4 ᠰᠠᠷ᠎ᠠ ᠵᠢᠨ 17᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠣᠣᠯ ᠳᠤᠭᠤᠶ᠋ᠢᠯᠠᠩ ᠲᠤᠰᠬᠠᠶ ᠰᠡᠳᠦᠪᠲᠦ ᠰᠤᠷᠤᠯᠴᠠᠬᠤ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ 《ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠢ ᠰᠢ ᠵᠢᠨ ᠫᠢᠩ᠎ᠤᠨ ᠥᠭᠦᠯᠡᠯᠲᠡ ᠵᠢᠨ ᠲᠡᠭᠦᠪᠦᠷᠢ》᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ᠎ᠠᠴᠠ ᠵᠥᠷᠢᠴᠡᠭᠰᠡᠨ ᠨᠡᠶ᠋ᠢᠲᠡᠯᠢᠭ ᠬᠡᠷᠡᠭ᠎ᠤᠨ ᠵᠢᠱ᠌ᠢᠢ᠎ᠡ ᠵᠢ ᠨᠡᠶ᠋ᠢᠲᠡᠯᠡᠬᠦ᠂ ᠥᠪᠡᠷᠲᠡᠭᠡᠨ ᠵᠠᠰᠠᠬᠤ ᠣᠷᠣᠨ᠎ᠤ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠲᠦᠷᠢᠮ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠡᠷᠭᠡ ᠬᠠᠮᠢᠶ᠎ᠠ ᠪᠦᠬᠦᠢ ᠲᠦᠷᠢᠮ᠎ᠤᠨ ᠪᠢᠴᠢᠭ ᠮᠠᠲ᠋ᠧᠷᠢᠶᠠᠯ᠎ᠢ ᠬᠠᠮᠲᠤ᠎ᠪᠠᠷ ᠰᠤᠷᠤᠯᠴᠠᠵᠦ᠂ ᠨᠠᠮ᠎ᠤᠨ ᠲᠥᠪ ᠬᠣᠷᠢᠶᠠᠨ᠎ᠤ ᠨᠠᠢ᠍ᠮᠠᠨ ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠲᠦᠷᠢᠮ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠡᠷᠭᠡ ᠬᠠᠮᠢᠶ᠎ᠠ ᠪᠦᠬᠦᠢ ᠲᠦᠷᠢᠮ᠎ᠤᠨ ᠪᠢᠴᠢᠭ ᠮᠠᠲ᠋ᠧᠷᠢᠶᠠᠯ᠎ᠢ ᠬᠠᠮᠲᠤ᠎ᠪᠠᠷ ᠰᠤᠷᠤᠯᠴᠠᠪᠠ᠃ ᠡᠭᠦᠨ᠎ᠤ ᠬᠠᠮᠳᠤ 《ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠶ ᠰᠢ ᠵᠢᠨ ᠫᠢᠩ᠎ᠤᠨ ᠥᠭᠦᠯᠡᠯᠲᠡ ᠵᠢᠨ ᠲᠡᠭᠦᠪᠦᠷᠢ》 ᠵᠢ ᠰᠤᠷᠤᠯᠴᠠᠬᠤ ᠵᠢᠨ ᠲᠣᠭᠣᠷᠢᠨ᠎ᠳᠤ ᠰᠤᠳᠤᠯᠤᠨ ᠶᠠᠷᠢᠯᠴᠠᠵᠤ ᠰᠠᠨᠠᠯ ᠵᠶ᠋ᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠴᠢ ᠹᠸᠢ ᠶᠦᠨ ᠬᠤᠷᠠᠯ᠎ᠢ ᠡᠷᠬᠢᠯᠡᠪᠡ᠃
ᠬᠤᠷᠠᠯ᠎ᠠᠴᠠ᠂ 《ᠰᠤᠷᠤᠯᠴᠠᠬᠤ》᠎ᠳᠤ 《ᠤᠬᠠᠮᠰᠠᠷ᠎ᠲᠠᠢ ᠪᠠᠶ᠋ᠢᠬᠤ ᠬᠡᠷᠡᠭᠲᠡᠢ》᠂ ᠡᠭᠦᠨ᠎ᠠᠴᠠ ᠪᠢᠰᠢᠷᠡᠨ ᠵᠢᠷᠦᠬᠡᠰᠢᠶᠡᠬᠦ ᠵᠢ ᠮᠡᠳᠡᠬᠦ ᠬᠡᠷᠡᠭᠲᠡᠢ᠃ ᠲᠢᠩᠬᠢᠮ᠎ᠤᠨ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷᠴᠤᠳ 《ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠶ ᠰᠢ ᠵᠢᠨ ᠫᠢᠩ᠎ᠤᠨ ᠥᠭᠦᠯᠡᠯᠲᠡ ᠵᠢᠨ ᠲᠡᠭᠦᠪᠦᠷᠢ》 ᠵᠢ ᠭᠦᠨᠵᠡᠭᠡᠶ ᠰᠤᠷᠤᠯᠴᠠᠵᠤ᠂ ᠣᠭ ᠵᠣᠬᠢᠶᠠᠯ᠎ᠢ ᠤᠩᠰᠢᠬᠤ᠂ ᠣᠭ ᠵᠣᠬᠢᠶᠠᠯ᠎ᠢ ᠰᠤᠷᠤᠯᠴᠠᠬᠤ᠂ ᠣᠭ ᠶᠣᠰᠣ ᠵᠢ ᠣᠶ᠋ᠢᠯᠠᠭ᠋ᠠᠬᠤ ᠵᠢ ᠪᠠᠷᠢᠮᠲᠠᠯᠠᠨ᠂ ᠦᠵᠡᠯ ᠰᠠᠨᠠᠭ᠋ᠠᠨ᠎ᠤ ᠦᠨᠡᠨ ᠶᠣᠰᠣ᠂ ᠭᠣᠥᠯ ᠴᠢᠮᠥᠭᠡ ᠴᠢᠬᠤᠯᠠ ᠠᠭᠤᠯᠭ᠎ᠠ᠂ ᠦᠢᠯᠡᠳᠦᠯᠭᠡ ᠵᠢᠨ ᠠᠨᠢᠰᠤ ᠵᠢ ᠪᠥᠬᠥ ᠲᠠᠯ᠎ᠠ᠎ᠪᠠᠷ ᠡᠵᠡᠮᠰᠢᠵᠦ᠂ ᠲᠥᠪ ᠬᠣᠷᠢᠶᠠᠨ᠎ᠤ ᠨᠠᠢ᠍ᠮᠠᠨ ᠵᠤᠷᠪᠤᠰ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠤᠬᠠᠮᠰᠠᠷᠲᠤ ᠴᠢᠨᠠᠷ ᠪᠠ ᠡᠷᠡᠰ ᠪᠠᠲᠤ ᠴᠢᠨᠠᠷ ᠵᠶ᠋ᠠᠨ ᠲᠠᠰᠤᠷᠠᠯᠲᠠ ᠥᠬᠡᠶ ᠴᠢᠩᠭ᠋ᠠᠳᠬᠠᠵᠤ᠂ ᠦᠵᠡᠯ ᠰᠠᠨᠠᠭ᠋ᠠᠨ᠎ᠤ ᠲᠠᠯ᠎ᠠ᠎ᠪᠠᠷ ᠤᠯᠠᠭ᠋ᠠᠨ ᠱᠤᠭᠤᠮ ᠵᠢᠷᠤᠵᠤ᠂ ᠦᠢᠯᠡ ᠠᠵᠢᠯᠯᠠᠭ᠋ᠠᠨ᠎ᠤ ᠲᠠᠯ᠎ᠠ᠎ᠪᠠᠷ ᠵᠠᠭ᠋ᠠᠭ ᠱᠤᠭᠤᠮ ᠵᠶ᠋ᠠᠨ ᠲᠣᠳᠣᠷᠬᠠᠶ ᠪᠣᠯᠭ᠋ᠠᠬᠤ ᠬᠡᠷᠡᠭᠲᠡᠶ ᠭᠡᠵᠦ ᠴᠢᠬᠤᠯᠠᠴᠢᠯᠠᠪᠠ᠃
ᠬᠤᠷᠠᠯ᠎ᠠᠴᠠ᠂ 《ᠪᠠᠶ᠋ᠢᠴᠠᠭ᠋ᠠᠬᠤ》 ᠳᠠᠭᠠᠨ 《ᠪᠣᠳᠠᠲᠠᠶ ᠨᠠᠶ᠋ᠢᠳᠠᠪᠤᠷᠢᠵᠢᠭᠤᠯᠵᠤ》᠂ ᠲᠡᠭᠦᠨ᠎ᠤ ᠳᠣᠲᠣᠷ᠎ᠠ᠎ᠠᠴᠠ ᠬᠦᠷᠦᠯᠴᠡᠬᠦ ᠦᠭᠡᠢ ᠲᠠᠯ᠎ᠠ᠎ᠪᠠᠨ ᠡᠷᠢᠬᠦ ᠬᠡᠷᠡᠭᠲᠡᠶ᠃ ᠠᠰᠠᠭᠤᠳᠠᠯ᠎ᠳᠤ ᠵᠣᠷᠢᠭᠲᠠᠶ᠎ᠪᠠᠷ ᠰᠢᠭᠤᠳ ᠬᠠᠨᠳᠤᠵᠤ᠂ ᠠᠯᠳᠠᠭ᠎ᠠ ᠪᠤᠷᠤᠭᠤ᠎ᠪᠠᠨ ᠵᠣᠷᠢᠭᠲᠠᠶ᠎ᠪᠠᠷ ᠵᠠᠯᠠᠷᠠᠭᠤᠯᠬᠤ ᠪᠣᠯ ᠮᠠᠨ᠎ᠤ ᠨᠠᠮ᠎ᠤᠨ ᠢᠯᠡᠳᠲᠡ ᠣᠨᠴᠠᠯᠢᠭ ᠪᠠ ᠳᠠᠪᠠᠭᠤᠯᠢᠭ ᠲᠠᠯ᠎ᠠ ᠮᠥᠨ᠃ ᠠᠰᠠᠭᠤᠳᠠᠯ ᠢ ᠪᠥᠬᠥ ᠲᠠᠯ᠎ᠠ᠎ᠪᠠᠷ ᠭᠦᠨᠵᠡᠭᠡᠶ ᠡᠷᠢᠬᠦ ᠪᠣᠯ ᠲᠣᠰ ᠤᠳᠠᠭ᠋ᠠᠨ᠎ᠤ ᠰᠤᠷᠤᠯᠴᠠᠯᠭ᠎ᠠ ᠬᠥᠮᠦᠵᠢᠯ᠎ᠤᠨ ᠴᠢᠬᠤᠯᠠ ᠠᠭᠤᠯᠭ᠎ᠠ ᠮᠥᠨ᠂ ᠥᠪᠡᠷ ᠪᠡᠶ᠎ᠡ᠎ᠳᠡᠭᠡᠨ ᠲᠤᠶ᠋ᠢᠯᠪᠤᠷᠢᠲᠠᠶ ᠬᠤᠪᠢᠰᠬᠠᠯ ᠬᠢᠬᠦ ᠵᠣᠷᠢᠭ ᠰᠠᠨᠠᠭ᠎ᠠ ᠵᠢ ᠪᠠᠳᠠᠷᠠᠭᠤᠯᠵᠤ᠂ ᠥᠪᠡᠷ᠎ᠢ᠎ᠪᠠᠨ ᠣᠷᠣᠭᠤᠯᠵᠤ᠂ ᠭᠦᠨᠵᠡᠭᠡᠶ ᠪᠠᠶ᠋ᠢᠴᠠᠭ᠋ᠠᠨ ᠦᠵᠡᠵᠦ᠂ ᠬᠦᠷᠦᠯᠴᠡᠬᠦ ᠥᠬᠡᠶ ᠲᠠᠯ᠎ᠠ᠎ᠪᠠᠨ ᠡᠷᠢᠵᠦ᠂ ᠡᠷᠲᠡᠬᠡᠨ᠂ ᠣᠨᠣᠪᠴᠢᠲᠠᠶ᠂ ᠪᠣᠳᠠᠲᠠᠶ᠎ᠪᠠᠷ ᠥᠭᠡᠷᠡᠴᠢᠯᠡᠬᠦ ᠵᠢ ᠦᠨᠡᠨ ᠬᠦ᠌ ᠪᠠᠲᠤᠯᠠᠬᠤ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ᠂ 《ᠥᠭᠡᠷᠡᠴᠢᠯᠡᠬᠦ》᠎ᠳᠤ 《ᠦᠨᠡᠨ ᠳᠦᠷᠢᠮ᠎ᠢ ᠣᠯᠵᠤ ᠦᠵᠡᠬᠦ》 ᠬᠡᠷᠡᠭᠲᠡᠶ᠂ ᠡᠭᠦᠨ᠎ᠤ ᠳᠣᠲᠣᠷ᠎ᠠ᠎ᠠᠴᠠ ᠰᠢᠨ᠎ᠡ ᠬᠡᠪ ᠰᠤᠷᠲᠠᠯ᠎ᠢ ᠪᠤᠶ ᠪᠣᠯᠭ᠋ᠠᠬᠤ ᠬᠡᠷᠡᠭᠲᠡᠶ᠃ ᠪᠠᠶ᠋ᠢᠴᠠᠭ᠋ᠠᠬᠤ ᠪᠠ ᠥᠭᠡᠷᠡᠴᠢᠯᠡᠬᠦ ᠵᠢ ᠭᠦᠨᠵᠡᠭᠡᠢ ᠠᠭᠤᠰᠤᠯᠴᠠᠭᠤᠯᠵᠤ᠂ ᠨᠢᠭᠡ ᠴᠤᠭᠴᠠᠵᠢᠭᠤᠯᠤᠨ ᠨᠡᠪᠲᠡᠷᠡᠭᠦᠯᠵᠦ᠂ ᠶᠠᠮᠠᠷ ᠠᠰᠠᠭᠤᠳᠠᠯ ᠪᠠᠶ᠋ᠢᠪᠠᠯ ᠲᠡᠷᠡ ᠠᠰᠠᠭᠤᠳᠠᠯ᠎ᠢ ᠰᠢᠢ᠍ᠳᠪᠦᠷᠢᠯᠡᠵᠦ᠂ ᠶᠠᠮᠠᠷ ᠠᠰᠠᠭᠤᠳᠠᠯ ᠲᠤᠪᠤᠢ᠍ᠢ᠍ᠮ᠎ᠠ ᠪᠠᠶ᠋ᠢᠪᠠᠯ ᠲᠡᠷᠡ ᠠᠰᠠᠭᠤᠳᠠᠯ᠎ᠢ ᠭᠣᠣᠯᠳᠠᠯᠭ᠎ᠠ᠎ᠲᠠᠢ ᠰᠢᠢ᠍ᠳᠪᠦᠷᠢᠯᠡᠬᠦ ᠵᠢ ᠪᠠᠷᠢᠮᠲᠠᠯᠠᠵᠤ᠂ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ ᠪᠢᠲᠡᠭᠦᠦ ᠴᠠᠭ᠋ᠠᠷᠢᠭ᠎ᠤᠨ ᠬᠡᠯᠪᠡᠷᠢ᠎ᠪᠠᠷ᠂ ᠨᠠᠷᠢᠨ ᠲᠠᠩᠰᠠ᠎ᠪᠠᠷ ᠠᠬᠢᠭᠤᠯᠬᠤ ᠬᠡᠷᠡᠭᠲᠡᠢ ᠭᠡᠵᠦ ᠱᠠᠭ᠋ᠠᠷᠳᠠᠵᠠᠢ᠃
ᠬᠤᠷᠠᠯ᠎ᠠᠴᠠ᠂ 《ᠠᠵᠢᠯᠯᠠᠬᠤ》᠎ᠳᠠᠭᠠᠨ 《ᠪᠣᠳᠠᠲᠤ ᠦᠷ᠎ᠡ ᠪᠦᠲᠦᠮᠵᠢ ᠵᠢ ᠡᠷᠬᠢᠮᠯᠡᠵᠦ》᠂ ᠡᠭᠦᠨ᠎ᠤ ᠳᠤᠮᠳᠠ᠎ᠠᠴᠠ ᠡᠭᠦᠷᠭᠡ ᠬᠠᠷᠢᠭᠤᠴᠠᠯᠭ᠎ᠠ᠎ᠪᠠᠨ ᠢᠯᠡᠷᠡᠭᠦᠯᠬᠦ ᠬᠡᠷᠡᠭᠲᠡᠢ᠃ ᠲᠢᠩᠬᠢᠮ᠎ᠤᠨ ᠰᠢᠰᠲ᠋ᠧᠮ᠎ᠤᠨ᠎ᠬᠢᠨ ᠬᠣᠶᠠᠷ ᠲᠠᠯ᠎ᠠ ᠵᠢ ᠠᠳᠬᠤᠵᠤ᠂ ᠬᠣᠶᠠᠷ ᠲᠠᠯ᠎ᠠ ᠵᠢ ᠠᠬᠢᠭᠤᠯᠬᠤ ᠵᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠵᠢ ᠨᠢᠭᠡ ᠭᠣᠣᠯ ᠰᠢᠵᠢᠮ᠎ᠳᠤ ᠲᠤᠭᠤᠰᠢᠯᠠᠭᠤᠯᠬᠤ᠂ ᠬᠣᠶᠠᠷ ᠶᠡᠬᠡ ᠶᠠᠪᠤᠳᠠᠯ᠎ᠢ ᠰᠠᠶ᠋ᠢᠲᠤᠷ ᠬᠢᠬᠦ᠂ 《ᠲᠠᠪᠤᠨ ᠶᠡᠬᠡ ᠡᠭᠦᠷᠭᠡ》 ᠵᠢ ᠪᠡᠶᠡᠯᠡᠭᠦᠯᠬᠦ᠂ 《ᠵᠢᠷᠭᠤᠭ᠋ᠠᠨ ᠢᠨᠵᠧᠨᠧᠷᠢᠩ》᠎ᠢ ᠬᠡᠷᠡᠭᠵᠢᠭᠦᠯᠬᠦ᠂ 《ᠵᠢᠷᠭᠤᠭ᠋ᠠᠨ ᠠᠵᠢᠯᠯᠠᠭ᠎ᠠ》 ᠵᠢ ᠥᠷᠨᠢᠭᠦᠯᠬᠦ᠎ᠲᠠᠢ ᠤᠶᠠᠯᠳᠤᠭᠤᠯᠵᠤ᠂ 《ᠳᠠᠷᠤᠭ᠋ᠠᠰᠤ ᠵᠢ ᠬᠥᠩᠭᠡᠷᠡᠭᠦᠯᠬᠦ᠂ ᠴᠢᠳᠠᠪᠤᠷᠢ ᠣᠯᠭᠣᠬᠤ᠂ ᠬᠦᠴᠢᠷᠳᠡᠯ᠎ᠠᠴᠠ ᠠᠩᠭᠢᠵᠢᠷᠠᠭᠤᠯᠬᠤ᠂ ᠴᠡᠭᠴᠡᠯᠡᠨ ᠰᠠᠶ᠋ᠢᠵᠢᠷᠠᠭᠤᠯᠬᠤ᠂ ᠱᠠᠯᠠᠪᠳᠠᠭᠤᠯᠬᠤ》 ᠵᠡᠷᠭᠡ ᠠᠵᠢᠯ᠎ᠢ ᠰᠠᠶ᠋ᠢᠲᠤᠷ ᠬᠢᠬᠦ᠎ᠯᠦᠭᠡ ᠨᠢᠭᠡᠳᠦᠯᠲᠡᠶ ᠲᠥᠯᠥᠪᠵᠢᠭᠦᠯᠵᠦ᠂ ᠰᠢᠯᠭ᠋ᠠᠷᠠᠭᠰᠠᠨ ᠰᠤᠷᠲᠠᠯ ᠵᠶ᠋ᠠᠷ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠡᠯ᠎ᠡ ᠵᠦᠢᠯ᠎ᠤᠨ ᠠᠵᠢᠯ᠎ᠤᠨ ᠰᠢᠨ᠎ᠡ ᠪᠠᠶ᠋ᠢᠳᠠᠯ᠎ᠢ ᠡᠭᠦᠳᠴᠦ᠂ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠦᠵᠡᠰᠬᠦᠯᠡᠩᠲᠦ ᠰᠠᠶ᠋ᠢᠬᠠᠨ ᠥᠪᠥᠷ ᠮᠣᠩᠭᠣᠯ᠎ᠤᠨ ᠪᠥᠲᠥᠭᠡᠨ ᠪᠠᠶ᠋ᠢᠭᠤᠯᠤᠯᠲᠠ ᠵᠢ ᠳᠥᠯᠭᠢᠨ ᠠᠬᠢᠭᠤᠯᠬᠤ ᠵᠢᠨ ᠪᠣᠳᠠᠲᠤ ᠦᠷ᠎ᠡ ᠪᠦᠲᠦᠮᠵᠢ ᠪᠣᠯᠭ᠋ᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃