ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠲᠤᠰᠬᠠᠢ ᠮᠡᠳᠡᠭᠡᠯᠡᠯ
ᠣᠷᠳᠣᠰ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠦᠨᠡᠨᠴᠢ ᠢᠲᠡᠭᠡᠮᠵᠢ ᠵᠢ ᠡᠷᠬᠢᠮᠯᠡᠬᠦ᠂ ᠢᠲᠡᠭᠡᠮᠵᠢ᠎ᠲᠠᠢ ᠪᠠᠶ᠋ᠢᠬᠤ ᠰᠠᠶ᠋ᠢᠨ ᠰᠠᠢ᠌ᠬᠠᠨ ᠠᠭᠤᠷ ᠠᠮᠢᠰᠬᠤᠯ᠎ᠢ ᠪᠥᠬᠥ ᠬᠦᠴᠦᠨ ᠵᠶ᠋ᠡᠷ ᠵᠶ᠋ᠡᠨ ᠪᠤᠢ ᠪᠣᠯᠭ᠋ᠠᠪᠠ
ᠨᠡᠶ᠋ᠢᠲᠡᠯᠡᠭᠰᠡᠨ ᠴᠠᠭ᠄ 2024-06-01

      ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠵᠢᠨ ᠲᠥᠯᠥᠭᠡ᠂ ᠣᠷᠳᠣᠰ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ᠎ᠬᠢᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ᠎ᠳᠠᠭᠠᠨ ᠰᠠᠭᠤᠷᠢᠯᠠᠵᠤ᠂ ᠤᠯᠠᠨ ᠠᠷᠭ᠎ᠠ ᠬᠡᠮᠵᠢᠶ᠎ᠡ ᠵᠢ ᠵᠡᠷᠭᠡᠪᠡᠷ ᠬᠡᠷᠡᠭᠯᠡᠵᠦ᠂ ᠤᠯᠠᠨ ᠴᠢᠭᠯᠡᠯ ᠵᠶ᠋ᠡᠷ ᠬᠦᠴᠦᠯᠡᠵᠦ᠂ ᠣᠷᠳᠣᠰ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠤ ᠦᠨᠡᠨᠴᠢ ᠢᠲᠡᠭᠡᠮᠵᠢ ᠵᠢᠨ ᠣᠢ᠌ᠯᠠᠭ᠋ᠠᠭᠳᠠᠬᠤᠨ᠎ᠢ ᠳᠠᠮᠵᠢᠭᠤᠯᠵᠤ᠂ ᠢᠲᠡᠭᠡᠯ᠎ᠲᠠᠢ ᠪᠠᠶ᠋ᠢᠬᠤ ᠳᠡᠪᠢᠰᠬᠡᠷ ᠥᠩᠭᠡ ᠵᠢ ᠣᠯᠬᠤ᠎ᠳᠤ ᠰᠠᠢ᠍ᠢ᠍ᠨ ᠰᠠᠢ᠌ᠬᠠᠨ ᠠᠭᠤᠷ ᠠᠮᠢᠰᠬᠤᠯ᠎ᠢ ᠪᠤᠢ ᠪᠣᠯᠭ᠋ᠠᠪᠠ᠃
      ᠠᠵᠢᠯ᠎ᠤᠨ ᠡᠭᠦᠷᠭᠡ ᠴᠢᠳᠠᠪᠬᠢ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠡᠭᠦᠷᠭᠡ ᠵᠢᠨ ᠠᠵᠢᠯ᠎ᠤᠨ ᠬᠤᠪᠢᠶᠠᠷᠢᠯᠠᠯ᠎ᠢ ᠭᠠᠵᠠᠷ ᠣᠷᠣᠨ᠎ᠤ ᠠᠵᠢᠯ᠎ᠤᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠣᠷᠳᠣᠰ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ 《ᠪᠥᠬᠥ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠠᠬᠢ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠤᠨ ᠬᠡᠷᠡᠭᠵᠢᠭᠦᠯᠬᠦ ᠲᠥᠰᠥᠯ》᠎ᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠤ᠂ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ᠂ ᠬᠤᠳᠠᠯᠳᠤᠭ᠋ᠠᠨ᠎ᠤ ᠶᠠᠪᠤᠳᠠᠯ᠎ᠤᠨ ᠦᠨᠡᠨᠴᠢ ᠢᠲᠡᠭᠡᠮᠵᠢ᠂ ᠨᠡᠢ᠌ᠭᠡᠮ᠎ᠤᠨ ᠦᠨᠡᠨᠴᠢ ᠢᠲᠡᠭᠡᠮᠵᠢ ᠵᠡᠷᠭᠡ ᠭᠤᠷᠪᠠᠨ ᠲᠠᠯ᠎ᠠ᠎ᠠᠴᠠ ᠪᠣᠳᠠᠲᠠᠢ ᠠᠵᠢᠯ᠎ᠤᠨ ᠡᠭᠦᠷᠭᠡ ᠳᠤᠷᠠᠳᠴᠤ᠂ ᠴᠠᠭ ᠬᠤᠭᠤᠴᠠᠭ᠋ᠠᠨ᠎ᠤ ᠵᠠᠩᠭᠢᠯᠠᠭ᠎ᠠ ᠴᠡᠭ ᠪᠠ ᠬᠠᠷᠢᠭᠤᠴᠠᠯᠭ᠋ᠠᠲᠤ ᠨᠢᠭᠡᠴᠢ ᠵᠢ ᠲᠣᠳᠣᠷᠬᠠᠢ᠌ᠯᠠᠪᠠ᠃ ᠲᠥᠪᠯᠡᠷᠡᠭᠦᠯᠦᠨ ᠲᠣᠬᠢᠷᠠᠭᠤᠯᠬᠤ᠂ ᠪᠠᠢ᠌ᠭᠤᠯᠭ᠎ᠠ ᠵᠢᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠤᠷᠢᠳᠴᠢᠯᠠᠨ ᠣᠷᠣᠯᠴᠠᠬᠤ᠂ ᠭᠣᠣᠯ ᠤᠳᠤᠷᠢᠳᠤᠯᠭ᠎ᠠ ᠪᠣᠯᠣᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ᠎ᠳᠤ ᠲᠣᠭᠲᠠᠭᠰᠠᠨ ᠴᠠᠭ᠎ᠲᠤ ᠬᠠᠷᠢᠭᠤ ᠮᠡᠳᠡᠭᠦᠯᠬᠦ ᠵᠡᠷᠭᠡ ᠬᠡᠯᠪᠡᠷᠢ᠎ᠪᠠᠷ ᠲᠤᠰ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠤ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠢ ᠬᠦᠴᠦᠲᠡᠢ ᠠᠬᠢᠭᠤᠯᠪᠠ᠃
      ᠠᠵᠢᠯ ᠲᠥᠷᠥᠯ᠎ᠤᠨ ᠣᠨᠴᠠᠯᠢᠭ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠢᠲᠡᠭᠡᠮᠵᠢ ᠵᠢᠨ ᠦᠨᠡᠯᠡᠯᠲᠡ ᠵᠢ ᠥᠷᠨᠢᠭᠦᠯᠪᠡ᠃ ᠢᠲᠡᠭᠡᠮᠵᠢ ᠵᠢᠨ ᠦᠨᠡᠯᠡᠯᠲᠡ ᠪᠣᠯ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠢ ᠠᠬᠢᠭᠤᠯᠬᠤ ᠴᠢᠬᠤᠯᠠ ᠭᠠᠷᠳᠠᠴᠠ ᠮᠥᠨ᠂ 2024 ᠣᠨ᠎ᠤ 4 ᠰᠠᠷ᠎ᠠ᠎ᠳᠤ ᠣᠷᠳᠣᠰ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢᠨ ᠠᠮᠢ ᠠᠬᠤᠢ ᠣᠷᠴᠢᠨ ᠲᠣᠭᠣᠷᠢᠨ᠎ᠤ ᠢᠲᠡᠭᠡᠮᠵᠢ ᠵᠢᠨ ᠦᠨᠡᠯᠡᠯᠲᠡ ᠵᠢᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠪᠣᠯᠣᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠤᠷᠪᠠᠳᠠᠭᠢ ᠡᠲᠡᠭᠡᠳ᠎ᠤᠨ ᠠᠮᠢ ᠠᠬᠤᠢ ᠣᠷᠴᠢᠨ ᠲᠣᠭᠣᠷᠢᠨ᠎ᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠢᠲᠡᠭᠡᠮᠵᠢ ᠵᠢᠨ ᠦᠨᠡᠯᠡᠯᠲᠡ ᠵᠢᠨ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ (ᠲᠤᠷᠰᠢᠨ ᠬᠡᠷᠡᠭᠵᠢᠭᠦᠯᠬᠦ)》 ᠵᠢ ᠦᠨᠳᠦᠰᠦᠯᠡᠨ᠂ 2023 ᠣᠨ᠎ᠤ ᠪᠥᠬᠥ ᠬᠣᠲᠠ ᠵᠢᠨ 544 ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠪᠠ 136 ᠭᠤᠷᠪᠠᠳᠠᠭᠢ ᠡᠲᠡᠭᠡᠳ᠎ᠤᠨ ᠠᠮᠢ ᠠᠬᠤᠢ ᠣᠷᠴᠢᠨ ᠲᠣᠭᠣᠷᠢᠨ᠎ᠤ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠢᠲᠡᠭᠡᠮᠵᠢ ᠵᠢᠨ ᠦᠨᠡᠯᠡᠯᠲᠡ ᠬᠢᠭᠰᠡᠨ ᠪᠥᠭᠡᠳ ᠬᠣᠲᠠ ᠵᠢᠨ ᠠᠮᠢ ᠠᠬᠤᠢ  ᠣᠷᠴᠢᠨ ᠲᠣᠭᠣᠷᠢᠨ᠎ᠤ ᠠᠯᠪᠠᠨ᠎ᠤ ᠰᠦᠯᠵᠢᠶ᠎ᠡ᠎ᠳᠤ ᠦᠨᠡᠯᠡᠯᠲᠡ ᠵᠢᠨ ᠦᠷ᠎ᠡ ᠳ᠋ᠦᠩ᠎ᠢ ᠨᠡᠢ᠌ᠲᠡᠯᠡᠪᠡ᠃ ᠲᠠᠷᠠᠭ᠋ᠠᠴᠢ ᠵᠢᠨ ᠠᠯᠬᠤᠮ᠎ᠳᠤ᠂ ᠣᠷᠳᠣᠰ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠦᠨᠡᠯᠡᠯᠲᠡ ᠵᠢᠨ ᠦᠷ᠎ᠡ ᠳ᠋ᠦᠩ᠎ᠢ ᠦᠨᠳᠦᠰᠦᠯᠡᠨ ᠵᠦᠷᠢᠶᠡᠴᠢᠯᠡᠭᠰᠡᠨ ᠬᠢᠨᠠᠯᠲᠠ ᠬᠠᠮᠢᠶᠠᠷᠤᠯᠲᠠ ᠪᠠ ᠵᠢᠭ᠋ᠠᠨ ᠵᠢᠯᠤᠭᠣᠳᠴᠤ ᠬᠠᠪᠰᠤᠷᠤᠨ ᠲᠡᠳᠬᠦᠬᠦ ᠵᠢ ᠬᠡᠷᠡᠭᠵᠢᠭᠦᠯᠦᠨ᠎ᠡ᠃
      ᠠᠵᠢᠯ᠎ᠤᠨ ᠭᠣᠣᠯᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠤᠰᠬᠠᠢ ᠵᠠᠰᠠᠯᠲᠠ ᠵᠢ ᠥᠷᠨᠢᠭᠦᠯᠪᠡ᠃ 《ᠬᠠᠤᠯᠢ ᠵᠢ ᠵᠥᠷᠢᠴᠡᠵᠦ ᠢᠲᠡᠭᠡᠯ ᠠᠯᠳᠠᠭᠰᠠᠨ ᠭᠣᠣᠯ ᠴᠣᠭᠴᠠ ᠵᠢ ᠤᠯᠠᠨ ᠤᠳᠠᠭ᠎ᠠ ᠲᠤᠰᠬᠠᠢ᠌ᠯᠠᠨ ᠵᠠᠰᠠᠬᠤ ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠲᠣᠰ ᠬᠣᠲᠠ ᠵᠢᠨ ᠣᠢ᠌ᠷ᠎ᠠ ᠵᠢᠨ ᠭᠤᠷᠪᠠᠨ ᠵᠢᠯ᠎ᠳᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠤᠯᠠᠨ ᠤᠳᠠᠭ᠎ᠠ ᠵᠠᠰᠠᠭ ᠵᠠᠬᠢᠷᠭ᠋ᠠᠨ᠎ᠤ ᠰᠢᠢ᠍ᠳᠬᠡᠯ ᠣᠯᠣᠭᠰᠠᠨ 33 ᠡᠵᠡᠩᠨᠡᠯᠲᠡ ᠵᠢᠨ ᠭᠣᠣᠯ ᠴᠣᠭᠴᠠ᠎ᠳᠤ ᠪᠣᠯᠵᠣᠨ ᠶᠠᠷᠢᠯᠴᠠᠵᠤ ᠰᠡᠷᠡᠮᠵᠢᠯᠡᠭᠦᠯᠬᠦ᠂ ᠢᠲᠡᠭᠡᠮᠵᠢ ᠵᠢᠨ ᠠᠮᠠᠯᠠᠯᠲᠠ ᠬᠢᠬᠦ᠂ ᠭᠣᠣᠯᠳᠠᠯᠭ᠎ᠠ᠎ᠲᠠᠢ ᠬᠢᠨᠠᠨ ᠬᠠᠮᠢᠶᠠᠷᠬᠤ ᠵᠡᠷᠭᠡ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠲᠤᠰᠬᠠᠢ᠌ᠯᠠᠨ ᠵᠠᠰᠠᠬᠤ ᠠᠵᠢᠯ᠎ᠢ ᠥᠷᠨᠢᠭᠦᠯᠪᠡ᠃ ᠡᠭᠦᠨ᠎ᠤ ᠬᠠᠮᠲᠤ ᠢᠲᠡᠭᠡᠮᠵᠢ ᠵᠢ ᠰᠡᠷᠭᠦᠭᠡᠬᠦ ᠠᠷᠭ᠎ᠠ ᠵᠠᠮ᠎ᠢ ᠰᠠᠭ᠋ᠠᠳ ᠦᠭᠡᠢ ᠨᠠᠪᠲᠠᠷᠡᠭᠦᠯᠵᠦ᠂ ᠰᠠᠨᠠᠭ᠋ᠠᠴᠢᠯᠠᠭ᠎ᠠ᠎ᠠᠴᠠ᠎ᠪᠠᠨ ᠵᠣᠯᠭ᠋ᠠᠭᠤᠯᠵᠤ᠂ ᠢᠲᠡᠭᠡᠮᠵᠢ ᠠᠯᠳᠠᠭᠰᠠᠨ ᠠᠵᠤ ᠠᠬᠤᠢ᠌ᠯᠠᠯ᠎ᠳᠤ ᠢᠲᠡᠭᠡᠮᠵᠢ ᠵᠢᠨ ᠮᠡᠳᠡᠭᠡ ᠵᠠᠩᠭᠢ ᠵᠢ ᠰᠡᠷᠭᠦᠭᠡᠬᠦ ᠵᠢ ᠰᠠᠨᠠᠭᠤᠯᠵᠤ᠂ ᠢᠲᠡᠭᠡᠮᠵᠢ ᠵᠢᠨ ᠮᠡᠳᠡᠭᠡ ᠵᠠᠩᠭᠢ ᠵᠢ ᠰᠡᠷᠭᠦᠭᠡᠬᠦ᠎ᠳᠤ ᠬᠡᠷᠡᠭᠰᠡᠬᠦ ᠮᠠᠲ᠋ᠧᠷᠢᠶᠠᠯ ᠪᠠ ᠬᠢᠨᠠᠨ ᠬᠠᠷᠭᠤᠭᠤᠯᠬᠤ ᠶᠠᠪᠤᠴᠠ ᠵᠡᠷᠭᠡ ᠨᠠᠷᠢᠨ ᠠᠭᠤᠯᠭ᠎ᠠ ᠵᠢ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠠᠯᠪᠠᠨ ᠰᠦᠯᠵᠢᠶ᠎ᠡ᠎ᠳᠤ ᠨᠡᠢ᠌ᠲᠡᠯᠡᠪᠡ᠃ ᠨᠢᠭᠡ ᠪᠦᠯᠦᠭ ᠢᠲᠡᠭᠡᠯ ᠵᠶ᠋ᠡᠨ ᠠᠯᠳᠠᠭᠰᠠᠨ ᠬᠡᠷᠡᠭ᠎ᠤᠨ ᠰᠦᠪᠡᠭᠴᠢ ᠵᠢ ᠵᠢᠭᠰᠠᠭ᠋ᠠᠨ ᠪᠠᠢ᠌ᠴᠠᠭ᠋ᠠᠬᠤ᠎ᠪᠠᠷ ᠳᠠᠮᠵᠢᠭᠤᠯᠤᠨ᠂ ᠨᠢᠭᠡ ᠪᠦᠯᠦᠭ ᠢᠲᠡᠭᠡᠯ ᠵᠶ᠋ᠡᠨ ᠠᠯᠳᠠᠭᠰᠠᠨ ᠡᠵᠡᠩᠨᠡᠯᠲᠡ ᠵᠢᠨ ᠭᠣᠣᠯ ᠴᠣᠭᠴᠠ ᠵᠢ ᠵᠠᠯᠬᠠᠭ᠋ᠠᠨ ᠴᠡᠭᠡᠷᠯᠡᠭᠦᠯᠵᠦ᠂ ᠨᠢᠭᠡ ᠪᠦᠯᠦᠭ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠢᠯᠡᠴᠢᠯᠡᠵᠦ᠂ ᠨᠢᠭᠡ ᠬᠡᠷᠡᠭ᠎ᠢ ᠪᠠᠢ᠌ᠴᠠᠭ᠋ᠠᠨ ᠰᠢᠢ᠍ᠳᠪᠦᠷᠢᠯᠡᠬᠦ᠎ᠪᠠᠷ ᠨᠢᠭᠡ ᠪᠦᠯᠦᠭ᠎ᠢ ᠰᠡᠷᠡᠮᠵᠢᠯᠡᠭᠦᠯᠬᠦ᠂ ᠨᠢᠭᠡ ᠬᠡᠰᠡᠭ᠎ᠢ ᠰᠤᠷᠭ᠋ᠠᠨ ᠬᠥᠮᠥᠵᠢᠭᠦᠯᠬᠦ ᠦᠷ᠎ᠡ ᠪᠦᠲᠦᠮᠵᠢ ᠵᠢ ᠪᠡᠶᠡᠯᠡᠭᠦᠯᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠤᠯᠠᠭ᠋ᠠᠨᠴᠠᠪ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠠᠮᠢ ᠠᠬᠤᠢ ᠣᠷᠴᠢᠨ ᠲᠣᠭᠣᠷᠢᠨ᠎ᠤ ᠢᠲᠡᠭᠡᠮᠵᠢ ᠵᠢᠨ ᠦᠨᠡᠯᠡᠯᠲᠡ ᠵᠢᠨ ᠠᠵᠢᠯ᠎ᠢ ᠪᠥᠬᠥ ᠲᠠᠯ᠎ᠠ᠎ᠪᠠᠷ ᠥᠷᠨᠢᠭᠦᠯᠪᠡ
ᠬᠤᠪᠢ ᠬᠥᠮᠥᠨ᠎ᠤ ᠦᠢ᠍ᠯᠡ ᠶᠠᠪᠤᠳᠠᠯ᠎ᠤᠨ ᠮᠠᠲ᠋ᠧᠷᠢᠶᠠᠯ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2024 ᠣᠨ᠎ᠤ ᠪᠥᠬᠥ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠬᠦ ᠠᠵᠢᠯ ᠵᠢᠴᠢ ᠶᠡᠬᠡ ᠪᠤᠯᠪᠠᠰᠤᠷᠠᠯ᠎ᠤᠨ ᠳᠠᠢ᠌ᠴᠢᠯᠠᠯᠲᠠ ᠵᠢᠨ ᠬᠤᠷᠠᠯ ᠬᠤᠷᠠᠯᠳᠤᠵᠠᠢ
ᠵᠠᠮ ᠨᠡᠭᠡᠭᠡᠨ ᠤᠷᠤᠭᠰᠢᠯᠠᠵᠤ ᠵᠣᠷᠢᠭᠲᠠᠢ᠎ᠪᠠᠷ ᠬᠣᠰᠢᠭᠤᠷᠠᠨ᠎ᠠ
 
             蒙ICP备05000248号