠᠯᠪᠠᠨ ᠵᠠᠷ᠎ᠤᠨ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠰᠤᠷᠪᠤᠯᠵᠢᠯᠠᠭ᠍ᠴᠢ᠎ᠶᠢᠨ ᠠᠰᠠᠭᠤᠯᠲᠠ᠎ᠶᠢ ᠬᠠᠷᠢᠭᠤᠯᠪᠠ᠃
      6. 《 ᠬᠦᠯᠡᠮᠵᠢ᠎ᠶᠢᠨ ᠬᠡᠢ ᠪᠡᠶᠡᠲᠦ ᠭᠠᠳᠠᠭᠰᠢᠯᠠᠭᠤᠯᠬᠤ ᠬᠡᠮᠵᠢᠶ᠎ᠡ᠎ᠶᠢ ᠰᠠᠢᠨ ᠳᠤᠷ᠎ᠠ᠎ᠠᠴᠠ᠎ᠪᠠᠨ ᠪᠠᠭᠠᠰᠬᠠᠬᠤ ᠲᠥᠷᠥᠯ ᠵᠦᠢᠯ᠎ᠦᠨ ᠠᠷᠭ᠎ᠠ᠎ᠶᠢᠨ ᠤᠬᠠᠭᠠᠨ ᠬᠡᠪᠴᠢᠶᠡᠵᠢᠭᠦᠯᠦᠭᠰᠡᠨ ᠭᠠᠬᠠᠢ᠎ᠶᠢᠨ ᠲᠠᠯᠠᠪᠠᠶ᠎ᠶᠢᠨ ᠢᠯᠭᠠᠳᠠᠰᠤᠨ ᠪᠣᠬᠢᠷᠲᠤᠯ᠎ᠤᠨ ᠨᠠᠮᠤᠭ᠎ᠤᠨ ᠬᠡᠢ᠎ᠶᠢ ᠬᠣᠷᠢᠶᠠᠨ ᠠᠪᠴᠤ ᠠᠰᠢᠭ᠍ᠯᠠᠬᠤ ᠢᠨᠵᠧᠨᠧᠷᠢᠩ 》 ᠵᠡᠷᠭᠡ ᠬᠣᠶᠠᠷ ᠵᠦᠢᠯ᠎ᠦᠨ ᠠᠷᠭ᠎ᠠ᠎ᠶᠢᠨ ᠤᠬᠠᠭᠠᠨ᠎ᠢ ᠨᠡᠢᠲᠡᠯᠡᠪᠡ
      ᠠᠭᠤᠷ ᠠᠮᠢᠰᠬᠤᠯ᠎ᠤᠨ ᠬᠤᠪᠢᠷᠠᠯᠲᠠ᠎ᠶᠢ ᠢᠳᠡᠪᠬᠢᠲᠡᠢ ᠠᠷᠭᠠᠴᠠᠬᠤ ᠤᠯᠤᠰ᠎ᠤᠨ ᠪᠠᠢᠯᠳᠤᠬᠤ ᠪᠣᠳᠣᠯᠭ᠎ᠠ᠎ᠶᠢ ᠬᠡᠷᠡᠭᠵᠢᠭᠦᠯᠬᠦ᠎ᠶᠢᠨ ᠲᠥᠯᠥᠭᠡ᠂ ᠨᠡᠩ ᠥᠷᠭᠡᠨ ᠳᠡᠯᠭᠡᠷ ᠠᠵᠢᠯ ᠲᠥᠷᠥᠯ᠂ ᠠᠵᠤ ᠠᠬᠤᠢᠯᠠᠯ᠎ᠤᠨ ᠰᠠᠢᠨ ᠳᠤᠷ᠎ᠠ᠎ᠠᠴᠠ᠎ᠪᠠᠨ ᠬᠦᠯᠡᠮᠵᠢ᠎ᠶᠢᠨ ᠬᠡᠢ ᠪᠡᠶᠡᠲᠦ ᠭᠠᠳᠠᠭᠰᠢᠯᠠᠭᠤᠯᠬᠤ ᠬᠡᠮᠵᠢᠶ᠎ᠡ ᠎ᠶᠢ ᠪᠠᠭᠠᠰᠬᠠᠬᠤ ᠠᠵᠢᠯᠯᠠᠭ᠎ᠠ᠎ᠳᠤ ᠣᠷᠣᠯᠴᠠᠬᠤ᠎ᠶᠢ ᠵᠣᠷᠢᠭ᠍ᠵᠢᠭᠤᠯᠵᠤ᠂ ᠪᠦᠬᠦ ᠤᠯᠤᠰ᠎ᠤᠨ ᠬᠦᠯᠡᠮᠵᠢ᠎ᠶᠢᠨ ᠬᠡᠢ ᠪᠡᠶᠡᠲᠦ᠎ᠶᠢᠨ ᠰᠠᠢᠨ ᠳᠤᠷ᠎ᠠ᠎ᠠᠴᠠ᠎ᠪᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ ᠲᠥᠷᠥᠯ ᠵᠦᠢᠯ᠎ᠢ ᠵᠢᠷᠤᠵᠤ ᠲᠥᠯᠥᠪᠯᠡᠬᠦ᠂ ᠬᠡᠷᠡᠭᠵᠢᠭᠦᠯᠬᠦ᠂ ᠬᠢᠨᠠᠨ ᠲᠣᠭᠲᠠᠭᠠᠬᠤ ᠪᠠ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ ᠲᠣᠭᠠᠴᠠᠭ᠎ᠠ ᠬᠢᠬᠦ᠂ ᠬᠢᠨᠠᠨ ᠪᠠᠢᠴᠠᠭᠠᠬᠤ ᠠᠵᠢᠯ᠎ᠢ ᠵᠢᠷᠤᠮᠵᠢᠭᠤᠯᠬᠤ᠎ᠶᠢᠨ ᠲᠥᠯᠥᠭᠡ᠂ ᠮᠠᠨ᠎ᠤ ᠶᠠᠮᠤᠨ 《 ᠬᠦᠯᠡᠮᠵᠢ᠎ᠶᠢᠨ ᠬᠡᠢ ᠪᠡᠶᠡᠲᠦ᠎ᠶᠢᠨ ᠰᠠᠢᠨ ᠳᠤᠷ᠎ᠠ᠎ᠠᠴᠠ᠎ᠪᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ ᠠᠷᠠᠯᠵᠢᠶᠠᠨ᠎ᠤ ᠬᠠᠮᠢᠶᠠᠷᠤᠯᠲᠠ᠎ᠶᠢᠨ ᠠᠷᠭ᠎ᠠ ( ᠲᠤᠷᠰᠢᠨ ᠬᠡᠷᠡᠭᠵᠢᠭᠦᠯᠬᠦ ) 》᠎ᠶᠢ ᠦᠨᠳᠦᠰᠦᠯᠡᠨ᠂ 《 ᠬᠦᠯᠡᠮᠵᠢ᠎ᠶᠢᠨ ᠬᠡᠢ ᠪᠡᠶᠡᠲᠦ᠎ᠶᠢᠨ ᠰᠠᠢᠨ ᠳᠤᠷ᠎ᠠ᠎ᠠᠴᠠ᠎ᠪᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ ᠲᠥᠷᠥᠯ ᠵᠦᠢᠯ᠎ᠦᠨ ᠠᠷᠭ᠎ᠠ᠎ᠶᠢᠨ ᠤᠬᠠᠭᠠᠨ ᠬᠡᠪᠴᠢᠶᠡᠵᠢᠭᠦᠯᠦᠭᠰᠡᠨ ᠭᠠᠬᠠᠢ᠎ᠶᠢᠨ ᠲᠠᠯᠠᠪᠠᠶ᠎ᠶᠢᠨ ᠢᠯᠭᠠᠳᠠᠰᠤᠨ ᠪᠣᠬᠢᠷᠲᠤᠯ᠎ᠤᠨ ᠨᠠᠮᠤᠭ᠎ᠤᠨ ᠬᠡᠢ᠎ᠶᠢ ᠬᠣᠷᠢᠶᠠᠨ ᠠᠪᠴᠤ ᠠᠰᠢᠭ᠍ᠯᠠᠬᠤ ᠢᠨᠵᠧᠨᠧᠷᠢᠩ ( CCR-15-001-V01 ) 》 《 ᠬᠦᠯᠡᠮᠵᠢ᠎ᠶᠢᠨ ᠬᠡᠢ ᠪᠡᠶᠡᠲᠦ᠎ᠶᠢᠨ ᠰᠠᠢᠨ ᠳᠤᠷ᠎ᠠ᠎ᠠᠴᠠ᠎ᠪᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ ᠲᠥᠷᠥᠯ ᠵᠦᠢᠯ᠎ᠦᠨ ᠠᠷᠭ᠎ᠠ᠎ᠶᠢᠨ ᠤᠬᠠᠭᠠᠨ ᠲᠠᠷᠢᠶᠠᠯᠠᠩ᠎ᠤᠨ ᠬᠠᠶᠠᠭᠳᠠᠮᠠᠯ ᠪᠣᠳᠠᠰ᠎ᠢ ᠲᠥᠪᠯᠡᠷᠡᠭᠦᠯᠦᠨ ᠰᠢᠢᠳᠪᠦᠷᠢᠯᠡᠬᠦ ᠢᠨᠵᠧᠨᠧᠷᠢᠩ ( CCR-15-002-V01 ) 》 ᠎ᠢ ᠲᠣᠭᠲᠠᠭᠠᠬᠤ᠎ᠶᠢᠨ ᠬᠠᠮᠲᠤ ᠨᠡᠢᠲᠡᠯᠡᠪᠡ᠃
      7. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠣᠯᠣᠨ ᠬᠢᠮᠢ᠎ᠶᠢᠨ ᠪᠣᠳᠠᠰ᠎ᠤᠨ ᠵᠤᠷᠭᠠᠨ᠎ᠤ ᠬᠣᠯᠪᠣᠭᠳᠠᠯ ᠪᠦᠬᠦᠢ ᠬᠠᠷᠢᠭᠤᠴᠠᠯᠭᠠᠲᠠᠨ 《 ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠢᠯᠭᠠᠨ ᠲᠠᠨᠢᠬᠤ ᠪᠠᠷᠢᠮᠵᠢᠶ᠎ᠠ᠎ᠶᠢᠨ ᠶᠡᠷᠦᠩᠬᠡᠢ ᠳᠦᠷᠢᠮ 》᠎ᠦᠨ ᠲᠤᠬᠠᠢ ᠰᠤᠷᠪᠤᠯᠵᠢᠯᠠᠭ᠍ᠴᠢ᠎ᠶᠢᠨ ᠠᠰᠠᠭᠤᠯᠲᠠ᠎ᠶᠢ ᠬᠠᠷᠢᠭᠤᠯᠪᠠ
      ᠣᠢᠷ᠎ᠠ᠎ᠳᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ ᠬᠠᠮᠲᠤᠷᠠᠨ 《 ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠢᠯᠭᠠᠨ ᠲᠣᠳᠣᠯᠠᠬᠤ ᠪᠠᠷᠢᠮᠵᠢᠶ᠎ᠠ᠎ᠶᠢᠨ ᠶᠡᠷᠦᠩᠬᠡᠢ ᠳᠦᠷᠢᠮ 》 ( GB 34330 ︱ 2025 ) ( ᠳᠣᠷᠣᠭ᠍ᠰᠢ 《 ᠶᠡᠷᠦᠩᠬᠡᠢ ᠳᠦᠷᠢᠮ 》 ᠭᠡᠵᠦ ᠲᠣᠪᠴᠢᠯᠠᠨ᠎ᠠ )᠎ᠢ ᠨᠡᠢᠲᠡᠯᠡᠪᠡ᠃ 《 ᠶᠡᠷᠦᠩᠬᠡᠢ ᠳᠦᠷᠢᠮ 》᠎ᠳᠤ ᠵᠠᠰᠠᠪᠤᠷᠢ ᠣᠷᠣᠭᠤᠯᠤᠭᠰᠠᠨ ᠬᠣᠯᠪᠣᠭᠳᠠᠯ ᠪᠦᠬᠦᠢ ᠪᠠᠢᠳᠠᠯ᠎ᠳᠤ ᠴᠢᠭᠯᠡᠭᠦᠯᠦᠨ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠬᠢᠭᠡᠳ ᠬᠢᠮᠢ᠎ᠶᠢᠨ ᠪᠣᠳᠠᠰ᠎ᠤᠨ ᠵᠤᠷᠭᠠᠨ᠎ᠤ ᠬᠣᠯᠪᠣᠭᠳᠠᠯ ᠪᠦᠬᠦᠢ ᠬᠠᠷᠢᠭᠤᠴᠠᠯᠭᠠᠲᠠᠨ ᠰᠤᠷᠪᠤᠯᠵᠢᠯᠠᠭ᠍ᠴᠢ᠎ᠶᠢᠨ ᠠᠰᠠᠭᠤᠯᠲᠠ᠎ᠶᠢ ᠬᠠᠷᠢᠭᠤᠯᠪᠠ᠃
      8. ᠠᠮᠢ ᠠᠬᠤᠢ ᠣᠷᠴᠢᠨ ᠲᠣᠭᠣᠷᠢᠨ᠎ᠤ ᠶᠠᠮᠤᠨ 12 ᠳ᠋ᠤᠭᠠᠷ ᠰᠠᠷ᠎ᠠ᠎ᠶᠢᠨ ᠳᠣᠣᠷ᠎ᠠ ᠬᠠᠭᠠᠰ ᠰᠠᠷ᠎ᠠ᠎ᠶᠢᠨ ᠪᠦᠬᠦ ᠤᠯᠤᠰ᠎ᠤᠨ ᠠᠭᠠᠷ᠎ᠤᠨ ᠴᠢᠨᠠᠷ ᠴᠢᠨᠰᠠᠭ᠎ᠠ᠎ᠶᠢ ᠤᠷᠢᠳᠴᠢᠯᠠᠨ ᠮᠡᠳᠡᠭᠡᠯᠡᠵᠦ ᠵᠥᠪᠳᠡᠯᠴᠡᠭᠰᠡᠨ ᠳ᠋ᠦᠩ᠎ᠢ ᠨᠡᠢᠲᠡᠯᠡᠪᠡ
      2025 ᠣᠨ᠎ᠤ 12 ᠰᠠᠷ᠎ᠠ᠎ᠶᠢᠨ 15᠎ᠤ ᠡᠳᠦᠷ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠶᠡᠷᠦᠩᠬᠡᠢ ᠦᠷᠳᠡᠬᠡ ᠲᠥᠪ᠎ᠦᠨ ᠴᠠᠭ ᠠᠭᠤᠷ᠎ᠤᠨ ᠦᠷᠳᠡᠬᠡ᠂ ᠤᠯᠤᠰ᠎ᠤᠨ ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠰᠢᠪᠲᠤᠯᠬᠤ ᠬᠠᠮᠲᠤᠷᠠᠭᠰᠠᠨ ᠲᠥᠪ᠂ ᠵᠡᠭᠦᠨ ᠬᠣᠢᠲᠤ ᠣᠷᠣᠨ᠂ ᠡᠮᠦᠨᠡᠲᠦ ᠣᠷᠣᠨ᠂ ᠪᠠᠷᠠᠭᠤᠨ ᠡᠮᠦᠨᠡᠲᠦ ᠣᠷᠣᠨ᠂ ᠪᠠᠷᠠᠭᠤᠨ ᠬᠣᠢᠲᠤ ᠣᠷᠣᠨ᠂ ᠬᠥᠬᠡᠮᠥ᠋ᠷᠡᠨ᠎ᠦ ᠭᠤᠷᠪᠠᠯᠵᠢᠨ ᠬᠣᠢᠭ᠋᠎ᠤᠨ ᠣᠷᠣᠨ ᠪᠦᠰᠡ᠎ᠶᠢᠨ ᠠᠭᠠᠷ᠎ᠤᠨ ᠶᠠᠰᠤ ᠴᠢᠨᠠᠷ᠎ᠢ ᠤᠷᠢᠳᠴᠢᠯᠠᠨ ᠲᠥᠰᠥᠭᠡᠯᠡᠵᠦ ᠤᠷᠢᠳᠴᠢᠯᠠᠨ ᠮᠡᠳᠡᠭᠡᠯᠡᠬᠦ ᠲᠥᠪ ᠪᠣᠯᠣᠨ ᠪᠡᠭᠡᠵᠢᠩ ᠬᠤᠳᠡ᠎ᠶᠢᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠲᠥᠪ᠎ᠲᠠᠢ ᠬᠠᠮᠲᠤᠷᠠᠵᠤ᠂ 12 ᠳ᠋ᠤᠭᠠᠷ ᠰᠠᠷ᠎ᠠ᠎ᠶᠢᠨ ᠳᠣᠣᠷ᠎ᠠ ᠬᠠᠭᠠᠰ ᠰᠠᠷ᠎ᠠ (12 ᠰᠠᠷ᠎ᠠ᠎ᠶᠢᠨ 16 ︱ 31᠎ᠦ ᠡᠳᠦᠷ )᠎ᠶᠢᠨ ᠪᠦᠬᠦ ᠤᠯᠤᠰ᠎ᠤᠨ ᠠᠭᠠᠷ᠎ᠤᠨ ᠶᠠᠰᠤ ᠴᠢᠨᠠᠷ᠎ᠢ ᠤᠷᠢᠳᠴᠢᠯᠠᠨ ᠮᠡᠳᠡᠭᠡᠯᠡᠬᠦ ᠵᠥᠪᠳᠡᠯᠴᠡᠭᠡ ᠥᠷᠨᠢᠭᠦᠯᠵᠡᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号