ᠣᠢ᠌ᠷ᠎ᠠ ᠵᠢᠨ ᠡᠳᠦᠷ᠎ᠤᠳ᠎ᠲᠤ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠪᠠ ᠠᠮᠢ ᠠᠬᠤᠢ ᠵᠢᠨ ᠣᠷᠴᠢᠨ ᠲᠣᠭᠣᠷᠢᠨ᠎ᠤ ᠬᠦᠷᠢᠶᠡᠨ᠎ᠳᠠᠬᠢ ᠬᠠᠤᠯᠢ᠎ᠠᠴᠠ ᠵᠥᠷᠢᠴᠡᠭᠰᠡᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠵᠢᠨ ᠠᠵᠢᠯᠯᠠᠬᠤ ᠳᠤᠭᠤᠢ᠌ᠯᠠᠩ ᠬᠥᠬᠡᠬᠣᠲᠠ᠂ ᠪᠤᠭᠤᠲᠤ᠂ ᠬᠢᠩᠭ᠋ᠠᠨ ᠠᠶ᠋ᠢᠮᠠᠭ᠂ ᠲᠦᠩᠯᠢᠶᠣᠣ᠂ ᠤᠯᠠᠭ᠋ᠠᠨᠬᠠᠳᠠ᠂ ᠣᠷᠳᠣᠰ᠂ ᠪᠠᠶᠠᠨᠨᠠᠭᠤᠷ᠂ ᠡᠷᠢᠶᠡᠨ ᠬᠣᠲᠠ ᠵᠡᠷᠭᠡ ᠠᠶ᠋ᠢᠮᠠᠭ ᠬᠣᠲᠠ ᠵᠢᠴᠢ ᠬᠡᠰᠡᠭ ᠬᠣᠰᠢᠭᠤ ᠰᠢᠶᠠᠨ ᠲᠣᠭᠣᠷᠢᠭ᠎ᠲᠤ ᠭᠦᠨᠵᠡᠭᠡᠢ᠌ᠷᠡᠨ᠂ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ᠎ᠳᠤ ᠬᠢᠨᠠᠯᠲᠠ ᠲᠠᠯᠪᠢᠵᠤ ᠵᠢᠭ᠋ᠠᠨ ᠵᠢᠯᠣᠭᠣᠳᠪᠠ᠃ ᠠᠵᠢᠯᠯᠠᠬᠤ ᠳᠤᠭᠤᠢ᠌ᠯᠠᠩ᠎ᠤᠨ᠎ᠬᠢᠨ ᠬᠠᠷᠢᠭᠤ ᠮᠡᠳᠡᠭᠦᠯᠦᠯᠲᠡ ᠵᠢ ᠰᠣᠨᠣᠰᠬᠤ᠂ ᠮᠠᠲ᠋ᠧᠷᠢᠶᠠᠯ ᠪᠠᠢ᠌ᠴᠠᠭ᠋ᠠᠨ ᠦᠵᠡᠬᠦ᠂ ᠰᠠᠨᠠᠯ ᠵᠶ᠋ᠠᠨ ᠰᠣᠯᠢᠯᠴᠠᠵᠤ ᠶᠠᠷᠢᠯᠴᠠᠬᠤ᠂ ᠳᠠᠯᠳᠠᠭᠤᠷ ᠰᠤᠷᠪᠤᠯᠵᠢᠯᠠᠵᠤ ᠰᠤᠭᠤᠴᠢᠨ ᠪᠠᠢ᠌ᠴᠠᠭ᠋ᠠᠬᠤ᠂ ᠲᠤᠬᠠᠢ ᠵᠢᠨ ᠭᠠᠵᠠᠷ᠎ᠲᠤᠨᠢ ᠪᠠᠢ᠌ᠴᠠᠭ᠋ᠠᠨ ᠦᠵᠡᠬᠦ ᠵᠡᠷᠭᠡ ᠠᠷᠭ᠎ᠠ ᠬᠡᠯᠪᠡᠷᠢ ᠵᠢ ᠠᠪᠴᠤ᠂ ᠢᠯᠡᠷᠡᠭᠦᠯᠦᠭᠰᠡᠨ ᠡᠯ᠎ᠡ ᠳᠦᠷᠦᠯ᠎ᠤᠨ ᠠᠰᠠᠭᠤᠳᠠᠯ᠎ᠢ ᠲᠤᠬᠠᠢ ᠵᠢᠨ ᠭᠠᠵᠠᠷ᠎ᠲᠤᠨᠢ ᠵᠢᠯᠤᠭᠣᠳᠴᠤ᠂ ᠡᠯ᠎ᠡ ᠰᠠᠯᠠᠭ᠎ᠠ ᠮᠥᠴᠢᠷ᠎ᠤᠨ ᠲᠡᠷᠡ ᠳᠠᠷᠤᠢ᠎ᠳᠤ᠎ᠨᠢ ᠬᠡᠷᠡᠭᠵᠢᠭᠦᠯᠵᠦ ᠲᠡᠷᠡ ᠳᠠᠷᠤᠢ᠎ᠳᠤ᠎ᠨᠢ ᠥᠭᠡᠷᠡᠴᠢᠯᠡᠬᠦ ᠵᠢ ᠠᠬᠢᠭᠤᠯᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠷᠢᠯᠠᠭᠤᠯᠤᠯᠲᠠ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠣᠢ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ 2024 ᠣᠨ᠎ᠤ 6 ᠰᠠᠷ᠎ᠠ ᠵᠢᠨ ᠰᠡᠭᠦᠯᠴᠢ᠎ᠠᠴᠠ ᠵᠢᠯ᠎ᠤᠨ ᠡᠴᠦᠰ ᠪᠣᠯᠲᠠᠯ᠎ᠠ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠪᠠ ᠠᠮᠢ ᠠᠬᠤᠢ ᠵᠢᠨ ᠣᠷᠴᠢᠨ ᠲᠣᠭᠣᠷᠢᠨ᠎ᠤ ᠬᠦᠷᠢᠶᠡᠨ᠎ᠳᠠᠬᠢ ᠬᠠᠤᠯᠢ᠎ᠠᠴᠠ ᠵᠥᠷᠢᠴᠡᠭᠰᠡᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠵᠢ ᠬᠠᠮᠲᠤᠷᠠᠨ ᠥᠷᠨᠢᠭᠦᠯᠪᠡ᠃ ᠬᠣᠲᠠ ᠬᠥᠳᠡᠭᠡ ᠵᠢᠨ ᠬᠣᠭ ᠨᠣᠪᠰᠢ ᠵᠢ ᠰᠢᠢ᠍ᠳᠪᠦᠷᠢᠯᠡᠬᠦ᠂ ᠪᠠᠷᠢᠯᠭ᠎ᠠ ᠵᠢᠨ ᠵᠠᠬ᠎ᠠ ᠳᠡᠯᠭᠡᠭᠦᠷ ᠪᠠ ᠭᠡᠷ ᠪᠠᠢ᠌ᠰᠢᠩ᠎ᠤᠨ ᠬᠣᠲᠠ ᠵᠢᠨ ᠶᠠᠪᠤᠳᠠᠯ᠎ᠤᠨ ᠢᠨᠵᠧᠨᠧᠷᠢᠩ᠎ᠤᠨ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ᠂ ᠠᠶᠤᠯᠲᠠᠢ ᠬᠠᠶᠠᠭᠳᠠᠮᠠᠯ ᠪᠣᠳᠠᠰ᠎ᠤᠨ ᠬᠠᠮᠢᠶᠠᠷᠤᠯᠲᠠ᠂ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ᠂ ᠣᠢ ᠰᠢᠭᠤᠢ ᠡᠪᠡᠰᠦ ᠪᠡᠯᠴᠢᠭᠡᠷ᠎ᠢ ᠡᠪᠳᠡᠬᠦ ᠵᠡᠷᠭᠡ 5 ᠲᠠᠯ᠎ᠠ ᠵᠢᠨ 24 ᠵᠦᠢ᠍ᠯ᠎ᠤᠨ ᠲᠣᠪᠣᠢ᠌ᠮ᠎ᠠ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 《ᠨᠢᠭᠡ ᠲᠠᠯ᠎ᠠ᠎ᠪᠠᠷ ᠵᠢᠭᠰᠠᠭ᠋ᠠᠨ ᠪᠠᠢ᠌ᠴᠠᠭ᠋ᠠᠵᠤ᠂ ᠨᠢᠭᠡ ᠲᠠᠯ᠎ᠠ᠎ᠪᠠᠷ ᠴᠡᠭᠴᠡᠯᠡᠨ ᠵᠠᠰᠠᠬᠤ》 ᠠᠷᠭ᠎ᠠ ᠮᠠᠶᠢᠭ᠎ᠢ ᠠᠪᠴᠤ᠂ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠤᠯᠠᠨ ᠲᠦᠮᠡᠨ᠎ᠤ ᠲᠤᠰᠬᠠᠯ ᠶᠡᠬᠡᠲᠡᠢ ᠠᠰᠠᠭᠤᠳᠠᠯ᠎ᠢ ᠭᠣᠣᠯᠳᠠᠯᠭ᠎ᠠ᠎ᠲᠠᠢ ᠵᠠᠯᠠᠷᠠᠭᠤᠯᠤᠨ ᠵᠠᠰᠠᠵᠤ᠂ ᠨᠢᠭᠡ ᠪᠦᠯᠦᠭ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠴᠢᠩᠭ᠎ᠠ ᠪᠠᠢ᠌ᠴᠠᠭ᠋ᠠᠨ ᠰᠢᠢ᠍ᠳᠪᠦᠷᠢᠯᠡᠵᠦ ᠢᠯᠡᠴᠢᠯᠡᠵᠦ᠂ ᠬᠠᠤᠯᠢ ᠪᠤᠰᠤ ᠠᠰᠢᠭ ᠲᠤᠰᠠ ᠵᠢᠨ ᠬᠡᠯᠬᠢᠶ᠎ᠡ ᠵᠢ ᠲᠡᠰᠦᠯᠦᠨ᠂ ᠠᠵᠢᠯ ᠲᠥᠷᠥᠯ᠎ᠤᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠵᠢᠷᠤᠮᠵᠢᠭᠤᠯᠵᠤ᠂ ᠣᠷᠳᠣ ᠬᠤᠭᠤᠴᠠᠭ᠋ᠠᠨ᠎ᠤ ᠪᠦᠲᠦᠮᠵᠢᠲᠡᠢ ᠠᠵᠢᠯ᠎ᠤᠨ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠡᠶ᠋ᠢᠮᠦᠷᠬᠦ ᠠᠰᠠᠭᠤᠳᠠᠯ ᠡᠭᠦᠰᠬᠦ ᠵᠢ ᠡᠬᠢ ᠡᠭᠦᠰᠦᠯ᠎ᠠᠴᠠ᠎ᠨᠢ ᠰᠡᠷᠭᠡᠢ᠌ᠯᠡᠵᠦ ᠪᠠᠢ᠌ᠨ᠎ᠠ᠃
ᠣᠳᠣᠬᠠᠨ᠎ᠳᠤ᠂ ᠥᠪᠥᠷ ᠮᠣᠩᠭᠣᠯ᠎ᠤᠨ ᠡᠯ᠎ᠡ ᠠᠶ᠋ᠢᠮᠠᠭ ᠬᠣᠲᠠ ᠨᠢᠭᠡᠨᠲᠡ ᠤᠯᠠᠨ ᠰᠠᠯᠠᠭ᠎ᠠ ᠮᠥᠴᠢᠷ᠎ᠤᠨ ᠬᠠᠮᠲᠤᠷᠠᠭᠰᠠᠨ ᠠᠵᠢᠯᠯᠠᠬᠤ ᠳᠤᠭᠤᠢ᠌ᠯᠠᠩ᠎ᠢ ᠵᠣᠬᠢᠶᠠᠨ ᠪᠠᠢ᠌ᠭᠤᠯᠵᠤ᠂ ᠪᠠᠶ᠋ᠢᠳᠠᠯ᠎ᠢ ᠣᠢ᠌ᠯᠠᠭ᠋ᠠᠨ ᠵᠢᠭᠰᠠᠭ᠋ᠠᠨ ᠪᠠᠢ᠌ᠴᠠᠭ᠋ᠠᠬᠤ ᠪᠠ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠢᠨ ᠠᠵᠢᠯ᠎ᠢ ᠪᠥᠬᠥ ᠲᠠᠯ᠎ᠠ᠎ᠪᠠᠷ ᠥᠷᠨᠢᠭᠦᠯᠵᠦ ᠪᠠᠢ᠌ᠨ᠎ᠠ᠃
ᠤᠯᠠᠭ᠋ᠠᠨᠬᠠᠳᠠ ᠬᠣᠲᠠ ᠵᠢᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ᠎ᠨᠢ ᠬᠣᠭ ᠨᠣᠪᠰᠢ ᠵᠢ ᠵᠠᠰᠠᠬᠤ ᠠᠵᠢᠯ᠎ᠢ ᠰᠢᠰᠲ᠋ᠧᠮ᠎ᠲᠠᠢ᠎ᠪᠠᠷ ᠡᠮᠬᠢᠯᠡᠨ ᠳᠢᠭᠯᠡᠵᠦ᠂ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠳᠠᠷᠤᠮᠠᠯᠯᠠᠨ ᠲᠠᠷᠬᠠᠭ᠋ᠠᠵᠤ᠂ ᠪᠠᠷᠢᠯᠭ᠎ᠠ ᠵᠢᠨ ᠬᠣᠭ ᠨᠣᠪᠰᠢ ᠵᠢ ᠠᠷᠢᠯᠭ᠋ᠠᠬᠤ ᠦᠢ᠍ᠯᠡᠳᠪᠦᠷᠢ ᠭᠠᠵᠠᠷ᠎ᠢ ᠵᠢᠷᠤᠮᠵᠢᠭᠤᠯᠤᠨ ᠪᠦᠲᠦᠭᠡᠨ ᠪᠠᠢ᠌ᠭᠤᠯᠵᠤ᠂ ᠬᠣᠭ ᠨᠣᠪᠰᠢ ᠵᠢᠨ ᠬᠠᠮᠢᠶᠠᠷᠤᠯᠲᠠ ᠵᠢᠨ ᠠᠵᠢᠯ᠎ᠤᠨ ᠰᠢᠯᠭ᠋ᠠᠨ ᠬᠢᠨᠠᠵᠤ ᠬᠤᠪᠢ ᠲᠣᠭᠲᠠᠭ᠋ᠠᠬᠤ ᠲᠣᠭᠲᠠᠴᠠ ᠪᠠ ᠪᠠᠷᠢᠯᠭ᠎ᠠ ᠵᠢᠨ ᠬᠣᠭ ᠨᠣᠪᠰᠢ ᠵᠢᠨ ᠪᠥᠬᠥ ᠬᠡᠯᠬᠢᠶ᠎ᠡ ᠵᠢᠨ ᠬᠢᠨᠠᠯᠲᠠ ᠬᠠᠮᠢᠶᠠᠷᠤᠯᠲᠠ ᠵᠢᠨ ᠲᠠᠪᠴᠠᠩ᠎ᠢ ᠪᠠᠢ᠌ᠭᠤᠯᠤᠨ᠂ ᠪᠠᠷᠢᠯᠭ᠎ᠠ ᠵᠢᠨ ᠬᠣᠭ ᠨᠣᠪᠰᠢ ᠵᠢ ᠪᠤᠢ ᠪᠣᠯᠭ᠋ᠠᠬᠤ᠂ ᠴᠤᠭᠯᠠᠭᠤᠯᠬᠤ᠂ ᠲᠡᠭᠡᠭᠡᠪᠦᠷᠢᠯᠡᠬᠦ᠂ ᠰᠢᠢ᠍ᠳᠪᠦᠷᠢᠯᠡᠬᠦ ᠡᠯ᠎ᠡ ᠭᠣᠭᠴᠣᠭ᠎ᠠ᠎ᠳᠤ ᠪᠦᠲᠦᠮᠵᠢᠲᠡᠢ ᠬᠢᠨᠠᠨ ᠡᠵᠡᠮᠳᠡᠬᠦ ᠵᠢ ᠬᠡᠷᠡᠭᠵᠢᠭᠦᠯᠪᠡ᠃ ᠪᠥᠬᠥ ᠬᠣᠲᠠ᠎ᠳᠤ ᠬᠣᠭ ᠨᠣᠪᠰᠢ ᠵᠢ ᠳᠤᠷ᠎ᠠ᠎ᠪᠠᠷ ᠵᠶ᠋ᠠᠨ ᠣᠪᠣᠭ᠋ᠠᠯᠠᠵᠤ ᠳᠤᠷ᠎ᠠ᠎ᠪᠠᠷ ᠵᠶ᠋ᠠᠨ ᠲᠠᠯᠪᠢᠵᠤ ᠪᠠᠢ᠌ᠭ᠎ᠠ 222 ᠠᠰᠠᠭᠤᠳᠠᠯ᠎ᠢ ᠵᠢᠭᠰᠠᠭ᠋ᠠᠨ ᠪᠠᠢ᠌ᠴᠠᠭ᠋ᠠᠵᠤ᠂ ᠡᠭᠦᠨ᠎ᠳᠤ 158 ᠭᠠᠵᠠᠷ᠎ᠢ ᠴᠡᠭᠴᠡᠯᠡᠨ ᠰᠠᠢ᠌ᠵᠢᠷᠠᠭᠤᠯᠵᠤ᠂ ᠣᠲᠣ ᠶᠠᠭ 64 ᠭᠠᠵᠠᠷ᠎ᠲᠤ ᠴᠡᠭᠴᠡᠯᠡᠨ ᠰᠠᠢ᠌ᠵᠢᠷᠠᠭᠤᠯᠬᠤ ᠠᠷᠭ᠎ᠠ ᠬᠡᠮᠵᠢᠶ᠎ᠡ ᠠᠪᠴᠤ᠂ ᠠᠮᠢᠳᠤᠷᠠᠯ᠎ᠤᠨ ᠬᠣᠭ ᠨᠣᠪᠰᠢ ᠵᠢ ᠪᠠᠷᠤᠭ 0.95 ᠲᠦᠮᠡᠨ ᠲᠣᠨ ᠴᠡᠪᠡᠷᠯᠡᠵᠦ᠂ ᠪᠠᠷᠢᠯᠭ᠎ᠠ ᠵᠢᠨ ᠬᠣᠭ ᠨᠣᠪᠰᠢ ᠵᠢ ᠪᠠᠷᠤᠭ 5.3 ᠲᠦᠮᠡᠨ ᠲᠣᠨ ᠴᠡᠪᠡᠷᠯᠡᠵᠡᠢ᠃
ᠬᠢᠩᠭ᠋ᠠᠨ ᠠᠶ᠋ᠢᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠪᠦᠬᠦ ᠶᠠᠪᠤᠴᠠ ᠵᠢᠨ ᠬᠠᠮᠢᠶᠠᠷᠤᠯᠲᠠ᠎ᠪᠠᠨ ᠴᠢᠩᠭ᠋ᠠᠳᠬᠠᠵᠤ᠂ ᠠᠵᠤ ᠠᠬᠤᠢ᠌ᠯᠠᠯ᠎ᠤᠨ ᠪᠣᠬᠢᠷᠲᠤᠯ᠎ᠤᠨ ᠡᠬᠢ ᠰᠤᠷᠪᠤᠯᠵᠢ ᠵᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠲᠥᠬᠦᠭᠡᠷᠦᠮᠵᠢ ᠵᠢᠨ ᠠᠵᠢᠯᠯᠠᠭᠤᠯᠵᠤ ᠬᠠᠮᠠᠭ᠋ᠠᠯᠠᠵᠤ ᠪᠠᠢ᠌ᠭ᠎ᠠ ᠪᠠᠶ᠋ᠢᠳᠠᠯ᠎ᠳᠤ ᠭᠡᠨᠡᠳᠲᠡ ᠵᠢᠨ ᠪᠠᠢ᠌ᠴᠠᠭ᠋ᠠᠯᠲᠠ ᠬᠢᠵᠦ᠂ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢ ᠬᠤᠳᠠᠯ ᠵᠶ᠋ᠠᠷ ᠵᠣᠬᠢᠶᠠᠨ ᠬᠠᠭᠤᠷᠮᠠᠭ ᠵᠶ᠋ᠠᠷ ᠵᠣᠬᠢᠶᠠᠬᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠤᠳᠠᠭ᠎ᠠ ᠪᠦᠷᠢ ᠵᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠵᠤ ᠬᠠᠷᠢᠭᠤ ᠲᠤᠰᠬᠠᠭᠰᠠᠨ ᠠᠰᠠᠭᠤᠳᠠᠯ ᠪᠣᠯᠣᠨ ᠤᠯᠠᠨ ᠲᠦᠮᠡᠨ᠎ᠤ ᠵᠠᠬᠢᠳᠠᠯ ᠰᠣᠷᠪᠤᠯᠵᠢᠯᠠᠭ᠎ᠠ᠎ᠪᠠᠷ ᠢᠯᠡᠴᠢᠯᠡᠨ ᠮᠡᠳᠡᠭᠦᠯᠦᠭᠰᠡᠨ ᠬᠡᠷᠡᠭ᠎ᠲᠤ ᠪᠦᠬᠦ ᠲᠠᠯ᠎ᠠ᠎ᠪᠠᠷ ᠪᠠᠢ᠌ᠴᠠᠭ᠋ᠠᠯᠲᠠ ᠬᠢᠵᠦ᠂ ᠠᠰᠠᠭᠤᠳᠠᠯ᠎ᠤᠨ ᠰᠦᠪᠡᠭᠴᠢ ᠵᠢ ᠪᠦᠬᠦ ᠲᠠᠯ᠎ᠠ᠎ᠪᠠᠷ ᠪᠠᠢ᠌ᠴᠠᠭ᠋ᠠᠨ ᠰᠢᠢ᠍ᠳᠪᠦᠷᠢᠯᠡᠪᠡ᠃ ᠡᠭᠦᠨ᠎ᠤ ᠬᠠᠮᠲᠤ᠂ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠦᠯᠲᠡ ᠵᠢ ᠰᠢᠶᠠᠩ ᠪᠠᠯᠭ᠋ᠠᠰᠤ ᠰᠤᠮᠤ ᠳᠠᠰᠢ ᠤᠷᠲᠤᠳᠬᠠᠵᠤ᠂ ᠰᠢᠶᠠᠩ ᠪᠠᠯᠭ᠋ᠠᠰᠤ ᠵᠢᠨ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠦᠯᠲᠡ᠎ᠯᠦᠭᠡ ᠬᠣᠯᠪᠤᠭ᠋ᠠᠯᠠᠨ ᠬᠥᠳᠡᠯᠦᠯᠴᠡᠬᠦ ᠲᠣᠭᠲᠠᠴᠠ ᠵᠢ ᠪᠤᠢ ᠪᠣᠯᠭ᠋ᠠᠵᠤ᠂ ᠮᠠᠯᠵᠢᠬᠤ ᠲᠠᠷᠢᠶᠠᠯᠠᠬᠤ ᠣᠷᠣᠨ᠎ᠳᠤ ᠬᠠᠤᠯᠢ ᠪᠤᠰᠤ᠎ᠪᠠᠷ ᠦᠢ᠍ᠯᠡᠳᠪᠦᠷᠢᠯᠡᠵᠦ ᠡᠳ᠋ᠰᠢᠭᠦᠯᠬᠦ ᠠᠵᠢᠯᠯᠠᠭ᠎ᠠ ᠬᠢᠬᠦ᠂ ᠠᠶᠤᠯᠲᠠᠢ ᠬᠠᠶᠠᠭᠳᠠᠮᠠᠯ ᠪᠣᠳᠠᠰ᠎ᠢ ᠬᠤᠯᠠᠭ᠋ᠠᠢ᠌ᠯᠠᠨ ᠭᠠᠳᠠᠭᠰᠢᠯᠠᠭᠤᠯᠬᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠴᠦ᠂ 46 ᠠᠵᠤ ᠠᠬᠤᠢ᠌ᠯᠠᠯ᠎ᠢ ᠣᠢ᠌ᠯᠠᠭ᠋ᠠᠨ ᠭᠠᠳᠠᠭᠰᠢᠯᠠᠭᠤᠯᠵᠤ᠂ 433 ᠠᠰᠠᠭᠤᠳᠠᠯ᠎ᠤᠨ ᠰᠦᠪᠡᠭᠴᠢ ᠵᠢ ᠢᠯᠡᠷᠡᠭᠦᠯᠪᠡ᠃
《ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠪᠣᠯᠣᠨ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠠᠬᠢ ᠬᠠᠤᠯᠢ ᠵᠢ ᠵᠥᠷᠢᠴᠡᠭᠰᠡᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠵᠢᠨ ᠠᠵᠢᠯ᠎ᠤᠨ ᠳᠤᠭᠤᠢ᠌ᠯᠠᠩ ᠦᠷᠭᠦᠯᠵᠢᠯᠡᠨ ᠡᠯ᠎ᠡ ᠭᠠᠵᠠᠷ ᠣᠷᠣᠨ᠎ᠳᠤ ᠭᠦᠨᠵᠡᠭᠡᠢ᠌ᠷᠡᠨ ᠬᠢᠨᠠᠯᠲᠠ ᠲᠠᠯᠪᠢᠵᠤ ᠵᠢᠭ᠋ᠠᠨ ᠵᠢᠯᠤᠭᠣᠳᠴᠤ᠂ ᠭᠣᠣᠯᠳᠠᠯᠭ᠎ᠠ᠎ᠲᠠᠢ ᠠᠰᠠᠭᠤᠳᠠᠯ᠎ᠤᠨ ᠰᠦᠪᠡᠭᠴᠢ ᠵᠢ ᠲᠤᠬᠠᠢ ᠵᠢᠨ ᠭᠠᠵᠠᠷ᠎ᠲᠤᠨᠢ ᠬᠠᠷᠭᠤᠭᠤᠯᠤᠨ ᠪᠠᠢ᠌ᠴᠠᠭ᠋ᠠᠵᠤ᠂ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠤᠭᠰᠠᠨ ᠪᠠᠶ᠋ᠢᠳᠠᠯ᠎ᠢ ᠮᠥᠷᠳᠡᠨ ᠱᠠᠯᠠᠪᠳᠠᠭᠤᠯᠵᠤ᠂ ᠲᠤᠰᠬᠠᠢ ᠠᠵᠢᠯᠯᠠᠭ᠎ᠠ ᠵᠢᠨ ᠪᠣᠳᠠᠲᠠᠢ ᠦᠷ᠎ᠡ ᠪᠦᠲᠦᠮᠵᠢ ᠣᠯᠬᠤ ᠵᠢ ᠠᠬᠢᠭᠤᠯᠤᠨ᠎ᠠ》 ᠭᠡᠵᠦ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠲᠠᠨᠢᠯᠴᠠᠭᠤᠯᠪᠠ᠃