ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠲᠤᠰᠬᠠᠢ ᠮᠡᠳᠡᠭᠡᠯᠡᠯ
ᠵᠠᠮ ᠨᠡᠭᠡᠭᠡᠨ ᠤᠷᠤᠭᠰᠢᠯᠠᠵᠤ ᠵᠣᠷᠢᠭᠲᠠᠢ᠎ᠪᠠᠷ ᠬᠣᠰᠢᠭᠤᠷᠠᠨ᠎ᠠ
ᠨᠡᠶ᠋ᠢᠲᠡᠯᠡᠭᠰᠡᠨ ᠴᠠᠭ᠄ 2024-06-15

      ᠯᠢ ᠰᠢᠤᠸᠠᠢ ᠹᠧᠩ᠂ ᠡᠷᠡᠭᠲᠡᠢ᠂ ᠬᠢᠲᠠᠳ ᠦᠨᠳᠦᠰᠦᠲᠡᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠂ 2012 ᠣᠨ᠎ᠳᠤ ᠠᠵᠢᠯ᠎ᠳᠤ ᠣᠷᠣᠯᠴᠠᠵᠤ᠂ ᠣᠲᠣ ᠪᠤᠭᠤᠲᠤ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠵᠢᠨ ᠪᠠᠢ᠌ᠴᠠᠭ᠋ᠠᠬᠤ ᠶᠡᠬᠡ ᠠᠩᠭᠢ ᠵᠢᠨ ᠳᠠᠷᠤᠭ᠎ᠠ ᠵᠢᠨ ᠲᠤᠰᠢᠶᠠᠯ᠎ᠲᠠᠢ᠃
      2012 ᠣᠨ᠎ᠳᠤ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠠᠵᠢᠯ᠎ᠢ ᠬᠢᠭᠰᠡᠨ᠎ᠠᠴᠠ ᠨᠠᠭ᠋ᠠᠰᠢ᠂ ᠢᠮᠠᠭᠲᠠ ᠳᠡᠭᠡᠳᠦ ᠬᠡᠮᠵᠢᠶᠡᠨ᠎ᠤ ᠬᠠᠷᠢᠭᠤᠴᠠᠯᠭ᠋ᠠᠲᠤ ᠰᠡᠳᠬᠢᠯᠭᠡ ᠪᠣᠯᠣᠨ ᠴᠢᠩᠭ᠎ᠠ ᠠᠵᠢᠯ ᠦᠢ᠍ᠯᠡᠰ᠎ᠤᠨ ᠰᠡᠳᠬᠢᠯᠭᠡ᠂ ᠦᠨᠡᠨ᠎ᠢ ᠪᠠᠷᠢᠮᠲᠠᠯᠠᠨ ᠪᠣᠳᠠᠲᠠᠢ ᠵᠢ ᠡᠷᠬᠢᠮᠯᠡᠬᠦ ᠠᠵᠢᠯ᠎ᠤᠨ ᠰᠤᠷᠲᠠᠯ ᠪᠣᠯᠣᠨ ᠵᠠᠮ ᠨᠡᠭᠡᠭᠡᠨ ᠰᠢᠨ᠎ᠡ ᠵᠢ ᠡᠭᠦᠳᠬᠦ ᠠᠵᠢᠯ᠎ᠤᠨ ᠰᠡᠳᠬᠢᠴᠡ᠎ᠪᠠᠷ ᠲᠤᠬᠠᠢ᠌ᠯᠠᠭᠰᠠᠨ ᠠᠵᠢᠯ᠎ᠳᠠᠭᠠᠨ ᠬᠠᠨᠳᠤᠭᠰᠠᠭ᠋ᠠᠷ ᠢᠷᠠᠵᠠᠢ᠃ ᠠᠵᠢᠯ᠎ᠤᠨ ᠪᠠᠶ᠋ᠢᠷᠢ᠎ᠪᠠᠨ ᠬᠠᠢ᠌ᠷᠠᠯᠠᠨ ᠠᠵᠢᠯ ᠦᠢ᠍ᠯᠡᠰ ᠵᠶ᠋ᠡᠨ ᠳᠡᠭᠡᠳᠦᠯᠡᠵᠦ᠂ ᠦᠭᠡ ᠲᠠᠭᠤᠨ ᠦᠭᠡᠢ᠎ᠪᠠᠷ ᠬᠤᠪᠢ ᠨᠡᠮᠡᠷᠢ ᠦᠵᠡᠭᠦᠯᠵᠦ᠂ ᠰᠢᠷᠭ᠋ᠠᠭᠤ ᠬᠢᠴᠢᠶᠡᠩᠭᠦᠢ᠎ᠪᠠᠷ ᠠᠵᠢᠯᠯᠠᠵᠤ᠂ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ᠎ᠪᠠᠷ ᠡᠬᠡᠯ ᠵᠢᠷ᠎ᠤᠨ ᠠᠵᠢᠯ᠎ᠤᠨ ᠪᠠᠶ᠋ᠢᠷᠢ ᠳᠡᠭᠡᠷ᠎ᠡ᠎ᠪᠠᠨ ᠶᠡᠷᠦ ᠪᠤᠰᠤ ᠵᠢᠨ ᠬᠤᠪᠢ ᠨᠡᠮᠡᠷᠢ᠎ᠪᠠᠨ ᠦᠵᠡᠭᠦᠯᠵᠡᠢ᠃
      ᠨᠢᠭᠡ᠂ ᠰᠤᠷᠤᠯᠴᠠᠯᠭ᠎ᠠ ᠵᠢ ᠴᠢᠬᠤᠯᠠᠴᠢᠯᠠᠨ ᠥᠪᠡᠷ᠎ᠢ᠎ᠪᠠᠨ ᠨᠥᠬᠥᠪᠦᠷᠢᠯᠡᠵᠦ ᠤᠯᠤᠰ ᠲᠥᠷᠥ ᠵᠢᠨ ᠬᠢᠷᠢ ᠲᠦᠪᠰᠢᠨ ᠪᠠ ᠲᠤᠬᠠᠢ᠌ᠯᠠᠭᠰᠠᠨ ᠠᠵᠢᠯ᠎ᠤᠨ ᠬᠡᠪ ᠴᠢᠨᠠᠷ ᠵᠶ᠋ᠠᠨ ᠳᠡᠭᠡᠭᠰᠢᠯᠡᠭᠦᠯᠪᠡ
      ᠡᠪ ᠬᠠᠮᠲᠤ ᠨᠠᠮ᠎ᠤᠨ ᠭᠡᠰᠢᠭᠦᠨ ᠪᠣᠯᠤᠭᠰᠠᠨ᠎ᠤ ᠬᠤᠪᠢ᠎ᠳᠤ᠂ ᠤᠨᠤᠯ ᠵᠶ᠋ᠠᠷ ᠵᠡᠪᠰᠡᠭᠯᠡᠬᠦ ᠵᠢ ᠲᠡᠷᠢᠭᠦᠨ ᠪᠠᠶ᠋ᠢᠷᠢᠨ᠎ᠳᠤ ᠲᠠᠯᠪᠢᠬᠤ ᠵᠢ ᠪᠠᠷᠢᠮᠲᠠᠯᠠᠵᠤ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢᠴᠢ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠠᠯᠪᠢᠭᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠵᠤ᠂ ᠬᠦᠰᠡᠯᠡᠩ ᠢᠲᠡᠭᠡᠯ ᠪᠢᠰᠢᠷᠡᠯ ᠵᠶ᠋ᠡᠨ ᠲᠠᠰᠤᠷᠠᠯᠳᠡ ᠦᠭᠡᠢ ᠪᠠᠲᠤᠳᠬᠠᠵᠤ᠂ ᠨᠠᠮᠴᠢ ᠴᠢᠨᠠᠷ᠎ᠤᠨ ᠪᠣᠯᠪᠠᠰᠤᠷᠠᠯ ᠵᠶ᠋ᠠᠨ ᠴᠢᠩᠭ᠋ᠠᠳᠬᠠᠪᠠ᠃ ᠲᠤᠬᠠᠢ᠌ᠯᠠᠭᠰᠠᠨ ᠠᠵᠢᠯ᠎ᠠᠴᠠ᠎ᠪᠠᠨ ᠡᠭᠦᠰᠴᠦ᠂ ᠲᠤᠬᠠᠢ᠌ᠯᠠᠭᠰᠠᠨ ᠠᠵᠢᠯ᠎ᠤᠨ ᠰᠤᠷᠤᠯᠴᠠᠯᠭ᠎ᠠ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠲᠤᠬᠠᠢ᠌ᠯᠠᠭᠰᠠᠨ ᠠᠵᠢᠯ᠎ᠤᠨ ᠰᠠᠭᠤᠷᠢ᠎ᠪᠠᠨ ᠲᠠᠰᠤᠷᠠᠯᠲᠠ ᠦᠭᠡᠢ ᠪᠠᠲᠤᠳᠬᠠᠵᠤ᠂ ᠬᠠᠤᠯᠢ ᠬᠡᠷᠡᠭᠵᠢᠭᠦᠯᠬᠦ ᠠᠷᠭ᠎ᠠ ᠪᠠᠷᠢᠯ᠎ᠤᠨ ᠰᠢᠨ᠎ᠡ ᠵᠢ ᠡᠭᠦᠳᠬᠦ᠎ᠪᠠᠷ ᠴᠢᠷᠮᠠᠢ᠌ᠵᠤ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠠᠷᠭ᠎ᠠ ᠪᠠᠷᠢᠯ᠎ᠤᠨ ᠡᠮᠦᠨ᠎ᠡ᠂ ᠮᠠᠲ᠋ᠧᠷᠢᠶᠠᠯ᠎ᠢ ᠲᠣᠬᠢᠷᠠᠭᠤᠯᠵᠤ᠂ ᠬᠡᠷᠡᠭ᠎ᠤᠨ ᠵᠢᠱ᠌ᠢᠶ᠎ᠡ ᠵᠢ ᠪᠠᠢ᠌ᠴᠠᠭ᠋ᠠᠵᠤ᠂ ᠦᠨᠡᠨ ᠪᠣᠳᠠᠲᠠᠢ ᠠᠰᠠᠭᠤᠳᠠᠯ᠎ᠢ ᠰᠢᠢ᠍ᠳᠪᠦᠷᠢᠯᠡᠵᠦ᠂ ᠳᠠᠯᠳᠠᠭᠤᠷ ᠵᠢᠭᠰᠠᠭ᠋ᠠᠭᠰᠠᠨ᠂ ᠰᠢᠭᠤᠳ ᠵᠢᠭᠰᠠᠭ᠋ᠠᠭᠰᠠᠨ᠂ ᠰᠦᠯᠵᠢᠶᠡᠨ ᠳᠡᠭᠡᠷᠡᠬᠢ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢ ᠬᠠᠭᠤᠷᠮᠠᠭ ᠵᠶ᠋ᠠᠷ ᠵᠣᠬᠢᠶᠠᠭᠰᠠᠨ᠂ ᠶᠠᠯ᠎ᠠ ᠬᠢᠭᠰᠡᠨ ᠵᠶ᠋ᠡᠷ ᠰᠡᠵᠢᠭᠯᠡᠭᠳᠡᠭᠰᠡᠨ ᠵᠡᠷᠭᠡ ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠶᠡᠬᠡ ᠬᠡᠷᠡᠭ ᠴᠢᠬᠤᠯᠠ ᠬᠡᠷᠡᠭ᠎ᠢ ᠵᠠᠯᠭ᠋ᠠᠪᠡᠷ ᠤᠯᠠᠨ ᠢᠯᠡᠷᠡᠭᠦᠯᠵᠦ᠂ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠵᠢ ᠴᠢᠩᠭ᠎ᠠ ᠬᠦᠴᠦᠲᠡᠢ ᠰᠦᠷᠳᠡᠭᠦᠯᠪᠡ᠃ ᠲᠤᠰ ᠪᠡᠶ᠎ᠡ ᠵᠢᠨ ᠰᠤᠷᠤᠯᠴᠠᠯᠭ᠎ᠠ ᠵᠢ ᠴᠢᠩᠭ᠎ᠠ ᠠᠳᠬᠤᠭᠰᠠᠨ ᠵᠶ᠋ᠠᠷ ᠪᠠᠷᠠᠬᠤ ᠦᠭᠡᠢ᠂ ᠪᠠᠰᠠ ᠭᠡᠰᠢᠭᠦᠳ ᠵᠶ᠋ᠡᠨ ᠳᠠᠭ᠋ᠠᠭᠤᠯᠵᠤ᠂ ᠲᠣᠭᠲᠠᠭᠰᠠᠨ ᠬᠤᠭᠤᠴᠠᠭ᠎ᠠ᠎ᠲᠠᠢ᠎ᠪᠠᠷ ᠬᠡᠷᠡᠭ᠎ᠢ ᠪᠠᠢ᠌ᠴᠠᠭ᠋ᠠᠨ ᠰᠢᠢ᠍ᠳᠪᠦᠷᠢᠯᠡᠭᠰᠡᠨ ᠪᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠦᠭᠰᠡᠨ ᠰᠣᠩᠭᠣᠳᠠᠭ ᠬᠡᠷᠡᠭ᠎ᠤᠨ ᠵᠢᠱ᠌ᠢᠶ᠎ᠡ ᠵᠢ ᠨᠢᠭᠡᠳ ᠨᠢᠭᠡ᠎ᠪᠠᠷ ᠵᠠᠳᠠᠯᠤᠨ ᠰᠢᠨᠵᠢᠯᠡᠵᠦ᠂ ᠵᠠᠳᠠᠯᠤᠯᠲᠠ ᠬᠢᠵᠦ᠂ ᠰᠠᠢ᠍ᠢ᠍ᠨ ᠠᠵᠢᠯ᠎ᠤᠨ ᠲᠤᠷᠰᠢᠯᠭ᠎ᠠ ᠵᠢ ᠪᠦᠬᠦ ᠬᠤᠳᠠ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠬᠢᠨᠠᠯᠲᠠ ᠬᠠᠮᠢᠶᠠᠷᠤᠯᠲᠠ᠂ ᠣᠷᠴᠢᠨ ᠲᠣᠭᠣᠷᠢᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠵᠡᠷᠭᠡ ᠠᠵᠢᠯ᠎ᠳᠤ ᠬᠡᠷᠡᠭᠯᠡᠵᠡᠢ᠃
      ᠬᠣᠶᠠᠷ᠂ ᠳᠠᠷᠤᠤ ᠪᠣᠯᠭᠣᠮᠵᠢᠲᠠᠢ ᠡᠭᠦᠷᠭᠡ ᠬᠠᠷᠢᠭᠤᠴᠠᠯᠭ᠎ᠠ᠎ᠪᠠᠨ ᠰᠠᠶ᠋ᠢᠲᠤᠷ ᠭᠦᠢ᠍ᠴᠡᠳᠬᠡᠵᠦ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠦᠯᠲᠡ ᠵᠢᠨ ᠳᠠᠭ᠋ᠠᠭᠤᠯᠤᠭᠴᠢ ᠪᠣᠯᠬᠤ᠎ᠪᠠᠷ ᠴᠢᠷᠮᠠᠢ᠌ᠪᠠ
      ᠬᠡᠷᠡᠯᠳᠦ ᠨᠠᠷᠠᠨ᠎ᠳᠤ ᠬᠥᠬᠡ ᠲᠡᠭᠷᠢ ᠴᠠᠭ᠋ᠠᠨ ᠡᠭᠦᠯᠡ ᠵᠢ ᠬᠠᠷᠠᠵᠤ᠂ ᠰᠥᠨᠢ ᠵᠢᠨ ᠣᠭᠲᠠᠷᠭᠤᠢ ᠵᠢᠨ ᠤᠳᠤᠨ ᠮᠡᠴᠢᠳ᠎ᠤᠨ ᠭᠢᠯᠠᠯᠵᠠᠬᠤ ᠵᠢ ᠠᠵᠢᠭᠯᠠᠮᠤᠢ᠂ ᠡᠢ᠌ᠨ ᠬᠦ᠌ ᠭᠤᠶᠤ ᠰᠠᠢ᠌ᠬᠠᠨ ᠣᠷᠴᠢᠨ ᠲᠣᠭᠣᠷᠢᠨ ᠬᠥᠮᠥᠰ᠎ᠤᠨ ᠰᠡᠳᠬᠢᠯ᠎ᠢ ᠡᠷᠬᠡ ᠦᠭᠡᠢ ᠳᠣᠭᠳᠣᠯᠤᠭᠤᠯᠤᠨ᠎ᠠ᠂ ᠭᠡᠪᠡᠴᠦ ᠲᠡᠭᠦᠨ᠎ᠢ ᠪᠡᠶᠡᠯᠡᠭᠦᠯᠬᠦ᠎ᠳᠤ ᠪᠠᠰᠠ ᠲᠡᠢ᠌ᠮᠦ ᠭᠢᠯᠪᠡᠷ ᠪᠢᠰᠢ ᠶᠤᠮ᠃ 《ᠭᠡᠷ᠎ᠤᠨ ᠡᠭᠦᠳᠡᠨ》᠎ᠳᠤ ᠬᠦᠷᠴᠦ ᠠᠷᠠᠳ᠎ᠤᠨ ᠰᠠᠨᠠᠭ᠎ᠠ ᠵᠢ ᠰᠣᠨᠣᠰᠴᠤ᠂ ᠠᠵᠤ ᠠᠬᠤᠢ᠌ᠯᠠᠯ᠎ᠤᠨ ᠪᠠᠶ᠋ᠢᠳᠠᠯ᠎ᠢ ᠪᠠᠢ᠌ᠴᠠᠭ᠋ᠠᠵᠤ᠂ ᠦᠢ᠍ᠯᠡᠳᠪᠦᠷᠢ ᠵᠢᠨ ᠭᠡᠷ ᠪᠠᠢ᠌ᠰᠢᠩ᠎ᠳᠤ ᠬᠦᠷᠴᠦ ᠠᠰᠠᠭᠤᠳᠠᠯ᠎ᠢ ᠪᠠᠢ᠌ᠴᠠᠭ᠋ᠠᠬᠤ᠎ᠳᠤ ᠴᠡᠭᠴᠡᠯᠡᠨ ᠰᠠᠢ᠌ᠵᠢᠷᠠᠭᠤᠯᠬᠤ ᠵᠢ ᠠᠳᠬᠤᠬᠤ ᠪᠣᠯ ᠠᠵᠢᠯ᠎ᠤᠨ ᠬᠡᠪ᠎ᠤᠨ ᠪᠠᠶ᠋ᠢᠳᠠᠯ ᠮᠥᠨ᠂ ᠬᠠᠬᠢᠷ ᠬᠦᠢ᠍ᠲᠡᠨ ᠠᠭ᠋ᠠᠭᠢᠮ᠎ᠠ ᠬᠠᠯᠠᠭᠤᠨ᠂ ᠥᠨᠳᠥᠷ᠎ᠲᠤ ᠮᠠᠴᠤᠵᠤ ᠳᠣᠣᠷ᠎ᠠ ᠭᠢᠰᠬᠢᠬᠦ ᠪᠣᠯ ᠡᠩ᠎ᠤᠨ ᠶᠠᠪᠤᠳᠠᠯ ᠮᠥᠨ᠃ 2022 ᠣᠨ᠎ᠤ ᠨᠠᠢ᠍ᠮᠠᠨ ᠰᠠᠷ᠎ᠠ ᠵᠢᠨ ᠠᠷᠪᠠᠨ ᠲᠠᠪᠤᠨ᠎ᠤ ᠲᠡᠷᠭᠡᠯ ᠪᠠᠶᠠᠷ᠎ᠤᠨ ᠬᠤᠭᠤᠴᠠᠭ᠋ᠠᠨ᠎ᠳᠤ᠂ ᠬᠣᠣᠷᠲᠤ ᠬᠡᠢ ᠯᠡᠪᠡᠷᠡᠭᠰᠡᠨ ᠨᠢᠭᠡ ᠤᠳᠠᠭ᠋ᠠᠨ᠎ᠤ ᠡᠨᠳᠡᠯ᠎ᠢ ᠭᠥᠯᠢᠶᠡᠨ ᠠᠪᠴᠤ᠂ ᠪᠠᠶ᠋ᠢᠳᠠᠯ ᠪᠠᠴᠢᠮ ᠪᠣᠯᠵᠤ᠂ ᠲᠣᠰᠬᠤᠨ᠎ᠤ ᠠᠷᠠᠳ᠎ᠤᠨ ᠬᠥᠮᠥᠨ ᠠᠮᠠ ᠵᠢᠨ ᠨᠢᠭᠲᠠᠴᠠ ᠶᠡᠬᠡ᠂ ᠪᠣᠬᠢᠷᠲᠤᠯ ᠪᠣᠳᠠᠰ᠎ᠢ ᠲᠠᠷᠬᠠᠭ᠋ᠠᠬᠤ᠎ᠳᠤ ᠬᠦᠴᠢᠷ ᠵᠢᠴᠢ ᠬᠣᠣᠷᠠᠲᠤ ᠬᠡᠢ ᠢᠳᠡᠭᠳᠡᠬᠦ᠂ ᠬᠣᠣᠷ᠎ᠲᠠᠢ᠂ ᠠᠶᠤᠯᠲᠤ ᠴᠢᠨᠠᠷ ᠵᠶ᠋ᠠᠷ ᠶᠡᠬᠡ ᠵᠡᠷᠭᠡ ᠬᠦᠴᠦᠨ ᠵᠦᠢ᠍ᠯ᠎ᠠᠴᠠ ᠪᠣᠯᠵᠤ᠂ ᠶᠡᠬᠡ ᠬᠡᠮᠵᠢᠶᠡᠨ᠎ᠤ ᠰᠢᠢ᠍ᠳᠪᠦᠷᠢᠯᠡᠬᠦ ᠬᠦᠴᠦᠨ ᠲᠤᠬᠠᠢ ᠵᠢᠨ ᠲᠠᠯᠠᠪᠤᠷ᠎ᠲᠤ ᠲᠦᠷᠭᠡᠨ ᠣᠷᠣᠵᠤ ᠳᠡᠢ᠌ᠯᠬᠦ ᠦᠭᠡᠢ ᠪᠣᠯᠵᠤ᠂ ᠡᠨᠳᠡᠯ᠎ᠢ ᠰᠢᠢ᠍ᠳᠪᠦᠷᠢᠯᠡᠬᠦ᠎ᠳᠤ ᠲᠤᠢ᠌ᠯ᠎ᠤᠨ ᠶᠡᠬᠡ ᠬᠦᠴᠢᠷᠳᠡᠯ ᠤᠴᠠᠷᠠᠭᠤᠯᠤᠭᠰᠠᠨ ᠪᠠᠢ᠌ᠵᠠᠢ᠃ ᠠᠶᠤᠯ ᠲᠦᠭᠰᠢᠭᠦᠷᠢᠲᠦ ᠪᠠᠶ᠋ᠢᠳᠠᠯ ᠪᠣᠯ ᠳᠠᠷᠤᠢ ᠵᠠᠷᠯᠢᠭ ᠮᠥᠨ᠂ ᠲᠡᠷᠡ ᠳᠠᠷᠤᠢ ᠲᠦᠷᠭᠡᠨ ᠲᠤᠬᠠᠢ ᠵᠢᠨ ᠲᠠᠯᠠᠪᠠᠢ᠎ᠳᠤ ᠬᠦᠷᠴᠦ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠠᠵᠢᠯ ᠥᠷᠨᠢᠭᠦᠯᠵᠦ᠂ ᠵᠠᠮ ᠳᠡᠭᠡᠷ᠎ᠡ᠎ᠪᠠᠨ ᠶᠡᠬᠡ ᠬᠡᠮᠵᠢᠶᠡᠨ᠎ᠤ ᠮᠠᠲ᠋ᠧᠷᠢᠶᠠᠯ᠎ᠢ ᠪᠠᠢ᠌ᠴᠠᠭ᠋ᠠᠨ ᠦᠵᠡᠵᠦ᠂ ᠠᠮᠢ ᠠᠬᠤᠢ ᠣᠷᠴᠢᠨ ᠲᠣᠭᠣᠷᠢᠨ᠎ᠤ ᠪᠣᠬᠢᠷᠲᠤᠯ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠠᠵᠢᠯ᠎ᠢ ᠰᠤᠳᠤᠯᠤᠨ ᠦᠨᠡᠯᠡᠪᠡ᠃ ᠲᠤᠬᠠᠢ ᠵᠢᠨ ᠲᠠᠯᠠᠪᠠᠢ᠎ᠳᠤ ᠬᠦᠷᠦᠭᠰᠡᠨ᠎ᠤ ᠳᠠᠷᠠᠭ᠎ᠠ᠂ ᠲᠡᠷᠡ ᠳᠠᠷᠤᠢ᠎ᠳᠤᠨᠢ ᠲᠤᠬᠠᠢ ᠵᠢᠨ ᠲᠠᠯᠠᠪᠠᠢ ᠵᠢᠨ ᠬᠠᠢ᠌ᠨ ᠪᠠᠢ᠌ᠴᠠᠭ᠋ᠠᠯᠲᠠ ᠵᠢ ᠥᠷᠨᠢᠭᠦᠯᠵᠦ᠂ ᠪᠣᠳᠠᠲᠠᠢ᠎ᠲᠠᠢ ᠤᠶᠠᠯᠳᠤᠭᠤᠯᠤᠨ ᠰᠢᠢ᠍ᠳᠪᠦᠷᠢᠯᠡᠬᠦ ᠠᠷᠭ᠎ᠠ ᠬᠡᠮᠵᠢᠶ᠎ᠡ᠎ᠪᠠᠨ ᠰᠢᠨᠵᠢᠯᠡᠬᠦ ᠤᠬᠠᠭ᠋ᠠᠨᠴᠢ᠎ᠪᠠᠷ ᠰᠢᠯᠢᠳᠡᠭᠵᠢᠭᠦᠯᠵᠦ᠂ ᠴᠢᠨᠠᠭᠰᠢᠯᠠᠪᠠᠯ ᠬᠣᠣᠷᠳᠠᠭᠳᠠᠬᠤ ᠠᠶᠤᠯ᠎ᠢ ᠬᠠᠢ᠌ᠬᠤᠷᠤᠯ ᠦᠭᠡᠢ᠎ᠪᠠᠷ ᠲᠤᠬᠠᠢ ᠵᠢᠨ ᠲᠠᠯᠠᠪᠠᠢ ᠵᠢᠨ ᠬᠠᠢ᠌ᠨ ᠪᠠᠢ᠌ᠴᠠᠭ᠋ᠠᠯᠲᠠ ᠵᠢ ᠭᠦᠨᠵᠡᠭᠡᠢ ᠬᠢᠵᠦ᠂ ᠴᠠᠭ᠋ᠠᠷᠠᠭᠰᠠᠨ ᠲᠤᠰᠬᠠᠢ ᠮᠡᠷᠭᠡᠵᠢᠯ᠎ᠤᠨ ᠮᠡᠳᠡᠯᠭᠡ᠎ᠪᠠᠷ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ᠎ᠳᠤ ᠴᠢᠬᠤᠯᠠ ᠰᠢᠢ᠍ᠳᠪᠦᠷᠢᠲᠦ ᠪᠣᠳᠣᠯᠭ᠎ᠠ ᠵᠢᠨ ᠲᠤᠯᠭ᠋ᠠᠭᠤᠷᠢᠯᠠᠯ ᠬᠠᠩᠭ᠋ᠠᠪᠠ᠃ 《ᠬᠡᠷᠡᠭ᠎ᠤᠨ ᠳᠠᠷᠠᠭ᠎ᠠ᠂ ᠬᠡᠳᠦᠶ᠋ᠢᠪᠡᠷ ᠵᠢᠷᠦᠬᠡ ᠲᠦᠭᠰᠢᠵᠦ ᠪᠠᠢ᠌ᠭᠰᠠᠨ ᠪᠣᠯᠪᠠᠴᠤ᠂ ᠬᠡᠷᠪᠡ ᠳᠠᠬᠢᠭ᠋ᠠᠳ ᠡᠢ᠌ᠮᠦ ᠪᠠᠶ᠋ᠢᠳᠠᠯ ᠭᠠᠷᠪᠠᠯ᠂ ᠪᠢ ᠮᠥᠨ ᠯᠡ ᠥᠴᠥᠬᠡᠨ ᠴᠦ᠍ ᠲᠠᠲᠠᠭ᠋ᠠᠯᠵᠠᠯ ᠦᠭᠡᠢ᠎ᠪᠠᠷ ᠦᠨᠡᠨ ᠶᠣᠰᠣᠨ᠎ᠤ ᠲᠥᠯᠥᠭᠡ ᠵᠢᠳᠬᠦᠬᠦ ᠪᠣᠯᠣᠨ᠎ᠠ》 ᠭᠡᠵᠦ ᠲᠡᠷᠡ ᠬᠡᠯᠡᠪᠡ᠃
      ᠭᠤᠷᠪᠠ᠂ ᠡᠭᠦᠷᠭᠡ ᠲᠤᠰᠢᠶᠠᠯ ᠵᠶ᠋ᠠᠨ ᠰᠢᠳᠤᠷᠭᠤ᠎ᠪᠠᠷ ᠭᠦᠢ᠍ᠴᠡᠳᠬᠡᠵᠦ  ᠠᠷᠢᠭᠤᠨ ᠴᠢᠬᠡᠴᠢ᠎ᠪᠠᠷ ᠨᠠᠢ᠌ᠳᠠ ᠵᠢᠨ ᠲᠥᠯᠥᠭᠡ ᠵᠢᠳᠬᠦᠵᠦ ᠰᠡᠷᠡᠮᠵᠢ ᠵᠢᠨ ᠬᠤᠩᠬᠤ ᠵᠢ ᠬᠡᠵᠢᠶᠡᠳᠡ ᠬᠠᠩᠭᠢᠨᠠᠭᠤᠯᠬᠤ ᠵᠢ ᠴᠠᠭ ᠢᠮᠠᠭᠲᠠ ᠪᠠᠲᠤᠯᠠᠬᠤ ᠬᠡᠷᠡᠭᠲᠡᠶ
      《ᠴᠡᠩᠬᠡᠷ ᠤᠰᠤ》 ᠵᠢ ᠬᠡᠷᠡᠭᠵᠢᠭᠦᠯᠵᠦ᠂ ᠠᠷᠢᠭᠤᠨ ᠴᠢᠬᠡᠴᠢ᠂ ᠪᠡᠶ᠎ᠡ᠎ᠪᠠᠨ ᠪᠠᠷᠢᠵᠤ ᠤᠯᠠᠨ᠎ᠤ ᠲᠥᠯᠥᠭᠡ ᠵᠢᠳᠬᠦᠳᠡᠭ ᠣᠷᠴᠢᠨ ᠲᠣᠭᠣᠷᠢᠨ᠎ᠤ ᠬᠠᠮᠠᠭ᠋ᠠᠯᠠᠭᠴᠢ ᠵᠢ ᠵᠢᠷᠤᠭᠯᠠᠵᠤ᠂ ᠰᠢᠨ᠎ᠡ ᠴᠠᠭ ᠦᠶ᠎ᠡ ᠵᠢᠨ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠠᠵᠢᠯᠲᠠᠨ ᠪᠣᠯᠤᠭᠰᠠᠨ᠎ᠤ ᠬᠤᠪᠢ᠎ᠳᠤ᠂ ᠲᠡᠷᠡ ᠠᠷᠢᠭᠤᠨ ᠴᠢᠬᠡᠴᠢ᠎ᠪᠠᠷ ᠬᠠᠤᠯᠢ ᠴᠠᠭ᠋ᠠᠵᠠ ᠵᠢ ᠰᠠᠬᠢᠵᠤ᠂ ᠴᠠᠭ ᠢᠮᠠᠭᠲᠠ ᠪᠡᠶ᠎ᠡ᠎ᠪᠠᠨ ᠴᠢᠩᠭ᠎ᠠ ᠱᠠᠭ᠋ᠠᠷᠳᠠᠨ᠎ᠠ᠃ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠬᠠᠷᠢᠭᠤᠴᠠᠯᠭ᠎ᠠ ᠵᠢᠨ ᠳᠦᠷᠢᠮ᠎ᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠲᠠᠷᠢᠬᠢ ᠲᠣᠯᠣᠭ᠋ᠠᠢ᠎ᠪᠠᠨ ᠴᠠᠭ ᠢᠮᠠᠭᠲᠠ ᠰᠡᠷᠭᠡᠭ ᠪᠠᠢ᠌ᠯᠭ᠋ᠠᠵᠤ᠂ ᠨᠢᠭᠡᠳᠦᠭᠡᠷ ᠪᠣᠭᠣᠮᠲᠠ ᠵᠢ ᠰᠠᠶ᠋ᠢᠲᠤᠷ ᠰᠠᠬᠢᠵᠤ᠂ ᠨᠢᠭᠡᠳᠦᠭᠡᠷ ᠰᠡᠷᠭᠡᠢ᠌ᠯᠡᠯᠲᠡ ᠵᠢᠨ ᠱᠤᠭᠤᠮ᠎ᠢ ᠪᠠᠲᠤ ᠰᠠᠬᠢᠬᠤ ᠬᠡᠷᠡᠭᠲᠡᠶ᠃ ᠬᠥᠮᠥᠨ᠎ᠨᠢ ᠪᠣᠷᠣᠭᠵᠢᠭᠤᠨ᠂ ᠣᠪᠣᠷ ᠰᠤᠷᠲᠠᠯ᠎ᠨᠢ ᠳᠠᠷᠤᠤ᠂ ᠬᠥᠮᠥᠨ᠎ᠳᠤ ᠦᠨᠡᠨᠴᠢ ᠰᠢᠳᠤᠷᠭᠤ ᠪᠠᠢ᠌ᠵᠤ᠂ ᠺᠠᠳ᠋ᠷ ᠤᠯᠠᠨ ᠲᠦᠮᠡᠨ᠎ᠤ ᠳᠤᠮᠳᠠ ᠮᠠᠰᠢ ᠶᠡᠬᠡ ᠮᠡᠳᠡᠷᠡᠮᠵᠢ᠎ᠲᠠᠢ ᠪᠠᠢ᠌ᠳᠠᠭ᠃ ᠥᠪᠡᠷ᠎ᠤᠨ ᠭᠡᠷ᠎ᠤᠨ ᠬᠥᠮᠥᠰ ᠪᠠ ᠳᠡᠷᠭᠡᠳᠡᠬᠢ ᠠᠵᠢᠯᠲᠠᠳ ᠵᠶ᠋ᠠᠨ ᠦᠷᠭᠦᠯᠵᠢ ᠵᠢᠨ ᠴᠢᠨᠠᠷᠲᠠᠢ᠎ᠪᠠᠷ ᠴᠢᠩᠭ᠎ᠠ ᠬᠥᠮᠥᠵᠢᠭᠦᠯᠦᠨ ᠬᠠᠮᠢᠶᠠᠷᠴᠤ᠂ ᠪᠡᠶ᠎ᠡ᠎ᠪᠠᠷ ᠵᠶ᠋ᠡᠨ ᠥᠯᠢᠭᠡᠷ ᠳᠠᠭᠤᠷᠢᠶᠠᠯ ᠦᠵᠡᠭᠦᠯᠵᠦ᠂ ᠡᠷᠬᠡ᠎ᠪᠠᠨ ᠪᠣᠯᠭᠣᠮᠵᠢᠲᠠᠢ ᠬᠡᠷᠡᠭᠯᠡᠨ᠂ ᠬᠡᠷᠡᠭ ᠶᠠᠪᠤᠳᠠᠯ᠎ᠢ ᠪᠠᠭ᠎ᠠ ᠳᠡᠭᠡᠷ᠎ᠡ᠎ᠨᠢ ᠰᠡᠷᠭᠡᠢ᠌ᠯᠡᠵᠦ᠂ ᠡᠪ ᠬᠠᠮᠲᠤ ᠨᠠᠮ᠎ᠤᠨ ᠭᠡᠰᠢᠭᠦᠨ᠎ᠤ ᠣᠣᠷ ᠴᠢᠨᠠᠷ ᠵᠶ᠋ᠠᠨ ᠬᠠᠳᠠᠭ᠋ᠠᠯᠠᠵᠠᠢ᠃
      ᠲᠡᠭᠦᠨ᠎ᠤ ᠤᠭ ᠰᠠᠨᠠᠭ᠎ᠠ ᠣᠨ ᠰᠠᠷ᠎ᠠ ᠵᠢᠨ ᠳᠠᠪᠲᠠᠯᠲᠠ᠎ᠳᠤ ᠤᠯᠠᠮ ᠪᠠᠲᠤᠵᠢᠵᠤ᠂ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠠᠵᠢᠯ᠎ᠤᠨ ᠪᠠᠶ᠋ᠢᠷᠢ᠎ᠳᠤ ᠦᠭᠡ ᠳᠠᠭᠤᠨ ᠦᠭᠡᠢ ᠠᠵᠢᠯᠯᠠᠭᠰᠠᠨ ᠠᠷᠪᠠᠨ ᠬᠣᠶᠠᠷ ᠵᠢᠯ᠎ᠤᠨ ᠬᠤᠭᠤᠴᠠᠭ᠋ᠠᠨ᠎ᠳᠤ᠂ ᠲᠡᠷᠡ ᠡᠭᠦᠷᠭᠡ ᠬᠠᠷᠢᠭᠤᠴᠠᠯᠭ᠎ᠠ᠎ᠪᠠᠨ ᠢᠮᠠᠭᠲᠠ ᠪᠠᠲᠤ ᠰᠠᠬᠢᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠯᠦ᠍ ᠴᠧᠩ ᠬᠤᠳᠠ ᠵᠢᠨ ᠡᠨᠡᠬᠦ ᠦᠵᠡᠰᠬᠦᠯᠡᠩᠲᠦ ᠰᠠᠢ᠌ᠬᠠᠨ ᠦᠵᠡᠮᠵᠢ ᠵᠢᠨ ᠣᠷᠣᠨ᠎ᠢ ᠰᠠᠬᠢᠨ ᠬᠠᠮᠠᠭ᠋ᠠᠯᠠᠭᠰᠠᠭ᠋ᠠᠷ ᠢᠷᠠᠵᠠᠢ᠃ ᠲᠡᠭᠦᠨ᠎ᠤ ᠭᠠᠷᠭ᠋ᠠᠭᠰᠠᠨ ᠴᠢᠷᠮᠠᠢ᠌ᠯᠭ᠎ᠠ᠎ᠨᠢ ᠥᠷᠭᠡᠨ ᠵᠶ᠋ᠡᠷ ᠮᠡᠳᠡᠷᠡᠭᠳᠡᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠥᠬᠢᠭᠦᠯᠦᠯ᠎ᠢ ᠣᠯᠠᠨᠲᠠ ᠭᠥᠷᠳᠡᠵᠦ᠂ ᠤᠷᠢᠳ ᠬᠣᠵᠢᠳ 2013 ᠣᠨ᠎ᠤ ᠪᠤᠭᠤᠲᠤ ᠬᠣᠲᠠ ᠵᠢᠨ ᠣᠷᠴᠢᠨ ᠠᠬᠤᠢ ᠵᠢᠨ ᠬᠢᠨᠠᠨ ᠪᠠᠢ᠌ᠴᠠᠭ᠋ᠠᠯᠲᠠ ᠵᠢᠨ ᠴᠢᠳᠠᠪᠤᠷᠢ ᠵᠢᠨ ᠮᠥᠷᠥᠢ᠌ᠴᠡᠭᠡᠨ᠎ᠳᠤ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠨᠢᠭᠡᠳᠦᠭᠡᠷ ᠳᠡᠰ᠎ᠤᠨ ᠱᠠᠩᠨᠠᠯ᠎ᠢ ᠭᠥᠷᠳᠡᠪᠡ; 2014 ᠣᠨ᠎ᠤ ᠰᠢᠨ᠎ᠡ 《ᠣᠷᠴᠢᠨ ᠠᠬᠤᠢ ᠵᠢᠨ ᠬᠠᠮᠠᠭ᠋ᠠᠯᠠᠯᠲᠠ ᠵᠢᠨ ᠬᠠᠤᠯᠢ》 ᠵᠢᠨ ᠮᠡᠳᠡᠯᠭᠡ ᠵᠢᠨ ᠤᠷᠤᠯᠳᠤᠭ᠋ᠠᠨ᠎ᠤ ᠬᠤᠪᠢ ᠬᠥᠮᠥᠨ᠎ᠤ ᠬᠣᠶᠠᠳᠤᠭ᠋ᠠᠷ ᠳᠡᠰ᠎ᠤᠨ ᠱᠠᠩᠨᠠᠯ; 2016 ᠣᠨ ᠪᠠ 2017 ᠣᠨ᠎ᠤ ᠪᠤᠭᠤᠲᠤ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠵᠢᠨ ᠰᠢᠰᠲ᠋ᠧᠮ᠎ᠤᠨ ᠲᠡᠷᠢᠭᠦᠨ᠎ᠤ ᠬᠤᠪᠢ ᠬᠥᠮᠥᠨ; 2021 — 2022 ᠣᠨ᠎ᠤ ᠭᠣᠣᠯᠳᠠᠯᠭ᠎ᠠ᠎ᠲᠠᠢ ᠣᠷᠣᠨ ᠪᠦᠰᠡ ᠵᠢᠨ ᠠᠭ᠋ᠠᠷ᠎ᠤᠨ ᠶᠠᠰᠤ ᠴᠢᠨᠠᠷ᠎ᠢ ᠰᠠᠢ᠌ᠵᠢᠷᠠᠭᠤᠯᠬᠤ᠎ᠳᠤ ᠬᠢᠨᠠᠯᠲᠠ ᠲᠠᠯᠪᠢᠵᠤ ᠬᠠᠪᠰᠤᠷᠤᠨ ᠲᠡᠳᠬᠦᠬᠦ (7 ᠳ᠋ᠤᠭ᠋ᠠᠷ ᠰᠠᠷ᠎ᠠ᠂ 9 ᠳ᠋ᠦᠭᠡᠷ ᠰᠠᠷ᠎ᠠ)᠎ᠳᠤ ᠲᠣᠪᠣᠢ᠌ᠮ᠎ᠠ ᠢᠯᠡᠷᠡᠯ᠎ᠲᠠᠢ ᠬᠥᠮᠥᠰ; 2021 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠬᠦ ᠶᠡᠬᠡ ᠪᠣᠯᠪᠠᠰᠤᠷᠠᠯ᠎ᠤᠨ ᠪᠣᠳᠠᠲᠤ ᠪᠠᠢ᠌ᠯᠳᠤᠭ᠋ᠠᠨ᠎ᠤ ᠮᠥᠷᠥᠢ᠌ᠴᠡᠭᠡᠨ᠎ᠤ ᠬᠠᠮᠲᠤ ᠨᠠᠢ᠌ᠳᠠ ᠵᠢᠨ ᠨᠢᠭᠡᠳᠦᠭᠡᠷ ᠳᠡᠰ᠎ᠤᠨ ᠱᠠᠩᠨᠠᠯ ᠪᠠ ᠬᠤᠪᠢ ᠬᠥᠮᠥᠨ᠎ᠤ ᠨᠢᠭᠡᠳᠦᠭᠡᠷ ᠳᠡᠰ᠎ᠤᠨ ᠱᠠᠩᠨᠠᠯ; 2021 ᠣᠨ᠎ᠳᠤ ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠬᠦ ᠶᠡᠬᠡ ᠪᠣᠯᠪᠠᠰᠤᠷᠠᠯ᠎ᠳᠤ ᠲᠣᠪᠣᠢ᠌ᠮ᠎ᠠ ᠢᠯᠡᠷᠡᠯ᠎ᠲᠠᠢ ᠬᠤᠪᠢ ᠬᠥᠮᠥᠨ ᠪᠣᠯᠪᠠ; 2021 ᠣᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠬᠦ ᠶᠡᠬᠡ ᠪᠣᠯᠪᠠᠰᠤᠷᠠᠯ᠎ᠳᠤ ᠲᠡᠷᠢᠭᠦᠨ᠎ᠤ ᠬᠤᠪᠢ ᠬᠥᠮᠥᠨ ᠪᠣᠯᠪᠠ; 2022 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠦᠯᠲᠡ ᠵᠢᠨ ᠶᠡᠬᠡ ᠪᠣᠯᠪᠠᠰᠤᠷᠠᠯ ᠪᠣᠳᠠᠲᠤ ᠪᠠᠢ᠌ᠯᠳᠤᠭ᠋ᠠᠨ᠎ᠤ ᠮᠥᠷᠥᠢ᠌ᠴᠡᠭᠡᠨ᠎ᠤ ᠬᠤᠪᠢ ᠬᠥᠮᠥᠨ᠎ᠤ ᠬᠣᠶᠠᠳᠤᠭ᠋ᠠᠷ ᠳᠡᠰ᠎ᠤᠨ ᠱᠩᠨᠠᠨᠯ ᠬᠦᠷᠲᠡᠪᠡ; 2022 — 2023 ᠣᠨ᠎ᠤ ᠭᠣᠣᠯᠳᠠᠯᠭ᠎ᠠ᠎ᠲᠠᠢ ᠣᠷᠣᠨ ᠪᠦᠰᠡ ᠵᠢᠨ ᠠᠭ᠋ᠠᠷ᠎ᠤᠨ ᠶᠠᠰᠤ ᠴᠢᠨᠠᠷ᠎ᠢ ᠰᠠᠢ᠌ᠵᠢᠷᠠᠭᠤᠯᠬᠤ᠎ᠳᠤ ᠬᠢᠨᠠᠯᠲᠠ ᠲᠠᠯᠪᠢᠵᠤ ᠬᠠᠪᠰᠤᠷᠤᠨ ᠲᠡᠳᠬᠦᠬᠦ (2 ᠳ᠋ᠤᠭ᠋ᠠᠷ ᠰᠠᠷ᠎ᠠ)᠎ᠳᠤ ᠲᠣᠪᠣᠢ᠌ᠮ᠎ᠠ ᠢᠯᠡᠷᠡᠯ᠎ᠲᠠᠢ ᠬᠤᠪᠢ ᠬᠥᠮᠥᠨ; 2023 ᠣᠨ᠎ᠤ ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠬᠦ ᠶᠡᠬᠡ ᠪᠣᠯᠪᠠᠰᠤᠷᠠᠯ᠎ᠳᠤ ᠲᠣᠪᠣᠢ᠌ᠮ᠎ᠠ ᠢᠯᠡᠷᠡᠯ᠎ᠲᠠᠢ ᠬᠤᠪᠢ ᠬᠥᠮᠥᠨ ᠪᠣᠯᠪᠠ; 2023 ᠣᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠦᠯᠲᠡ᠎ᠤᠨ ᠪᠤᠯᠪᠠᠰᠤᠷᠠᠯ᠎ᠳᠤ ᠲᠡᠷᠢᠭᠦᠨ᠎ᠤ ᠬᠤᠪᠢ ᠬᠥᠮᠥᠨ ᠪᠣᠯᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2024 ᠣᠨ᠎ᠤ ᠪᠥᠬᠥ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠬᠦ ᠠᠵᠢᠯ ᠵᠢᠴᠢ ᠶᠡᠬᠡ ᠪᠤᠯᠪᠠᠰᠤᠷᠠᠯ᠎ᠤᠨ ᠳᠠᠢ᠌ᠴᠢᠯᠠᠯᠲᠠ ᠵᠢᠨ ᠬᠤᠷᠠᠯ ᠬᠤᠷᠠᠯᠳᠤᠵᠠᠢ
ᠬᠤᠪᠢ ᠬᠥᠮᠥᠨ᠎ᠤ ᠦᠢ᠍ᠯᠡ ᠶᠠᠪᠤᠳᠠᠯ᠎ᠤᠨ ᠮᠠᠲ᠋ᠧᠷᠢᠶᠠᠯ
ᠤᠯᠠᠭ᠋ᠠᠨᠴᠠᠪ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠠᠮᠢ ᠠᠬᠤᠢ ᠣᠷᠴᠢᠨ ᠲᠣᠭᠣᠷᠢᠨ᠎ᠤ ᠢᠲᠡᠭᠡᠮᠵᠢ ᠵᠢᠨ ᠦᠨᠡᠯᠡᠯᠲᠡ ᠵᠢᠨ ᠠᠵᠢᠯ᠎ᠢ ᠪᠥᠬᠥ ᠲᠠᠯ᠎ᠠ᠎ᠪᠠᠷ ᠥᠷᠨᠢᠭᠦᠯᠪᠡ
ᠣᠷᠳᠣᠰ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠦᠨᠡᠨᠴᠢ ᠢᠲᠡᠭᠡᠮᠵᠢ ᠵᠢ ᠡᠷᠬᠢᠮᠯᠡᠬᠦ᠂ ᠢᠲᠡᠭᠡᠮᠵᠢ᠎ᠲᠠᠢ ᠪᠠᠶ᠋ᠢᠬᠤ ᠰᠠᠶ᠋ᠢᠨ ᠰᠠᠢ᠌ᠬᠠᠨ ᠠᠭᠤᠷ ᠠᠮᠢᠰᠬᠤᠯ᠎ᠢ ᠪᠥᠬᠥ ᠬᠦᠴᠦᠨ ᠵᠶ᠋ᠡᠷ ᠵᠶ᠋ᠡᠨ ᠪᠤᠢ ᠪᠣᠯᠭ᠋ᠠᠪᠠ
ᠪᠠᠶᠠᠨᠨᠠᠭᠤᠷ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠠᠵᠤ ᠠᠬᠤᠢ᠌ᠯᠠᠯ᠎ᠤᠨ ᠣᠷᠴᠢᠨ ᠲᠣᠭᠣᠷᠢᠨ᠎ᠤ ᠢᠲᠡᠭᠡᠮᠵᠢ ᠵᠢᠨ ᠦᠨᠡᠯᠡᠯᠲᠡ ᠵᠢᠨ ᠠᠵᠢᠯ ᠥᠷᠨᠢᠭᠦᠯᠪᠡ
 
             蒙ICP备05000248号