ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠲᠤᠰᠬᠠᠢ ᠮᠡᠳᠡᠭᠡᠯᠡᠯ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2024 ᠣᠨ᠎ᠤ ᠡᠳ᠋᠎ᠤᠨ ᠶᠠᠪᠤᠳᠠᠯ᠎ᠤᠨ ᠬᠠᠮᠢᠶᠠᠷᠤᠯᠲᠠ ᠵᠢᠨ ᠪᠣᠯᠪᠠᠰᠤᠷᠠᠯ᠎ᠤᠨ ᠠᠩᠭᠢ ᠡᠷᠬᠢᠯᠡᠪᠡ
ᠨᠡᠶ᠋ᠢᠲᠡᠯᠡᠭᠰᠡᠨ ᠴᠠᠭ᠄ 2024-12-12

      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠡᠳ᠋᠎ᠤᠨ ᠶᠠᠪᠤᠳᠠᠯ᠎ᠤᠨ ᠠᠵᠢᠯ᠎ᠤᠨ ᠶᠠᠰᠤ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠷᠭᠦᠯᠵᠢᠯᠡᠨ ᠰᠠᠭᠤᠷᠢ᠎ᠪᠠᠨ ᠪᠠᠲᠤᠳᠬᠠᠨ᠂ ᠬᠡᠪ ᠴᠢᠨᠠᠷ ᠵᠶ᠋ᠠᠨ ᠴᠢᠩᠭ᠋ᠠᠳᠬᠠᠵᠤ᠂ ᠴᠢᠳᠠᠪᠤᠷᠢ᠎ᠪᠠᠨ ᠳᠡᠭᠡᠭᠰᠢᠯᠡᠭᠦᠯᠵᠦ᠂ ᠲᠤᠰᠬᠠᠢ᠌ᠵᠢᠭᠰᠠᠨ ᠠᠮᠢ ᠠᠬᠤᠢ ᠣᠷᠴᠢᠨ ᠲᠣᠭᠣᠷᠢᠨ᠎ᠤ ᠡᠳ᠋᠎ᠤᠨ ᠶᠠᠪᠤᠳᠠᠯ᠎ᠤᠨ ᠬᠠᠮᠢᠶᠠᠷᠤᠯᠲᠠ ᠵᠢᠨ ᠺᠠᠳ᠋ᠷ᠎ᠤᠨ ᠡᠩᠨᠡᠭᠡ ᠵᠢ ᠪᠠᠢ᠌ᠭᠤᠯᠬᠤ ᠵᠢᠨ ᠲᠥᠯᠥᠭᠡ᠂ 10 ᠰᠠᠷ᠎ᠠ ᠵᠢᠨ 31᠎ᠤ ᠡᠳᠦᠷ᠎ᠠᠴᠠ 11 ᠰᠠᠷ᠎ᠠ ᠵᠢᠨ 1᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠥᠬᠡᠬᠣᠲᠠ᠎ᠳᠤ 2024 ᠣᠨ᠎ᠤ ᠡᠳ᠋᠎ᠤᠨ ᠶᠠᠪᠤᠳᠠᠯ᠎ᠤᠨ ᠬᠠᠮᠢᠶᠠᠷᠤᠯᠲᠠ ᠵᠢᠨ ᠪᠣᠯᠪᠠᠰᠤᠷᠠᠯ᠎ᠤᠨ ᠠᠩᠭᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠲᠢᠩᠬᠢᠮ᠎ᠤᠨ ᠳᠠᠷᠤᠭ᠎ᠠ ᠸᠠᠩ ᠢ ᠯᠢᠩ ᠠᠩᠭᠢ ᠡᠬᠢᠯᠡᠬᠦ ᠶᠣᠰᠣᠯᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃
      ᠸᠠᠩ ᠢ ᠯᠢᠩ᠂ ᠠᠮᠢ ᠠᠬᠤᠢ ᠣᠷᠴᠢᠨ ᠲᠣᠭᠣᠷᠢᠨ᠎ᠤ ᠡᠳ᠋᠎ᠤᠨ ᠶᠠᠪᠤᠳᠠᠯ᠎ᠤᠨ ᠪᠠᠲᠤᠯᠠᠭ᠎ᠠ ᠵᠢᠨ ᠴᠢᠳᠠᠪᠤᠷᠢ ᠪᠣᠯᠣᠨ ᠡᠳ᠋᠎ᠤᠨ ᠶᠠᠪᠤᠳᠠᠯ᠎ᠤᠨ ᠬᠠᠮᠢᠶᠠᠷᠤᠯᠲᠠ ᠵᠢᠨ ᠲᠦᠪᠰᠢᠨ᠎ᠢ ᠴᠢᠩᠭ᠋ᠠᠳᠬᠠᠵᠤ᠂ ᠥᠪᠡᠷᠲᠡᠭᠡᠨ ᠵᠠᠰᠠᠬᠤ ᠣᠷᠣᠨ᠎ᠤ 《ᠲᠡᠭ ᠰᠠᠭᠤᠷᠢᠲᠤ》 ᠲᠥᠰᠥᠪ᠎ᠤᠨ ᠥᠭᠡᠷᠡᠴᠢᠯᠡᠯᠲᠡ ᠵᠢᠨ ᠪᠠᠢ᠌ᠷᠢᠯᠠᠭᠤᠯᠤᠯᠲᠠ ᠵᠢ ᠨᠠᠢ᠌ᠳᠠᠪᠤᠷᠢᠵᠢᠭᠤᠯᠵᠤ᠂ 2025 ᠣᠨ᠎ᠤ ᠲᠥᠰᠥᠪ᠎ᠢ ᠨᠠᠢ᠌ᠷᠠᠭᠤᠯᠤᠨ ᠵᠣᠬᠢᠶᠠᠬᠤ ᠶᠠᠰᠤ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ᠃ ᠬᠤᠳᠠᠯᠳᠤᠨ ᠠᠪᠤᠭᠴᠢ ᠵᠢᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠵᠤ᠂ ᠵᠠᠰᠠᠭ᠎ᠤᠨ ᠣᠷᠳᠣᠨ᠎ᠤ ᠬᠤᠳᠠᠯᠳᠤᠨ ᠠᠪᠠᠨ᠋ᠥ ᠵᠢ ᠵᠢᠷᠤᠮᠵᠢᠭᠤᠯᠤᠨ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠵᠤ᠂ ᠰᠢᠨᠵᠢᠯᠡᠬᠦ ᠤᠬᠠᠭ᠋ᠠᠨᠴᠢ᠎ᠪᠠᠷ ᠬᠢᠨᠠᠨ ᠪᠤᠳᠤᠵᠤ ᠴᠡᠭᠴᠡᠯᠡᠨ ᠰᠠᠢ᠌ᠵᠢᠷᠠᠭᠤᠯᠬᠤ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ᠂ 《ᠨᠢᠭᠡ᠎ᠠᠴᠠ ᠵᠦᠢ᠍ᠴᠢᠯᠡᠵᠦ ᠨᠥᠭᠥᠭᠡ ᠵᠢ ᠮᠡᠳᠡᠬᠦ》 ᠵᠢ ᠦᠨᠡᠨ ᠬᠦ᠌ ᠪᠡᠶᠡᠯᠡᠭᠦᠯᠬᠦ ᠬᠡᠷᠡᠭᠲᠡᠢ᠃ ᠡᠳ᠋᠎ᠤᠨ ᠶᠠᠪᠤᠳᠠᠯ᠎ᠤᠨ ᠺᠠᠳ᠋ᠷ᠎ᠤᠨ ᠡᠩᠨᠡᠭᠡᠨ᠎ᠤ ᠪᠠᠢ᠌ᠭᠤᠯᠤᠯᠲᠠ ᠵᠢ ᠴᠢᠩᠭ᠋ᠠᠳᠬᠠᠵᠤ᠂ ᠡᠳ᠋᠎ᠤᠨ ᠶᠠᠪᠤᠳᠠᠯ᠎ᠤᠨ ᠠᠵᠢᠯᠲᠠᠨ᠎ᠤ ᠲᠤᠬᠠᠢ᠌ᠯᠠᠭᠰᠠᠨ ᠠᠵᠢᠯ᠎ᠤᠨ ᠤᠷ᠎ᠠ ᠴᠢᠳᠠᠪᠤᠷᠢ ᠪᠠ ᠠᠵᠢᠯ ᠮᠡᠷᠭᠡᠵᠢᠯ᠎ᠤᠨ ᠬᠡᠪ ᠪᠣᠯᠪᠠᠰᠤᠷᠠᠯ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠣᠲᠣᠭ᠋ᠠᠳᠤ ᠡᠵᠡᠮᠳᠡᠯ᠎ᠤᠨ ᠬᠠᠮᠢᠶᠠᠷᠤᠯᠲᠠ ᠵᠢ ᠵᠢᠷᠤᠮᠵᠢᠭᠤᠯᠤᠨ ᠠᠵᠢᠯᠯᠠᠭᠤᠯᠬᠤ ᠵᠢ ᠴᠢᠩᠭ᠋ᠠᠳᠬᠠᠵᠤ᠂ ᠲᠢᠩᠬᠢᠮ᠎ᠤᠨ ᠰᠢᠰᠲ᠋ᠧᠮ᠎ᠤᠨ ᠡᠳ᠋᠎ᠤᠨ ᠶᠠᠪᠤᠳᠠᠯ᠎ᠤᠨ ᠬᠠᠮᠢᠶᠠᠷᠤᠯᠲᠠ ᠵᠢᠨ ᠠᠵᠢᠯ᠎ᠢ ᠳᠠᠬᠢᠨ ᠰᠢᠨ᠎ᠡ ᠳᠡᠭᠲᠡᠷ᠎ᠲᠤ ᠭᠠᠷᠭ᠋ᠠᠬᠤ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
      ᠡᠨᠡ ᠤᠳᠠᠭ᠋ᠠᠨ᠎ᠤ ᠪᠣᠯᠪᠠᠰᠤᠷᠠᠯ᠎ᠳᠤ᠂ ᠡᠳ᠋᠎ᠤᠨ ᠵᠠᠰᠠᠭ ᠠᠵᠤ ᠠᠬᠤᠢ ᠵᠢᠨ ᠰᠠᠬᠢᠯᠭ᠎ᠠ ᠪᠠᠲᠤ ᠵᠢᠨ ᠦᠵᠡᠯ ᠰᠠᠨᠠᠭ᠋ᠠᠨ᠎ᠤ ᠲᠠᠨᠢᠯᠲᠠ ᠵᠢ ᠭᠦᠨᠵᠡᠭᠡᠢ᠌ᠷᠡᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠡᠳ᠋᠎ᠤᠨ ᠶᠠᠪᠤᠳᠠᠯ᠎ᠤᠨ ᠠᠵᠢᠯ᠎ᠤᠨ ᠲᠥᠷᠥ ᠵᠢᠨ ᠪᠣᠳᠣᠯᠭ᠎ᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠬᠢᠨᠠᠨ ᠪᠤᠳᠤᠬᠤ ᠲᠢᠩᠬᠢᠮ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠤᠳᠤᠷᠢᠳᠤᠯᠭ᠎ᠠ ᠵᠢᠴᠢ ᠠᠵᠢᠯ ᠲᠥᠷᠥᠯ᠎ᠤᠨ ᠳᠣᠲᠣᠷᠠᠬᠢ ᠲᠤᠰᠬᠠᠢ ᠮᠡᠷᠭᠡᠵᠢᠯᠲᠡᠨ᠎ᠢ ᠤᠷᠢᠵᠤ᠂ ᠰᠤᠷᠤᠭᠴᠢᠳ᠎ᠲᠤ ᠬᠠᠮᠤᠭ᠎ᠤᠨ ᠰᠢᠨ᠎ᠡ ᠡᠳ᠋᠎ᠤᠨ ᠵᠠᠰᠠᠭ ᠪᠠ ᠬᠢᠨᠠᠨ ᠪᠤᠳᠤᠬᠤ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠢ᠌ᠯᠪᠤᠷᠢᠯᠠᠵᠤ᠂ ᠲᠥᠰᠥᠪ᠎ᠤᠨ ᠠᠵᠢᠯ᠎ᠤᠨ ᠠᠮᠵᠢᠯᠲᠠ ᠪᠦᠲᠦᠮᠵᠢ ᠵᠢᠨ ᠪᠥᠬᠥ ᠶᠠᠪᠤᠴᠠ ᠵᠢᠨ ᠬᠠᠮᠢᠶᠠᠷᠤᠯᠲᠠ᠂ ᠬᠢᠨᠠᠨ ᠪᠣᠳᠣᠯᠲᠠ᠎ᠳᠤ ᠪᠠᠢ᠌ᠩᠭᠤ ᠲᠣᠬᠢᠶᠠᠯᠳᠤᠬᠤ ᠠᠰᠠᠭᠤᠳᠠᠯ᠎ᠢ ᠵᠠᠳᠠᠯᠬᠤ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠨᠢᠭᠲᠠᠯᠠᠨ ᠪᠤᠳᠤᠬᠤ ᠬᠠᠤᠯᠢ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠲᠥᠷᠥ ᠵᠢᠨ ᠪᠣᠳᠣᠯᠭ᠎ᠠ ᠪᠠ ᠵᠠᠰᠠᠭ ᠵᠠᠬᠢᠷᠭ᠎ᠠ ᠠᠵᠢᠯ ᠦᠢ᠍ᠯᠡᠰ᠎ᠤᠨ ᠴᠢᠨᠠᠷᠲᠠᠢ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠲᠤᠬᠠᠢ᠌ᠯᠠᠭᠰᠠᠨ ᠠᠵᠢᠯ ᠵᠡᠷᠭᠡ ᠲᠠᠯ᠎ᠠ ᠵᠢᠨ ᠠᠭᠤᠯᠭ᠎ᠠ ᠵᠢᠨ ᠲᠣᠭᠣᠷᠢᠨ᠎ᠳᠤ ᠭᠣᠣᠯᠳᠠᠯᠭ᠎ᠠ᠎ᠲᠠᠢ᠎ᠪᠠᠷ ᠬᠢᠴᠢᠶᠡᠯ ᠣᠷᠣᠬᠤ ᠵᠢᠨ ᠬᠠᠮᠲᠤ ᠲᠤᠬᠠᠢ ᠵᠢᠨ ᠲᠠᠯᠠᠪᠤᠷ᠎ᠲᠤ ᠮᠠᠳᠠᠭ᠎ᠲᠠᠢ ᠠᠰᠠᠭᠤᠳᠠᠯ᠎ᠢ ᠲᠠᠢ᠌ᠯᠪᠤᠷᠢᠯᠠᠵᠤ ᠥᠭᠪᠡ᠃ ᠪᠣᠯᠪᠠᠰᠤᠷᠠᠯ ᠳᠠᠭᠤᠰᠤᠭᠰᠠᠨ᠎ᠤ ᠳᠠᠷᠠᠭ᠎ᠠ᠂ ᠲᠣᠰ ᠤᠳᠠᠭ᠋ᠠᠨ᠎ᠤ ᠪᠣᠯᠪᠠᠰᠤᠷᠠᠯ᠎ᠤᠨ ᠭᠣᠣᠯᠳᠠᠯᠭ᠎ᠠ᠎ᠨᠢ ᠲᠣᠪᠣᠢ᠌ᠮ᠎ᠠ᠂ ᠠᠭᠤᠯᠭ᠎ᠠ᠎ᠨᠢ ᠨᠠᠷᠢᠨ ᠪᠣᠳᠠᠲᠠᠢ᠂ ᠮᠠᠰᠢ ᠴᠢᠩᠭ᠎ᠠ ᠬᠠᠨᠳᠤᠯᠭ᠋ᠠᠲᠤ ᠴᠢᠨᠠᠷ᠂ ᠵᠢᠯᠤᠭᠣᠳᠬᠤ ᠴᠢᠨᠠᠷ ᠪᠠ ᠬᠡᠷᠡᠭᠯᠡᠭᠡᠨ᠎ᠤ ᠴᠢᠨᠠᠷ᠎ᠲᠠᠢ᠃ ᠬᠣᠶ᠋ᠢᠰᠢᠳᠠ ᠬᠠᠷᠢᠭᠤᠴᠠᠯᠭ᠎ᠠ ᠡᠭᠦᠷᠭᠡᠯᠡᠬᠦ᠎ᠪᠠᠨ ᠴᠢᠩᠭ᠋ᠠᠳᠬᠠᠵᠤ᠂ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠢ ᠭᠦᠢ᠍ᠴᠡᠳᠬᠡᠵᠦ᠂ ᠵᠠᠷᠴᠢᠮ᠎ᠢ ᠪᠠᠲᠤ ᠰᠠᠬᠢᠵᠤ᠂ ᠯᠠᠪᠳᠠᠭᠤᠨ ᠪᠠᠲᠤᠲᠠᠢ ᠠᠵᠢᠯᠯᠠᠵᠤ᠂ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠥᠨᠳᠥᠷ ᠲᠦᠪᠰᠢᠨ ᠵᠶ᠋ᠡᠷ ᠬᠠᠮᠠᠭ᠋ᠠᠯᠠᠬᠤ᠎ᠳᠤ ᠬᠦᠴᠦᠲᠡᠢ ᠪᠠᠲᠤᠯᠠᠭ᠎ᠠ ᠬᠠᠩᠭ᠋ᠠᠬᠤ᠎ᠪᠠᠷ ᠴᠢᠷᠮᠠᠢ᠌ᠨ᠎ᠠ ᠭᠡᠵᠦ ᠰᠣᠷᠣᠯᠴᠠᠭᠴᠢᠳ ᠢᠯᠡᠳᠬᠡᠵᠡᠭᠡᠪᠡ᠃
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠲᠣᠰ ᠱᠠᠲᠤ᠂ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ 90 ᠭᠠᠷᠤᠢ ᠡᠳ᠋᠎ᠤᠨ ᠶᠠᠪᠤᠳᠠᠯ᠎ᠤᠨ ᠠᠵᠢᠯᠲᠠᠨ ᠪᠣᠯᠪᠠᠰᠤᠷᠠᠯ᠎ᠳᠤ ᠣᠷᠣᠯᠴᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠢᠲᠡᠭᠡᠯ ᠵᠣᠷᠢᠭ ᠵᠶ᠋ᠠᠨ ᠬᠥᠪᠴᠢᠯᠡᠨ ᠡᠷᠡᠯᠬᠡᠭᠯᠡᠨ ᠤᠷᠤᠭᠰᠢᠯᠠᠵᠤ ᠬᠦᠴᠢᠷ᠎ᠢ ᠲᠤᠭᠤᠯᠤᠨ ᠪᠡᠷᠬᠡ ᠵᠢ ᠳᠠᠪᠠᠵᠤ ᠰᠢᠨ᠎ᠡ ᠠᠶᠠᠨ᠎ᠳᠤ ᠮᠣᠷᠳᠠᠶ᠎ᠠ — ᠬᠥᠯᠥᠨ ᠪᠣᠢ᠌ᠷ ᠥᠨᠳᠥᠷ ᠲᠦᠪᠰᠢᠨ᠎ᠤ ᠬᠠᠮᠠᠭ᠋ᠠᠯᠠᠯᠲᠠ᠎ᠪᠠᠷ ᠴᠢᠨᠠᠷ ᠰᠠᠢ᠌ᠲᠠᠢ ᠬᠥᠭᠵᠢᠯᠲᠡ ᠵᠢ ᠲᠤᠯᠭ᠋ᠠᠭᠤᠷᠢᠯᠠᠨ᠎ᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ 《ᠦᠨᠳᠦᠰᠦᠨ ᠬᠠᠤᠯᠢ ᠵᠢᠨ ᠤᠬᠠᠭᠤᠯᠭ᠎ᠠ ᠵᠢᠨ ᠭᠠᠷᠠᠭ》᠎ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠡᠳ᠋᠎ᠤᠨ ᠶᠠᠪᠤᠳᠠᠯ ᠬᠢᠭᠡᠳ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠭᠠᠵᠠᠷ ᠲᠦᠩᠯᠢᠶᠣᠣ ᠬᠣᠲᠠ᠎ᠳᠤ ᠠᠮᠢ ᠠᠬᠤᠢ ᠣᠷᠴᠢᠨ ᠲᠣᠭᠣᠷᠢᠨ᠎ᠤ ᠲᠤᠰᠬᠠᠢ ᠪᠡᠯᠡ ᠮᠥᠩᠭᠥ ᠵᠢᠨ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠪᠣᠯᠪᠠᠰᠤᠷᠠᠯ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠤᠨᠤᠯ ᠰᠤᠷᠤᠯᠴᠠᠬᠤ ᠭᠣᠣᠯ ᠳᠤᠭᠤᠶ᠋ᠢᠯᠠᠩ ᠲᠤᠰᠬᠠᠢ ᠰᠡᠳᠦᠪᠲᠦ ᠰᠤᠷᠤᠯᠴᠠᠯᠭ᠎ᠠ ᠵᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠰᠢ ᠵᠢᠨ ᠫᠢᠩ ᠣᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠵᠢᠨ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠲᠦᠷᠦᠭᠦᠴᠦᠳ᠎ᠤᠨ ᠬᠤᠷᠠᠯᠳᠤᠭ᠋ᠠᠨ᠎ᠳᠤ ᠴᠢᠬᠤᠯᠠ ᠶᠠᠷᠢᠶ᠎ᠠ ᠲᠠᠯᠪᠢᠵᠠᠢ
 
             蒙ICP备05000248号