ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠥᠬᠥᠳᠡ ᠬᠤᠷᠠᠯ ᠵᠢᠴᠢ ᠪᠥᠬᠥ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ᠂ 《ᠵᠢᠷᠭᠤᠭ᠋ᠠᠨ ᠠᠵᠢᠯᠯᠠᠭ᠎ᠠ》 ᠵᠢ ᠪᠥᠬᠥ ᠬᠦᠴᠦᠨ ᠵᠶ᠋ᠡᠷ ᠵᠶ᠋ᠡᠨ ᠰᠠᠶ᠋ᠢᠲᠤᠷ ᠨᠠᠢ᠌ᠳᠠᠪᠤᠷᠢᠵᠢᠭᠤᠯᠵᠤ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠡᠨᠡ ᠬᠦ᠌ 《ᠵᠠᠩᠭᠢᠯᠠᠭ᠎ᠠ》 ᠵᠢ ᠴᠢᠩᠭ᠎ᠠ ᠠᠳᠬᠤᠨ᠂ ᠡᠷᠲᠡ᠎ᠠᠴᠠ ᠤᠬᠠᠭ᠋ᠠᠯᠠᠨ᠂ ᠡᠷᠲᠡ᠎ᠠᠴᠠ ᠬᠥᠳᠡᠯᠦᠯᠴᠡᠵᠦ᠂ ᠦᠨᠳᠦᠰᠦᠨ ᠱᠠᠲᠤᠨ᠎ᠳᠤ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠬᠦ ᠵᠢᠨ ᠲᠥᠯᠥᠭᠡ᠂ ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠲᠦᠩᠯᠢᠶᠣᠣ ᠬᠣᠲᠠ᠎ᠳᠤ ᠠᠮᠢ ᠠᠬᠤᠢ ᠣᠷᠴᠢᠨ ᠲᠣᠭᠣᠷᠢᠨ᠎ᠤ ᠲᠤᠰᠬᠠᠢ ᠪᠡᠯᠡ ᠮᠥᠩᠭᠥ ᠵᠢᠨ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠪᠣᠯᠪᠠᠰᠤᠷᠠᠯ᠎ᠢ ᠥᠷᠨᠢᠭᠦᠯᠦᠭᠰᠡᠨ ᠪᠥᠭᠡᠳ ᠲᠥᠷᠥᠯ ᠵᠦᠢ᠍ᠯ᠎ᠢ ᠲᠥᠯᠥᠪᠯᠡᠬᠦ ᠠᠵᠢᠯ᠎ᠤᠨ ᠶᠠᠷᠢᠯᠴᠠᠬᠤ ᠬᠤᠷᠠᠯ ᠬᠤᠷᠠᠯᠳᠤᠭᠤᠯᠪᠠ᠃
ᠬᠤᠷᠠᠯ᠎ᠠᠴᠠ᠂ ᠲᠦᠩᠯᠢᠶᠣᠣ ᠬᠤᠳᠠ ᠵᠢᠨ ᠥᠪᠥᠷ ᠮᠣᠩᠭᠣᠯ᠎ᠤᠨ ᠵᠡᠭᠦᠨ ᠬᠡᠰᠡᠭ᠎ᠤᠨ ᠭᠠᠵᠠᠷ ᠣᠷᠣᠨ᠎ᠳᠠᠬᠢ ᠣᠷᠣᠨ ᠪᠠᠶ᠋ᠢᠷᠢ ᠵᠢᠨ ᠳᠠᠪᠠᠭᠤᠯᠢᠭ᠎ᠤᠨ ᠲᠣᠭᠣᠷᠢᠨ᠎ᠳᠤ᠂ 《ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠢᠨᠵᠧᠨᠧᠷᠢᠩ》᠎ᠢ ᠰᠠᠶ᠋ᠢᠲᠤᠷ ᠨᠠᠢ᠌ᠳᠠᠪᠤᠷᠢᠵᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠴᠢᠬᠤᠯᠠ ᠶᠡᠬᠡ ᠳᠦᠷᠦᠯ ᠵᠦᠢ᠍ᠯ᠎ᠢ ᠲᠥᠯᠥᠪᠵᠢᠭᠦᠯᠬᠦ ᠠᠵᠢᠯᠯᠠᠭ᠎ᠠ ᠵᠢ ᠲᠦᠷᠭᠡᠨ ᠠᠬᠢᠭᠤᠯᠬᠤ ᠬᠡᠷᠡᠭᠲᠡᠢ᠃ ᠡᠯ᠎ᠡ ᠲᠥᠷᠥᠯ᠎ᠤᠨ ᠲᠥᠷᠥ ᠵᠢᠨ ᠪᠣᠳᠣᠯᠭ᠎ᠠ ᠵᠢᠨ ᠠᠵᠠ ᠲᠣᠬᠢᠶᠠᠯᠳᠤ ᠬᠤᠭᠤᠴᠠᠭ᠎ᠠ᠂ ᠴᠣᠩᠬᠣᠪᠴᠢ ᠬᠤᠭᠤᠴᠠᠭ᠎ᠠ ᠵᠢ ᠵᠠᠪᠳᠤᠨ ᠠᠳᠬᠤᠵᠤ᠂ ᠲᠥᠷᠥᠯ ᠵᠦᠢ᠍ᠯ᠎ᠢ ᠰᠦᠪᠡᠭᠴᠢᠯᠡᠬᠦ ᠵᠢᠨ ᠭᠠᠷᠳᠠᠬᠤ ᠴᠡᠭ᠂ ᠬᠦᠴᠦᠯᠡᠬᠦ ᠴᠡᠭ᠎ᠢ ᠣᠨᠣᠪᠴᠢᠲᠠᠢ ᠡᠷᠢᠨ ᠣᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ᠎ᠯᠦᠭᠡ ᠵᠢᠨ ᠨᠡᠪᠲᠡᠷᠡᠯᠴᠡᠭᠡ ᠵᠣᠬᠢᠴᠠᠭᠤᠯᠭ᠎ᠠ᠎ᠪᠠᠨ ᠴᠢᠩᠭ᠋ᠠᠳᠬᠠᠨ᠂ ᠠᠮᠢ ᠠᠬᠤᠢ ᠣᠷᠴᠢᠨ ᠲᠣᠭᠣᠷᠢᠨ᠎ᠤ ᠲᠤᠰᠬᠠᠢ ᠵᠦᠢ᠍ᠯ᠎ᠤᠨ ᠪᠡᠯᠡ ᠮᠥᠩᠭᠥ᠂ ᠠᠮᠢ ᠠᠬᠤᠢ ᠵᠢᠨ ᠬᠠᠮᠠᠭ᠋ᠠᠯᠠᠯᠲᠠ ᠰᠡᠷᠭᠦᠭᠡᠯᠲᠡ ᠵᠠᠰᠠᠯᠲᠠ ᠵᠢᠨ ᠲᠤᠰᠬᠠᠢ ᠵᠦᠢ᠍ᠯ᠎ᠤᠨ ᠪᠡᠯᠡ ᠮᠥᠩᠭᠥ᠂ EOD ᠪᠡᠯᠡ ᠮᠥᠩᠭᠥ ᠵᠡᠷᠭᠡ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠵᠢᠨ ᠠᠷᠭ᠎ᠠ ᠵᠠᠮ᠎ᠢ ᠥᠷᠭᠡᠳᠬᠡᠵᠦ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠲᠤᠰᠬᠠᠢ ᠵᠦᠢ᠍ᠯ᠎ᠤᠨ ᠪᠡᠯᠡ ᠮᠥᠩᠭᠥ ᠵᠢ ᠢᠳᠡᠪᠬᠢᠲᠡᠢ ᠲᠡᠮᠡᠴᠡᠨ ᠣᠯᠵᠤ᠂ ᠪᠡᠯᠡ ᠮᠥᠩᠭᠥ ᠵᠢᠨ ᠪᠠᠲᠤᠯᠠᠭ᠎ᠠ ᠵᠢ ᠴᠢᠩᠭ᠋ᠠᠷᠠᠭᠤᠯᠬᠤ ᠬᠡᠷᠡᠭᠲᠡᠢ᠃ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠪᠣᠯᠣᠨ ᠵᠠᠰᠠᠯᠲᠠ ᠵᠢᠨ ᠳᠤᠲᠠᠭᠤᠳᠠᠯ᠎ᠤᠨ ᠲᠣᠭᠣᠷᠢᠨ᠎ᠳᠤ᠂ ᠳᠦᠷᠦᠯ ᠵᠦᠢ᠍ᠯ᠎ᠢ ᠨᠢᠭᠡᠳᠦᠯᠲᠡᠢ ᠲᠥᠯᠥᠪᠯᠡᠨ ᠲᠥᠯᠥᠪᠵᠢᠭᠦᠯᠬᠦ ᠵᠢ ᠢᠳᠡᠪᠬᠢᠲᠡᠢ ᠰᠠᠶ᠋ᠢᠲᠤᠷ ᠬᠢᠵᠦ᠂ 《ᠨᠢᠭᠡ ᠪᠦᠯᠦᠭ᠎ᠢ ᠨᠥᠭᠡᠴᠡᠯᠡᠪᠡᠯ ᠨᠢᠭᠡ ᠪᠦᠯᠦᠭ᠎ᠢ ᠠᠵᠢᠯ ᠡᠬᠢᠯᠡᠭᠦᠯᠵᠦ᠂ ᠨᠢᠭᠡ ᠪᠦᠯᠦᠭ᠎ᠢ ᠪᠦᠲᠦᠭᠡᠨ ᠪᠠᠢ᠌ᠭᠤᠯᠵᠤ᠂ ᠨᠢᠭᠡ ᠪᠦᠯᠦᠭ᠎ᠢ ᠳᠠᠭᠤᠰᠬᠠᠬᠤ》 ᠰᠠᠢ᠍ᠢ᠍ᠨ ᠣᠷᠴᠢᠯ᠎ᠢ ᠠᠯᠬᠤᠮ ᠠᠯᠬᠤᠮ ᠵᠶ᠋ᠠᠷ ᠪᠦᠷᠢᠯᠳᠦᠭᠦᠯᠵᠦ᠂ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠵᠢ ᠰᠠᠶ᠋ᠢᠲᠤᠷ ᠨᠠᠢ᠌ᠳᠠᠪᠤᠷᠢᠵᠢᠭᠤᠯᠵᠤ᠂ ᠪᠦᠬᠦ ᠶᠠᠪᠤᠴᠠ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠳᠦᠷᠦᠯ ᠵᠦᠢ᠍ᠯ᠎ᠤᠨ ᠲᠥᠯᠦᠪᠵᠢᠭᠦᠯᠭᠡ ᠵᠢ ᠨᠠᠢ᠌ᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠵᠢ ᠪᠠᠲᠤᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠪᠣᠯᠪᠠᠰᠤᠷᠠᠯ᠎ᠤᠨ ᠬᠤᠷᠠᠯ᠎ᠤᠨ ᠳᠠᠷᠠᠭ᠎ᠠ ᠲᠥᠷᠥᠯ ᠵᠦᠢ᠍ᠯ᠎ᠢ ᠲᠥᠯᠥᠪᠵᠢᠭᠦᠯᠬᠦ ᠠᠵᠢᠯ᠎ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠤᠰᠬᠠᠢ ᠮᠡᠷᠭᠡᠵᠢᠯᠲᠡᠳ᠎ᠢ ᠤᠷᠢᠵᠤ ᠲᠦᠩᠯᠢᠶᠣᠣ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠂ ᠬᠠᠮᠢᠶ᠎ᠠ ᠪᠦᠬᠦᠢ ᠬᠣᠰᠢᠭᠤ ᠰᠢᠶᠠᠨ ᠲᠣᠭᠣᠷᠢᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠬᠤᠪᠢᠶᠠᠷᠢ ᠲᠣᠪᠴᠢᠶ᠎ᠠ ᠵᠢᠨ ᠬᠠᠷᠢᠭᠤᠴᠠᠯᠭ᠋ᠠᠲᠠᠨ ᠨᠥᠬᠥᠳ ᠪᠣᠯᠣᠨ ᠣᠷᠴᠢᠨ ᠲᠣᠭᠣᠷᠢᠨ᠎ᠤ ᠯᠠᠪᠯᠠᠯᠭ᠎ᠠ ᠵᠢᠨ ᠪᠠᠢ᠌ᠭᠤᠯᠤᠮᠵᠢ ᠵᠢᠨ ᠠᠵᠤ ᠠᠬᠤᠢ᠌ᠯᠠᠯ᠎ᠤᠨ ᠲᠥᠯᠥᠭᠡᠯᠡᠭᠴᠢᠳ᠎ᠲᠠᠢ ᠠᠮᠢ ᠠᠬᠤᠢ ᠣᠷᠴᠢᠨ ᠲᠣᠭᠣᠷᠢᠨ᠎ᠤ ᠲᠤᠰᠬᠠᠢ ᠪᠡᠯᠡ ᠮᠥᠩᠭᠥ ᠵᠢᠨ ᠲᠥᠷᠥᠯ ᠵᠦᠢ᠍ᠯ᠎ᠢ ᠭᠤᠶᠤᠴᠢᠯᠠᠨ ᠮᠡᠳᠡᠭᠦᠯᠬᠦ᠂ ᠬᠢᠨᠠᠨ ᠬᠠᠮᠢᠶᠠᠷᠬᠤ ᠵᠡᠷᠭᠡ ᠠᠵᠢᠯ᠎ᠤᠨ ᠲᠠᠯ᠎ᠠ᠎ᠪᠠᠷ ᠨᠢᠭᠤᠷᠲᠠᠨ ᠰᠣᠯᠢᠯᠴᠠᠵᠤ᠂ ᠲᠤᠬᠠᠢ ᠵᠢᠨ ᠲᠠᠯᠠᠪᠤᠷ᠎ᠲᠤ ᠮᠠᠳᠠᠭ᠎ᠲᠠᠢ ᠠᠰᠠᠭᠤᠳᠠᠯ᠎ᠢ᠎ᠨᠢ ᠬᠠᠷᠢᠭᠤᠯᠵᠠᠢ᠃ ᠡᠭᠦᠨ᠎ᠤ ᠬᠠᠮᠲᠤ᠂ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠤ ᠳᠦᠷᠦᠯ ᠵᠦᠢ᠍ᠯ᠎ᠢ ᠲᠥᠯᠥᠪᠵᠢᠭᠦᠯᠬᠦ ᠠᠵᠢᠯ᠎ᠤᠨ ᠲᠣᠭᠣᠷᠢᠨ᠎ᠳᠤ ᠭᠦᠨᠵᠡᠭᠡᠢ ᠰᠤᠳᠤᠯᠤᠨ ᠶᠠᠷᠢᠯᠴᠠᠵᠤ᠂ ᠨᠡᠭᠡᠭᠡᠯᠲᠡᠲᠤ ᠮᠠᠶᠢᠭ᠎ᠤᠨ᠂ ᠤᠯᠠᠨ ᠡᠰᠢᠴᠢᠯᠡᠭᠰᠡᠨ ᠳᠦᠷᠦᠯ ᠵᠦᠢ᠍ᠯ᠎ᠢ ᠲᠥᠯᠥᠪᠵᠢᠭᠦᠯᠬᠦ ᠵᠠᠭᠪᠤᠷ᠎ᠢ ᠪᠦᠷᠢᠯᠳᠦᠭᠦᠯᠵᠦ᠂ ᠠᠵᠤ ᠠᠬᠤᠢ᠌ᠯᠠᠯ᠎ᠤᠨ ᠭᠣᠣᠯ ᠴᠣᠭᠴᠠ᠂ ᠵᠥᠪᠯᠡᠯᠭᠡ ᠥᠭᠬᠦ ᠪᠠᠢ᠌ᠭᠤᠯᠤᠮᠵᠢ ᠵᠢᠨ ᠳᠦᠷᠦᠯ ᠵᠦᠢ᠍ᠯ᠎ᠢ ᠲᠥᠯᠥᠪᠵᠢᠭᠦᠯᠬᠦ ᠳᠠᠪᠠᠭᠤᠯᠢᠭ᠎ᠢ ᠪᠠᠳᠠᠷᠠᠭᠤᠯᠵᠤ᠂ ᠳᠦᠷᠦᠯ ᠵᠦᠢ᠍ᠯ᠎ᠢ ᠲᠥᠯᠥᠪᠵᠢᠭᠦᠯᠬᠦ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠣᠯᠬᠤ ᠵᠢ ᠦᠨᠡᠨ ᠬᠦ᠌ ᠪᠠᠲᠤᠯᠠᠪᠠ᠃