5 ᠰᠠᠷ᠎ᠠ ᠵᠢᠨ 14᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2024 ᠣᠨ᠎ᠤ ᠪᠥᠬᠥ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠬᠦ ᠠᠵᠢᠯ ᠵᠢᠴᠢ ᠶᠡᠬᠡ ᠪᠤᠯᠪᠠᠰᠤᠷᠠᠯ᠎ᠤᠨ ᠳᠠᠢ᠌ᠴᠢᠯᠠᠯᠲᠠ ᠪᠠᠢ᠌ᠷᠢᠯᠠᠭᠤᠯᠤᠯᠲᠠ ᠵᠢᠨ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠲᠢᠩᠬᠢᠮ᠎ᠤᠨ ᠳᠠᠷᠤᠭ᠎ᠠ ᠹᠠᠨ ᠮᠢᠩ ᠱ᠌ᠢ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃
ᠬᠤᠷᠠᠯ᠎ᠠᠴᠠ 2023 ᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠬᠦ ᠠᠵᠢᠯ᠎ᠢ ᠪᠦᠬᠦ ᠲᠠᠯ᠎ᠠ᠎ᠪᠠᠷ ᠳ᠋ᠦᠩᠨᠡᠵᠦ᠂ 2023 ᠣᠨ᠎ᠤ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠶᠡᠬᠡ ᠪᠣᠯᠪᠠᠰᠤᠷᠠᠯ᠎ᠢ ᠥᠷᠨᠢᠭᠦᠯᠦᠭᠰᠡᠨ ᠪᠠᠶ᠋ᠢᠳᠠᠯ᠎ᠢ ᠮᠡᠳᠡᠭᠳᠡᠵᠦ᠂ ᠤᠯᠤᠰ᠂ ᠥᠪᠡᠷᠲᠡᠭᠡᠨ ᠵᠠᠰᠠᠬᠤ ᠣᠷᠣᠨ᠎ᠤ 2023 ᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠬᠦ ᠶᠡᠬᠡ ᠪᠣᠯᠪᠠᠰᠤᠷᠠᠯ᠎ᠳᠤ ᠲᠣᠪᠣᠢ᠌ᠮ᠎ᠠ ᠢᠯᠡᠷᠡᠯ᠎ᠲᠠᠢ ᠬᠠᠮᠲᠤ ᠨᠠᠢ᠌ᠳᠠ ᠪᠠ ᠬᠤᠪᠢ ᠬᠥᠮᠥᠨ᠎ᠢ ᠬᠥᠬᠢᠭᠦᠯᠦᠨ ᠰᠠᠢ᠌ᠰᠢᠶᠠᠵᠤ᠂ ᠣᠳᠣᠬᠠᠨ᠎ᠳᠤ ᠲᠤᠯᠭ᠋ᠠᠷᠠᠵᠤ ᠪᠠᠢ᠌ᠭ᠎ᠠ ᠪᠠᠶ᠋ᠢᠳᠠᠯ ᠡᠭᠦᠷᠭᠡ ᠵᠢ ᠵᠠᠳᠠᠯᠵᠤ᠂ 2024 ᠣᠨ᠎ᠤ ᠬᠠᠤᠯᠢ ᠬᠡᠷᠡᠭᠵᠢᠭᠦᠯᠬᠦ ᠠᠵᠢᠯ ᠪᠠ ᠶᠡᠬᠡ ᠪᠣᠯᠪᠠᠰᠤᠷᠠᠯ᠎ᠤᠨ ᠠᠵᠢᠯᠯᠠᠭ᠎ᠠ ᠵᠢ ᠲᠠᠢ᠍ᠢ᠍ᠴᠢᠯᠠᠨ ᠪᠠᠢ᠌ᠷᠢᠯᠠᠭᠤᠯᠵᠠᠢ᠃
ᠹᠠᠨ ᠮᠢᠩ ᠱ᠌ᠢ᠂ 2023 ᠣᠨ᠎ᠳᠤ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ 《ᠤᠯᠤᠰ᠎ᠤᠨ ᠲᠣᠮᠣ ᠶᠠᠪᠤᠳᠠᠯ》᠎ᠢ ᠢᠮᠠᠭᠲᠠ ᠪᠠᠲᠤ ᠴᠡᠭᠡᠵᠢᠯᠡᠵᠦ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠭᠦᠨᠵᠡᠭᠡᠢ ᠰᠠᠶ᠋ᠢᠲᠤᠷ ᠬᠢᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠠᠤᠯᠢ ᠬᠡᠷᠡᠭᠵᠢᠭᠦᠯᠬᠦ ᠲᠣᠭᠲᠠᠴᠠ ᠵᠢ ᠦᠷᠭᠦᠯᠵᠢᠯᠡᠨ ᠰᠢᠨ᠎ᠡ᠎ᠪᠠᠷ ᠡᠭᠦᠳᠦᠨ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠬᠦ ᠡᠩᠨᠡᠭᠡ ᠵᠢᠨ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠎ᠠ ᠠᠳᠬᠤᠵᠤ᠂ ᠬᠠᠤᠯᠢ ᠬᠡᠷᠡᠭᠵᠢᠭᠦᠯᠬᠦ ᠠᠷᠭ᠎ᠠ ᠬᠡᠯᠪᠡᠷᠢ ᠵᠢ ᠰᠢᠯᠢᠳᠡᠭᠵᠢᠭᠦᠯᠵᠦ᠂ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠤᠯᠠᠨ ᠲᠦᠮᠡᠨ᠎ᠤ ᠳᠡᠷᠭᠡᠳᠡᠬᠢ ᠲᠣᠪᠣᠢ᠌ᠮ᠎ᠠ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠮᠡᠳᠡᠭᠳᠡᠮ᠎ᠡ ᠦᠷ᠎ᠡ ᠪᠦᠲᠦᠮᠵᠢ ᠣᠯᠣᠭᠰᠠᠨ ᠭᠡᠵᠦ ᠵᠢᠭ᠋ᠠᠵᠤ ᠭᠠᠷᠭ᠋ᠠᠵᠠᠢ᠃
ᠹᠠᠨ ᠮᠢᠩ ᠱ᠌ᠢ᠂ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠠᠵᠢᠯᠲᠠᠳ ᠤᠯᠤᠰ ᠲᠥᠷᠥ ᠵᠢᠨ ᠵᠣᠭᠰᠣᠴᠠ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢᠴᠢ ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠬᠤ ᠬᠡᠷᠡᠭᠲᠡᠢ; ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠪᠦᠬᠦ ᠡᠯᠧᠮᠧᠨ᠋ᠲ᠎ᠤᠨ ᠪᠦᠬᠦ ᠲᠠᠯ᠎ᠠ ᠵᠢᠨ ᠵᠠᠰᠠᠯᠲᠠ᠎ᠳᠠᠬᠢ ᠲᠦᠷᠦᠭᠦᠯᠡᠨ ᠠᠳᠬᠤᠬᠤ ᠶᠡᠷᠦᠩᠬᠡᠢ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠠᠵᠢᠯ᠎ᠤᠨ ᠪᠠᠢ᠌ᠷᠢᠯᠠᠭᠤᠯᠤᠯᠲᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠪᠠ 《ᠶᠡᠬᠡ ᠠᠮᠢ ᠠᠬᠤᠢ》 ᠲᠡᠢ᠌ᠰᠢ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠭᠦᠯᠬᠦ ᠵᠢ ᠠᠬᠢᠭᠤᠯᠬᠤ ᠬᠡᠷᠡᠭᠲᠡᠢ; ᠤᠨᠢᠨ ᠳᠡᠭᠡᠷ᠎ᠡ᠎ᠨᠢ ᠰᠢᠨᠵᠢᠯᠡᠬᠦ ᠤᠬᠠᠭ᠋ᠠᠨᠴᠢ᠂ ᠬᠠᠤᠯᠢ ᠶᠣᠰᠣᠭ᠋ᠠᠷ ᠪᠣᠬᠢᠷᠲᠤᠯ᠎ᠢ ᠵᠠᠰᠠᠬᠤ ᠵᠢ ᠪᠠᠷᠢᠮᠲᠠᠯᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠴᠢᠳᠠᠪᠤᠷᠢ ᠣᠯᠭᠣᠵᠤ ᠪᠠᠶ᠋ᠢᠭ᠋ᠠᠳ ᠬᠠᠤᠯᠢ ᠬᠡᠷᠡᠭᠵᠢᠭᠦᠯᠬᠦ ᠴᠢᠳᠠᠪᠤᠷᠢ ᠵᠢ ᠳᠡᠭᠡᠭᠰᠢᠯᠡᠭᠦᠯᠵᠦ᠂ ᠨᠡᠩ ᠥᠨᠳᠥᠷ ᠵᠣᠭᠰᠣᠴᠠ᠂ ᠨᠡᠩ ᠶᠡᠬᠡ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ᠎ᠪᠠᠷ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠡᠯ᠎ᠡ ᠵᠦᠢ᠍ᠯ᠎ᠤᠨ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠠᠳᠬᠤᠬᠤ ᠬᠡᠷᠡᠭᠲᠡᠢ᠃ ᠬᠦᠴᠦ᠎ᠪᠠᠨ ᠲᠥᠪᠯᠡᠷᠡᠭᠦᠯᠦᠨ ᠭᠣᠣᠯ ᠬᠠᠷᠢᠭᠤᠴᠠᠯᠭ᠎ᠠ ᠵᠢ ᠡᠭᠦᠷᠭᠡᠯᠡᠵᠦ᠂ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠤ ᠲᠣᠪᠣᠢ᠌ᠮ᠎ᠠ ᠵᠥᠷᠢᠴᠡᠯ ᠪᠣᠯᠣᠨ ᠴᠢᠬᠤᠯᠠ ᠶᠡᠬᠡ ᠠᠰᠠᠭᠤᠳᠠᠯ᠎ᠢ ᠴᠢᠩᠭ᠎ᠠ ᠠᠩᠬᠠᠷᠴᠤ᠂ ᠬᠠᠤᠯᠢ ᠬᠡᠷᠡᠭᠵᠢᠭᠦᠯᠬᠦ ᠦᠷ᠎ᠡ ᠪᠦᠲᠦᠮᠵᠢ᠎ᠪᠠᠨ ᠳᠡᠭᠡᠭᠰᠢᠯᠡᠭᠦᠯᠵᠦ᠂ ᠰᠦᠷᠳᠡᠭᠦᠯᠬᠦ ᠬᠦᠴᠦᠨ᠎ᠢ ᠪᠦᠷᠢᠯᠳᠦᠭᠦᠯᠬᠦ ᠬᠡᠷᠡᠭᠲᠡᠢ; ᠬᠠᠤᠯᠢ ᠬᠡᠷᠡᠭᠵᠢᠭᠦᠯᠬᠦ ᠡᠩᠨᠡᠭᠡᠨ᠎ᠤ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠬᠠᠤᠯᠢ ᠬᠡᠷᠡᠭᠵᠢᠭᠦᠯᠬᠦ ᠠᠵᠢᠯᠲᠠᠨ᠎ᠤ ᠬᠠᠤᠯᠢ᠎ᠪᠠᠷ ᠵᠠᠰᠠᠬᠤ ᠤᠬᠠᠮᠰᠠᠷ᠂ ᠳᠦᠷᠢᠮ᠎ᠤᠨ ᠤᠬᠠᠮᠰᠠᠷ᠂ ᠰᠠᠬᠢᠯᠭ᠎ᠠ ᠪᠠᠲᠤ ᠵᠢᠨ ᠤᠬᠠᠮᠰᠠᠷ᠎ᠢ ᠴᠢᠩᠭ᠋ᠠᠳᠬᠠᠵᠤ᠂ ᠬᠣᠷᠢᠭ᠎ᠠ ᠱᠤᠭᠤᠮ᠂ ᠤᠯᠠᠭ᠋ᠠᠨ ᠱᠤᠭᠤᠮ᠂ ᠥᠨᠳᠥᠷ ᠳᠠᠷᠤᠯᠲᠠᠲᠤ ᠱᠤᠭᠤᠮ᠎ᠢ ᠪᠠᠲᠤ ᠰᠠᠬᠢᠵᠤ᠂ ᠠᠵᠢᠯᠲᠠᠨ᠎ᠤ ᠬᠡᠪ ᠴᠢᠨᠠᠷ᠎ᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠬᠠᠤᠯᠢ ᠬᠡᠷᠡᠭᠵᠢᠭᠦᠯᠬᠦ ᠡᠩᠨᠡᠭᠡᠨ᠎ᠤ ᠲᠤᠰᠬᠠᠢ᠌ᠵᠢᠯᠲᠠ ᠵᠢᠨ ᠪᠠᠢ᠌ᠭᠤᠯᠤᠯᠲᠠ ᠵᠢ ᠠᠬᠢᠭᠤᠯᠬᠤ ᠬᠡᠷᠡᠭᠲᠡᠢ; ᠰᠠᠯᠠᠭ᠎ᠠ ᠮᠥᠴᠢᠷ᠎ᠤᠨ ᠬᠠᠮᠲᠤᠷᠠᠯ᠎ᠤᠨ ᠬᠦᠴᠦᠨ᠎ᠢ ᠴᠢᠩᠭ᠋ᠠᠳᠬᠠᠵᠤ᠂ ᠡᠯ᠎ᠡ ᠰᠠᠯᠠᠭ᠎ᠠ ᠮᠥᠴᠢᠷ᠎ᠤᠨ ᠬᠣᠯᠪᠤᠭ᠋ᠠᠯᠠᠨ ᠬᠥᠳᠡᠯᠦᠯᠴᠡᠵᠦ ᠬᠠᠤᠯᠢ ᠬᠡᠷᠡᠭᠵᠢᠭᠦᠯᠬᠦ᠂ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ᠂ ᠰᠦᠪᠡᠭᠴᠢ ᠪᠠ ᠬᠡᠷᠡᠭ᠎ᠢ ᠰᠢᠯᠵᠢᠭᠦᠯᠦᠨ ᠬᠦᠷᠭᠡᠬᠦ᠂ ᠬᠠᠮᠲᠤᠷᠠᠨ ᠪᠠᠢ᠌ᠴᠠᠭ᠋ᠠᠬᠤ᠂ ᠬᠡᠷᠡᠭ᠎ᠤᠨ ᠪᠠᠶ᠋ᠢᠳᠠᠯ᠎ᠢ ᠮᠡᠳᠡᠭᠳᠡᠬᠦ ᠵᠡᠷᠭᠡ ᠲᠣᠭᠲᠠᠴᠠ ᠵᠢ ᠪᠦᠷᠢᠨᠰᠢᠭᠦᠯᠵᠦ᠂ 《ᠶᠡᠬᠡ ᠠᠮᠢ ᠠᠬᠤᠢ》 ᠵᠢᠨ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠬᠦ ᠰᠢᠨ᠎ᠡ ᠪᠠᠢ᠌ᠷᠢᠰᠢᠯ᠎ᠢ ᠪᠠᠢ᠌ᠭᠤᠯᠬᠤ ᠵᠢ ᠠᠬᠢᠭᠤᠯᠬᠤ ᠬᠡᠷᠡᠭᠲᠡᠢ᠃ ᠬᠠᠤᠯᠢ ᠬᠡᠷᠡᠭᠵᠢᠭᠦᠯᠬᠦ ᠰᠠᠢ᠍ᠢ᠍ᠨ ᠰᠠᠢ᠌ᠬᠠᠨ ᠳᠦᠷᠢ ᠲᠥᠷᠬᠦ ᠵᠢ ᠪᠤᠢ ᠪᠣᠯᠭ᠋ᠠᠵᠤ᠂ 《ᠬᠠᠤᠯᠢ ᠬᠡᠷᠡᠭᠵᠢᠭᠦᠯᠬᠦ + ᠦᠢ᠍ᠯᠡᠴᠢᠯᠡᠭᠡ》 ᠵᠢᠨ ᠣᠢ᠌ᠯᠠᠭ᠋ᠠᠭᠳᠠᠬᠤᠨ᠎ᠢ ᠪᠠᠲᠤ ᠪᠤᠢ ᠪᠣᠯᠭ᠋ᠠᠵᠤ᠂ ᠬᠢᠨᠠᠨ ᠬᠠᠮᠢᠶᠠᠷᠬᠤ ᠪᠠ ᠦᠢ᠍ᠯᠡᠴᠢᠯᠡᠬᠦ ᠵᠢᠨ ᠬᠠᠷᠢᠴᠠᠭ᠎ᠠ ᠵᠢ ᠵᠥᠪ ᠵᠶ᠋ᠡᠷ ᠰᠢᠢ᠍ᠳᠪᠦᠷᠢᠯᠡᠵᠦ᠂ ᠠᠵᠤ ᠠᠬᠤᠢ᠌ᠯᠠᠯ᠎ᠳᠤ ᠬᠣᠯᠪᠣᠭᠳᠠᠭᠰᠠᠨ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠢ ᠵᠢᠷᠤᠮᠵᠢᠭᠤᠯᠵᠤ᠂ ᠵᠥᠪ ᠲᠠᠯ᠎ᠠ ᠵᠢᠨ ᠨᠠᠷᠢᠨ ᠲᠠᠩᠰᠠ ᠵᠢᠨ ᠳᠦᠷᠢᠮ᠎ᠢ ᠭᠦᠨᠵᠡᠭᠡᠢ ᠨᠠᠢ᠌ᠳᠠᠪᠤᠷᠢᠵᠢᠭᠤᠯᠵᠤ᠂ ᠰᠢᠨᠵᠢᠯᠡᠬᠦ ᠤᠬᠠᠭ᠋ᠠᠨᠴᠢ᠎ᠪᠠᠷ ᠣᠨᠣᠴᠠᠲᠠᠢ ᠬᠠᠤᠯᠢ ᠶᠣᠰᠣᠭ᠋ᠠᠷ ᠨᠥᠬᠥᠴᠡᠯ ᠲᠣᠭᠲᠠᠭ᠋ᠠᠵᠤ᠂ ᠬᠠᠤᠯᠢ ᠵᠢ ᠰᠠᠬᠢᠬᠤ ᠠᠵᠤ ᠠᠬᠤᠢ᠌ᠯᠠᠯ᠎ᠢ ᠬᠠᠷᠰᠢᠯᠠᠬᠤ ᠦᠭᠡᠢ ᠪᠠᠶ᠋ᠢᠬᠤ ᠬᠡᠷᠡᠭᠲᠡᠢ; ᠤᠯᠠᠨ ᠲᠦᠮᠡᠨ᠎ᠤ ᠳᠡᠷᠭᠡᠳᠡᠬᠢ ᠲᠣᠪᠣᠢ᠌ᠮ᠎ᠠ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠢ ᠨᠢᠭᠡᠳ ᠨᠢᠭᠡ᠎ᠪᠠᠷ ᠰᠢᠢ᠍ᠳᠪᠦᠷᠢᠯᠡᠵᠦ᠂ ᠶᠠᠪᠤᠳᠠᠯ ᠪᠦᠬᠦᠨ᠎ᠳᠤ ᠬᠠᠷᠢᠭᠤᠯᠲᠠ ᠥᠭᠬᠦ ᠬᠡᠷᠡᠭᠲᠡᠢ᠃ 《ᠪᠦᠬᠦ ᠵᠢᠯ᠂ ᠪᠦᠬᠦ ᠠᠵᠢᠯᠲᠠᠨ᠂ ᠪᠦᠬᠦ ᠶᠠᠪᠤᠴᠠ》᠎ᠪᠠᠷ ᠴᠡᠷᠢᠭ ᠪᠣᠯᠪᠠᠰᠤᠷᠠᠭᠤᠯᠬᠤ ᠵᠢ ᠪᠠᠷᠢᠮᠲᠠᠯᠠᠵᠤ᠂ ᠴᠡᠷᠢᠭ᠎ᠤᠨ ᠪᠣᠯᠪᠠᠰᠤᠷᠠᠯ᠎ᠤᠨ ᠦᠷ᠎ᠡ ᠪᠦᠲᠦᠭᠡᠯ᠎ᠢ ᠪᠦᠬᠦ ᠬᠦᠴᠦᠨ ᠵᠶ᠋ᠡᠷ ᠵᠶ᠋ᠡᠨ ᠪᠡᠬᠢᠵᠢᠭᠦᠯᠵᠦ᠂ ᠨᠡᠩ ᠲᠡᠭᠦᠯᠳᠡᠷ ᠴᠤᠭ ᠰᠦᠯᠳᠡ᠎ᠪᠠᠷ ᠬᠦᠴᠢᠷ᠎ᠢ ᠲᠤᠭᠤᠯᠤᠨ ᠪᠡᠷᠬᠡ ᠵᠢ ᠳᠠᠪᠠᠵᠤ᠂ ᠡᠷᠡᠯᠬᠡᠭᠯᠡᠨ ᠲᠡᠮᠡᠴᠡᠵᠦ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠬᠦ ᠠᠵᠢᠯ᠎ᠤᠨ ᠲᠠᠬᠢᠨ ᠰᠢᠨ᠎ᠡ ᠳᠡᠭᠲᠡᠷ᠎ᠲᠤ ᠭᠠᠷᠬᠤ ᠵᠢ ᠪᠦᠬᠦ ᠬᠦᠴᠦᠨ ᠵᠶ᠋ᠡᠷ ᠵᠶ᠋ᠡᠨ ᠠᠬᠢᠭᠤᠯᠵᠤ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠢ ᠪᠦᠲᠦᠭᠡᠨ ᠪᠠᠢ᠌ᠭᠤᠯᠬᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠲᠢᠩᠬᠢᠮ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ᠂ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠬᠠᠷᠢᠭᠤᠴᠠᠯᠭ᠋ᠠᠲᠠᠨ᠂ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠴᠢ ᠰᠢᠭᠤᠳ ᠬᠠᠷᠢᠶ᠎ᠠ ᠠᠩᠭᠢ ᠵᠢᠨ ᠪᠥᠬᠥ ᠺᠠᠳ᠋ᠷ᠂ ᠡᠯ᠎ᠡ ᠠᠶ᠋ᠢᠮᠠᠭ ᠬᠣᠲᠠ ᠵᠢᠨ ᠬᠠᠤᠯᠢ ᠬᠡᠷᠡᠭᠵᠢᠭᠦᠯᠬᠦ ᠠᠵᠢᠯ᠎ᠢ ᠬᠤᠪᠢᠳᠠᠨ ᠬᠠᠮᠢᠶᠠᠷᠴᠤ ᠪᠠᠢ᠌ᠭ᠎ᠠ ᠳᠡᠳ᠋ ᠲᠣᠪᠴᠢᠶᠠᠨ ᠳᠠᠷᠤᠭ᠎ᠠ᠂ ᠰᠠᠯᠪᠤᠷᠢ ᠠᠩᠭᠢ ᠵᠢᠨ ᠳᠠᠷᠤᠭ᠎ᠠ ᠵᠢᠴᠢ ᠲᠤᠬᠠᠢ᠌ᠯᠠᠭᠰᠠᠨ ᠠᠵᠢᠯ᠎ᠤᠨ ᠭᠣᠣᠯᠯᠠᠭᠴᠢ᠂ ᠬᠥᠬᠢᠭᠦᠯᠦᠯ ᠭᠥᠷᠳᠡᠭᠰᠡᠨ ᠬᠠᠮᠲᠤ ᠵᠢᠨ ᠲᠥᠯᠥᠭᠡᠯᠡᠭᠴᠢ ᠪᠠ ᠬᠤᠪᠢ ᠬᠥᠮᠥᠨ ᠲᠣᠰ ᠤᠳᠠᠭ᠋ᠠᠨ᠎ᠤ ᠬᠤᠷᠠᠯ᠎ᠳᠤ ᠣᠷᠣᠯᠴᠠᠪᠠ᠃