ᠬᠥᠮᠥᠨ ᠢᠲᠡᠭᠡᠯ ᠦᠭᠡᠢ ᠪᠣᠯ ᠦᠢ᠍ᠯᠡᠰ ᠪᠦᠲᠦᠭᠡᠵᠦ ᠳᠡᠢ᠌ᠯᠬᠦ ᠦᠭᠡᠢ᠂ ᠠᠵᠢᠯ ᠦᠢ᠍ᠯᠡᠰ᠎ᠨᠢ ᠢᠲᠡᠭᠡᠯ ᠦᠭᠡᠢ ᠪᠣᠯ ᠪᠠᠳᠠᠷᠠᠨ ᠬᠥᠭᠵᠢᠵᠦ ᠴᠢᠳᠠᠬᠤ ᠦᠭᠡᠢ᠃ 2024 ᠣᠨ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠠᠴᠠ ᠲᠣᠭᠲᠠᠭ᠋ᠠᠭᠰᠠᠨ 《ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢ ᠳᠡᠭᠡᠭᠰᠢᠯᠡᠭᠦᠯᠬᠦ ᠣᠨ》 ᠪᠣᠯᠣᠨ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ ᠢᠲᠡᠭᠡᠮᠵᠢ ᠵᠢᠨ ᠦᠨᠡᠯᠡᠯᠲᠡ᠂ ᠢᠲᠡᠭᠡᠮᠵᠢ ᠵᠢᠨ ᠵᠠᠰᠠᠨ ᠰᠡᠷᠭᠦᠭᠡᠯᠲᠡ᠎ᠳᠤ ᠬᠦᠴᠦ ᠨᠡᠮᠡᠷᠢᠯᠡᠭᠰᠡᠨ ᠰᠠᠭᠤᠷᠢᠨ ᠳᠡᠭᠡᠷ᠎ᠡ᠂ ᠤᠬᠠᠭᠤᠯᠭ᠎ᠠ᠎ᠪᠠᠨ ᠴᠢᠩᠭ᠋ᠠᠳᠬᠠᠵᠤ᠂ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠡᠷ ᠬᠡᠷᠡᠭᠵᠢᠭᠦᠯᠵᠦ᠂ ᠪᠦᠬᠦ ᠲᠠᠯ᠎ᠠ ᠵᠢᠨ ᠨᠡᠢ᠌ᠳᠡᠮ᠎ᠳᠤ᠎ᠨᠢ ᠬᠠᠮᠤᠷᠬᠤ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠠᠵᠢᠯ᠎ᠤᠨ ᠪᠠᠢ᠌ᠷᠢᠰᠢᠯ᠎ᠢ ᠪᠠᠢ᠌ᠭᠤᠯᠬᠤ᠎ᠳᠤ ᠬᠦᠴᠦ ᠨᠡᠮᠡᠷᠢᠯᠡᠵᠡᠢ᠃
ᠭᠣᠣᠯ ᠰᠡᠳᠦᠪᠲᠦ ᠤᠬᠠᠭᠤᠯᠭ᠎ᠠ ᠬᠢᠵᠦ᠂ ᠠᠭᠤᠷ ᠠᠮᠢᠰᠬᠤᠯ᠎ᠢ ᠪᠤᠢ ᠪᠣᠯᠭ᠋ᠠᠪᠠ᠃ 《ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠢ ᠪᠣᠳᠠᠲᠠᠢ ᠵᠢ ᠡᠷᠬᠢᠮᠯᠡᠨ ᠦᠨᠡᠨᠴᠢ ᠰᠢᠳᠤᠷᠭᠤ᠎ᠪᠠᠷ ᠬᠡᠷᠡᠭᠵᠢᠭᠦᠯᠵᠦ ᠠᠰᠢᠭᠲᠠᠢ ᠪᠠᠶ᠋ᠢᠳᠠᠯ᠎ᠢ ᠠᠮᠵᠢᠨ ᠲᠡᠷᠢᠭᠦᠨ᠎ᠤ ᠡᠵᠡᠩᠨᠡᠯᠲᠡ ᠵᠢᠨ ᠣᠷᠴᠢᠨ ᠲᠣᠭᠣᠷᠢᠨ᠎ᠢ ᠪᠤᠢ ᠪᠣᠯᠭ᠋ᠠᠶ᠎ᠠ》 ᠭᠡᠬᠦ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠳᠤᠮᠳᠠ᠂ ᠥᠪᠡᠷᠲᠡᠭᠡᠨ ᠵᠠᠰᠠᠬᠤ ᠣᠷᠣᠨ᠎ᠤ ᠡᠯ᠎ᠡ ᠠᠶ᠋ᠢᠮᠠᠭ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ᠎ᠬᠢᠨ ᠢᠳᠡᠪᠬᠢᠲᠡᠢ᠎ᠪᠠᠷ ᠵᠣᠬᠢᠶᠠᠨ ᠪᠠᠢ᠌ᠭᠤᠯᠤᠨ ᠪᠡᠯᠡᠳᠬᠡᠵᠦ᠂ ᠤᠯᠠᠨ ᠬᠡᠯᠪᠡᠷᠢ ᠵᠢᠨ ᠭᠣᠣᠯ ᠰᠡᠳᠦᠪᠲᠦ ᠤᠬᠠᠭᠤᠯᠭ᠎ᠠ᠎ᠪᠠᠷ ᠳᠠᠮᠵᠢᠭᠤᠯᠵᠤ᠂ ᠢᠲᠡᠭᠡᠮᠵᠢ᠎ᠲᠠᠢ ᠪᠥᠭᠡᠳ ᠠᠮᠠᠯᠠᠯᠲᠠ᠎ᠲᠠᠢ ᠰᠠᠢ᠍ᠢ᠍ᠨ ᠰᠠᠢ᠌ᠬᠠᠨ ᠨᠡᠢ᠌ᠭᠡᠮ᠎ᠤᠨ ᠠᠭᠤᠷ ᠠᠮᠢᠰᠬᠤᠯ᠎ᠢ ᠪᠤᠢ ᠪᠣᠯᠭ᠋ᠠᠬᠤ᠎ᠳᠤ ᠬᠦᠴᠦ ᠨᠡᠮᠡᠷᠢᠯᠡᠵᠡᠢ᠃ ᠬᠥᠬᠡᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠭᠣᠣᠯᠳᠠᠯᠭ᠎ᠠ᠎ᠲᠠᠢ ᠬᠢᠨᠠᠨ ᠬᠠᠮᠢᠶᠠᠷᠬᠤ ᠦᠨᠡᠨᠴᠢ ᠢᠲᠡᠭᠡᠮᠵᠢ᠎ᠲᠠᠢ ᠠᠵᠤ ᠠᠬᠤᠢ᠌ᠯᠠᠯ᠎ᠤᠨ ᠲᠥᠯᠥᠭᠡᠯᠡᠭᠴᠢ ᠵᠢ ᠤᠷᠢᠨ ᠣᠷᠣᠯᠴᠠᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠦᠷᠢᠶᠡᠨ᠎ᠤ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ 《ᠰᠠᠨᠠᠭ᠋ᠠᠴᠢᠯᠠᠭ᠎ᠠ ᠵᠢᠨ ᠪᠢᠴᠢᠭ》᠎ᠢ ᠤᠩᠰᠢᠨ ᠨᠡᠢ᠌ᠲᠡᠯᠡᠵᠦ᠂ ᠠᠵᠤ ᠠᠬᠤᠢ᠌ᠯᠠᠯ᠎ᠤᠨ᠎ᠬᠢᠨ ᠦᠨᠡᠨᠴᠢ ᠢᠲᠡᠭᠡᠮᠵᠢ᠎ᠲᠠᠢ ᠪᠠᠶ᠋ᠢᠬᠤ ᠤᠯᠠᠮᠵᠢᠯᠠᠯᠲᠤ ᠰᠠᠢ᠌ᠬᠠᠨ ᠰᠤᠷᠲᠠᠯ᠎ᠢ ᠶᠡᠬᠡᠪᠡᠷ ᠪᠠᠳᠠᠷᠠᠭᠤᠯᠵᠤ᠂ ᠦᠨᠡᠨᠴᠢ ᠢᠲᠡᠭᠡᠮᠵᠢ᠎ᠲᠠᠢ ᠪᠠᠶ᠋ᠢᠬᠤ ᠥᠪᠡᠷ᠎ᠢ᠎ᠪᠠᠨ ᠱᠠᠭ᠋ᠠᠷᠳᠠᠬᠤ ᠤᠬᠠᠮᠰᠠᠷ᠎ᠢ ᠤᠬᠠᠮᠰᠠᠷ᠎ᠠᠴᠠ᠎ᠪᠠᠨ ᠴᠢᠩᠭ᠋ᠠᠳᠬᠠᠬᠤ ᠵᠢ ᠰᠠᠨᠠᠭ᠋ᠠᠴᠢᠯᠠᠪᠠ; ᠬᠥᠯᠥᠨ ᠪᠣᠢ᠌ᠷ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠠᠵᠢᠯᠲᠠᠳ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠤ ᠢᠲᠡᠭᠡᠮᠵᠢ ᠵᠢᠨ ᠦᠨᠡᠯᠡᠯᠲᠡ ᠵᠢᠨ ᠠᠵᠢᠯ᠎ᠤᠨ ᠦᠷ᠎ᠡ ᠪᠦᠲᠦᠮᠵᠢ ᠵᠢ ᠳᠡᠯᠭᠡᠨ ᠦᠵᠡᠭᠦᠯᠵᠦ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠢᠲᠡᠭᠡᠮᠵᠢ ᠵᠢᠨ ᠪᠠᠢ᠌ᠭᠤᠯᠤᠯᠲᠠ ᠵᠢᠨ ᠠᠵᠢᠯ᠎ᠢ ᠣᠢ᠌ᠯᠠᠭ᠋ᠠᠬᠤ ᠨᠤᠷᠮ᠎ᠠ ᠵᠢ ᠳᠡᠭᠡᠭᠰᠢᠯᠡᠭᠦᠯᠪᠡ; ᠦᠬᠠᠢ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠭᠣᠣᠯ ᠰᠡᠳᠦᠪᠲᠦ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠵᠢᠨ ᠮᠠᠲ᠋ᠧᠷᠢᠶᠠᠯ ᠲᠠᠷᠬᠠᠭ᠋ᠠᠬᠤ᠂ ᠠᠰᠠᠭᠤᠨ ᠯᠠᠪᠯᠠᠬᠤ ᠲᠠᠪᠴᠠᠩ ᠭᠠᠷᠭ᠋ᠠᠬᠤ ᠵᠡᠷᠭᠡ ᠬᠡᠯᠪᠡᠷᠢ᠎ᠪᠠᠷ ᠲᠤᠬᠠᠢ ᠵᠢᠨ ᠲᠠᠯᠠᠪᠠᠢ ᠵᠢᠨ ᠤᠯᠠᠨ ᠲᠦᠮᠡᠨ᠎ᠳᠤ ᠢᠲᠡᠭᠡᠮᠵᠢ ᠵᠢᠨ ᠮᠡᠳᠡᠭᠡ ᠵᠠᠩᠭᠢ ᠴᠤᠭᠯᠠᠭᠤᠯᠬᠤ ᠪᠠ ᠢᠲᠡᠭᠡᠮᠵᠢ ᠵᠢᠨ ᠬᠠᠮᠢᠶ᠎ᠠ ᠪᠦᠬᠦᠢ ᠮᠡᠳᠡᠯᠭᠡ ᠵᠢ ᠶᠡᠬᠡᠪᠡᠷ ᠤᠬᠠᠭᠤᠯᠪᠠ᠃
ᠡᠳᠦᠷ ᠲᠤᠲᠤᠮ᠎ᠤᠨ ᠠᠮᠢᠳᠤᠷᠠᠯ᠎ᠳᠤ ᠠᠭᠤᠰᠤᠯᠴᠠᠭᠤᠯᠵᠤ᠂ ᠪᠠᠢ᠌ᠩᠭᠤ ᠵᠢᠨ ᠴᠢᠨᠠᠷᠲᠠᠢ ᠪᠠᠷᠢᠮᠲᠠᠯᠠᠪᠠ᠃ ᠦᠨᠡᠨᠴᠢ ᠢᠲᠡᠭᠡᠮᠵᠢ᠎ᠲᠠᠢ ᠪᠠᠶ᠋ᠢᠬᠤ ᠵᠢ ᠡᠳᠦᠷ ᠲᠤᠲᠤᠮ᠎ᠤᠨ ᠳᠠᠳᠬᠠᠯ ᠪᠠ ᠤᠬᠠᠮᠰᠠᠷᠲᠤ ᠵᠢᠷᠤᠮᠯᠠᠯ ᠪᠣᠯᠭ᠋ᠠᠨ ᠬᠤᠪᠢᠷᠠᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠡᠯ᠎ᠡ ᠠᠶ᠋ᠢᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢ ᠡᠳᠦᠷ ᠲᠤᠲᠤᠮ᠎ᠤᠨ ᠠᠵᠢᠯ᠎ᠳᠠᠭᠠᠨ ᠠᠭᠤᠰᠬᠠᠵᠤ᠂ ᠪᠠᠢ᠌ᠩᠭᠤ ᠵᠢᠨ ᠴᠢᠨᠠᠷᠲᠠᠢ ᠴᠢᠩᠭ᠎ᠠ ᠠᠳᠬᠤᠪᠠ᠃ ᠦᠬᠠᠢ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠠᠮᠢ ᠠᠬᠤᠢ ᠣᠷᠴᠢᠨ ᠲᠣᠭᠣᠷᠢᠨ᠎ᠤ ᠢᠲᠡᠭᠡᠮᠵᠢ ᠵᠢᠨ ᠦᠨᠡᠯᠡᠯᠲᠡ ᠵᠢ ᠠᠮᠢ ᠠᠬᠤᠢ ᠣᠷᠴᠢᠨ ᠲᠣᠭᠣᠷᠢᠨ᠎ᠤ ᠤᠬᠠᠭᠤᠯᠭ᠎ᠠ ᠬᠥᠮᠦᠵᠢᠯ᠎ᠤᠨ 《ᠵᠢᠷᠭᠤᠭ᠎ᠠ ᠵᠢ ᠠᠬᠢᠭᠤᠯᠬᠤ》 ᠵᠡᠷᠭᠡ ᠠᠵᠢᠯᠯᠠᠭ᠎ᠠ᠎ᠳᠤ ᠣᠷᠣᠭᠤᠯᠵᠤ᠂ ᠥᠪᠡᠷ᠎ᠤᠨ ᠪᠡᠶ᠎ᠡ᠎ᠳᠡᠭᠡᠨ ᠢᠲᠡᠭᠡᠯ᠎ᠲᠠᠢ ᠪᠠᠶ᠋ᠢᠬᠤ᠂ ᠪᠤᠰᠤᠳ᠎ᠲᠤ ᠢᠲᠡᠭᠡᠯ᠎ᠲᠠᠢ ᠪᠠᠶ᠋ᠢᠬᠤ᠂ ᠪᠣᠳᠠᠲᠤ ᠠᠵᠢᠯᠯᠠᠭ᠎ᠠ᠎ᠳᠠᠭᠠᠨ ᠢᠲᠡᠭᠡᠯ᠎ᠲᠠᠢ ᠪᠠᠶ᠋ᠢᠬᠤ ᠵᠢ ᠥᠷᠭᠡᠨ ᠵᠶ᠋ᠡᠷ ᠤᠬᠠᠭᠤᠯᠪᠠ᠃ ᠬᠥᠯᠥᠨ ᠪᠣᠢ᠌ᠷ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠡᠨᠧᠷᠭᠢ ᠠᠷᠪᠢᠯᠠᠬᠤ ᠤᠬᠠᠭᠤᠯᠭ᠎ᠠ ᠵᠢᠨ ᠭᠠᠷᠠᠭ ᠪᠣᠯᠣᠨ ᠪᠥᠬᠥ ᠤᠯᠤᠰ᠎ᠤᠨ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠡᠳᠦᠷ ᠵᠡᠷᠭᠡ ᠴᠢᠬᠤᠯᠠ ᠵᠠᠩᠭᠢᠯᠠᠭ᠎ᠠ ᠵᠢᠨ ᠴᠡᠭ᠎ᠢ ᠠᠰᠢᠭᠯᠠᠨ᠂ 《ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠳᠦᠷᠢᠮ》᠎ᠢ ᠭᠣᠣᠯᠳᠠᠯᠭ᠎ᠠ᠎ᠲᠠᠢ ᠤᠬᠠᠭᠤᠯᠵᠤ᠂ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠠᠵᠢᠯ᠎ᠢ ᠦᠨᠡᠨᠴᠢ ᠢᠲᠡᠭᠡᠮᠵᠢᠲᠡᠢ᠎ᠪᠠᠷ ᠥᠷᠨᠢᠭᠦᠯᠬᠦ ᠵᠢᠨ ᠴᠢᠬᠤᠯᠠ ᠴᠢᠨᠠᠷ᠎ᠲᠤ ᠲᠠᠢ᠌ᠯᠤᠮᠵᠢ ᠬᠢᠪᠡ᠃ ᠪᠠᠶᠠᠨᠨᠠᠭᠤᠷ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠦᠨᠡᠨᠴᠢ ᠢᠲᠡᠭᠡᠮᠵᠢ ᠵᠢᠨ ᠲᠤᠰᠬᠠᠢ ᠰᠡᠳᠦᠪᠲᠦ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ ᠵᠢ ᠠᠵᠤ ᠠᠬᠤᠢ᠌ᠯᠠᠯ᠎ᠳᠤ ᠣᠷᠣᠭᠤᠯᠬᠤ ᠠᠵᠢᠯᠯᠠᠭ᠎ᠠ ᠥᠷᠨᠢᠭᠦᠯᠵᠦ᠂ ᠠᠵᠤ ᠠᠬᠤᠢ᠌ᠯᠠᠯ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ᠎ᠳᠤ ᠬᠠᠮᠢᠶ᠎ᠠ ᠪᠦᠬᠦᠢ ᠢᠲᠡᠭᠡᠮᠵᠢ ᠵᠢᠨ ᠰᠢᠰᠲ᠋ᠧᠮ᠎ᠤᠨ ᠪᠠᠢ᠌ᠭᠤᠯᠤᠯᠲᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠲᠠᠢ᠌ᠯᠪᠤᠷᠢᠯᠠᠨ ᠥᠭᠴᠦ᠂ ᠠᠵᠤ ᠠᠬᠤᠢ᠌ᠯᠠᠯ᠎ᠤᠨ ᠣᠷᠴᠢᠨ ᠲᠣᠭᠣᠷᠢᠨ᠎ᠤ ᠢᠲᠡᠭᠡᠮᠵᠢ ᠵᠢᠨ ᠲᠡᠮᠳᠡᠭᠯᠡᠯ᠎ᠢ ᠴᠢᠬᠤᠯᠠᠴᠢᠯᠠᠬᠤ᠂ ᠢᠲᠡᠭᠡᠮᠵᠢ ᠵᠢᠨ ᠮᠡᠳᠡᠭᠦᠯᠦᠯᠲᠡ ᠵᠢ ᠠᠩᠬᠠᠷᠬᠤ᠂ ᠬᠠᠤᠯᠢ ᠲᠣᠭᠲᠠᠭ᠋ᠠᠯ ᠶᠣᠰᠣᠭ᠋ᠠᠷ᠂ ᠦᠨᠡᠨᠴᠢ ᠢᠲᠡᠭᠡᠮᠵᠢ᠎ᠲᠠᠢ᠎ᠪᠠᠷ ᠡᠵᠡᠩᠨᠡᠬᠦ ᠵᠢ ᠬᠥᠲᠥᠯᠥᠨ ᠵᠢᠯᠣᠭᠣᠳᠪᠠ; ᠡᠭᠦᠨ᠎ᠤ ᠬᠠᠮᠲᠤ ᠠᠵᠤ ᠠᠬᠤᠢ᠌ᠯᠠᠯ᠎ᠤᠨ ᠠᠵᠢᠯᠲᠠᠳ᠎ᠲᠤ ᠰᠠᠨᠠᠭ᠋ᠠᠴᠢᠯᠠᠭ᠎ᠠ ᠵᠢᠨ ᠪᠢᠴᠢᠭ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠨᠡᠨᠴᠢ ᠢᠲᠡᠭᠡᠮᠵᠢ ᠵᠢᠨ ᠤᠬᠠᠭᠤᠯᠭ᠎ᠠ ᠵᠢᠨ ᠭᠠᠷ ᠠᠪᠤᠯᠭ᠎ᠠ ᠵᠡᠷᠭᠡ ᠵᠢ ᠲᠠᠷᠬᠠᠭ᠋ᠠᠵᠤ᠂ ᠥᠷᠭᠡᠨ ᠤᠯᠠᠨ ᠠᠵᠢᠯᠲᠠᠳ᠎ᠢ ᠬᠥᠲᠥᠯᠥᠨ ᠵᠢᠯᠤᠭᠣᠳᠴᠤ ᠪᠠᠶ᠋ᠢᠭ᠋ᠠᠳ ᠡᠳᠦᠷ ᠲᠤᠲᠤᠮ᠎ᠤᠨ ᠠᠮᠢᠳᠤᠷᠠᠯ ᠳᠤᠮᠳᠠ᠎ᠪᠠᠨ ᠢᠲᠡᠭᠡᠮᠵᠢ ᠵᠢ ᠡᠷᠬᠢᠮᠯᠡᠨ᠂ ᠦᠨᠡᠨᠴᠢ ᠢᠲᠡᠭᠡᠮᠵᠢ ᠵᠢ ᠴᠢᠬᠤᠯᠠᠴᠢᠯᠠᠵᠤ᠂ ᠤᠬᠠᠮᠰᠠᠷ᠎ᠠᠴᠠ᠎ᠪᠠᠨ ᠦᠨᠡᠨᠴᠢ ᠢᠲᠡᠭᠡᠮᠵᠢ᠎ᠲᠠᠢ ᠪᠠᠶ᠋ᠢᠬᠤ ᠵᠢᠨ ᠦᠢ᠍ᠯᠡᠳᠦᠯᠭᠡᠵᠢᠭᠦᠯᠦᠭᠴᠢ᠂ ᠰᠠᠨᠠᠭ᠋ᠠᠴᠢᠯᠠᠭᠴᠢ ᠪᠠ ᠤᠯᠠᠮᠵᠢᠯᠠᠭᠴᠢ ᠪᠤᠯᠠᠬᠤ ᠵᠢ ᠬᠥᠲᠥᠯᠥᠨ ᠵᠢᠯᠣᠭᠣᠳᠪᠠ᠃
ᠤᠨᠢᠨ ᠳᠡᠭᠡᠷ᠎ᠡ᠎ᠨᠢ ᠪᠤᠯᠪᠠᠰᠤᠷᠠᠯ ᠬᠦᠷᠲᠡᠭᠡᠵᠦ᠂ ᠴᠢᠳᠠᠮᠵᠢ ᠴᠢᠳᠠᠪᠤᠷᠢ ᠵᠢ᠎ᠨᠢ ᠳᠡᠭᠡᠭᠰᠢᠯᠡᠭᠦᠯᠪᠡ᠃ 《ᠪᠤᠯᠪᠠᠰᠤᠷᠠᠯ ᠬᠦᠷᠲᠡᠭᠡᠬᠦ᠎ᠪᠠᠷ ᠳᠠᠮᠵᠢᠭ᠋ᠠᠳ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢ ᠨᠡᠩ ᠭᠦᠨᠵᠡᠭᠡᠢ ᠣᠢ᠌ᠯᠠᠭ᠋ᠠᠵᠤ᠂ ᠬᠣᠶ᠋ᠢᠰᠢᠳᠠ ᠵᠢᠨ ᠠᠵᠢᠯ ᠵᠶ᠋ᠠᠨ ᠥᠷᠨᠢᠭᠦᠯᠬᠦ᠎ᠳᠤ ᠤᠨᠤᠯ᠎ᠤᠨ ᠵᠢᠯᠣᠭᠣᠳᠤᠯᠭ᠎ᠠ ᠬᠠᠩᠭ᠋ᠠᠵᠤ᠂ ᠴᠠᠭ᠎ᠲᠠᠭᠠᠨ ᠮᠠᠰᠢ ᠲᠣᠬᠢᠷᠠᠵᠤ᠂ ᠪᠣᠳᠠᠲᠤ ᠬᠡᠷᠡᠭᠴᠡᠭᠡ᠎ᠲᠠᠢ ᠪᠣᠯᠵᠠᠢ》 ᠭᠡᠵᠦ ᠬᠥᠬᠡᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠠᠵᠢᠯᠲᠠᠳ ᠨᠡᠢ᠌ᠭᠡᠮ᠎ᠤᠨ ᠢᠲᠡᠭᠡᠮᠵᠢ ᠵᠢᠨ ᠰᠢᠰᠲ᠋ᠧᠮ᠎ᠤᠨ ᠪᠠᠢ᠌ᠭᠤᠯᠤᠯᠲᠠ ᠵᠢᠨ ᠲᠤᠰᠬᠠᠢ ᠰᠡᠳᠦᠪᠲᠦ ᠪᠣᠯᠪᠠᠰᠤᠷᠠᠯ᠎ᠳᠤ ᠣᠷᠣᠯᠴᠠᠭᠰᠠᠨ᠎ᠤ ᠳᠠᠷᠠᠭ᠎ᠠ ᠢᠯᠡᠳᠬᠡᠵᠡᠭᠡᠪᠡ᠃ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ《ᠢᠲᠡᠭᠡᠯ᠎ᠲᠠᠢ ᠬᠥᠮᠥᠰ᠎ᠢ ᠤᠷᠮᠠᠰᠢᠭᠤᠯᠤᠨ ᠵᠣᠷᠢᠭᠵᠢᠭᠤᠯᠵᠤ᠂ ᠢᠲᠡᠭᠡᠯ ᠵᠶ᠋ᠡᠨ ᠠᠯᠳᠠᠭᠰᠠᠳ᠎ᠢ ᠵᠠᠯᠬᠠᠭ᠋ᠠᠨ ᠴᠡᠭᠡᠷᠯᠡᠭᠦᠯᠬᠦ》ᠲᠣᠭᠲᠠᠴᠠ ᠵᠢ ᠲᠦᠷᠭᠡᠨ ᠪᠠᠢ᠌ᠭᠤᠯᠬᠤ ᠵᠢᠨ ᠲᠥᠯᠥᠭᠡ᠂ ᠬᠥᠬᠡᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠪᠣᠯᠪᠠᠰᠤᠷᠠᠯ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠲᠤᠰᠬᠠᠢ ᠮᠡᠷᠭᠡᠵᠢᠯᠲᠡᠳ᠎ᠢ ᠤᠷᠢᠵᠤ ᠪᠦᠬᠦ ᠣᠷᠣᠨ᠎ᠤ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠤᠨ ᠬᠡᠷᠡᠭᠵᠢᠭᠦᠯᠬᠦ ᠲᠥᠰᠥᠯ᠂ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠤ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠤᠨ ᠬᠡᠷᠡᠭᠵᠢᠭᠦᠯᠬᠦ ᠲᠥᠰᠥᠯ᠂ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠵᠢᠨ ᠠᠮᠢ ᠠᠬᠤᠢ ᠣᠷᠴᠢᠨ ᠲᠣᠭᠣᠷᠢᠨ᠎ᠤ ᠢᠲᠡᠭᠡᠮᠵᠢ ᠵᠢᠨ ᠦᠨᠡᠯᠡᠯᠲᠡ ᠵᠢᠨ ᠬᠠᠮᠢᠶᠠᠷᠤᠯᠲᠠ ᠵᠢᠨ ᠠᠷᠭ᠎ᠠ᠂ ᠭᠤᠷᠪᠠᠳᠠᠭᠢ ᠡᠲᠡᠭᠡᠳ᠎ᠤᠨ ᠠᠮᠢ ᠠᠬᠤᠢ ᠣᠷᠴᠢᠨ ᠲᠣᠭᠣᠷᠢᠨ᠎ᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠢᠲᠡᠭᠡᠮᠵᠢ ᠵᠢᠨ ᠦᠨᠡᠯᠡᠯᠲᠡ ᠵᠢᠨ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ ᠵᠡᠷᠭᠡ ᠲᠠᠯ᠎ᠠ᠎ᠪᠠᠷ ᠲᠠᠢ᠌ᠯᠤᠮᠵᠢ ᠬᠢᠵᠦ᠂ ᠲᠡᠷᠡᠴᠢᠯᠡᠨ ᠲᠤᠬᠠᠢ ᠵᠢᠨ ᠲᠠᠯᠠᠪᠠᠢ ᠵᠢᠨ ᠬᠤᠷᠠᠯ᠎ᠳᠤ ᠣᠷᠣᠯᠴᠠᠭᠰᠠᠳ᠎ᠤᠨ ᠳᠤᠷᠠᠳᠤᠭᠰᠠᠨ ᠠᠰᠠᠭᠤᠯᠲᠠ᠎ᠳᠤ ᠬᠠᠷᠢᠭᠤᠯᠲᠠ ᠥᠭᠴᠦ᠂ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠤ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠤᠨ ᠭᠦᠨᠵᠡᠭᠡᠢ᠌ᠷᠡᠨ ᠪᠣᠳᠠᠲᠠᠢ᠌ᠵᠢᠬᠤ ᠵᠢ ᠠᠬᠢᠭᠤᠯᠪᠠ᠃
ᠳᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ ᠥᠪᠡᠷᠲᠡᠭᠡᠨ ᠵᠠᠰᠠᠬᠤ ᠣᠷᠣᠨ᠎ᠤ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠬᠣᠯᠪᠣᠭᠳᠠᠯ ᠪᠦᠬᠦᠢ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠤ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠵᠤ᠂ ᠦᠨᠡᠨᠴᠢ ᠢᠲᠡᠭᠡᠮᠵᠢ ᠵᠢ ᠡᠷᠬᠢᠮᠯᠡᠬᠦ᠂ ᠠᠮᠠᠯᠠᠯᠲᠠ ᠵᠢ ᠴᠢᠬᠤᠯᠠᠴᠢᠯᠠᠬᠤ᠂ ᠶᠣᠰᠣ ᠰᠤᠷᠲᠠᠬᠤᠨ᠎ᠢ ᠵᠢᠷᠤᠮᠯᠠᠬᠤ᠂ ᠬᠠᠤᠯᠢ ᠰᠠᠬᠢᠯᠭ᠎ᠠ ᠵᠢ ᠰᠠᠬᠢᠬᠤ ᠰᠠᠢ᠍ᠢ᠍ᠨ ᠰᠠᠢ᠌ᠬᠠᠨ ᠨᠡᠢ᠌ᠭᠡᠮ᠎ᠤᠨ ᠠᠭᠤᠷ ᠠᠮᠢᠰᠬᠤᠯ᠎ᠢ ᠪᠤᠢ ᠪᠣᠯᠭ᠋ᠠᠬᠤ᠎ᠳᠤ ᠬᠦᠴᠦᠨ ᠨᠡᠮᠡᠷᠢᠯᠡᠨ᠎ᠡ᠃