2024 ᠣᠨ᠎ᠤ 12 ᠰᠠᠷ᠎ᠠ ᠵᠢᠨ 4᠎ᠤ ᠡᠳᠦᠷ ᠪᠣᠯ ᠮᠠᠨ᠎ᠤ ᠤᠯᠤᠰ᠎ᠤᠨ ᠠᠷᠪᠠᠨ ᠨᠢᠭᠡᠳᠦᠭᠡᠷ ᠤᠯᠤᠰ᠎ᠤᠨ ᠦᠨᠳᠦᠰᠦᠨ ᠬᠠᠤᠯᠢ ᠵᠢᠨ ᠡᠳᠦᠷ ᠪᠣᠯᠣᠨ᠎ᠠ᠂ 12 ᠰᠠᠷ᠎ᠠ ᠵᠢᠨ 1᠎ᠤ ᠡᠳᠦᠷ᠎ᠠᠴᠠ 7᠎ᠤ ᠡᠳᠦᠷ ᠪᠣᠯ ᠳᠣᠯᠣᠭ᠋ᠠᠳᠠᠬᠢ ᠦᠨᠳᠦᠰᠦᠨ ᠬᠠᠤᠯᠢ ᠵᠢᠨ ᠤᠬᠠᠭᠤᠯᠭ᠎ᠠ ᠵᠢᠨ ᠭᠠᠷᠠᠭ ᠪᠣᠯᠣᠨ᠎ᠠ᠃ ᠦᠨᠳᠦᠰᠦᠨ ᠬᠠᠤᠯᠢ ᠵᠢᠨ ᠰᠤᠷᠤᠯᠴᠠᠯᠭ᠎ᠠ ᠤᠬᠠᠭᠤᠯᠭ᠎ᠠ ᠵᠢ ᠴᠢᠩᠭ᠋ᠠᠳᠬᠠᠵᠤ᠂ ᠦᠨᠳᠦᠰᠦᠨ ᠬᠠᠤᠯᠢ ᠵᠢᠨ ᠤᠬᠠᠮᠰᠠᠷ᠎ᠢ ᠴᠢᠩᠭ᠋ᠠᠷᠠᠭᠤᠯᠵᠤ᠂ ᠦᠨᠳᠦᠰᠦᠨ ᠬᠠᠤᠯᠢ ᠵᠢᠨ ᠵᠣᠷᠢᠭ ᠰᠠᠨᠠᠭ᠎ᠠ ᠵᠢ ᠪᠠᠳᠠᠷᠠᠭᠤᠯᠬᠤ ᠵᠢᠨ ᠲᠥᠯᠥᠭᠡ᠂ ᠣᠢ᠌ᠷ᠎ᠠ ᠵᠢᠨ ᠡᠳᠦᠷ᠎ᠤᠳ᠎ᠲᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ 《ᠦᠨᠳᠦᠰᠦᠨ ᠬᠠᠤᠯᠢ ᠵᠢᠨ ᠵᠣᠷᠢᠭ ᠰᠠᠨᠠᠭ᠎ᠠ ᠵᠢ ᠶᠡᠬᠡᠪᠡᠷ ᠪᠠᠳᠠᠷᠠᠭᠤᠯᠵᠤ᠂ ᠥᠭᠡᠷᠡᠴᠢᠯᠡᠯᠲᠡ ᠵᠢ ᠴᠢᠨᠠᠭᠰᠢᠳᠠ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠵᠢ ᠠᠬᠢᠭᠤᠯᠬᠤ》᠎ᠪᠠᠷ ᠭᠣᠣᠯ ᠰᠡᠳᠦᠪ ᠪᠣᠯᠭ᠋ᠠᠵᠤ᠂ ᠪᠦᠬᠦ ᠺᠠᠳ᠋ᠷ ᠠᠵᠢᠯᠲᠠᠳ᠎ᠢ ᠵᠣᠬᠢᠶᠠᠨ ᠪᠠᠢ᠌ᠭᠤᠯᠤᠨ ᠤᠯᠠᠨ ᠬᠡᠯᠪᠡᠷᠢ ᠵᠢᠨ 《ᠦᠨᠳᠦᠰᠦᠨ ᠬᠠᠤᠯᠢ ᠵᠢᠨ ᠤᠬᠠᠭᠤᠯᠭ᠎ᠠ ᠵᠢᠨ ᠭᠠᠷᠠᠭ》᠎ᠤᠨ ᠬᠠᠤᠯᠢ ᠴᠠᠭ᠋ᠠᠵᠠ ᠵᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠵᠡᠢ᠃
ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ᠎ᠤᠨ ᠺᠠᠳ᠋ᠷ ᠠᠵᠢᠯᠲᠠᠳ ᠲᠥᠪᠯᠡᠷᠡᠭᠦᠯᠦᠨ ᠰᠤᠷᠤᠯᠴᠠᠬᠤ ᠪᠠ ᠥᠪᠡᠷ ᠵᠶ᠋ᠡᠨ ᠰᠤᠷᠤᠯᠴᠠᠬᠤ ᠠᠷᠭ᠎ᠠ ᠬᠡᠯᠪᠡᠷᠢ᠎ᠪᠠᠷ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠨ ᠬᠠᠤᠯᠢ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠠᠢ᠌ᠭᠤᠯᠬᠤ ᠵᠢ ᠠᠬᠢᠭᠤᠯᠬᠤ ᠳᠦᠷᠢᠮ》 ᠵᠡᠷᠭᠡ ᠵᠢᠷᠭᠤᠭ᠋ᠠᠨ ᠠᠬᠢᠭᠤᠯᠬᠤ ᠳᠦᠷᠢᠮ᠎ᠢ ᠨᠠᠷᠢᠨ ᠬᠢᠨᠠᠮᠠᠭ᠋ᠠᠢ ᠰᠤᠷᠤᠯᠴᠠᠵᠤ᠂ 《ᠦᠨᠳᠦᠰᠦᠨ ᠬᠠᠤᠯᠢ ᠵᠢᠨ ᠵᠣᠷᠢᠭ ᠰᠠᠨᠠᠭ᠎ᠠ ᠬᠠᠤᠯᠢᠵᠢᠯ᠎ᠤᠨ ᠬᠦᠴᠦᠨ — 2024 ᠣᠨ᠎ᠤ ᠬᠠᠤᠯᠢ ᠵᠢᠨ ᠰᠣᠳᠣᠴᠤᠤᠯ》 ᠭᠡᠬᠦ ᠲᠤᠰᠬᠠᠢ ᠰᠡᠳᠦᠪᠲᠦ ᠹᠢᠯᠢᠮ᠎ᠢ ᠰᠣᠨᠢᠷᠬᠠᠵᠤ᠂ ᠦᠨᠳᠦᠰᠦᠨ ᠬᠠᠤᠯᠢ ᠵᠢᠨ ᠰᠦᠯᠵᠢᠶᠡᠨ ᠳᠡᠭᠡᠷ᠎ᠡ ᠰᠡᠳᠦᠪ ᠬᠠᠷᠢᠭᠤᠯᠬᠤ ᠠᠵᠢᠯᠯᠠᠭ᠎ᠠ᠎ᠳᠤ ᠣᠷᠣᠯᠴᠠᠪᠠ᠃
ᠬᠠᠤᠯᠢ ᠵᠢ ᠰᠤᠷᠪᠠᠯ ᠶᠣᠰᠣ ᠤᠴᠢᠷ᠎ᠢ ᠣᠢ᠌ᠯᠠᠭ᠋ᠠᠵᠤ᠂ ᠬᠠᠤᠯᠢ ᠵᠢ ᠬᠡᠷᠡᠭᠯᠡᠪᠡᠯ ᠪᠡᠶ᠎ᠡ᠎ᠪᠠᠨ ᠲᠣᠭᠲᠠᠭ᠋ᠠᠵᠤ ᠲᠠᠢ᠌ᠯᠤᠨ᠎ᠠ᠃ ᠺᠠᠳ᠋ᠷ ᠠᠵᠢᠯᠲᠠᠨ ᠠᠵᠢᠯᠴᠢᠨ ᠰᠤᠷᠤᠯᠴᠠᠯᠭ᠎ᠠ᠎ᠪᠠᠷ ᠳᠠᠮᠵᠢᠨ ᠦᠨᠳᠦᠰᠦᠨ ᠬᠠᠤᠯᠢ ᠵᠢᠨ ᠤᠬᠠᠮᠰᠠᠷ ᠵᠶ᠋ᠠᠨ ᠳᠡᠭᠡᠭᠰᠢᠯᠡᠭᠦᠯᠵᠦ᠂ ᠬᠠᠤᠯᠢ᠎ᠪᠠᠷ ᠵᠠᠰᠠᠬᠤ ᠦᠵᠡᠯᠲᠡ᠎ᠪᠠᠨ ᠴᠢᠩᠭ᠋ᠠᠳᠬᠠᠵᠠᠢ᠃ ᠬᠣᠶ᠋ᠢᠰᠢᠳᠠ ᠦᠨᠳᠦᠰᠦᠨ ᠬᠠᠤᠯᠢ ᠵᠢ ᠰᠤᠷᠤᠯᠴᠠᠵᠤ ᠤᠬᠠᠭᠤᠯᠬᠤ ᠵᠢ ᠡᠳᠦᠷ ᠲᠤᠲᠤᠮ᠎ᠤᠨ ᠠᠵᠢᠯ᠎ᠳᠠᠭᠠᠨ ᠠᠭᠤᠰᠤᠯᠴᠠᠭᠤᠯᠵᠤ᠂ ᠬᠠᠤᠯᠢᠵᠢᠯ᠎ᠤᠨ ᠬᠥᠮᠦᠵᠢᠯ᠎ᠤᠨ ᠬᠡᠯᠪᠡᠷᠢ ᠪᠣᠯᠣᠨ ᠠᠭᠤᠯᠭ᠎ᠠ ᠵᠢ ᠦᠷᠭᠦᠯᠵᠢᠯᠡᠨ ᠥᠷᠭᠡᠳᠬᠡᠵᠦ᠂ ᠬᠠᠤᠯᠢ ᠵᠢ ᠰᠤᠷᠤᠯᠴᠠᠬᠤ᠂ ᠬᠠᠤᠯᠢ ᠵᠢ ᠮᠡᠳᠡᠬᠦ᠂ ᠬᠠᠤᠯᠢ ᠵᠢ ᠣᠢ᠌ᠯᠠᠭ᠋ᠠᠬᠤ᠂ ᠬᠠᠤᠯᠢ ᠵᠢ ᠰᠠᠬᠢᠬᠤ ᠰᠠᠢ᠍ᠢ᠍ᠨ ᠢᠷᠭᠡᠨ ᠪᠣᠯᠬᠤ᠎ᠪᠠᠷ ᠴᠢᠷᠮᠠᠢ᠌ᠵᠤ᠂ ᠠᠩᠬᠠᠷᠤᠯ ᠪᠣᠯᠣᠨ ᠬᠦᠴᠦᠨ ᠵᠶ᠋ᠡᠨ ᠲᠥᠪᠯᠡᠷᠡᠭᠦᠯᠵᠦ ᠪᠠᠶ᠋ᠢᠭ᠋ᠠᠳ 《ᠬᠣᠶᠠᠷ ᠶᠡᠬᠡ ᠶᠠᠪᠤᠳᠠᠯ》᠎ᠢ ᠰᠠᠶ᠋ᠢᠲᠤᠷ ᠬᠢᠵᠦ᠂ ᠥᠭᠡᠷᠡᠴᠢᠯᠡᠯᠲᠡ ᠵᠢ ᠴᠢᠨᠠᠭᠰᠢᠳᠠ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ᠎ᠳᠤ ᠰᠠᠢ᠍ᠢ᠍ᠨ ᠰᠠᠢ᠌ᠬᠠᠨ ᠬᠠᠤᠯᠢᠵᠢᠯ᠎ᠤᠨ ᠣᠷᠴᠢᠨ ᠲᠣᠭᠣᠷᠢᠨ᠎ᠢ ᠪᠤᠢ ᠪᠣᠯᠭ᠋ᠠᠨ᠎ᠠ ᠭᠡᠵᠦ ᠤᠯᠠᠨ ᠵᠶ᠋ᠠᠷ ᠵᠶ᠋ᠠᠨ ᠢᠯᠡᠳᠬᠡᠵᠡᠭᠡᠪᠡ᠃