ᠵᠣᠬᠢᠶᠠᠭᠴᠢ᠄ ᠪᠠᠢ ᠰᠢᠶᠣᠣ ᠯᠢᠩ
ᠥᠷᠭᠡᠨ ᠠᠭᠤᠳᠠᠮ ᠬᠥᠯᠥᠨ ᠪᠣᠢ᠌ᠷ᠎ᠤᠨ ᠲᠠᠯ᠎ᠠ ᠨᠤᠲᠤᠭ᠂ 《ᠥᠨᠳᠥᠷ ᠳᠠᠪᠠᠭ᠎ᠠ ᠬᠥᠬᠡᠷᠡᠨ ᠨᠣᠭᠣᠭ᠋ᠠᠷᠠᠭᠰᠠᠨ》 ᠶᠡᠬᠡ ᠬᠢᠩᠭ᠋ᠠᠨ ᠳᠠᠪᠠᠭ᠎ᠠ᠂ ᠮᠤᠷᠤᠯᠵᠠᠨ ᠤᠷᠤᠰᠬᠤ ᠮᠡᠷᠭᠡᠯ ᠭᠣᠣᠯ᠂ ᠨᠡᠯᠦᠭᠡᠷ ᠶᠡᠬᠡ ᠬᠥᠯᠥᠨ ᠨᠠᠭᠤᠷ᠂ ᠬᠠᠷᠢ ᠨᠤᠲᠤᠭ᠎ᠤᠨ ᠵᠠᠩ ᠦᠢ᠍ᠯᠡ᠎ᠪᠠᠷ ᠪᠠᠶᠠᠯᠢᠭ ᠡᠨᠭᠬᠡ ᠤᠷᠤᠰ ᠦᠨᠳᠦᠰᠦᠲᠡᠨ᠎ᠤ ᠦᠨᠳᠦᠰᠦᠲᠡᠨ᠎ᠤ ᠰᠢᠶᠠᠩ ᠁ ᠵᠤᠨ᠎ᠤ ᠤᠯᠠᠷᠢᠯ ᠪᠣᠯᠬᠤ ᠪᠦᠷᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯᠥᠨ ᠪᠣᠢ᠌ᠷ ᠬᠤᠳᠠ ᠵᠤᠭ᠋ᠠᠴᠠᠯ᠎ᠤᠨ ᠬᠥᠭᠵᠢᠶᠡᠨᠲᠡᠢ ᠤᠯᠠᠷᠢᠯ᠎ᠳᠤ ᠣᠷᠣᠵᠤ᠂ ᠳᠦᠷᠪᠡᠨ ᠵᠦᠭ ᠨᠠᠢ᠍ᠮᠠᠨ ᠵᠣᠪᠬᠢᠰ᠎ᠤᠨ ᠵᠤᠭ᠋ᠠᠴᠠᠭᠰᠠᠳ ᠵᠠᠯᠭ᠎ᠠ ᠵᠠᠯᠭ᠋ᠠᠭ᠎ᠠ᠎ᠪᠠᠷ ᠰᠡᠳᠬᠢᠯ ᠲᠠᠲᠠᠭᠳᠠᠨ ᠮᠣᠷᠢᠯᠠᠨ ᠰᠠᠭ᠋ᠠᠲᠠᠨᠠ᠃
13 ᠲᠦᠮᠡᠨ ᠲᠡᠭᠰᠢ ᠳᠥᠷᠪᠡᠯᠵᠢᠨ ᠺᠢᠯᠣᠮᠧᠲᠷ᠎ᠤᠨ ᠪᠠᠯᠠᠷ ᠤᠢ ᠰᠢᠭᠤᠢ᠂ 8 ᠲᠦᠮᠡᠨ ᠲᠡᠭᠰᠢ ᠳᠥᠷᠪᠡᠯᠵᠢᠨ ᠺᠢᠯᠣᠮᠧᠲᠷ᠎ᠤᠨ ᠪᠠᠶ᠋ᠢᠭ᠋ᠠᠯᠢ ᠵᠢᠨ ᠲᠠᠯ᠎ᠠ ᠨᠤᠲᠤᠭ᠂ 3 ᠲᠦᠮᠡᠨ ᠲᠡᠭᠰᠢ ᠳᠥᠷᠪᠡᠯᠵᠢᠨ ᠺᠢᠯᠣᠮᠧᠲᠷ᠎ᠤᠨ ᠥᠷᠭᠡᠨ ᠠᠭᠤᠳᠠᠮ ᠨᠤᠭᠤ ᠭᠠᠵᠠᠷ᠂ 3000 ᠭᠠᠷᠤᠢ ᠭᠣᠣᠯ ᠮᠥᠷᠡᠨ᠂ 500 ᠭᠠᠷᠤᠢ ᠨᠠᠭᠤᠷ ᠴᠥᠭᠥᠷᠥᠮ ᠁ ᠡᠲᠡᠭᠡᠷ᠎ᠨᠢ ᠣᠳᠣᠬᠠᠨ᠎ᠤ ᠳᠤᠮᠳᠠᠳᠤ ᠤᠯᠤᠰ᠎ᠤᠨ ᠬᠡᠪᠴᠢᠶ᠎ᠡ᠎ᠪᠠᠷ ᠬᠠᠮᠤᠭ᠎ᠤᠨ ᠶᠡᠬᠡ᠂ ᠬᠠᠮᠤᠭ᠎ᠤᠨ ᠪᠦᠷᠢᠨ ᠪᠦᠲᠦᠨ ᠠᠮᠢ ᠠᠬᠤᠢ ᠵᠢᠨ ᠰᠢᠰᠲ᠋ᠧᠮ᠎ᠢ ᠪᠦᠷᠢᠯᠳᠦᠭᠦᠯᠦᠭᠰᠡᠨ ᠪᠠᠢ᠌ᠨ᠎ᠠ᠂ ᠠᠲᠠ ᠤᠤᠯ᠎ᠠᠴᠠ᠎ᠪᠠᠨ 《ᠨᠣᠮᠢᠨ ᠨᠣᠭᠣᠭ᠋ᠠᠨ ᠬᠥᠷᠥᠰᠥ》᠂ 《ᠤᠮᠠᠷᠠᠲᠤ ᠵᠢᠨ ᠨᠣᠮᠢᠨ ᠬᠠᠰ》 ᠬᠡᠮᠡᠭᠳᠡᠵᠦ᠂ ᠮᠠᠨ᠎ᠤ ᠤᠯᠤᠰ᠎ᠤᠨ ᠤᠮᠠᠷᠠᠲᠤ ᠵᠢᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠴᠢᠬᠤᠯᠠ ᠪᠦᠷᠢᠯᠳᠦᠬᠦᠨ ᠬᠡᠰᠡᠭ ᠪᠣᠯᠣᠨ᠎ᠠ᠃
ᠠᠮᠢ ᠠᠬᠤᠢ᠎ᠨᠢ ᠬᠥᠯᠥᠨ ᠪᠣᠢ᠌ᠷ᠎ᠲᠤ ᠠᠪᠴᠤ ᠬᠡᠯᠡᠪᠡᠯ ᠨᠢᠭᠡᠨ ᠳᠠᠪᠠᠭᠤᠯᠢᠭ᠂ ᠨᠢᠭᠡᠨ ᠡᠳ᠋ ᠬᠥᠷᠥᠩᠭᠡ ᠮᠥᠨ᠂ ᠨᠡᠩ ᠴᠤ᠌ ᠬᠠᠷᠢᠭᠤᠴᠠᠯᠭ᠎ᠠ ᠮᠥᠨ᠃ ᠣᠢ᠌ᠷ᠎ᠠ ᠵᠢᠨ ᠵᠢᠯ᠎ᠳᠤ᠂ ᠬᠥᠯᠥᠨ ᠪᠣᠢ᠌ᠷ ᠬᠣᠲᠠ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ 《ᠠᠮᠢ ᠠᠬᠤᠢ ᠵᠢ ᠲᠡᠷᠢᠭᠦᠨ᠎ᠳᠤ ᠲᠠᠯᠪᠢᠵᠤ᠂ ᠪᠣᠬᠢᠷᠲᠤᠯ ᠦᠭᠡᠢ᠎ᠪᠠᠷ ᠬᠥᠭᠵᠢᠭᠦᠯᠵᠦ᠂ ᠦᠵᠡᠰᠬᠦᠯᠡᠩᠲᠦ ᠰᠠᠢ᠌ᠬᠠᠨ ᠪᠠᠶᠠᠨ ᠲᠠᠩᠰᠤᠭ ᠡᠶ᠎ᠡ ᠵᠣᠬᠢᠴᠠᠯ᠎ᠲᠠᠢ ᠠᠮᠤᠷ ᠠᠮᠤᠭᠤᠯᠠᠩ ᠬᠥᠯᠥᠨ ᠪᠣᠢ᠌ᠷᠢ ᠪᠦᠲᠦᠭᠡᠨ ᠪᠠᠢ᠌ᠭᠤᠯᠬᠤ》 ᠬᠥᠭᠵᠢᠯᠲᠡ ᠵᠢᠨ ᠪᠠᠶ᠋ᠢᠷᠢ ᠲᠣᠭᠲᠠᠭ᠋ᠠᠯᠲᠠ ᠵᠢᠨ ᠲᠣᠭᠣᠷᠢᠨ᠎ᠳᠤ᠂ ᠠᠭᠤᠯᠠ ᠤᠰᠤ ᠣᠢ ᠲᠠᠷᠢᠶ᠎ᠠ ᠨᠠᠭᠤᠷ ᠡᠪᠡᠰᠦ ᠡᠯᠡᠰᠦ ᠵᠢ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠵᠢ ᠪᠠᠷᠢᠮᠲᠠᠯᠠᠨ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠪᠥᠬᠥ ᠲᠠᠯ᠎ᠠ᠎ᠪᠠᠷ᠂ ᠪᠥᠬᠥ ᠣᠷᠣᠨ ᠪᠦᠰᠡ᠎ᠪᠠᠷ᠂ ᠪᠥᠬᠥ ᠶᠠᠪᠤᠴᠠ᠎ᠪᠠᠷ ᠴᠢᠩᠭ᠋ᠠᠳᠬᠠᠵᠤ᠂ ᠬᠥᠭᠵᠢᠯᠲᠡ ᠵᠢᠨ ᠠᠷᠭ᠎ᠠ ᠮᠠᠶᠢᠭ᠎ᠤᠨ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ᠎ᠪᠠᠨ ᠬᠤᠪᠢᠷᠠᠭᠤᠯᠬᠤ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠬᠤ ᠵᠢ ᠲᠦᠷᠭᠡᠳᠬᠡᠭᠰᠡᠨ ᠠᠬᠢᠭᠤᠯᠵᠠᠢ᠃
ᠠᠮᠢ ᠠᠬᠤᠢ ᠵᠢᠨ ᠬᠠᠮᠠᠭ᠋ᠠᠯᠠᠯᠲᠠ ᠪᠠ ᠰᠡᠷᠭᠦᠭᠡᠯᠲᠡ ᠵᠢ ᠴᠢᠩᠭ᠋ᠠᠳᠬᠠᠵᠤ᠂ ᠰᠠᠶ᠋ᠢᠨ ᠰᠠᠢ᠌ᠬᠠᠨ ᠠᠮᠢ ᠠᠬᠤᠢ ᠵᠢᠨ ᠰᠠᠭᠤᠷᠢ ᠵᠢ ᠦᠷᠭᠦᠯᠵᠢᠯᠡᠨ ᠪᠡᠬᠢᠵᠢᠭᠦᠯᠦᠨ᠎ᠡ
ᠳᠡᠭᠡᠷ᠎ᠡ ᠵᠠᠭᠤᠨ᠎ᠤ ᠲᠠᠪᠢᠭ᠋ᠠᠳ ᠣᠨ᠎ᠠᠴᠠ ᠡᠬᠢᠯᠡᠨ᠂ ᠶᠡᠬᠡ ᠬᠢᠩᠭ᠋ᠠᠨ ᠳᠠᠪᠠᠭ᠎ᠠ᠎ᠨᠢ 《ᠪᠥᠬᠥᠳᠡ ᠨᠠᠢ᠌ᠷᠠᠮᠳᠠᠬᠤ ᠤᠯᠤᠰ᠎ᠤᠨ ᠤᠢ ᠰᠢᠭᠤᠢ ᠵᠢᠨ ᠤᠤᠭ᠋ᠠᠨ ᠬᠥᠪᠡᠭᠦᠨ》 ᠪᠣᠯᠤᠭᠰᠠᠨ᠎ᠤ ᠬᠤᠪᠢ᠎ᠳᠤ᠂ ᠤᠯᠤᠰ᠎ᠤᠨ ᠦᠨᠳᠦᠰᠦᠨ ᠪᠦᠲᠦᠭᠡᠨ ᠪᠠᠢ᠌ᠭᠤᠯᠤᠯᠲᠠ ᠪᠠ ᠠᠵᠤ ᠠᠬᠤᠢ ᠵᠢᠨ ᠬᠥᠭᠵᠢᠯᠲᠡ᠎ᠳᠤ ᠶᠡᠬᠡ ᠬᠡᠮᠵᠢᠶᠡᠨ᠎ᠤ ᠮᠣᠳᠣᠨ ᠮᠠᠲ᠋ᠧᠷᠢᠶᠠᠯ ᠬᠠᠩᠭ᠋ᠠᠭᠰᠠᠨ ᠪᠠᠢ᠌ᠨ᠎ᠠ᠃ ᠶᠡᠬᠡ ᠬᠡᠪᠴᠢᠶ᠎ᠡ᠎ᠪᠠᠷ ᠨᠡᠭᠡᠭᠡᠨ ᠠᠰᠢᠭᠯᠠᠬᠤ ᠪᠠ ᠣᠭᠲᠣᠯᠬᠤ ᠶᠠᠪᠤᠳᠠᠯ᠎ᠨᠢ ᠠᠵᠤ ᠠᠬᠤᠢ ᠨᠡᠢ᠌ᠭᠡᠮ᠎ᠤᠨ ᠲᠦᠷᠭᠡᠨ ᠬᠥᠭᠵᠢᠯᠲᠡ ᠵᠢ ᠪᠤᠢ ᠪᠣᠯᠭ᠋ᠠᠬᠤ ᠵᠢᠨ ᠵᠡᠷᠭᠡᠴᠡᠭᠡᠪᠡᠷ ᠠᠮᠢ ᠠᠬᠤᠢ ᠣᠷᠴᠢᠨ ᠲᠣᠭᠣᠷᠢᠨ᠎ᠳᠤ ᠴᠦ᠍ ᠲᠡᠦᠬᠡ ᠵᠢᠨ ᠥᠷᠢ ᠰᠢᠷᠢ ᠦᠯᠡᠳᠡᠭᠡᠭᠰᠡᠨ ᠪᠠᠢ᠌ᠨ᠎ᠠ᠃ ᠤᠢ ᠰᠢᠭᠤᠢ ᠵᠢ ᠠᠮᠤᠷᠵᠢᠭᠤᠯᠤᠨ ᠰᠡᠷᠭᠦᠭᠡᠬᠦ ᠵᠢᠨ ᠲᠥᠯᠥᠭᠡ᠂ 2014 ᠣᠨ᠎ᠤ 4 ᠰᠠᠷ᠎ᠠ ᠵᠢᠨ 1᠎ᠤ ᠡᠳᠦᠷ᠎ᠠᠴᠠ ᠡᠬᠢᠯᠡᠨ᠂ ᠶᠡᠬᠡ ᠬᠢᠩᠭ᠋ᠠᠨ ᠳᠠᠪᠠᠭ᠎ᠠ 《ᠰᠦᠬᠡ᠎ᠪᠠᠨ ᠡᠯᠭᠦᠵᠦ ᠬᠢᠷᠦᠭᠡ᠎ᠪᠠᠨ ᠵᠣᠭᠰᠣᠭ᠋ᠠᠵᠤ》᠂ ᠮᠣᠳᠣᠨ ᠮᠠᠲ᠋ᠧᠷᠢᠶᠠᠯ᠎ᠢ ᠬᠤᠳᠠᠯᠳᠤᠭ᠋ᠠᠨ᠎ᠤ ᠴᠢᠨᠠᠷᠲᠠᠢ᠎ᠪᠠᠷ ᠣᠭᠲᠣᠯᠬᠤ ᠵᠢ ᠪᠦᠬᠦ ᠲᠠᠯ᠎ᠠ᠎ᠪᠠᠷ ᠵᠣᠭᠰᠣᠭ᠋ᠠᠵᠤ᠂ ᠰᠢᠭᠤᠶ᠋ᠢᠲᠤ ᠣᠷᠣᠨ᠎ᠤ ᠲᠦᠭ ᠲᠦᠮᠡᠨ ᠠᠵᠢᠯᠲᠠᠨ ᠠᠵᠢᠯᠴᠢᠨ᠎ᠢ ᠠᠮᠢ ᠠᠬᠤᠢ ᠵᠢ ᠬᠠᠮᠠᠭ᠋ᠠᠯᠠᠬᠤ ᠠᠵᠢᠯ᠎ᠳᠤ ᠣᠷᠣᠯᠴᠠᠭᠤᠯᠵᠤ᠂ 《ᠮᠣᠳᠣ ᠣᠭᠲᠣᠯᠣᠭᠴᠢ》 ᠪᠠᠢ᠌ᠭᠰᠠᠨ᠎ᠠᠴᠠ 《ᠤᠢ ᠰᠢᠭᠤᠢ ᠵᠢᠨ ᠬᠠᠮᠠᠭ᠋ᠠᠯᠠᠭᠴᠢ》 ᠪᠣᠯᠭ᠋ᠠᠭᠰᠠᠨ ᠪᠠᠢ᠌ᠨ᠎ᠠ᠃
ᠣᠢ᠌ᠷ᠎ᠠ ᠵᠢᠨ ᠵᠢᠯ᠎ᠳᠤ᠂ ᠲᠤᠬᠠᠢ ᠵᠢᠨ ᠭᠠᠵᠠᠷ᠎ᠤᠨ᠎ᠬᠢᠨ ᠠᠮᠢ ᠠᠬᠤᠢ ᠵᠢᠨ ᠬᠠᠮᠠᠭ᠋ᠠᠯᠠᠯᠲᠠ ᠪᠠ ᠰᠡᠷᠭᠦᠭᠡᠯᠲᠡ ᠵᠢ ᠦᠷᠭᠦᠯᠵᠢᠯᠡᠨ ᠴᠢᠩᠭ᠋ᠠᠳᠬᠠᠵᠤ᠂ 《ᠭᠤᠷᠪᠠᠨ ᠤᠮᠠᠷᠠᠲᠤ》 ᠵᠢᠨ ᠬᠠᠯᠬᠠᠪᠴᠢ ᠣᠢ ᠵᠢᠨ ᠰᠢᠰᠲ᠋ᠧᠮᠵᠢ ᠵᠢᠨ ᠬᠣᠶᠠᠳᠤᠭ᠋ᠠᠷ ᠬᠤᠭᠤᠴᠠᠭ᠎ᠠ᠎ᠠᠴᠠ ᠲᠠᠪᠤᠳᠤᠭ᠋ᠠᠷ ᠬᠤᠭᠤᠴᠠᠭ᠋ᠠᠨ᠎ᠤ ᠪᠦᠲᠦᠭᠡᠨ ᠪᠠᠢ᠌ᠭᠤᠯᠤᠯᠲᠠ ᠵᠢᠨ ᠢᠨᠵᠧᠨᠧᠷᠢᠩ᠎ᠢ ᠨᠠᠢ᠌ᠳᠠ 1066.976 ᠲᠦᠮᠡᠨ ᠮᠦ᠍ ᠪᠡᠶᠡᠯᠡᠭᠦᠯᠵᠦ᠂ ᠪᠡᠯᠡ ᠣᠷᠣᠭᠤᠯᠤᠯᠲᠠ᠎ᠨᠢ 9.4 ᠳ᠋ᠦᠩᠰᠢᠭᠤᠷ ᠲᠥᠭᠥᠷᠢᠭ᠎ᠲᠤ ᠬᠦᠷᠴᠡᠢ᠃ 2021 ᠣᠨ᠎ᠠᠴᠠ 2023 ᠣᠨ ᠪᠣᠯᠲᠠᠯ᠎ᠠ᠂ 3572.72 ᠲᠦᠮᠡᠨ ᠮᠦ᠍ ᠪᠠᠶ᠋ᠢᠭ᠋ᠠᠯᠢ ᠵᠢᠨ ᠣᠢ ᠵᠢᠨ ᠬᠠᠮᠠᠭ᠋ᠠᠯᠠᠯᠲᠠ ᠵᠢᠨ ᠢᠨᠵᠧᠨᠧᠷᠢᠩ᠎ᠢ ᠬᠡᠷᠡᠭᠵᠢᠭᠦᠯᠵᠦ᠂ 81.79 ᠲᠦᠮᠡᠨ ᠮᠦ᠍ ᠣᠢ᠌ᠵᠢᠭᠤᠯᠵᠤ ᠨᠣᠭᠣᠭ᠋ᠠᠷᠠᠭᠤᠯᠪᠠ; ᠶᠡᠬᠡ ᠬᠢᠩᠭ᠋ᠠᠨ ᠳᠠᠪᠠᠭ᠎ᠠ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ 20 ᠲᠦᠮᠡᠨ ᠮᠦ᠍ ᠰᠢᠨ᠎ᠡ᠎ᠪᠠᠷ ᠣᠢ᠌ᠵᠢᠭᠤᠯᠵᠤ ᠡᠪᠡᠰᠦ ᠲᠠᠷᠢᠬᠤ ᠡᠭᠦᠷᠭᠡ ᠵᠢ ᠲᠡᠭᠦᠰ ᠠᠮᠵᠢᠯᠲᠠ᠎ᠲᠠᠢ ᠪᠡᠶᠡᠯᠡᠭᠦᠯᠪᠡ᠃ ᠡᠭᠦᠨ᠎ᠤ ᠬᠠᠮᠲᠤ᠂ ᠤᠯᠤᠰ᠎ᠤᠨ ᠰᠢᠨ᠎ᠡ ᠨᠢᠭᠡ ᠡᠭᠡᠯᠵᠢ ᠵᠢᠨ ᠨᠤᠲᠤᠭ ᠪᠡᠯᠴᠢᠭᠡᠷ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠥᠪᠦᠷᠢ ᠱᠠᠩᠨᠠᠯ᠎ᠤᠨ ᠲᠥᠷᠥ ᠵᠢᠨ ᠪᠣᠳᠣᠯᠭ᠎ᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ 1687 ᠲᠦᠮᠡᠨ ᠮᠦ᠍ ᠪᠡᠯᠴᠢᠭᠡᠷᠯᠡᠭᠦᠯᠬᠦ ᠵᠢ ᠴᠠᠭ᠋ᠠᠵᠠᠯᠠᠵᠤ᠂ 8671 ᠲᠦᠮᠡᠨ ᠮᠦ᠍ ᠪᠡᠯᠴᠢᠭᠡᠷ᠎ᠲᠤ ᠮᠠᠯ᠎ᠢ ᠲᠡᠩᠴᠡᠭᠦᠷᠢ᠎ᠲᠠᠢ ᠪᠠᠢ᠌ᠯᠭ᠋ᠠᠵᠤ᠂ ᠵᠢᠯ ᠪᠦᠷᠢ 6.3 ᠳ᠋ᠦᠩᠰᠢᠭᠤᠷ ᠲᠥᠭᠥᠷᠢᠭ᠎ᠤᠨ ᠨᠤᠲᠤᠭ ᠪᠡᠯᠴᠢᠭᠡᠷ᠎ᠤᠨ ᠨᠥᠬᠥᠪᠦᠷᠢ ᠱᠠᠩᠨᠠᠯ᠎ᠤᠨ ᠪᠡᠯᠡ ᠮᠥᠩᠭᠥ ᠵᠢ ᠲᠠᠷᠬᠠᠭ᠋ᠠᠵᠤ᠂ 10 ᠬᠣᠰᠢᠭᠤ ᠬᠣᠲᠠ ᠲᠣᠭᠣᠷᠢᠭ᠎ᠲᠤ ᠠᠰᠢᠭ ᠬᠦᠷᠲᠡᠭᠡᠵᠦ᠂ 《ᠪᠡᠯᠴᠢᠭᠡᠷᠯᠡᠭᠦᠯᠬᠦ ᠵᠢ ᠴᠠᠭ᠋ᠠᠵᠠᠯᠠᠭᠰᠠᠨ ᠴᠤ᠌ ᠲᠡᠵᠢᠭᠡᠬᠦ ᠵᠢ ᠴᠠᠭ᠋ᠠᠵᠠᠯᠠᠬᠤ ᠦᠭᠡᠢ᠂ ᠮᠠᠯ᠎ᠤᠨ ᠲᠣᠭ᠎ᠠ ᠵᠢ ᠪᠠᠭ᠋ᠠᠰᠬᠠᠭᠰᠠᠨ ᠴᠤ᠌ ᠣᠷᠣᠯᠭ᠎ᠠ ᠵᠢ ᠪᠠᠭᠤᠷᠠᠭᠤᠯᠬᠤ ᠦᠭᠡᠢ》 ᠨᠤᠲᠤᠭ ᠪᠡᠯᠴᠢᠭᠡᠷ᠎ᠤᠨ ᠮᠠᠯ ᠠᠵᠤ ᠠᠬᠤᠢ ᠵᠢ ᠪᠠᠢ᠌ᠩᠭᠤᠵᠢᠭᠤᠯᠤᠨ ᠬᠥᠭᠵᠢᠭᠦᠯᠬᠦ ᠬᠠᠷᠠᠯᠲᠠ ᠵᠢ ᠦᠨᠳᠦᠰᠦᠨ᠎ᠳᠡᠭᠡᠨ ᠪᠡᠶᠡᠯᠡᠭᠦᠯᠪᠡ᠃ 2023 ᠣᠨ᠎ᠳᠤ ᠪᠥᠬᠥ ᠬᠣᠲᠠ ᠵᠢᠨ ᠨᠤᠲᠤᠭ ᠪᠡᠯᠴᠢᠭᠡᠷ᠎ᠤᠨ ᠶᠡᠷᠦᠩᠬᠡᠢ᠌ᠯᠡᠭᠰᠡᠨ ᠤᠷᠭᠤᠮᠠᠯ᠎ᠤᠨ ᠬᠤᠴᠢᠯᠭ᠎ᠠ ᠵᠢᠨ ᠪᠦᠷᠬᠦᠴᠡ 76.24%᠎ᠳᠤ ᠬᠦᠷᠴᠦ᠂ ᠲᠠᠪᠤᠨ ᠵᠢᠯ ᠳᠠᠷᠠᠭ᠋ᠠᠯᠠᠨ 70%᠎ᠠᠴᠠ ᠳᠡᠭᠡᠭᠰᠢ ᠬᠡᠮᠵᠢᠶᠡᠨ᠎ᠳᠤ ᠲᠣᠭᠲᠠᠪᠤᠷᠢᠵᠢᠵᠤ᠂ ᠥᠪᠡᠷᠲᠡᠭᠡᠨ ᠵᠠᠰᠠᠬᠤ ᠣᠷᠣᠨ᠎ᠤ ᠨᠢᠭᠡᠳᠦᠭᠡᠷ᠎ᠲᠤ ᠣᠷᠣᠪᠠ᠃
ᠠᠷᠪᠠᠨ ᠰᠠᠷ᠎ᠠ ᠵᠢᠨ ᠥᠪᠥᠷ ᠮᠣᠩᠭᠣᠯ᠎ᠤᠨ ᠶᠡᠬᠡ ᠬᠢᠩᠭ᠋ᠠᠨ ᠳᠠᠪᠠᠭ᠎ᠠ ᠵᠢᠨ ᠰᠢᠭᠤᠶ᠋ᠢᠲᠤ ᠣᠷᠣᠨ᠎ᠳᠤ ᠳᠠᠪᠬᠤᠷ ᠳᠠᠪᠬᠤᠷ ᠣᠢ ᠰᠢᠭᠤᠢ ᠪᠦᠷᠬᠦᠭᠳᠡᠵᠡᠢ᠃ ᠬᠠᠨ ᠮᠠ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠤ᠂ ᠴᠠᠭ᠋ᠠᠨ ᠡᠭᠦᠯᠡ ᠬᠥᠪᠴᠦ᠂ ᠵᠢᠭᠦᠷᠲᠡᠨ ᠰᠢᠪᠠᠭᠤᠳ ᠬᠤᠷᠠᠨ ᠴᠤᠭᠯᠠᠷᠠᠵᠤ᠂ ᠡᠯ᠎ᠡ ᠵᠦᠢ᠍ᠯ᠎ᠤᠨ ᠤᠷᠭᠤᠮᠠᠯ ᠰᠦᠯᠵᠢᠯᠳᠦᠨ᠂ ᠡᠯ᠎ᠡ ᠵᠦᠢ᠍ᠯ᠎ᠤᠨ ᠬᠡᠭᠡᠷ᠎ᠡ ᠵᠢᠨ ᠠᠮᠢᠲᠠᠳ᠎ᠢ ᠡᠨᠳᠡ ᠬᠣᠷᠭᠣᠳᠠᠭᠤᠯᠤᠨ 《ᠨᠤᠲᠤᠭᠰᠢᠭᠤᠯᠵᠠᠢ》᠃ ᠡᠭᠦᠨ᠎ᠠᠴᠠ ᠡᠮᠦᠨ᠎ᠡ᠂ ᠬᠠᠮᠠᠭ᠋ᠠᠯᠠᠯᠲᠠ ᠵᠢᠨ ᠣᠷᠣᠨ᠎ᠤ ᠬᠡᠲᠦ ᠤᠯᠠᠭ᠋ᠠᠨ ᠰᠠᠴᠤᠷᠠᠭ᠎ᠤᠨ ᠭᠡᠷᠡᠯ ᠵᠢᠷᠤᠭ᠎ᠤᠨ ᠮᠠᠰᠢᠨ ᠤᠯᠤᠰ᠎ᠤᠨ ᠨᠢᠭᠡᠳᠦᠭᠡᠷ ᠳᠡᠰ᠎ᠤᠨ ᠭᠣᠣᠯᠳᠠᠯᠭ᠎ᠠ᠎ᠲᠠᠢ ᠬᠠᠮᠠᠭ᠋ᠠᠯᠠᠯᠲᠠ᠎ᠳᠤ ᠪᠠᠢ᠌ᠭ᠎ᠠ ᠬᠠᠷ᠎ᠠ ᠬᠣᠰᠢᠭᠤᠲᠤ ᠰᠣᠢ᠌ᠷ ᠳᠠᠬᠢᠨᠲᠠ ᠣᠯᠵᠤ ᠰᠡᠭᠦᠳᠡᠷᠯᠡᠵᠡᠢ᠂ ᠲᠠᠲᠠ ᠡᠪᠡᠰᠦᠨ ᠳᠤᠮᠳᠠ ᠬᠠᠩᠭᠢᠨᠠᠲᠠᠯ᠎ᠠ ᠳᠠᠭᠤᠯᠠᠵᠤ᠂ ᠡᠩᠭᠡᠷ᠎ᠤᠨ ᠡᠮᠦᠨᠡᠬᠢ ᠠᠯᠲᠠᠨ ᠨᠣᠭᠣᠭ᠋ᠠᠨ ᠥᠩᠭᠡ ᠵᠢᠨ ᠥᠲᠥ᠎ᠨᠢ ᠭᠡᠷᠡᠯ ᠭᠢᠯᠪᠠᠭ᠎ᠠ᠎ᠪᠠᠨ ᠰᠠᠴᠤᠷᠠᠭᠤᠯᠤᠨ᠎ᠠ᠃ ᠪᠠᠢ᠌ᠴᠠᠭ᠋ᠠᠯᠲᠠ ᠵᠢ ᠦᠨᠳᠦᠰᠦᠯᠡᠪᠡᠯ᠂ ᠬᠠᠮᠠᠭ᠋ᠠᠯᠠᠯᠲᠠ ᠵᠢᠨ ᠣᠷᠣᠨ᠎ᠳᠤ ᠣᠲᠣ 290 ᠭᠠᠷᠤᠢ ᠵᠦᠢ᠍ᠯ᠎ᠤᠨ ᠬᠡᠭᠡᠷ᠎ᠡ ᠵᠢᠨ ᠠᠮᠢᠲᠠᠨ ᠪᠤᠢ᠂ ᠡᠭᠦᠨ᠎ᠳᠤ ᠤᠢ ᠵᠢᠨ ᠪᠤᠯᠠᠭ᠎ᠠ᠂ ᠨᠣᠬᠠᠢ ᠵᠢᠬᠡᠬᠡ᠂ ᠬᠦᠳᠡᠷ᠎ᠢ᠂ ᠬᠠᠷ᠎ᠠ ᠬᠣᠰᠢᠭᠤᠲᠤ ᠰᠣᠢ᠌ᠷ᠂ ᠬᠠᠯᠵᠠᠨ ᠪᠦᠷᠭᠦᠳ᠂ ᠬᠦᠷᠡᠩ ᠪᠠᠭ᠋ᠠᠪᠠᠭ᠋ᠠᠢ᠂ ᠬᠠᠨᠳᠠᠭ᠋ᠠᠢ ᠵᠡᠷᠭᠡ ᠤᠯᠤᠰ᠎ᠤᠨ ᠨᠢᠭᠡᠳᠦᠭᠡᠷ᠂ ᠬᠣᠶᠠᠳᠤᠭ᠋ᠠᠷ ᠳᠡᠰ᠎ᠤᠨ ᠬᠠᠮᠠᠭ᠋ᠠᠯᠠᠯᠲᠠ ᠵᠢᠨ ᠠᠮᠢᠲᠠᠨ ᠪᠠᠭᠲᠠᠨ᠎ᠠ᠃
2023 ᠣᠨ ᠪᠣᠯᠲᠠᠯ᠎ᠠ᠂ ᠬᠥᠯᠥᠨ ᠪᠣᠢ᠌ᠷ ᠬᠣᠲᠠ ᠨᠢᠭᠡᠨᠲᠡ ᠥᠪᠡᠷᠲᠡᠭᠡᠨ ᠵᠠᠰᠠᠬᠤ ᠣᠷᠣᠨ᠎ᠤ ᠲᠠᠰ ᠵᠢᠴᠢ ᠲᠡᠭᠦᠨ᠎ᠠᠴᠠ ᠳᠡᠭᠡᠭᠰᠢᠬᠢ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠢ 13 ᠪᠠᠢ᠌ᠭᠤᠯᠵᠤ᠂ ᠤᠯᠤᠰ᠎ᠤᠨ ᠨᠤᠭᠤ ᠭᠠᠵᠠᠷ᠎ᠤᠨ ᠴᠡᠴᠡᠷᠯᠢᠭ᠎ᠢ 26 ᠪᠠᠢ᠌ᠭᠤᠯᠵᠤ᠂ ᠨᠤᠭᠤ ᠭᠠᠵᠠᠷ᠎ᠤᠨ ᠬᠠᠮᠠᠭ᠋ᠠᠯᠠᠯᠲᠠ ᠵᠢᠨ ᠲᠣᠭᠣᠷᠢᠭ᠎ᠢ 26 ᠪᠠᠢ᠌ᠭᠤᠯᠤᠭᠰᠠᠨ ᠪᠠᠢ᠌ᠨ᠎ᠠ᠃ ᠬᠥᠯᠥᠨ ᠨᠠᠭᠤᠷ᠂ ᠬᠠᠨᠮᠠ᠂ ᠪᠡᠯ ᠭᠣᠣᠯ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠢ ᠤᠯᠠᠨ ᠤᠯᠤᠰ᠎ᠤᠨ ᠨᠤᠭᠤ ᠭᠠᠵᠠᠷ᠎ᠤᠨ ᠨᠠᠢ᠌ᠳᠠ ᠵᠢᠨ ᠭᠡᠷ᠎ᠡ ᠵᠢᠨ ᠵᠣᠬᠢᠶᠠᠨ ᠪᠠᠢ᠌ᠭᠤᠯᠤᠯᠲᠠ᠎ᠠᠴᠠ ᠤᠯᠠᠨ ᠤᠯᠤᠰ᠎ᠤᠨ ᠴᠢᠬᠤᠯᠠ ᠨᠤᠭᠤ ᠭᠠᠵᠠᠷ᠎ᠤᠨ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠵᠠᠢ᠃ ᠪᠥᠬᠥ ᠬᠣᠲᠠ᠎ᠳᠤ ᠣᠲᠣ ᠨᠢᠭᠡᠨᠲᠡ ᠪᠠᠢ᠌ᠴᠠᠭ᠋ᠠᠨ ᠲᠣᠳᠣᠯᠠᠭᠰᠠᠨ ᠬᠡᠭᠡᠷ᠎ᠡ ᠵᠢᠨ ᠴᠣᠷᠭᠣ ᠰᠢᠷᠬᠡᠭᠲᠦ ᠤᠷᠭᠤᠮᠠᠯ 108 ᠰᠠᠯᠪᠤᠷᠢ ᠵᠢᠨ 468 ᠬᠠᠷᠢᠶ᠎ᠠ ᠵᠢᠨ 1352 ᠵᠦᠢ᠍ᠯ᠂ ᠰᠡᠭᠡᠷᠲᠡᠨ ᠠᠮᠢᠲᠠᠨ 489 ᠵᠦᠢ᠍ᠯ ᠪᠤᠢ᠂ ᠡᠭᠦᠨ᠎ᠳᠤ ᠤᠯᠤᠰ᠎ᠤᠨ ᠭᠣᠣᠯᠳᠠᠯᠭ᠎ᠠ᠎ᠲᠠᠢ ᠬᠠᠮᠠᠭ᠋ᠠᠯᠠᠬᠤ ᠬᠡᠭᠡᠷ᠎ᠡ ᠵᠢᠨ ᠤᠷᠭᠤᠮᠠᠯ 8 ᠵᠦᠢ᠍ᠯ᠂ ᠤᠯᠤᠰ᠎ᠤᠨ ᠬᠣᠪᠣᠷ ᠨᠠᠨᠳᠢᠨ ᠮᠣᠳᠣᠨ᠎ᠤ ᠲᠥᠷᠥᠯ 6 ᠵᠦᠢ᠍ᠯ᠂ ᠥᠪᠡᠷᠲᠡᠭᠡᠨ ᠵᠠᠰᠠᠬᠤ ᠣᠷᠣᠨ᠎ᠤ ᠬᠣᠪᠣᠷ ᠴᠤᠬᠠᠭ ᠮᠥᠬᠥᠬᠦ ᠰᠢᠬᠠᠭᠰᠠᠨ ᠬᠠᠮᠠᠭ᠋ᠠᠯᠠᠯᠲᠠ ᠵᠢᠨ ᠤᠷᠭᠤᠮᠠᠯ 32 ᠵᠦᠢ᠍ᠯ᠂ ᠤᠯᠤᠰ᠎ᠤᠨ ᠨᠢᠭᠡᠳᠦᠭᠡᠷ ᠳᠡᠰ᠎ᠤᠨ ᠭᠣᠣᠯᠳᠠᠯᠭ᠎ᠠ᠎ᠲᠠᠢ ᠬᠠᠮᠠᠭ᠋ᠠᠯᠠᠬᠤ ᠬᠡᠭᠡᠷ᠎ᠡ ᠵᠢᠨ ᠠᠮᠢᠲᠠᠨ 31 ᠵᠦᠢ᠍ᠯ᠂ ᠬᠣᠶᠠᠳᠤᠭ᠋ᠠᠷ ᠳᠡᠰ᠎ᠤᠨ ᠭᠣᠣᠯᠳᠠᠯᠭ᠎ᠠ᠎ᠲᠠᠢ ᠬᠠᠮᠠᠭ᠋ᠠᠯᠠᠬᠤ ᠬᠡᠭᠡᠷ᠎ᠡ ᠵᠢᠨ ᠠᠮᠢᠲᠠᠨ 72 ᠵᠦᠢ᠍ᠯ ᠪᠤᠢ᠃ ᠶᠡᠬᠡ ᠬᠡᠮᠵᠢᠶᠡᠨ᠎ᠤ ᠬᠡᠭᠡᠷ᠎ᠡ ᠵᠢᠨ ᠠᠮᠢᠲᠠᠨ ᠤᠷᠭᠤᠮᠠᠯ᠎ᠨᠢ ᠡᠨᠡ ᠬᠦ᠌ 《ᠪᠣᠬᠢᠷᠳᠤᠯ ᠦᠭᠡᠢ ᠴᠡᠪᠡᠷ ᠬᠥᠷᠥᠰᠥ》 ᠳᠡᠭᠡᠷ᠎ᠡ ᠬᠠᠮᠲᠤ᠎ᠪᠠᠷ ᠠᠮᠢᠳᠤᠷᠠᠵᠤ᠂ ᠬᠠᠷᠢᠯᠴᠠᠨ ᠲᠦᠰᠢᠭᠯᠡᠯᠴᠡᠨ ᠣᠷᠣᠰᠢᠵᠤ ᠪᠠᠢ᠌ᠨ᠎ᠠ᠃
ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠭᠦᠨᠵᠡᠭᠡᠢ ᠰᠠᠶ᠋ᠢᠲᠤᠷ ᠬᠢᠵᠦ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠤᠨ᠎ᠠ
ᠰᠠᠢ᠍ᠢ᠍ᠨ ᠰᠠᠢ᠌ᠬᠠᠨ ᠠᠮᠢ ᠠᠬᠤᠢ ᠣᠷᠴᠢᠨ ᠲᠣᠭᠣᠷᠢᠨ ᠪᠣᠯ ᠳᠤᠮᠳᠠᠳᠤ ᠵᠢᠨ ᠦᠨᠳᠦᠰᠦᠲᠡᠨ᠎ᠤ ᠥᠨᠢᠳᠡ ᠵᠢᠨ ᠦᠷᠭᠦᠯᠵᠢᠯᠡᠬᠦ ᠬᠥᠭᠵᠢᠯᠲᠡ ᠵᠢ ᠪᠡᠶᠡᠯᠡᠭᠦᠯᠬᠦ ᠵᠢᠨ ᠳᠣᠲᠣᠭ᠋ᠠᠳᠤ ᠱᠠᠭ᠋ᠠᠷᠳᠠᠯᠭ᠎ᠠ ᠮᠥᠨ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭ᠋ᠠᠯ᠎ᠢ ᠨᠡᠮᠡᠭᠳᠡᠭᠦᠯᠬᠦ ᠵᠢᠨ ᠲᠡᠷᠢᠭᠦᠨ ᠴᠢᠬᠤᠯᠠ ᠬᠦᠷᠢᠶ᠎ᠡ ᠮᠥᠨ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ ᠵᠢᠨ ᠴᠢᠬᠤᠯᠠ ᠰᠠᠭᠤᠷᠢ ᠮᠥᠨ᠃ ᠠᠮᠢ ᠠᠬᠤᠢ ᠣᠷᠴᠢᠨ ᠲᠣᠭᠣᠷᠢᠨ᠎ᠢ ᠰᠠᠶ᠋ᠢᠲᠤᠷ ᠬᠠᠮᠠᠭ᠋ᠠᠯᠠᠬᠤ ᠪᠣᠯ ᠬᠥᠯᠥᠨ ᠪᠣᠢ᠌ᠷ᠎ᠤᠨ ᠬᠠᠷᠢᠭᠤᠴᠠᠯᠭ᠎ᠠ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠬᠥᠯᠥᠨ ᠪᠣᠢ᠌ᠷ᠎ᠤᠨ ᠴᠢᠨᠠᠷ ᠰᠠᠢ᠌ᠲᠠᠢ ᠬᠥᠭᠵᠢᠯᠲᠡ ᠲᠡᠢ᠌ᠰᠢ ᠤᠷᠤᠭᠰᠢᠯᠠᠬᠤ᠎ᠳᠤ ᠵᠠᠪᠠᠯ ᠶᠠᠪᠤᠬᠤ ᠵᠠᠮ ᠪᠣᠯᠣᠨ᠎ᠠ᠃
ᠬᠥᠯᠥᠨ ᠪᠣᠢ᠌ᠷ ᠬᠤᠳᠠ ᠵᠢᠨ ᠨᠠᠮ᠎ᠤᠨ ᠬᠣᠷᠢᠶ᠎ᠠ ᠵᠢᠨ ᠱᠦᠵᠢ ᠸᠠᠩ ᠸᠠᠩ ᠱᠧᠩ᠄ 《ᠬᠥᠯᠥᠨ ᠪᠣᠢ᠌ᠷ ᠪᠣᠯ ᠮᠠᠨ᠎ᠤ ᠤᠯᠤᠰ᠎ᠤᠨ ᠤᠮᠠᠷᠠᠲᠤ ᠵᠢᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠴᠢᠬᠤᠯᠠ ᠪᠦᠷᠢᠯᠳᠦᠬᠦᠨ ᠬᠡᠰᠡᠭ ᠮᠥᠨ᠃ ᠡᠯ᠎ᠡ ᠬᠣᠰᠢᠭᠤ ᠬᠣᠲᠠ ᠲᠣᠭᠣᠷᠢᠭ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ ᠰᠢᠰᠲ᠋ᠧᠮᠲᠦ ᠰᠡᠳᠬᠢᠬᠦᠢ ᠵᠢ ᠪᠠᠷᠢᠮᠲᠠᠯᠠᠨ᠂ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠂ ᠰᠠᠯᠠᠭ᠎ᠠ ᠮᠥᠴᠢᠷ᠎ᠤᠨ ᠬᠠᠮᠢᠶᠠᠷᠤᠯᠲᠠ ᠪᠠ ᠠᠮᠢ ᠠᠬᠤᠢ ᠵᠢᠨ ᠬᠦᠴᠦᠨ ᠵᠦᠢ᠍ᠯ᠎ᠤᠨ ᠵᠠᠭ᠋ᠠᠭ ᠬᠢᠵᠠᠭ᠋ᠠᠷ᠎ᠢ ᠨᠠᠪᠲᠠᠷᠡᠭᠦᠯᠵᠦ᠂ ᠨᠢᠭᠡ ᠴᠣᠭᠴᠠᠵᠢᠭᠤᠯᠤᠨ ᠬᠠᠮᠵᠢᠯᠴᠠᠨ ᠬᠠᠮᠲᠤ᠎ᠪᠠᠷ ᠵᠠᠰᠠᠵᠤ ᠬᠠᠮᠠᠭ᠋ᠠᠯᠠᠬᠤ ᠪᠠᠢ᠌ᠷᠢᠰᠢᠯ᠎ᠢ ᠪᠠᠢ᠌ᠭᠤᠯᠬᠤ ᠬᠡᠷᠡᠭᠲᠡᠶ᠃ 〈ᠨᠢᠭᠡ ᠵᠢᠷᠤᠭ〉 〈ᠨᠢᠭᠡ ᠲᠣᠣᠷ〉᠎ᠤᠨ ᠬᠢᠨᠠᠯᠲᠠ ᠬᠠᠮᠢᠶᠠᠷᠤᠯᠲᠠ ᠪᠠ ᠬᠠᠤᠯᠢ ᠬᠡᠷᠡᠭᠵᠢᠭᠦᠯᠬᠦ ᠰᠢᠰᠲ᠋ᠧᠮ᠎ᠢ ᠲᠦᠷᠭᠡᠨ ᠪᠠᠢ᠌ᠭᠤᠯᠵᠤ᠂ ᠡᠯ᠎ᠡ ᠳᠦᠷᠦᠯ᠎ᠤᠨ ᠲᠣᠭ᠎ᠠ ᠪᠠᠷᠢᠮᠲᠠ ᠵᠢᠨ ᠡᠬᠢ ᠪᠠᠶᠠᠯᠢᠭ᠎ᠢ ᠭᠦᠢ᠍ᠴᠡᠳ ᠬᠠᠮᠲᠤ᠎ᠪᠠᠷ ᠡᠳ᠋ᠯᠡᠬᠦ ᠪᠠ ᠥᠨᠳᠥᠷ ᠪᠦᠲᠦᠮᠵᠢᠲᠡᠢ ᠠᠰᠢᠭᠯᠠᠬᠤ ᠵᠢ ᠪᠡᠶᠡᠯᠡᠭᠦᠯᠵᠦ᠂ ᠣᠷᠣᠨ ᠪᠦᠰᠡ ᠠᠯᠤᠰᠯᠠᠭᠰᠠᠨ ᠰᠠᠯᠠᠭ᠎ᠠ ᠮᠥᠴᠢᠷ ᠠᠯᠤᠰᠯᠠᠭᠰᠠᠨ ᠬᠣᠯᠪᠤᠭ᠋ᠠᠯᠠᠨ ᠰᠡᠷᠭᠡᠢ᠌ᠯᠡᠵᠦ ᠡᠵᠡᠮᠳᠡᠬᠦ᠂ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠵᠠᠰᠠᠬᠤ ᠲᠣᠭᠲᠠᠴᠠ ᠵᠢ ᠪᠦᠷᠢᠯᠳᠦᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠵᠢᠨ ᠰᠢᠰᠲ᠋ᠧᠮ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢᠨ ᠲᠦᠪᠰᠢᠨ᠎ᠢ ᠴᠢᠨᠠᠭᠰᠢᠳᠠ ᠳᠡᠭᠡᠭᠰᠢᠯᠡᠭᠦᠯᠵᠦ᠂ ᠤᠯᠤᠰ᠎ᠤᠨ ᠠᠮᠢ ᠠᠬᠤᠢ ᠵᠢᠨ ᠠᠮᠤᠷ ᠲᠦᠪᠰᠢᠨ᠎ᠢ ᠬᠠᠮᠠᠭ᠋ᠠᠯᠠᠬᠤ ᠤᠯᠤᠰ ᠲᠥᠷᠥ ᠵᠢᠨ ᠬᠠᠷᠢᠭᠤᠴᠠᠯᠭ᠎ᠠ ᠵᠢ ᠬᠦᠴᠦ᠎ᠪᠠᠨ ᠬᠠᠮᠲᠤᠳᠬᠠᠨ ᠡᠭᠦᠷᠭᠡᠯᠡᠬᠦ ᠬᠡᠷᠡᠭᠲᠡᠢ》 ᠭᠡᠵᠦ ᠬᠡᠯᠡᠪᠡ᠃
《ᠬᠥᠯᠥᠨ ᠪᠣᠢ᠌ᠷ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠶᠠᠭ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ 〈ᠨᠢᠭᠡ ᠵᠢᠷᠤᠭ〉 〈ᠨᠢᠭᠡ ᠲᠣᠣᠷ〉᠎ᠤᠨ ᠶᠡᠷᠦᠩᠬᠡᠢ᠌ᠯᠡᠭᠰᠡᠨ ᠵᠢᠯᠤᠭᠣᠳᠬᠤ ᠲᠠᠪᠴᠠᠩ᠎ᠤᠨ ᠳᠦᠷᠦᠯ ᠵᠦᠢ᠍ᠯ᠎ᠢ ᠬᠡᠷᠡᠭᠵᠢᠭᠦᠯᠬᠦ᠎ᠪᠠᠷ ᠲᠥᠯᠥᠪᠯᠡᠵᠦ ᠪᠠᠢ᠌ᠨ᠎ᠠ᠃ ᠠᠮᠢ ᠠᠬᠤᠢ ᠵᠢᠨ ᠬᠢᠨᠠᠨ ᠬᠡᠮᠵᠢᠯᠲᠡ᠂ ᠠᠮᠢ ᠠᠬᠤᠢ ᠵᠢᠨ ᠬᠢᠨᠠᠨ ᠡᠵᠡᠮᠳᠡᠯ᠂ ᠠᠮᠢ ᠠᠬᠤᠢ ᠵᠢᠨ ᠬᠠᠤᠯᠢ ᠬᠡᠷᠡᠭᠵᠢᠭᠦᠯᠦᠯᠲᠡ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ᠂ ᠠᠮᠢ ᠠᠬᠤᠢ ᠣᠷᠴᠢᠨ ᠲᠣᠭᠣᠷᠢᠨ᠎ᠤ ᠬᠤᠪᠢᠷᠠᠯᠲᠠ ᠵᠡᠷᠭᠡ ᠠᠯᠢ ᠤᠯᠠᠨ ᠲᠣᠭ᠋ᠠᠴᠢᠯᠠᠭᠰᠠᠨ ᠬᠠᠮᠢᠶᠠᠷᠤᠯᠲᠠ ᠵᠢᠨ ᠰᠢᠰᠲ᠋ᠧᠮ᠎ᠢ ᠪᠠᠢ᠌ᠭᠤᠯᠵᠤ᠂ ᠪᠦᠬᠦ ᠡᠯᠧᠮᠧᠨ᠋ᠲ᠂ ᠪᠦᠬᠦ ᠲᠠᠯ᠎ᠠ ᠵᠢᠨ᠂ ᠪᠦᠬᠦ ᠬᠦᠷᠢᠶ᠎ᠡ ᠵᠢ ᠬᠠᠮᠤᠷᠤᠭᠰᠠᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠠᠮᠢᠶᠠᠷᠤᠯᠲᠠ ᠵᠢᠨ ᠰᠢᠰᠲ᠋ᠧᠮ᠎ᠢ ᠪᠠᠢ᠌ᠭᠤᠯᠵᠤ᠂ ᠪᠦᠬᠦ ᠬᠤᠳᠠ ᠵᠢᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠦᠲᠦᠭᠡᠨ ᠪᠠᠢ᠌ᠭᠤᠯᠤᠯᠲᠠ᠎ᠳᠤ ᠬᠦᠴᠦᠨ ᠨᠡᠮᠡᠷᠢᠯᠡᠨ᠎ᠡ》 ᠭᠡᠵᠦ ᠬᠥᠯᠥᠨ ᠪᠣᠢ᠌ᠷ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠳᠠᠷᠤᠭ᠎ᠠ ᠭᠤᠤ ᠱᠠᠨ ᠲᠠᠨᠢᠯᠴᠠᠭᠤᠯᠪᠠ᠃
ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠭᠦᠨᠵᠡᠭᠡᠢ ᠰᠠᠶ᠋ᠢᠲᠤᠷ ᠬᠢᠬᠦ ᠵᠢᠨ ᠲᠥᠯᠥᠭᠡ᠂ ᠣᠢ᠌ᠷ᠎ᠠ ᠵᠢᠨ ᠵᠢᠯ᠎ᠳᠤ᠂ ᠬᠥᠯᠥᠨ ᠪᠣᠢ᠌ᠷ ᠬᠣᠲᠠ ᠭᠣᠣᠯ ᠴᠣᠭᠴᠠ ᠵᠢᠨ ᠴᠢᠳᠠᠮᠵᠢᠲᠤ ᠣᠷᠣᠨ᠎ᠤ ᠪᠠᠢ᠌ᠯᠳᠤᠬᠤ ᠪᠣᠳᠣᠯᠭ᠎ᠠ ᠵᠢ ᠭᠦᠨᠵᠡᠭᠡᠢ ᠬᠡᠷᠡᠭᠵᠢᠭᠦᠯᠵᠦ᠂ ᠡᠯ᠎ᠡ ᠬᠣᠰᠢᠭᠤ ᠬᠣᠲᠠ ᠲᠣᠭᠣᠷᠢᠭ᠎ᠤᠨ ᠡᠬᠢ ᠪᠠᠶᠠᠯᠢᠭ᠎ᠤᠨ ᠲᠥᠷᠥᠯᠬᠢ ᠳᠠᠪᠠᠭᠤᠯᠢᠭ᠎ᠢ ᠦᠨᠳᠦᠰᠦᠯᠡᠵᠦ᠂ ᠠᠮᠢ ᠠᠬᠤᠢ ᠵᠢᠨ ᠴᠢᠳᠠᠮᠵᠢ ᠵᠢᠨ ᠪᠠᠶ᠋ᠢᠷᠢ ᠲᠣᠭᠲᠠᠭ᠋ᠠᠯᠲᠠ ᠵᠢ ᠤᠷᠢᠳᠠᠪᠠᠷ ᠳᠣᠪᠣᠶ᠋ᠢᠯᠭ᠋ᠠᠵᠤ᠂ ᠣᠷᠣᠨ ᠵᠠᠢ᠂ ᠬᠡᠪᠴᠢᠶ᠎ᠡ᠂ ᠠᠵᠤ ᠦᠢ᠍ᠯᠡᠰ᠎ᠤᠨ ᠭᠤᠷᠪᠠᠨ ᠶᠡᠬᠡ ᠪᠦᠲᠦᠴᠡ ᠵᠢ ᠨᠢᠭᠡᠳᠦᠯᠲᠡᠢ ᠲᠥᠯᠥᠪᠯᠡᠵᠦ᠂ ᠪᠣᠬᠢᠷᠲᠤᠯ ᠦᠭᠡᠢ ᠬᠥᠭᠵᠢᠯᠲᠡ ᠵᠢᠨ ᠭᠦᠢ᠍ᠴᠡᠳᠬᠡᠬᠦ ᠲᠣᠭ᠋ᠠᠨ᠎ᠤ ᠰᠢᠰᠲ᠋ᠧᠮ᠎ᠢ ᠨᠠᠷᠢᠯᠢᠭᠵᠢᠭᠤᠯᠵᠤ᠂ ᠲᠤᠰᠬᠠᠢ ᠵᠦᠢ᠍ᠯ᠎ᠤᠨ ᠬᠢᠨᠠᠨ ᠰᠢᠯᠭ᠋ᠠᠬᠤ ᠳᠦᠷᠢᠮ᠎ᠤᠨ ᠲᠣᠭᠲᠠᠴᠠ ᠵᠢ ᠲᠡᠭᠦᠯᠳᠡᠷᠵᠢᠭᠦᠯᠵᠦ᠂ ᠲᠤᠬᠠᠢ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ ᠬᠣᠲᠠ ᠵᠢᠨ ᠬᠡᠪᠴᠢᠶᠡᠨ᠎ᠳᠠᠬᠢ ᠬᠣᠲᠠ ᠵᠢᠨ ᠬᠥᠭᠵᠢᠯᠲᠡ ᠵᠢᠨ ᠭᠣᠣᠯ ᠲᠣᠭᠣᠷᠢᠭ᠂ ᠨᠡᠭᠡᠭᠡᠯᠲᠡᠲᠤ ᠮᠠᠶᠢᠭ᠎ᠤᠨ ᠠᠵᠤ ᠠᠬᠤᠢ ᠵᠢᠨ ᠬᠥᠭᠵᠢᠯᠲᠡ ᠵᠢᠨ ᠬᠥᠲᠥᠯᠥᠨ ᠳᠠᠭ᠋ᠠᠭᠤᠯᠬᠤ ᠲᠣᠭᠣᠷᠢᠭ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠲᠣᠭᠣᠷᠢᠭ᠂ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠪᠥᠬᠥ ᠴᠠᠷᠠᠭ᠎ᠠ ᠪᠥᠬᠥ ᠤᠯᠠᠷᠢᠯ᠎ᠤᠨ ᠪᠥᠬᠥ ᠦᠢ᠍ᠯᠡᠰ᠎ᠤᠨ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠲᠣᠭᠣᠷᠢᠭ᠂ ᠮᠠᠯᠵᠢᠬᠤ ᠣᠷᠣᠨ᠎ᠤ ᠣᠳᠣᠬᠢᠴᠢᠯᠠᠭᠰᠠᠨ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠲᠣᠭᠣᠷᠢᠭ᠂ ᠠᠵᠤ ᠦᠢ᠍ᠯᠡᠰ᠎ᠤᠨ ᠰᠦᠷᠦᠭᠵᠢᠯ᠎ᠤᠨ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠲᠣᠭᠣᠷᠢᠭ᠎ᠢ ᠪᠤᠢ ᠪᠣᠯᠭ᠋ᠠᠵᠤ᠂ ᠡᠯ᠎ᠡ ᠬᠣᠰᠢᠭᠤ ᠬᠣᠲᠠ ᠲᠣᠭᠣᠷᠢᠭ᠎ᠤᠨ ᠥᠪᠡᠷᠲᠡᠭᠡᠨ ᠵᠠᠰᠠᠬᠤ ᠣᠷᠣᠨ᠎ᠤ 《ᠲᠠᠪᠤᠨ ᠶᠡᠬᠡ ᠡᠭᠦᠷᠭᠡ》 ᠵᠢᠨ ᠲᠤᠰᠬᠠᠢ ᠬᠢᠨᠠᠨ ᠰᠢᠯᠭ᠋ᠠᠯᠲᠠ᠎ᠳᠤ ᠪᠥᠬᠥ ᠲᠠᠯ᠎ᠠ᠎ᠪᠠᠷ ᠲᠡᠷᠢᠭᠦᠨ᠎ᠳᠤ ᠣᠷᠣᠵᠤ ᠪᠠᠢ᠌ᠷᠢ ᠲᠠᠪᠰᠢᠬᠤ ᠵᠢ ᠠᠬᠢᠭᠤᠯᠵᠠᠢ᠃ ᠬᠥᠯᠥᠨ ᠪᠣᠢ᠌ᠷ ᠬᠣᠲᠠ ᠵᠢᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ᠂ ᠲᠥᠪᠯᠡᠷᠡᠩᠭᠦᠢ ᠮᠠᠶᠢᠭ᠎ᠤᠨ ᠤᠤᠭᠤᠬᠤ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ᠂ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠡᠷᠭᠡ ᠳᠦᠷᠢᠮ᠎ᠢ ᠲᠣᠭᠲᠠᠭ᠋ᠠᠵᠤ᠂ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠡᠷᠴᠢᠮ ᠵᠶ᠋ᠡᠨ ᠲᠠᠰᠤᠷᠠᠯᠲᠠ ᠦᠭᠡᠢ ᠴᠢᠩᠭ᠋ᠠᠷᠠᠭᠤᠯᠵᠤ᠂ ᠣᠷᠣᠨ ᠪᠦᠰᠡ ᠵᠢᠨ ᠬᠣᠯᠪᠤᠭ᠋ᠠᠯᠠᠨ ᠰᠡᠷᠭᠡᠢ᠌ᠯᠡᠵᠦ ᠬᠣᠯᠪᠤᠭ᠋ᠠᠯᠠᠨ ᠵᠠᠰᠠᠬᠤ᠂ ᠠᠮᠢ ᠠᠬᠤᠢ ᠵᠢᠨ ᠬᠣᠬᠢᠷᠠᠯ᠎ᠤᠨ ᠲᠥᠯᠥᠪᠦᠷᠢ ᠥᠭᠬᠦ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠬᠢᠭᠡᠳ ᠡᠷᠡᠭᠦᠦ ᠵᠢᠨ ᠬᠡᠷᠡᠭ᠎ᠤᠨ ᠬᠠᠤᠯᠢ ᠴᠠᠭ᠋ᠠᠵᠠ ᠵᠢ ᠵᠣᠯᠭ᠋ᠠᠭᠤᠯᠬᠤ᠂ ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ + ᠪᠠᠢ᠌ᠴᠠᠭ᠋ᠠᠬᠤ ᠳᠠᠷᠤᠭ᠎ᠠ᠂ ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ + ᠭᠣᠣᠯ᠎ᠤᠨ ᠵᠠᠮ᠎ᠤᠨ ᠴᠠᠭᠳᠠᠭ᠋ᠠᠨ᠎ᠤ ᠳᠠᠷᠤᠭ᠎ᠠ᠂ ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ + ᠭᠣᠣᠯ᠎ᠤᠨ ᠵᠠᠮ᠎ᠤᠨ ᠬᠠᠤᠯᠢ ᠵᠢᠨ ᠲᠤᠰᠢᠶᠠᠯᠲᠠᠨ ᠵᠡᠷᠭᠡ ᠳᠦᠷᠢᠮ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠡᠬᠢ ᠡᠭᠦᠰᠦᠯ᠎ᠠᠴᠠ᠎ᠨᠢ ᠴᠢᠩᠭ᠎ᠠ ᠰᠡᠷᠭᠡᠢ᠌ᠯᠡᠬᠦ᠂ ᠶᠠᠪᠤᠴᠠ ᠵᠢ᠎ᠨᠢ ᠴᠢᠩᠭ᠎ᠠ ᠬᠠᠮᠢᠶᠠᠷᠬᠤ᠂ ᠦᠷ᠎ᠡ ᠳ᠋ᠦᠩ᠎ᠢ᠎ᠨᠢ ᠴᠢᠩᠭ᠎ᠠ ᠰᠢᠢ᠍ᠳᠬᠡᠬᠦ ᠠᠮᠢ ᠠᠬᠤᠢ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠰᠢᠰᠲ᠋ᠧᠮ᠎ᠢ ᠪᠠᠢ᠌ᠭᠤᠯᠵᠠᠢ᠃
ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠵᠢᠨ ᠰᠢᠰᠲ᠋ᠧᠮ᠎ᠢ ᠪᠦᠷᠢᠨᠰᠢᠭᠦᠯᠬᠦ ᠵᠢᠨ ᠬᠠᠮᠲᠤ᠂ ᠤᠨᠢᠨ ᠳᠡᠭᠡᠷ᠎ᠡ᠎ᠨᠢ ᠪᠣᠬᠢᠷᠲᠤᠯ᠎ᠢ ᠵᠠᠰᠠᠬᠤ᠂ ᠰᠢᠨᠵᠢᠯᠡᠬᠦ ᠤᠬᠠᠭ᠋ᠠᠨᠴᠢ᠎ᠪᠠᠷ ᠪᠣᠬᠢᠷᠲᠤᠯ᠎ᠢ ᠵᠠᠰᠠᠬᠤ᠂ ᠬᠠᠤᠯᠢ ᠶᠣᠰᠣᠭ᠋ᠠᠷ ᠪᠣᠬᠢᠷᠲᠤᠯ᠎ᠢ ᠵᠠᠰᠠᠬᠤ ᠵᠢ ᠪᠠᠷᠢᠮᠲᠠᠯᠠᠵᠤ᠂ ᠬᠥᠬᠡ ᠲᠡᠭᠷᠢ᠂ ᠴᠡᠩᠬᠡᠷ ᠤᠰᠤ᠂ ᠴᠡᠪᠡᠷ ᠬᠥᠷᠥᠰᠥ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠢ ᠦᠷᠭᠦᠯᠵᠢᠯᠡᠨ ᠭᠦᠨᠵᠡᠭᠡᠢ ᠰᠠᠶ᠋ᠢᠲᠤᠷ ᠬᠢᠪᠡ᠃ 2021 ᠣᠨ᠎ᠠᠴᠠ ᠨᠠᠭ᠋ᠠᠰᠢ᠂ ᠬᠣᠲᠠ ᠵᠢᠨ ᠪᠦᠲᠦᠭᠡᠨ ᠪᠠᠢ᠌ᠭᠤᠯᠤᠯᠲᠠ ᠵᠢᠨ ᠲᠣᠭᠣᠷᠢᠭ᠎ᠤᠨ ᠰᠢᠭᠰᠢᠭᠳᠡᠭᠰᠡᠨ ᠨᠡᠭᠦᠷᠡᠰᠦ ᠰᠢᠲᠠᠭ᠋ᠠᠬᠤ ᠵᠢᠵᠢᠭ ᠵᠤᠤᠬ᠎ᠠ᠎ᠳᠤ 4 ᠡᠭᠡᠯᠵᠢ ᠵᠢᠨ ᠪᠠᠢ᠌ᠴᠠᠭ᠋ᠠᠯᠲᠠ ᠬᠢᠵᠦ᠂ 37 ᠢᠯᠴᠢ ᠵᠢᠨ ᠴᠠᠬᠢᠯᠭ᠋ᠠᠨ᠎ᠤ ᠮᠠᠰᠢᠨ ᠴᠣᠭᠴᠠᠯᠠᠪᠤᠷᠢ ᠵᠢᠨ ᠬᠡᠲᠦ ᠳᠣᠣᠷ᠎ᠠ ᠭᠠᠳᠠᠭᠰᠢᠯᠠᠭᠤᠯᠤᠯᠲᠠ ᠵᠢᠨ ᠥᠭᠡᠷᠡᠴᠢᠯᠡᠯᠲᠡ ᠵᠢ ᠪᠡᠶᠡᠯᠡᠭᠦᠯᠵᠦ᠂ 22 ᠠᠵᠤ ᠠᠬᠤᠢ᠌ᠯᠠᠯ᠎ᠤᠨ ᠵᠣᠬᠢᠶᠠᠨ ᠪᠠᠢ᠌ᠭᠤᠯᠤᠯᠲᠠ ᠦᠭᠡᠢ᠎ᠪᠠᠷ ᠭᠠᠳᠠᠭᠰᠢᠯᠠᠭᠤᠯᠤᠯᠲᠠ ᠬᠢᠬᠦ ᠵᠢ ᠵᠠᠰᠠᠵᠤ᠂ 20 ᠠᠵᠤ ᠦᠢ᠍ᠯᠡᠳᠪᠦᠷᠢ ᠵᠢᠨ ᠨᠦᠬᠡᠨ ᠵᠤᠤᠬ᠎ᠠ ᠵᠢ ᠶᠡᠷᠦᠩᠬᠡᠢ᠌ᠯᠡᠨ ᠵᠠᠰᠠᠵᠤ᠂ 500 ᠳᠡᠭᠳᠡᠮᠡᠬᠡᠢ ᠴᠢᠨᠠᠷᠲᠠᠢ ᠣᠷᠭ᠋ᠠᠨᠢᠭ ᠪᠣᠳᠠᠰ᠎ᠤᠨ ᠠᠭ᠋ᠠᠷ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠭᠣᠣᠯᠳᠠᠯᠭ᠎ᠠ᠎ᠲᠠᠢ ᠠᠵᠢᠯ᠎ᠤᠨ ᠡᠭᠦᠷᠭᠡ ᠵᠢ ᠲᠣᠭᠲᠠᠭᠰᠠᠨ ᠬᠤᠭᠤᠴᠠᠭ᠋ᠠᠨ᠎ᠳᠤ ᠪᠡᠶᠡᠯᠡᠭᠦᠯᠵᠦ᠂ 2023 ᠣᠨ᠎ᠤ ᠠᠭ᠋ᠠᠷ᠎ᠤᠨ ᠶᠠᠰᠤ ᠴᠢᠨᠠᠷ᠎ᠤᠨ ᠰᠢᠯᠢᠳᠡᠭ ᠰᠠᠶ᠋ᠢᠨ ᠡᠳᠦᠷ᠎ᠤᠨ ᠲᠣᠭ᠎ᠠ ᠵᠢᠨ ᠬᠠᠷᠢᠴᠠᠯ᠎ᠢ 100%᠎ᠳᠤ ᠬᠦᠷᠦᠭᠦᠯᠵᠦ᠂ ᠨᠠᠷᠢᠯᠢᠭ ᠮᠥᠬᠥᠯᠢᠭᠲᠦ ᠪᠣᠳᠠᠰ᠎ᠤᠨ ᠳᠤᠮᠳᠠᠴᠢ ᠥᠳᠬᠡᠴᠡ ᠵᠢ 17.9 ᠮᠢᠺᠷᠥᠭᠷᠠᠮ/ ᠪᠣᠰᠣᠭ᠎ᠠ ᠳᠥᠷᠪᠡᠯᠵᠢᠨ ᠮᠧᠲᠷ᠎ᠲᠤ ᠬᠦᠷᠦᠭᠦᠯᠵᠦ᠂ ᠬᠣᠲᠠ ᠵᠢᠨ ᠠᠭ᠋ᠠᠷ᠎ᠤᠨ ᠰᠢᠯᠢᠳᠡᠭ ᠰᠠᠶ᠋ᠢᠨ ᠡᠳᠦᠷ᠎ᠤᠨ ᠲᠣᠭ᠎ᠠ ᠵᠢᠨ ᠬᠠᠷᠢᠴᠠᠯ᠎ᠨᠢ ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠳᠤ ᠣᠷᠣᠪᠠ᠃ ᠤᠰᠤᠨ᠎ᠤ ᠡᠬᠢ ᠪᠠᠶᠠᠯᠢᠭ᠂ ᠤᠰᠤᠨ᠎ᠤ ᠣᠷᠴᠢᠨ ᠲᠣᠭᠣᠷᠢᠨ᠂ ᠤᠰᠤᠨ᠎ᠤ ᠠᠮᠢ ᠠᠬᠤᠢ ᠵᠢᠨ ᠵᠠᠰᠠᠯᠲᠠ ᠵᠢ ᠨᠢᠭᠡᠳᠦᠯᠲᠡᠢ ᠲᠥᠯᠥᠪᠯᠡᠵᠦ᠂ ᠨᠤᠨ ᠮᠥᠷᠡᠨ᠂ ᠡᠷᠭᠦᠨ᠎ᠡ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠵᠢ ᠦᠷᠭᠦᠯᠵᠢᠯᠡᠨ ᠴᠢᠩᠭ᠋ᠠᠳᠬᠠᠵᠤ᠂ ᠭᠣᠣᠯ ᠮᠥᠷᠡᠨ ᠨᠠᠭᠤᠷ ᠴᠥᠭᠥᠷᠥᠮ᠎ᠤᠨ 《ᠳᠥᠷᠪᠡᠨ ᠵᠠᠮᠪᠠᠷᠠᠭ᠎ᠠ ᠦᠭᠡᠢ ᠪᠠᠢ᠌ᠳᠠᠯ᠎ᠢ ᠠᠷᠢᠯᠭ᠋ᠠᠬᠤ》 ᠠᠵᠢᠯᠯᠠᠭ᠎ᠠ ᠵᠢ ᠬᠡᠪ᠎ᠤᠨ ᠪᠠᠶ᠋ᠢᠳᠠᠯ ᠵᠶ᠋ᠠᠷ ᠥᠷᠨᠢᠭᠦᠯᠵᠦ᠂ ᠰᠠᠪᠠ ᠭᠠᠵᠠᠷ᠎ᠤᠨ ᠵᠠᠰᠠᠯᠲᠠ ᠵᠢᠨ ᠲᠣᠭ᠋ᠠᠴᠢᠯᠠᠯᠲᠠ᠂ ᠣᠶᠤᠨᠴᠢᠯᠠᠯᠲᠠ ᠵᠢ ᠲᠦᠷᠭᠡᠪᠴᠢᠯᠡᠨ ᠠᠬᠢᠭᠤᠯᠪᠠ᠃ ᠬᠥᠯᠥᠨ ᠨᠠᠭᠤᠷ᠎ᠤᠨ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠯᠲᠠ ᠵᠢ 《ᠨᠢᠭᠡ ᠨᠠᠭᠤᠷ᠎ᠢ ᠵᠠᠰᠠᠬᠤ》᠎ᠠᠴᠠ 《ᠰᠠᠪᠠ ᠭᠠᠵᠠᠷ᠎ᠢ ᠵᠠᠰᠠᠬᠤ》 ᠲᠡᠶ᠋ᠢᠰᠢ ᠬᠤᠪᠢᠷᠠᠭᠤᠯᠬᠤ ᠵᠢ ᠬᠦᠴᠦᠯᠡᠨ ᠠᠬᠢᠭᠤᠯᠵᠤ᠂ ᠬᠠᠮᠠᠭ᠋ᠠᠯᠠᠯᠲᠠ ᠵᠢᠨ ᠣᠷᠣᠨ᠎ᠤ ᠠᠮᠢ ᠠᠬᠤᠢ ᠵᠢᠨ ᠠᠷᠠᠳ᠎ᠢ ᠨᠡᠭᠦᠯᠭᠡᠬᠦ᠂ ᠬᠡᠷᠦᠯᠦᠨ ᠭᠣᠣᠯ᠎ᠤᠨ ᠨᠠᠭᠤᠷ᠎ᠲᠤ ᠴᠢᠳᠬᠤᠬᠤ ᠭᠣᠣᠯ᠎ᠤᠨ ᠬᠡᠰᠡᠭ ᠪᠠ ᠰᠢᠨ ᠺᠠᠢ ᠾᠧ ᠭᠣᠣᠯ᠎ᠤᠨ ᠵᠠᠮ᠎ᠢ ᠯᠠᠢ᠌ᠳᠠᠬᠤ᠂ ᠨᠤᠭᠤ ᠭᠠᠵᠠᠷ᠎ᠤᠨ ᠠᠮᠢ ᠠᠬᠤᠢ ᠵᠢᠨ ᠰᠢᠰᠲ᠋ᠧᠮ᠎ᠢ ᠰᠡᠷᠭᠦᠭᠡᠬᠦ ᠵᠢᠴᠢ ᠵᠢᠭ᠋ᠠᠰᠤ ᠠᠩᠨᠠᠬᠤ ᠵᠢ ᠴᠠᠭ᠋ᠠᠵᠠᠯᠠᠬᠤ ᠢᠨᠵᠧᠨᠧᠷᠢᠩ ᠵᠡᠷᠭᠡ ᠬᠥᠯᠥᠨ ᠨᠠᠭᠤᠷ᠎ᠤᠨ ᠠᠮᠢ ᠠᠬᠤᠢ ᠣᠷᠴᠢᠨ ᠲᠣᠭᠣᠷᠢᠨ᠎ᠢ ᠶᠡᠷᠦᠩᠬᠡᠢ᠌ᠯᠡᠨ ᠵᠠᠰᠠᠬᠤ 40 ᠲᠥᠷᠥᠯ ᠵᠦᠢ᠍ᠯ᠎ᠢ ᠥᠷᠨᠢᠭᠦᠯᠬᠦ᠎ᠪᠠᠷ ᠳᠠᠮᠵᠢᠭᠤᠯᠤᠨ᠂ ᠬᠠᠮᠢᠶᠠᠷᠴᠤ ᠬᠠᠮᠠᠭ᠋ᠠᠯᠠᠬᠤ ᠴᠢᠳᠠᠪᠤᠷᠢ ᠵᠢᠨ ᠪᠠᠢ᠌ᠭᠤᠯᠤᠯᠲᠠ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠢᠨᠠᠨ ᠬᠡᠮᠵᠢᠯᠲᠡ᠂ ᠨᠤᠭᠤ ᠭᠠᠵᠠᠷ᠎ᠤᠨ ᠠᠮᠢ ᠠᠬᠤᠢ ᠵᠢᠨ ᠰᠢᠰᠲ᠋ᠧᠮ᠎ᠢ ᠰᠡᠷᠭᠦᠭᠡᠬᠦ ᠪᠠ ᠤᠰᠤᠨ᠎ᠤ ᠡᠬᠢ ᠪᠠᠶᠠᠯᠢᠭ᠎ᠢ ᠪᠠᠲᠤᠯᠠᠬᠤ ᠵᠡᠷᠭᠡ ᠡᠷᠴᠢᠮ᠎ᠢ ᠦᠷᠭᠦᠯᠵᠢᠯᠡᠨ ᠴᠢᠩᠭ᠋ᠠᠷᠠᠭᠤᠯᠵᠠᠢ᠃ ᠡᠳᠦᠭᠡ᠂ ᠬᠥᠯᠥᠨ ᠨᠠᠭᠤᠷ᠎ᠤᠨ ᠬᠥᠪᠡᠭᠡᠨ᠎ᠳᠤ ᠬᠤᠨ ᠭᠠᠯᠠᠭᠤ ᠪᠤᠴᠠᠨ ᠢᠷᠡᠵᠦ᠂ ᠨᠣᠮᠢᠨ ᠳᠣᠯᠭᠢᠶᠠᠨ ᠳᠣᠯᠭᠢᠶᠠᠯᠠᠵᠤ᠂ ᠤᠰᠤᠨ ᠣᠷᠣᠨ᠎ᠤ ᠲᠠᠯᠠᠪᠠᠢ 2243.3 ᠲᠡᠭᠰᠢ ᠳᠥᠷᠪᠡᠯᠵᠢᠨ ᠺᠢᠯᠣᠮᠧᠲᠷ᠎ᠲᠤ ᠬᠦᠷᠴᠦ᠂ ᠰᠠᠪᠠ ᠭᠠᠵᠠᠷ᠎ᠤᠨ ᠠᠮᠢ ᠠᠬᠤᠢ ᠣᠷᠴᠢᠨ ᠲᠣᠭᠣᠷᠢᠨ ᠲᠣᠭᠲᠠᠭᠤᠨ᠎ᠤ ᠳᠤᠮᠳᠠ ᠰᠠᠢ᠌ᠵᠢᠷᠠᠪᠠ᠃ ᠡᠭᠦᠨ᠎ᠤ ᠬᠠᠮᠲᠤ᠂ ᠬᠥᠷᠥᠰᠥ ᠰᠢᠷᠣᠢ ᠵᠢᠨ ᠪᠣᠬᠢᠷᠲᠤᠯ᠎ᠢ ᠭᠣᠣᠯᠳᠠᠯᠭ᠎ᠠ᠎ᠲᠠᠢ ᠬᠢᠨᠠᠨ ᠬᠠᠮᠢᠶᠠᠷᠬᠤ ᠨᠢᠭᠡᠴᠢ ᠵᠢᠨ ᠨᠡᠷᠡᠰ᠎ᠤᠨ ᠵᠢᠭᠰᠠᠭ᠋ᠠᠯᠲᠠ ᠵᠢ ᠬᠥᠳᠡᠯᠦᠩᠭᠦᠢ᠎ᠪᠠᠷ ᠰᠢᠨᠡᠳᠬᠡᠵᠦ᠂ 24 ᠭᠣᠣᠯᠳᠠᠯᠭ᠎ᠠ᠎ᠲᠠᠢ ᠨᠢᠭᠡᠴᠢ ᠵᠢ ᠰᠢᠪᠠᠳᠠᠵᠤ ᠪᠠᠶ᠋ᠢᠭ᠋ᠠᠳ ᠬᠥᠷᠥᠰᠥ ᠰᠢᠷᠣᠢ ᠵᠢᠴᠢ ᠭᠠᠵᠠᠷ ᠳᠣᠣᠷᠠᠬᠢ ᠤᠰᠤ ᠵᠢ ᠥᠪᠡᠰᠦᠪᠡᠨ ᠬᠢᠨᠠᠨ ᠬᠡᠮᠵᠢᠬᠦ᠂ ᠪᠣᠬᠢᠷᠲᠤᠯ᠎ᠤᠨ ᠳᠠᠯᠳᠠ ᠬᠡᠮ᠎ᠢ ᠵᠢᠭᠰᠠᠭ᠋ᠠᠨ ᠪᠠᠢ᠌ᠴᠠᠭ᠋ᠠᠬᠤ ᠵᠢ ᠪᠡᠶᠡᠯᠡᠭᠦᠯᠵᠦ᠂ 53 ᠵᠠᠰᠠᠭ ᠵᠠᠬᠢᠷᠭ᠋ᠠᠨ᠎ᠤ ᠲᠣᠰᠬᠤᠨ᠎ᠤ ᠠᠮᠢᠳᠤᠷᠠᠯ᠎ᠤᠨ ᠪᠣᠬᠢᠷ ᠤᠰᠤ ᠵᠢ ᠵᠠᠰᠠᠬᠤ ᠡᠭᠦᠷᠭᠡ ᠵᠢ ᠪᠡᠶᠡᠯᠡᠭᠦᠯᠵᠦ᠂ ᠬᠥᠷᠥᠰᠥ ᠰᠢᠷᠣᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠶᠡᠷᠦᠩᠬᠡᠢ᠎ᠳᠡᠭᠡᠨ ᠠᠮᠤᠷ ᠲᠦᠪᠰᠢᠨ ᠲᠣᠭᠲᠠᠭᠤᠨ ᠪᠣᠯᠭ᠋ᠠᠪᠠ᠃
ᠠᠮᠢ ᠠᠬᠤᠢ ᠵᠢᠨ ᠥᠷᠲᠡᠭ᠎ᠢ ᠬᠤᠪᠢᠷᠠᠭᠤᠯᠬᠤ ᠠᠷᠭ᠎ᠠ ᠵᠠᠮ᠎ᠢ ᠢᠳᠡᠪᠬᠢᠲᠡᠢ᠎ᠪᠠᠷ ᠥᠷᠭᠡᠳᠬᠡᠵᠦ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠴᠢᠨᠠᠷ ᠰᠠᠢ᠌ᠲᠠᠢ ᠬᠥᠭᠵᠢᠯᠲᠡ ᠵᠢ ᠲᠦᠯᠬᠢᠨ ᠠᠬᠢᠭᠤᠯᠤᠨ᠎ᠠ
ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠡᠷᠭᠢᠯᠲᠡᠲᠦ ᠬᠥᠭᠵᠢᠯᠲᠡ ᠵᠢᠨ ᠠᠵᠤ ᠠᠬᠤᠢ ᠵᠢᠨ ᠰᠢᠰᠲ᠋ᠧᠮ᠎ᠢ ᠪᠠᠢ᠌ᠭᠤᠯᠤᠨ ᠲᠡᠭᠦᠯᠳᠡᠷᠵᠢᠭᠦᠯᠵᠦ᠂ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠪᠦᠬᠦ ᠲᠠᠯ᠎ᠠ᠎ᠪᠠᠷ ᠪᠣᠬᠢᠷᠲᠤᠯ ᠦᠭᠡᠢ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ ᠪᠣᠯ ᠠᠮᠢ ᠠᠬᠤᠢ ᠵᠢᠨ ᠡᠪᠳᠡᠭᠳᠡᠯ᠂ ᠣᠷᠴᠢᠨ ᠲᠣᠭᠣᠷᠢᠨ᠎ᠤ ᠪᠣᠬᠢᠷᠲᠤᠯ᠎ᠤᠨ ᠠᠰᠠᠭᠤᠳᠠᠯ᠎ᠢ ᠰᠢᠢ᠍ᠳᠪᠦᠷᠢᠯᠡᠬᠦ ᠵᠢᠨ ᠦᠨᠳᠦᠰᠦᠨ᠎ᠠᠴᠠ᠎ᠨᠢ ᠵᠠᠰᠠᠬᠤ ᠪᠣᠳᠣᠯᠭ᠎ᠠ ᠪᠣᠯᠣᠨ᠎ᠠ᠃ ᠬᠥᠯᠥᠨ ᠪᠣᠢ᠌ᠷ ᠬᠣᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ ᠡᠯᠪᠡᠭ ᠳᠡᠯᠪᠡᠭ᠂ ᠠᠮᠢ ᠠᠬᠤᠢ ᠵᠢᠨ ᠰᠢᠰᠲ᠋ᠧᠮ ᠪᠦᠷᠢᠨ ᠪᠦᠲᠦᠨ᠂ ᠴᠢᠨᠠᠷ ᠰᠠᠢ᠌ᠲᠠᠢ ᠠᠮᠢ ᠠᠬᠤᠢ ᠵᠢᠨ ᠪᠦᠲᠦᠭᠡᠭᠳᠡᠬᠦᠨ᠎ᠤ ᠬᠠᠩᠭ᠋ᠠᠯᠭ᠎ᠠ ᠵᠢᠨ ᠴᠢᠳᠠᠪᠤᠷᠢ ᠨᠡᠯᠢᠶᠡᠳ ᠴᠢᠩᠭ᠎ᠠ ᠪᠠᠢ᠌ᠵᠤ᠂ ᠠᠮᠢ ᠠᠬᠤᠢ ᠵᠢᠨ ᠥᠷᠲᠡᠭ᠎ᠤᠨ ᠬᠤᠪᠢᠷᠠᠭᠤᠯᠤᠯᠲᠠ ᠵᠢ ᠪᠡᠶᠡᠯᠡᠭᠦᠯᠬᠦ ᠰᠠᠭᠤᠷᠢ ᠪᠠ ᠳᠠᠪᠠᠭᠤᠯᠢᠭ᠎ᠲᠠᠢ ᠶᠤᠮ᠃ ᠣᠢ᠌ᠷ᠎ᠠ ᠵᠢᠨ ᠵᠢᠯ᠎ᠠᠴᠠ ᠨᠠᠭ᠋ᠠᠰᠢ᠂ ᠲᠤᠬᠠᠢ ᠵᠢᠨ ᠭᠠᠵᠠᠷ᠎ᠤᠨ᠎ᠬᠢᠨ 《ᠬᠣᠶᠠᠷ ᠠᠭᠤᠯᠠ》 ᠵᠢ ᠬᠤᠪᠢᠷᠠᠭᠤᠯᠬᠤ ᠵᠠᠮ᠎ᠢ ᠲᠠᠰᠤᠷᠠᠯᠲᠠ ᠦᠭᠡᠢ ᠥᠷᠭᠡᠳᠬᠡᠵᠦ᠂ 《ᠠᠮᠢ ᠠᠬᠤᠢ ᠭᠣᠶᠣ ᠦᠵᠡᠰᠬᠦᠯᠡᠩ》 ᠪᠣᠯᠣᠨ 《ᠠᠷᠠᠳ ᠢᠷᠭᠡᠳ ᠪᠠᠶᠠᠵᠢᠨ ᠴᠢᠨᠡᠭᠡᠯᠢᠭᠵᠢᠬᠦ》 ᠬᠣᠣᠰ ᠠᠮᠵᠢᠯᠲᠠ ᠵᠢ ᠴᠢᠷᠮᠠᠢ᠌ᠨ ᠪᠡᠶᠡᠯᠡᠭᠦᠯᠵᠡᠢ᠃
ᠰᠢᠨ᠎ᠡ᠎ᠪᠠᠷ ᠬᠥᠭᠵᠢᠭᠰᠡᠨ ᠠᠵᠤ ᠦᠢ᠍ᠯᠡᠰ ᠡᠷᠴᠢᠮᠯᠢᠭ ᠲᠥᠪᠯᠡᠷᠡᠪᠡ᠃ ᠲᠤᠬᠠᠢ ᠵᠢᠨ ᠭᠠᠵᠠᠷ᠎ᠤᠨ᠎ᠬᠢᠨ ᠨᠠᠭᠦᠷᠡᠰᠦᠲᠦ᠋ᠷᠦᠭᠴᠢ ᠵᠢᠨ ᠬᠤᠷᠠᠮᠳᠤᠯ᠎ᠤᠨ ᠳᠠᠯᠳᠠ ᠬᠦᠴᠦᠨ᠎ᠢ ᠲᠠᠰᠤᠷᠠᠯᠲᠠ ᠦᠭᠡᠢ ᠠᠭᠤᠳᠠᠯᠵᠤ᠂ 2022 ᠣᠨ᠎ᠳᠤ᠂ ᠥᠪᠥᠷ ᠮᠣᠩᠭᠣᠯ᠎ᠤᠨ ᠤᠢ ᠰᠢᠭᠤᠢ ᠵᠢᠨ ᠠᠵᠤ ᠦᠢ᠍ᠯᠡᠳᠪᠦᠷᠢ ᠵᠢᠨ ᠪᠦᠯᠦᠭᠯᠡᠯ ᠪᠣᠯᠣᠨ ᠳᠤᠮᠳᠠᠳᠤ ᠤᠯᠤᠰ᠎ᠤᠨ ᠤᠢ ᠰᠢᠭᠤᠢ ᠵᠢᠨ ᠪᠦᠯᠦᠭᠯᠡᠯ᠎ᠤᠨ ᠬᠢᠵᠠᠭ᠋ᠠᠷᠲᠤ ᠺᠣᠮᠫᠠᠨᠢ᠂ ᠪᠤᠭᠤᠲᠤ ᠵᠢᠨ ᠪᠣᠯᠣᠳ ᠲᠡᠮᠦᠷ᠎ᠤᠨ ᠪᠦᠯᠦᠭᠯᠡᠯ᠂ ᠳᠤᠮᠳᠠᠳᠤ ᠤᠯᠤᠰ᠎ᠤᠨ ᠴᠢᠯᠠᠭᠤᠨ ᠲᠣᠰᠣᠨ᠎ᠤ ᠤᠯᠠᠨ ᠤᠯᠤᠰ᠎ᠤᠨ ᠠᠵᠢᠯ ᠦᠢ᠍ᠯᠡᠰ᠎ᠤᠨ ᠬᠢᠵᠠᠭ᠋ᠠᠷᠲᠤ ᠺᠣᠮᠫᠠᠨᠢ᠂ ᠥᠪᠥᠷ ᠮᠣᠩᠭᠣᠯ᠎ᠤᠨ ᠥᠮᠴᠢᠯᠡᠯ᠎ᠤᠨ ᠡᠷᠬᠡ ᠵᠢᠨ ᠠᠷᠠᠯᠵᠢᠶᠠᠨ᠎ᠤ ᠲᠥᠪ᠂ ᠾᠧ ᠵᠢᠶᠦ᠋ᠨ ᠬᠥᠷᠥᠩᠭᠡ ᠵᠡᠷᠭᠡ 5 ᠺᠣᠮᠫᠠᠨᠢ ᠲᠤᠰ ᠲᠤᠰ ᠤᠢ ᠰᠢᠭᠤᠢ ᠵᠢᠨ ᠦᠢ᠍ᠯᠡᠰ᠎ᠤᠨ ᠨᠠᠭᠦᠷᠡᠰᠦᠲᠦ᠋ᠷᠦᠭᠴᠢ ᠵᠢ ᠬᠤᠷᠠᠭᠤᠯᠬᠤ ᠬᠠᠮᠲᠤᠷᠠᠯᠴᠠᠭ᠋ᠠᠨ᠎ᠤ ᠪᠦᠳᠦᠭᠦᠪᠴᠢ ᠵᠥᠪᠯᠡᠯᠴᠡᠭᠡᠷ ᠲᠣᠬᠢᠷᠠᠯᠴᠠᠵᠤ᠂ ᠬᠦᠴᠦ᠎ᠪᠠᠨ ᠬᠠᠮᠲᠤᠳᠬᠠᠨ ᠳᠣᠣᠷ᠎ᠠ ᠨᠡᠭᠦᠷᠡᠰᠦᠲᠥ᠋ᠷᠥᠭᠴᠢᠲᠦ ᠠᠵᠤ ᠠᠬᠤᠢ ᠵᠢᠨ ᠬᠥᠭᠵᠢᠯᠲᠡ ᠵᠢ ᠠᠬᠢᠭᠤᠯᠪᠠ᠃ 2023 ᠣᠨ᠎ᠤ 3 ᠰᠠᠷ᠎ᠠ᠎ᠳᠤ᠂ ᠬᠥᠯᠥᠨ ᠪᠣᠢ᠌ᠷ ᠬᠤᠳᠠ ᠵᠢᠨ ᠵᠠᠰᠠᠭ᠎ᠤᠨ ᠣᠷᠳᠣᠨ ᠪᠣᠯᠣᠨ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠣᠭᠲᠠᠵᠤ᠂ ᠤᠢ ᠰᠢᠭᠤᠢ ᠡᠪᠡᠰᠦ ᠪᠡᠯᠴᠢᠭᠡᠷ ᠨᠤᠭᠤ ᠭᠠᠵᠠᠷ᠎ᠤᠨ ᠨᠠᠭᠦᠷᠡᠰᠦᠲᠦ᠋ᠷᠦᠭᠴᠢ ᠵᠢ ᠬᠤᠷᠠᠭᠤᠯᠬᠤ ᠠᠷᠭ᠎ᠠ ᠵᠢᠨ ᠤᠬᠠᠭ᠋ᠠᠨ᠎ᠢ ᠰᠤᠳᠤᠯᠤᠨ ᠨᠡᠭᠡᠭᠡᠬᠦ᠂ ᠬᠥᠯᠥᠨ ᠪᠣᠢ᠌ᠷ ᠬᠤᠳᠠ ᠵᠢᠨ ᠪᠣᠬᠢᠷᠲᠤᠯ ᠦᠭᠡᠢ ᠬᠡᠯᠪᠡᠷᠢ ᠵᠢ ᠬᠤᠪᠢᠷᠠᠭᠤᠯᠤᠨ ᠬᠥᠭᠵᠢᠭᠦᠯᠬᠦ ᠠᠷᠭ᠎ᠠ ᠵᠠᠮ᠎ᠢ ᠰᠦᠪᠡᠭᠴᠢᠯᠡᠬᠦ᠂ ᠬᠥᠯᠥᠨ ᠪᠣᠢ᠌ᠷ ᠬᠤᠳᠠ ᠵᠢᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠪᠠᠢ᠌ᠯᠳᠤᠬᠤ ᠪᠣᠳᠣᠯᠭ᠎ᠠ ᠵᠢᠨ ᠰᠢᠨ᠎ᠡ ᠥᠨᠳᠥᠷᠯᠢᠭ᠎ᠢ ᠪᠠᠢ᠌ᠭᠤᠯᠬᠤ ᠵᠢᠴᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠬᠤᠪᠢᠷᠠᠭᠤᠯᠬᠤ ᠵᠢ ᠠᠬᠢᠭᠤᠯᠬᠤ ᠵᠡᠷᠭᠡ ᠲᠠᠯ᠎ᠠ᠎ᠪᠠᠷ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠵᠡᠢ᠃ 2023 ᠣᠨ᠎ᠤ 8 ᠰᠠᠷ᠎ᠠ᠎ᠳᠤ᠂ ᠬᠥᠯᠥᠨ ᠪᠣᠢ᠌ᠷ᠎ᠤᠨ ᠤᠢ ᠰᠢᠭᠤᠢ ᠵᠢᠨ ᠪᠦᠯᠦᠭᠯᠡᠯ᠎ᠤᠨ᠎ᠬᠢᠨ ᠬᠤᠸᠠ ᠨᠧᠩ ᠢᠮᠢᠨ ᠨᠡᠭᠦᠷᠡᠰᠦ ᠴᠠᠬᠢᠯᠭ᠋ᠠᠨ᠎ᠤ ᠺᠣᠮᠫᠠᠨᠢ᠎ᠲᠠᠢ 750 ᠲᠦᠮᠡᠨ ᠲᠥᠭᠥᠷᠢᠭ᠎ᠤᠨ ᠨᠠᠭᠦᠷᠡᠰᠦᠲᠦ᠋ᠷᠦᠭᠴᠢ ᠵᠢ ᠬᠤᠷᠠᠭᠤᠯᠤᠨ ᠤᠷᠢᠳᠴᠢᠯᠠᠨ ᠪᠣᠷᠣᠯᠠᠭᠤᠯᠬᠤ ᠵᠥᠪᠯᠡᠯᠴᠡᠭᠡᠷ ᠲᠣᠭᠲᠠᠵᠤ᠂ ᠠᠮᠢ ᠠᠬᠤᠢ ᠵᠢᠨ ᠥᠷᠲᠡᠭ᠎ᠢ ᠬᠤᠪᠢᠷᠠᠭᠤᠯᠬᠤ ᠪᠠ ᠪᠣᠬᠢᠷᠲᠤᠯ ᠦᠭᠡᠢ ᠬᠥᠭᠵᠢᠯᠲᠡ᠎ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠡᠢ᠃ ᠡᠭᠦᠨ᠎ᠤ ᠬᠠᠮᠲᠤ᠂ ᠲᠤᠬᠠᠢ ᠵᠢᠨ ᠭᠠᠵᠠᠷ᠎ᠤᠨ᠎ᠬᠢᠨ ᠪᠠᠰᠠ ᠥᠪᠥᠷ ᠮᠣᠩᠭᠣᠯ᠎ᠤᠨ ᠵᠡᠭᠦᠨ ᠬᠡᠰᠡᠭ᠎ᠤᠨ ᠰᠢᠨ᠎ᠡ ᠡᠨᠧᠷᠭᠢ ᠵᠢᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠳᠤ ᠢᠳᠡᠪᠬᠢᠲᠡᠢ ᠪᠥᠭᠡᠳ ᠰᠠᠨᠠᠭ᠋ᠠᠴᠢᠯᠠᠭ᠎ᠠ᠎ᠲᠠᠢ᠎ᠪᠠᠷ ᠠᠭᠤᠰᠤᠯᠴᠠᠵᠤ᠂ ᠰᠢᠨ᠎ᠡ ᠡᠨᠧᠷᠭᠢ ᠵᠢᠨ ᠨᠡᠭᠡᠭᠡᠨ ᠠᠰᠢᠭᠯᠠᠯᠲᠠ ᠵᠢ ᠶᠡᠬᠡ᠎ᠪᠠᠷ ᠲᠦᠯᠬᠢᠨ ᠠᠬᠢᠭᠤᠯᠵᠤ᠂ 2023 ᠣᠨ᠎ᠤ ᠡᠴᠦᠰ ᠪᠣᠯᠲᠠᠯ᠎ᠠ᠂ ᠰᠢᠨ᠎ᠡ ᠡᠨᠧᠷᠭᠢ ᠵᠢᠨ ᠶᠡᠷᠦᠩᠬᠡᠢ ᠮᠠᠰᠢᠨ ᠴᠣᠭᠴᠠᠯᠠᠪᠤᠷᠢ 149.76 ᠲᠦᠮᠡᠨ ᠺᠢᠯᠣᠸᠠᠲ᠎ᠲᠤ ᠬᠦᠷᠴᠡᠢ᠂ ᠡᠭᠦᠨ᠎ᠳᠤ᠂ ᠤᠰᠤᠨ ᠴᠠᠬᠢᠯᠭ᠋ᠠᠨ᠎ᠤ ᠮᠠᠰᠢᠨ ᠴᠣᠭᠴᠠᠯᠠᠪᠤᠷᠢ 25.75 ᠲᠦᠮᠡᠨ ᠺᠢᠯᠣᠸᠠᠲ᠂ ᠰᠠᠯᠬᠢᠨ ᠬᠦᠴᠦᠨ᠎ᠤ ᠴᠠᠬᠢᠯᠭ᠋ᠠᠨ᠎ᠤ ᠮᠠᠰᠢᠨ ᠴᠣᠭᠴᠠᠯᠠᠪᠤᠷᠢ 77.54 ᠲᠦᠮᠡᠨ ᠺᠢᠯᠣᠸᠠᠲ᠂ ᠭᠡᠷᠡᠯ ᠴᠡᠨᠡᠭ ᠵᠶ᠋ᠡᠷ ᠴᠠᠬᠢᠯᠭ᠋ᠠᠨ ᠭᠠᠷᠭ᠋ᠠᠬᠤ ᠮᠠᠰᠢᠨ ᠴᠣᠭᠴᠠᠯᠠᠪᠤᠷᠢ 39.57 ᠲᠦᠮᠡᠨ ᠺᠢᠯᠣᠸᠠᠲ᠂ ᠠᠮᠢᠳᠤ ᠪᠣᠳᠠᠰ᠎ᠤᠨ ᠮᠠᠰ ᠵᠶ᠋ᠠᠷ ᠴᠠᠬᠢᠯᠭ᠋ᠠᠨ ᠭᠠᠷᠭ᠋ᠠᠬᠤ ᠮᠠᠰᠢᠨ ᠴᠣᠭᠴᠠᠯᠠᠪᠤᠷᠢ 6.9 ᠲᠦᠮᠡᠨ ᠺᠢᠯᠣᠸᠠᠲ᠎ᠲᠤ ᠬᠦᠷᠴᠡᠢ᠃ ᠥᠪᠡᠷᠮᠢᠴᠡ ᠪᠠᠶ᠋ᠢᠭ᠋ᠠᠯᠢ ᠵᠢᠨ ᠨᠥᠬᠥᠴᠡᠯ᠎ᠳᠤ ᠲᠦᠰᠢᠭᠯᠡᠨ᠂ ᠠᠭ᠋ᠠᠷ᠂ ᠮᠥᠰᠥ ᠴᠠᠰᠤ᠂ ᠲᠣᠮᠣ ᠳ᠋ᠠᠢ᠌ᠲ᠋ᠠ᠂ ᠠᠮᠢᠳᠤ ᠪᠣᠳᠠᠰ᠎ᠤᠨ ᠰᠢᠨᠵᠢᠯᠡᠬᠦ ᠤᠬᠠᠭ᠋ᠠᠨ ᠮᠡᠷᠭᠡᠵᠢᠯ ᠵᠡᠷᠭᠡ ᠰᠢᠨ᠎ᠡ᠎ᠪᠠᠷ ᠪᠤᠢ ᠪᠣᠯᠤᠭᠰᠠᠨ ᠠᠵᠤ ᠦᠢ᠍ᠯᠡᠰ᠎ᠢ ᠢᠳᠡᠪᠬᠢᠲᠡᠢ᠎ᠪᠠᠷ ᠪᠣᠢ᠌ᠵᠢᠭᠤᠯᠤᠨ ᠪᠤᠵᠠᠭ᠋ᠠᠢ᠌ᠷᠠᠭᠤᠯᠪᠠ᠃ ᠤᠯᠤᠰ᠎ᠤᠨ ᠥᠨᠳᠥᠷ ᠬᠦᠢ᠍ᠲᠡᠨ ᠮᠠᠰᠢᠨᠲᠤ ᠲᠡᠷᠭᠡᠨ᠎ᠤ ᠶᠠᠰᠤ ᠴᠢᠨᠠᠷ᠎ᠲᠤ ᠬᠢᠨᠠᠯᠲᠠ ᠲᠠᠯᠪᠢᠵᠤ ᠰᠢᠯᠭ᠋ᠠᠨ ᠪᠠᠢ᠌ᠴᠠᠭ᠋ᠠᠬᠤ ᠲᠥᠪ᠂ ᠤᠯᠤᠰ᠎ᠤᠨ ᠠᠭ᠋ᠠᠷ᠎ᠤᠨ ᠠᠶᠠᠯᠠᠯ᠎ᠤᠨ ᠺᠣᠮᠫᠠᠨᠢ ᠵᠢᠨ ᠨᠢᠰᠦᠯᠲᠡ ᠵᠢᠨ ᠪᠣᠯᠪᠠᠰᠤᠷᠠᠯ᠎ᠤᠨ ᠲᠤᠰᠬᠠᠢ ᠰᠠᠭᠤᠷᠢᠨ ᠭᠠᠵᠠᠷ ᠵᠡᠷᠭᠡ ᠵᠠᠯᠭ᠋ᠠᠪᠡᠷ ᠡᠨᠳᠡ ᠰᠠᠭᠤᠷᠢᠰᠢᠨ ᠨᠤᠲᠤᠭᠰᠢᠵᠤ᠂ ᠴᠢ ᠯᠦ᠍ ᠵᠢᠨ ᠠᠮᠢᠳᠤ ᠪᠣᠳᠠᠰ᠎ᠤᠨ ᠡᠮ ᠦᠢ᠍ᠯᠡᠳᠬᠦ ᠨᠢᠭᠡᠳᠦᠭᠡᠷ ᠬᠤᠭᠤᠴᠠᠭ᠋ᠠᠨ᠎ᠤ ᠠᠵᠢᠯ ᠳᠠᠭᠤᠰᠴᠤ ᠠᠰᠢᠭᠯᠠᠯᠲᠠ᠎ᠳᠤ ᠣᠷᠣᠵᠤ᠂ ᠬᠥᠯᠥᠨ ᠪᠣᠢ᠌ᠷ᠎ᠤᠨ ᠲᠣᠮᠣ ᠳ᠋ᠠᠢ᠌ᠲ᠋ᠠ ᠵᠢᠨ ᠲᠥᠪ᠎ᠤᠨ ᠠᠩᠬᠠᠨ᠎ᠤ ᠬᠤᠭᠤᠴᠠᠭ᠋ᠠᠨ᠎ᠤ ᠢᠨᠵᠧᠨᠧᠷᠢᠩ᠎ᠢ ᠪᠠᠢ᠌ᠭᠤᠯᠤᠨ ᠳᠠᠭᠤᠰᠬᠠᠵᠤ᠂ ᠰᠢᠨ᠎ᠡ᠎ᠪᠠᠷ ᠮᠠᠨᠳᠤᠭᠰᠠᠨ ᠡᠵᠡᠩᠨᠡᠯᠲᠡ ᠵᠢᠨ ᠬᠡᠯᠪᠡᠷᠢ ᠲᠦᠷᠭᠡᠨ ᠬᠥᠭᠵᠢᠪᠡ᠃
ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠡᠮᠵᠢᠶ᠎ᠡ ᠪᠠ ᠶᠠᠰᠤ ᠴᠢᠨᠠᠷ᠎ᠢ ᠨᠡᠮᠡᠭᠳᠡᠭᠦᠯᠪᠡ᠃ ᠠᠮᠤ ᠪᠤᠳᠠᠭ᠎ᠠ ᠪᠣᠯᠪᠠᠰᠤ ᠲᠥᠷᠥ ᠵᠢᠨ ᠲᠡᠷᠢᠭᠦᠨ ᠶᠠᠪᠤᠳᠠᠯ ᠪᠣᠯᠠᠢ᠂ ᠠᠮᠤ ᠪᠤᠳᠠᠭ᠎ᠠ ᠠᠮᠤᠷ ᠲᠦᠪᠰᠢᠨ ᠪᠣᠯᠪᠠᠰᠤ ᠲᠥᠷᠥ ᠲᠦᠪᠰᠢᠨ ᠪᠣᠯᠣᠮᠤᠢ᠃ ᠥᠨᠢᠷ ᠪᠠᠶᠠᠯᠢᠭ ᠬᠥᠯᠥᠨ ᠪᠣᠢ᠌ᠷ᠎ᠲᠤ ᠥᠷᠭᠡᠨ ᠠᠭᠤᠳᠠᠮ ᠬᠠᠷ᠎ᠠ ᠬᠥᠷᠥᠰᠥ᠎ᠲᠠᠢ᠃ ᠣᠢ᠌ᠷ᠎ᠠ ᠵᠢᠨ ᠵᠢᠯ᠎ᠤᠳ᠎ᠲᠤ᠂ ᠬᠥᠯᠥᠨ ᠪᠣᠢ᠌ᠷ ᠬᠣᠲᠠ ᠲᠣᠰ ᠪᠡᠶ᠎ᠡ ᠵᠢᠨ ᠳᠠᠪᠠᠭᠤᠯᠢᠭ ᠵᠶ᠋ᠠᠨ ᠭᠦᠢ᠍ᠴᠡᠳ ᠠᠰᠢᠭᠯᠠᠨ᠂ ᠲᠠᠷᠢᠶᠠᠯᠠᠩ ᠮᠠᠯ ᠠᠵᠤ ᠠᠬᠤᠢ ᠵᠢᠨ ᠬᠡᠮᠵᠢᠶ᠎ᠡ ᠪᠠ ᠶᠠᠰᠤ ᠴᠢᠨᠠᠷ᠎ᠢ ᠨᠡᠮᠡᠭᠳᠡᠭᠦᠯᠦᠨ ᠬᠥᠭᠵᠢᠭᠦᠯᠬᠦ ᠵᠢ ᠦᠷᠭᠦᠯᠵᠢᠯᠡᠨ ᠲᠦᠯᠬᠢᠨ ᠠᠬᠢᠭᠤᠯᠪᠠ᠃ 93.5 ᠲᠦᠮᠡᠨ ᠮᠦ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠰᠢᠨ᠎ᠡ᠎ᠪᠠᠷ ᠪᠠᠢ᠌ᠭᠤᠯᠵᠤ᠂ 790.5 ᠲᠦᠮᠡᠨ ᠮᠦ᠍ ᠬᠠᠷ᠎ᠠ ᠬᠥᠷᠥᠰᠥᠨ᠎ᠤ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢ ᠬᠡᠷᠡᠭᠵᠢᠭᠦᠯᠵᠦ᠂ ᠰᠢᠷ᠎ᠠ ᠪᠤᠷᠴᠠᠭ᠂ ᠰᠢᠯᠢᠮᠳᠡᠭ᠎ᠤᠨ ᠲᠠᠷᠢᠬᠤ ᠡᠭᠦᠷᠭᠡ ᠵᠢ ᠳᠠᠪᠠᠭᠤᠯᠤᠨ ᠪᠡᠶᠡᠯᠡᠭᠦᠯᠵᠦ᠂ ᠠᠮᠤ ᠪᠤᠳᠠᠭ᠋ᠠᠨ᠎ᠤ ᠤᠨᠠᠯᠲᠠ ᠠᠷᠪᠠᠨ ᠨᠢᠭᠡᠨ ᠵᠢᠯ ᠳᠠᠷᠠᠭ᠋ᠠᠯᠠᠨ ᠡᠯᠪᠡᠭ ᠬᠤᠷᠢᠶᠠᠯᠲᠠ ᠣᠯᠬᠤ ᠵᠢ ᠪᠡᠶᠡᠯᠡᠭᠦᠯᠪᠡ᠃ 2.2 ᠳ᠋ᠦᠩᠰᠢᠭᠤᠷ ᠲᠥᠭᠥᠷᠢᠭ᠎ᠤᠨ ᠰᠦ ᠵᠢᠨ ᠦᠢ᠍ᠯᠡᠰ᠎ᠢ ᠲᠡᠳᠬᠦᠨ ᠳᠡᠮᠵᠢᠬᠦ ᠪᠡᠯᠡ ᠮᠥᠩᠭᠥ ᠵᠢ ᠨᠠᠢ᠌ᠳᠠᠪᠤᠷᠢᠵᠢᠭᠤᠯᠵᠤ᠂ 7 ᠬᠡᠪᠴᠢᠶᠡᠵᠢᠭᠰᠡᠨ ᠰᠠᠭ᠋ᠠᠯᠢ ᠵᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠵᠢ ᠪᠠᠢ᠌ᠭᠤᠯᠤᠨ ᠳᠠᠭᠤᠰᠬᠠᠵᠤ᠂ ᠢᠯᠢ ᠵᠢᠨ ᠳᠡᠭᠡᠳᠦ ᠲᠠᠰ᠎ᠤᠨ 9 ᠵᠦᠢ᠍ᠯ᠎ᠤᠨ ᠣᠷᠭ᠋ᠠᠨᠢᠭ ᠰᠦᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠱᠤᠭᠤᠮ᠎ᠢ ᠠᠰᠢᠭᠯᠠᠯᠲᠠ᠎ᠳᠤ ᠣᠷᠣᠭᠤᠯᠤᠨ ᠡᠵᠡᠩᠨᠡᠵᠦ᠂ ᠵᠢᠯ᠎ᠤᠨ ᠦᠢ᠍ᠯᠡᠳᠬᠦᠨ᠎ᠤ ᠥᠷᠲᠡᠭ᠎ᠨᠢ 20 ᠳ᠋ᠦᠩᠰᠢᠭᠤᠷ ᠲᠥᠭᠥᠷᠢᠭ᠎ᠲᠤ ᠬᠥᠷᠪᠡ᠃ ᠭᠣᠣᠯ ᠪᠣᠯᠬᠤ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠡᠳ᠋ᠰᠢᠭᠦᠯᠦᠨ ᠬᠤᠪᠢᠷᠠᠭᠤᠯᠬᠤ ᠨᠣᠷᠮ᠎ᠠ 72%᠎ᠲᠤ ᠬᠦᠷᠴᠦ᠂ ᠪᠣᠷᠣᠯᠠᠭᠤᠯᠤᠯᠲᠠ ᠵᠢᠨ ᠣᠷᠣᠯᠭ᠎ᠠ 204.8 ᠳ᠋ᠦᠩᠰᠢᠭᠤᠷ ᠲᠥᠭᠥᠷᠢᠭ᠎ᠲᠤ ᠬᠥᠷᠪᠡ᠃ ᠪᠥᠬᠥ ᠤᠯᠤᠰ᠎ᠤᠨ ᠪᠣᠬᠢᠷᠲᠤᠯ ᠦᠭᠡᠢ ᠢᠳᠡᠭᠡᠨ᠎ᠤ ᠲᠦᠭᠦᠬᠡᠢ ᠮᠠᠲ᠋ᠧᠷᠢᠶᠠᠯ᠎ᠤᠨ ᠪᠠᠷᠢᠮᠵᠢᠶᠠᠵᠢᠭᠤᠯᠤᠭᠰᠠᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ 523 ᠲᠦᠮᠡᠨ ᠮᠦ᠍ ᠪᠠᠢ᠌ᠭᠤᠯᠵᠤ᠂ 《ᠭᠤᠷᠪᠠᠨ ᠪᠦᠲᠦᠭᠡᠭᠳᠡᠬᠦᠨ ᠨᠢᠭᠡ ᠪᠠᠷᠢᠮᠵᠢᠶ᠎ᠠ》 ᠵᠢᠨ ᠭᠡᠷᠡᠴᠢᠯᠡᠯ᠎ᠤᠨ ᠶᠡᠷᠦᠩᠬᠡᠢ ᠲᠣᠭ᠎ᠠ 326 ᠪᠣᠯᠵᠤ᠂ ᠬᠥᠯᠥᠨ ᠪᠣᠢ᠌ᠷ᠎ᠤᠨ ᠲᠠᠯ᠎ᠠ ᠨᠤᠲᠤᠭ᠎ᠤᠨ ᠬᠣᠨᠢᠨ ᠮᠢᠬ᠎ᠠ ᠵᠡᠷᠭᠡ 8 ᠣᠷᠣᠨ ᠪᠦᠰᠡ ᠵᠢᠨ ᠨᠠᠢ᠌ᠳᠠ ᠵᠢᠨ ᠬᠡᠷᠡᠭᠯᠡᠭᠡᠨ᠎ᠤ ᠨᠡᠷᠡᠲᠦ ᠲᠥᠷᠥᠯ ᠲᠡᠮᠳᠡᠭ᠎ᠢ 《ᠳᠤᠮᠳᠠᠳᠤ ᠤᠯᠤᠰ᠎ᠤᠨ ᠲᠠᠷᠢᠶᠠᠯᠠᠩ᠎ᠤᠨ ᠪᠦᠲᠦᠭᠡᠭᠳᠡᠬᠦᠨ᠎ᠤ ᠵᠠᠭᠤᠨ ᠬᠦᠴᠦᠷᠬᠡᠭ᠎ᠤᠨ ᠪᠡᠯᠭᠡ ᠲᠡᠮᠳᠡᠭ᠎ᠤᠨ ᠴᠢᠨᠠᠷᠲᠠᠢ ᠨᠡᠷᠡᠲᠦ ᠲᠥᠷᠥᠯ ᠲᠡᠮᠳᠡᠭ》᠎ᠲᠤ ᠣᠷᠣᠭᠤᠯᠪᠠ᠃ ᠣᠳᠣᠬᠠᠨ᠎ᠳᠤ᠂ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠥᠷᠨᠢᠩᠭᠦᠢ ᠬᠥᠭᠵᠢᠯᠲᠡ ᠵᠢᠨ ᠵᠢᠷᠤᠭ ᠳᠦᠷᠰᠦ ᠶᠠᠭ ᠠᠭ᠋ᠠᠵᠢᠮ ᠵᠶ᠋ᠠᠷ ᠳᠡᠯᠭᠡᠭᠳᠡᠵᠦ ᠪᠠᠢ᠌ᠨ᠎ᠠ᠃
ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠪᠠᠷᠢᠮᠵᠢᠶ᠎ᠠ ᠵᠢ ᠳᠡᠭᠡᠭᠰᠢᠯᠡᠭᠦᠯᠵᠦ ᠦᠷ᠎ᠡ ᠪᠦᠲᠦᠮᠵᠢ ᠵᠢ ᠳᠡᠭᠡᠭᠰᠢᠯᠡᠭᠦᠯᠪᠡ᠃ ᠬᠥᠯᠥᠨ ᠪᠣᠢ᠌ᠷ ᠬᠤᠳᠠ 《ᠨᠣᠭᠣᠭ᠋ᠠᠨ ᠡᠬᠢ ᠪᠠᠶᠠᠯᠢᠭ》 ᠪᠣᠯᠣᠨ 《ᠬᠦᠢ᠍ᠲᠡᠨ ᠡᠬᠢ ᠪᠠᠶᠠᠯᠢᠭ》᠎ᠢ ᠭᠦᠢ᠍ᠴᠡᠳ ᠠᠭᠤᠳᠠᠯᠵᠤ᠂ ᠰᠣᠶᠣᠯ ᠵᠤᠭ᠋ᠠᠴᠠᠯ᠂ ᠮᠥᠰᠥ ᠴᠠᠰᠤᠨ᠎ᠤ ᠠᠵᠤ ᠠᠬᠤᠢ᠂ ᠠᠮᠢ ᠠᠬᠤᠢ ᠵᠢᠨ ᠬᠠᠮᠠᠭ᠋ᠠᠯᠠᠯᠲᠠ ᠵᠢᠨ ᠭᠦᠨᠵᠡᠭᠡᠢ ᠠᠭᠤᠰᠤᠯᠴᠠᠯ᠎ᠢ ᠢᠳᠡᠪᠬᠢᠲᠡᠢ ᠠᠬᠢᠭᠤᠯᠪᠠ᠃ ᠠᠭ᠋ᠠᠭᠢᠮ᠎ᠠ ᠬᠠᠯᠠᠭᠤᠨ ᠵᠤᠨ᠎ᠤ ᠡᠳᠦᠷ᠂ 《ᠳᠡᠯᠡᠬᠡᠢ ᠵᠢᠨ ᠨᠢᠭᠡᠳᠦᠭᠡᠷ ᠮᠤᠷᠤᠢ ᠤᠰᠤ》 ᠮᠡᠷᠭᠡᠯ ᠭᠣᠣᠯ᠎ᠤᠨ 5A ᠳᠡᠰ᠎ᠤᠨ ᠵᠤᠭ᠋ᠠᠴᠠᠯ᠎ᠤᠨ ᠦᠵᠡᠮᠵᠢ ᠵᠢᠨ ᠣᠷᠣᠨ᠎ᠳᠤ ᠥᠷᠭᠡᠨ ᠠᠭᠤᠳᠠᠮ ᠲᠠᠯ᠎ᠠ ᠨᠤᠲᠤᠭ᠎ᠲᠤ ᠮᠤᠷᠤᠯᠵᠠᠨ ᠤᠷᠤᠰᠴᠤ ᠪᠠᠢ᠌ᠭ᠎ᠠ ᠭᠣᠣᠯ᠎ᠤᠨ ᠤᠰᠤ ᠵᠢ ᠰᠣᠨᠢᠷᠬᠠᠵᠤ ᠪᠣᠯᠣᠨ᠎ᠠ; ᠬᠥᠬᠡᠭᠡ ᠡᠪᠦᠯ᠎ᠤᠨ ᠤᠯᠠᠷᠢᠯ᠎ᠳᠤ᠂ 《ᠳᠤᠮᠳᠠᠳᠤ ᠤᠯᠤᠰ᠎ᠤᠨ ᠮᠥᠰᠥ ᠴᠠᠰᠤᠨ᠎ᠤ ᠬᠣᠲᠠ》 — ᠶᠠᠭᠰᠢ᠎ᠳᠤ ᠴᠠᠰᠤᠨ᠎ᠳᠤ ᠭᠤᠯᠭᠤᠬᠤ᠂ ᠬᠠᠯᠠᠭᠤᠨ ᠷᠠᠰᠢᠶᠠᠨ᠎ᠤ ᠤᠬᠢᠶᠠᠯ ᠵᠡᠷᠭᠡ ᠲᠥᠷᠥᠯ ᠵᠦᠢ᠍ᠯ᠎ᠢ ᠪᠡᠶᠡᠴᠢᠯᠡᠨ ᠣᠢ᠌ᠯᠠᠭ᠋ᠠᠵᠤ ᠪᠣᠯᠣᠨ᠎ᠠ᠃ ᠲᠠᠯ᠎ᠠ ᠨᠤᠲᠤᠭ᠎ᠠᠴᠠ ᠶᠡᠬᠡ ᠴᠠᠰᠤᠲᠤ ᠲᠠᠯ᠎ᠠ ᠬᠦᠷᠲᠡᠯ᠎ᠡ᠂ ᠬᠥᠯᠥᠨ ᠪᠣᠢ᠌ᠷ᠎ᠤᠨ ᠵᠤᠭ᠋ᠠᠴᠠᠯ᠎ᠤᠨ ᠳᠦᠷᠦᠯ ᠲᠡᠮᠳᠡᠭ ᠬᠥᠮᠥᠰ᠎ᠤᠨ ᠰᠡᠳᠬᠢᠯ᠎ᠳᠤ ᠭᠦᠨ ᠰᠠᠭᠤᠭᠳᠠᠵᠤ᠂ ᠡᠪᠦᠯ᠎ᠤᠨ ᠤᠯᠠᠷᠢᠯ᠎ᠤᠨ ᠵᠤᠭ᠋ᠠᠴᠠᠯ᠎ᠤᠨ ᠵᠠᠮ ᠱᠤᠭᠤᠮ᠎ᠨᠢ ᠰᠣᠶᠣᠯ ᠵᠤᠭ᠋ᠠᠴᠠᠯ᠎ᠤᠨ ᠶᠠᠮᠤᠨ᠎ᠤ 《ᠮᠥᠰᠥ ᠴᠠᠰᠤᠨ᠎ᠤ ᠬᠦᠰᠡᠯ ᠵᠡᠭᠦᠳᠦ᠎ᠪᠠᠨ ᠲᠡᠷᠭᠡᠯᠰᠢᠭᠦᠯᠵᠦ᠂ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠲᠠᠢ ᠬᠠᠮᠲᠤ》 ᠰᠣᠳᠣᠨ ᠵᠠᠮ ᠱᠤᠭᠤᠮ᠎ᠳᠤ ᠰᠣᠩᠭᠣᠭᠳᠠᠵᠤ᠂ ᠮᠥᠰᠥ ᠴᠠᠰᠤᠨ᠎ᠤ ᠨᠠᠭ᠋ᠠᠳᠤᠮ᠂ ᠬᠦᠢ᠍ᠲᠡᠨ ᠭᠠᠵᠠᠷ᠎ᠤᠨ ᠬᠤᠪᠢ ᠵᠢᠨ ᠮᠠᠰᠢᠨ ᠲᠡᠷᠭᠡ ᠲᠤᠰ ᠲᠤᠰ ᠤᠯᠤᠰ᠎ᠤᠨ 《ᠠᠷᠪᠠᠨ ᠶᠡᠬᠡ ᠮᠥᠰᠥ ᠴᠠᠰᠤᠨ᠎ᠤ ᠰᠣᠩᠭᠣᠳᠠᠭ ᠪᠦᠲᠦᠭᠡᠯ》᠂ 《ᠠᠷᠪᠠᠨ ᠶᠡᠬᠡ ᠮᠥᠰᠥ ᠴᠠᠰᠤᠨ᠎ᠤ ᠴᠠᠭ᠎ᠤᠨ ᠤᠷᠤᠰᠬᠠᠯ》᠎ᠤᠨ ᠳᠦᠷᠦᠯ ᠵᠦᠢ᠍ᠯ᠎ᠤᠨ ᠨᠡᠷᠡᠰ᠎ᠲᠤ ᠰᠣᠩᠭᠣᠭᠳᠠᠵᠠᠢ᠃ ᠣᠳᠣ ᠪᠣᠯᠲᠠᠯ᠎ᠠ᠂ ᠬᠥᠯᠥᠨ ᠪᠣᠢ᠌ᠷ ᠬᠣᠲᠠ ᠵᠠᠯᠭ᠋ᠠᠭ᠎ᠠ᠎ᠪᠠᠷ 6 ᠤᠳᠠᠭ᠎ᠠ ᠮᠥᠰᠥ ᠴᠠᠰᠤᠨ᠎ᠤ ᠵᠢᠭᠤᠯᠴᠢᠯᠠᠯ᠎ᠤᠨ ᠠᠷᠪᠠᠨ ᠰᠢᠯᠢᠳᠡᠭ ᠬᠣᠲᠠ᠎ᠳᠤ ᠰᠣᠩᠭᠣᠭᠳᠠᠵᠤ᠂ 《ᠪᠥᠬᠥ ᠤᠯᠤᠰ᠎ᠤᠨ ᠵᠢᠷᠭᠤᠭ᠋ᠠᠨ ᠶᠡᠬᠡ ᠭᠣᠣᠯᠳᠠᠯᠭ᠎ᠠ᠎ᠲᠠᠢ ᠵᠢᠭᠤᠯᠴᠢᠯᠠᠯ᠎ᠤᠨ ᠨᠡᠭᠡᠭᠡᠯᠲᠡ ᠵᠢᠨ ᠣᠷᠣᠨ》 《ᠳᠤᠮᠳᠠᠳᠤ ᠤᠯᠤᠰ᠎ᠤᠨ ᠰᠢᠯᠢᠳᠡᠭ ᠵᠢᠭᠤᠯᠴᠢᠯᠠᠯ᠎ᠤᠨ ᠬᠣᠲᠠ》 《ᠳᠤᠮᠳᠠᠳᠤ ᠤᠯᠤᠰ᠎ᠤᠨ ᠬᠠᠮᠤᠭ᠎ᠤᠨ ᠰᠠᠶ᠋ᠢᠨ ᠦᠨᠳᠦᠰᠦᠲᠡᠨ᠎ᠤ ᠵᠠᠩ ᠦᠢ᠍ᠯᠡ ᠵᠢᠨ ᠲᠠᠲᠠᠬᠤ ᠬᠦᠴᠦᠨ᠎ᠲᠠᠢ ᠬᠣᠲᠠ》 《ᠤᠯᠤᠰ᠎ᠤᠨ ᠲᠠᠰ᠎ᠤᠨ ᠵᠢᠭᠤᠯᠴᠢᠯᠠᠯ᠎ᠤᠨ ᠦᠢ᠍ᠯᠡᠰ᠎ᠤᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠬᠣᠰᠢᠭᠤᠴᠢ ᠣᠷᠣᠨ》 《ᠳᠤᠮᠳᠠᠳᠤ ᠤᠯᠤᠰ᠎ᠤᠨ ᠬᠠᠮᠤᠭ᠎ᠤᠨ ᠶᠡᠬᠡ ᠪᠡᠯᠡ ᠣᠷᠣᠭᠤᠯᠤᠯᠲᠠ ᠵᠢᠨ ᠳᠠᠯᠳᠠ ᠬᠦᠴᠦᠨ᠎ᠲᠠᠢ ᠵᠢᠭᠤᠯᠴᠢᠯᠠᠯ᠎ᠤᠨ ᠵᠣᠷᠢᠯᠲᠠ ᠭᠠᠵᠠᠷ》 ᠵᠡᠷᠭᠡ ᠤᠯᠠᠨ ᠵᠦᠢ᠍ᠯ᠎ᠤᠨ ᠢᠷᠠᠭᠤ ᠠᠯᠳᠠᠷ᠎ᠢ ᠭᠥᠷᠳᠡᠵᠦ᠂ ᠵᠢᠭᠤᠯᠴᠢᠯᠠᠯ᠎ᠤᠨ ᠠᠵᠤ ᠦᠢ᠍ᠯᠡᠰ᠎ᠤᠨ ᠦᠨ᠎ᠡ ᠴᠠᠨ᠎ᠠ ᠵᠢᠨ ᠬᠡᠮᠵᠢᠶ᠎ᠡ᠂ ᠨᠣᠭᠣᠭ᠋ᠠᠨ ᠥᠩᠭᠡ ᠵᠢᠨ ᠬᠡᠮᠵᠢᠶ᠎ᠡ᠂ ᠰᠢᠨ᠎ᠡ ᠠᠭᠤᠯᠤᠭᠳᠠᠴᠠ ᠵᠢᠨ ᠬᠡᠮᠵᠢᠶ᠎ᠡ ᠲᠠᠰᠤᠷᠠᠯᠲᠠ ᠦᠭᠡᠢ ᠳᠡᠭᠡᠭᠰᠢᠯᠡᠪᠡ᠃
ᠡᠳᠦᠷ ᠬᠣᠨᠣᠭ ᠵᠣᠷᠴᠢᠨ ᠡᠷᠭᠢᠯᠳᠦᠭᠰᠡᠭᠡᠷ᠂ ᠦᠢ᠍ᠯᠡᠳᠦᠯᠭᠡᠵᠢᠭᠦᠯᠪᠡᠯ ᠰᠠᠶᠢ ᠥᠪᠡᠷ᠎ᠤᠨ ᠬᠦᠰᠡᠭᠰᠡᠨ᠎ᠳᠡᠭᠡᠨ ᠬᠦᠷᠴᠦ ᠲᠠᠢ᠌ᠯᠤᠨ᠎ᠠ᠃ ᠣᠢ᠌ᠷ᠎ᠠ ᠵᠢᠨ ᠵᠢᠯ᠎ᠠᠴᠠ ᠨᠠᠭ᠋ᠠᠰᠢ᠂ ᠬᠥᠯᠥᠨ ᠪᠣᠢ᠌ᠷ ᠬᠤᠳᠠ ᠪᠦᠬᠦ ᠣᠷᠣᠨ ᠪᠦᠰᠡ ᠵᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠴᠢᠩᠭ᠋ᠠᠳᠬᠠᠵᠤ᠂ ᠪᠦᠬᠦ ᠬᠦᠷᠢᠶᠡᠨ᠎ᠳᠤ ᠬᠥᠭᠵᠢᠯᠲᠡ ᠵᠢᠨ ᠪᠣᠬᠢᠷᠲᠤᠯ ᠦᠭᠡᠢ ᠬᠡᠯᠪᠡᠷᠢ ᠵᠢ ᠬᠤᠪᠢᠷᠠᠭᠤᠯᠬᠤ ᠵᠢ ᠠᠬᠢᠭᠤᠯᠵᠤ᠂ ᠥᠨᠳᠥᠷ ᠲᠦᠪᠰᠢᠨ᠎ᠤ ᠬᠠᠮᠠᠭ᠋ᠠᠯᠠᠯᠲᠠ᠎ᠪᠠᠷ ᠴᠢᠨᠠᠷ ᠰᠠᠢ᠌ᠲᠠᠢ ᠬᠥᠭᠵᠢᠯᠲᠡ ᠵᠢ ᠲᠤᠯᠭ᠋ᠠᠭᠤᠷᠢᠯᠠᠭᠰᠠᠨ ᠦᠷ᠎ᠡ ᠪᠦᠲᠦᠮᠵᠢ ᠡᠳᠦᠷ ᠢᠷᠡᠬᠦᠶ᠎ᠡ ᠢᠯᠡᠷᠬᠡᠢ ᠪᠣᠯᠵᠠᠢ᠃ ᠰᠢᠨ᠎ᠡ ᠠᠶᠠᠨ ᠵᠠᠮ᠎ᠳᠤ᠂ ᠬᠥᠯᠥᠨ ᠪᠣᠢ᠌ᠷ ᠬᠤᠳᠠ ᠵᠢᠨ᠎ᠬᠢᠨ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠴᠢᠩᠭ᠋ᠠᠳᠬᠠᠬᠤ ᠪᠠᠢ᠌ᠯᠳᠤᠬᠤ ᠪᠣᠳᠣᠯᠭ᠎ᠠ ᠵᠢᠨ ᠲᠣᠭᠲᠠᠯ ᠬᠦᠴᠦᠨ᠎ᠢ ᠢᠮᠠᠭᠲᠠ ᠪᠠᠷᠢᠮᠲᠠᠯᠠᠵᠤ᠂ ᠠᠮᠢ ᠠᠬᠤᠢ ᠵᠢᠨ 《ᠥᠩᠭᠡ ᠵᠢᠰᠦ》 ᠵᠢ ᠡᠷᠡᠰ ᠬᠠᠮᠠᠭ᠋ᠠᠯᠠᠵᠤ᠂ ᠬᠥᠭᠵᠢᠯᠲᠡ ᠵᠢᠨ 《ᠨᠣᠭᠣᠭ᠋ᠠᠨ ᠬᠡᠮᠵᠢᠭᠳᠡᠯ》᠎ᠢ ᠲᠠᠰᠤᠷᠠᠯᠳᠡ ᠦᠭᠡᠢ ᠳᠡᠭᠡᠭᠰᠢᠯᠡᠭᠦᠯᠵᠦ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠴᠢᠨᠠᠷ ᠰᠠᠢ᠌ᠲᠠᠢ ᠬᠥᠭᠵᠢᠯᠲᠡ ᠵᠢᠨ ᠵᠠᠮ ᠵᠶ᠋ᠠᠷ ᠡᠷᠡᠯᠬᠡᠭᠯᠡᠨ ᠤᠷᠤᠭᠰᠢᠯᠠᠵᠤ᠂ ᠲᠣᠮᠣ ᠠᠯᠬᠤᠮ ᠵᠶ᠋ᠠᠷ ᠲᠠᠪᠰᠢᠨ᠎ᠠ᠃