ᠰᠢ᠎ᠶᠢᠨ ᠫᠢᠩ ᠰᠦᠯᠵᠢᠶᠡᠨ᠎ᠦ ᠢᠷᠭᠡᠳ᠎ᠤᠨ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠥᠪᠵᠢᠭᠦᠯᠭᠡ᠎ᠶᠢ ᠨᠠᠶ᠋ᠢᠷᠠᠭᠤᠯᠤᠨ ᠵᠣᠬᠢᠶᠠᠬᠤ ᠠᠵᠢᠯ᠎ᠤᠨ ᠲᠤᠬᠠᠶ ᠰᠠᠨᠠᠯ ᠰᠠᠨᠠᠭᠤᠯᠭ᠎ᠠ᠎ᠶᠢ ᠰᠤᠳᠤᠯᠤᠨ ᠰᠢᠩᠭᠡᠭᠡᠨ ᠠᠪᠬᠤ ᠲᠤᠬᠠᠶ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠨᠢ
ᠠᠷᠠᠳ᠎ᠤᠨ ᠪᠠᠶ᠋ᠢᠳᠠᠯ᠎ᠢ ᠥᠷᠭᠡᠨ᠎ᠢᠶᠡᠷ ᠭᠦᠨᠵᠡᠭᠡᠶ ᠣᠶ᠋ᠢᠯᠠᠭᠠᠵᠤ ᠠᠷᠠᠳ᠎ᠤᠨ ᠲᠠᠭᠤᠨ᠎ᠢ ᠰᠣᠨᠣᠰᠴᠤ ᠠᠷᠠᠳ᠎ᠤᠨ ᠣᠶᠣᠨ ᠤᠬᠠᠭᠠᠨ᠎ᠢ ᠰᠢᠩᠭᠡᠭᠡᠵᠦ ᠠᠷᠠᠳ ᠲᠦᠮᠡᠨ᠎ᠦ ᠰᠠᠶ᠋ᠢᠨ ᠰᠠᠶ᠋ᠢᠬᠠᠨ ᠠᠮᠢᠳᠤᠷᠠᠯ᠎ᠤᠨ ᠲᠤᠬᠠᠶ ᠬᠦᠰᠡᠯ ᠡᠷᠡᠮᠡᠯᠵᠡᠯ᠎ᠢ ᠲᠠᠰᠤᠷᠠᠯᠲᠠ ᠥᠬᠡᠶ ᠪᠡᠶᠡᠯᠡᠭᠦᠯᠬᠦ ᠬᠡᠷᠡᠭᠲᠡᠶ
ᠰᠢᠨᠬᠤᠸᠠ ᠬᠣᠷᠢᠶᠠᠨ᠎ᠤ ᠪᠡᠭᠡᠵᠢᠩ᠎ᠦᠨ 8 ᠰᠠᠷ᠎ᠠ᠎ᠶᠢᠨ 4᠎ᠦ ᠡᠳᠦᠷ᠎ᠦᠨ ᠴᠠᠬᠢᠯᠭᠠᠨ ᠮᠡᠳᠡᠭᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ᠎ᠶᠢᠨ ᠫᠢᠩ ᠣᠶ᠋ᠢᠷ᠎ᠠ᠎ᠳᠤ ᠰᠦᠯᠵᠢᠶᠡᠨ᠎ᠦ ᠢᠷᠭᠡᠳ᠎ᠤᠨ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠥᠪᠵᠢᠭᠦᠯᠭᠡ᠎ᠶᠢ ᠨᠠᠶ᠋ᠢᠷᠠᠭᠤᠯᠤᠨ ᠵᠣᠬᠢᠶᠠᠬᠤ ᠠᠵᠢᠯ᠎ᠤᠨ ᠲᠤᠬᠠᠶ ᠰᠠᠨᠠᠯ ᠰᠠᠨᠠᠭᠤᠯᠭ᠎ᠠ᠎ᠶᠢ ᠰᠤᠳᠤᠯᠤᠨ ᠰᠢᠩᠭᠡᠭᠡᠨ ᠠᠪᠬᠤ ᠲᠤᠬᠠᠶ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠨᠢ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠥᠪᠵᠢᠭᠦᠯᠭᠡ᠎ᠶᠢ ᠨᠠᠶ᠋ᠢᠷᠠᠭᠤᠯᠤᠨ ᠵᠣᠬᠢᠶᠠᠬᠤ ᠠᠵᠢᠯ᠎ᠤᠨ ᠰᠦᠯᠵᠢᠶᠡᠨ ᠲᠡᠭᠡᠷ᠎ᠡ ᠰᠠᠨᠠᠯ ᠬᠤᠷᠢᠶᠠᠬᠤ ᠠᠵᠢᠯᠯᠠᠭ᠎ᠠ᠎ᠳᠤ ᠣᠷᠣᠯᠴᠠᠭᠰᠠᠨ ᠬᠡᠮᠵᠢᠶ᠎ᠡ᠎ᠪᠡᠷ ᠥᠨᠳᠥᠷ᠂ ᠬᠠᠮᠤᠷᠬᠤ ᠬᠡᠪᠴᠢᠶ᠎ᠡ᠎ᠪᠡᠷ ᠥᠷᠭᠡᠨ᠂ ᠡᠨᠡ ᠪᠣᠯ ᠪᠦᠬᠦ ᠶᠠᠪᠤᠴᠠ᠎ᠶᠢᠨ ᠠᠷᠠᠳ᠎ᠤᠨ ᠠᠷᠠᠳᠴᠢᠯᠠᠯ᠎ᠤᠨ ᠨᠢᠭᠡ ᠤᠳᠠᠭᠠᠨ᠎ᠤ ᠠᠮᠢᠳᠤᠯᠢᠭ᠋ ᠦᠢᠯᠡᠳᠦᠯᠭᠡ ᠪᠣᠯᠬᠤ ᠶᠤᠮ᠃ ᠥᠷᠭᠡᠨ ᠤᠯᠠᠨ ᠠᠷᠠᠳ ᠲᠦᠮᠡᠨ ᠢᠳᠡᠪᠬᠢᠲᠡᠶ᠎ᠪᠡᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠮᠠᠰᠢ ᠤᠯᠠᠨ ᠦᠨ᠎ᠡ ᠦᠷᠳᠡᠭ᠎ᠲᠠᠢ ᠰᠠᠨᠠᠯ ᠰᠠᠨᠠᠭᠤᠯᠭ᠎ᠠ᠎ᠶᠢ ᠳᠤᠷᠠᠳᠤᠨ ᠭᠠᠷᠭᠠᠵᠠᠶ᠂ ᠡᠭᠦᠨ᠎ᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠬᠢᠨ ᠬᠢᠨᠠᠮᠠᠭᠠᠶ ᠰᠤᠳᠤᠯᠵᠤ ᠰᠢᠩᠭᠡᠭᠡᠨ ᠠᠪᠬᠤ ᠬᠡᠷᠡᠭᠲᠡᠶ᠃ ᠡᠯ᠎ᠡ ᠱᠠᠲᠤᠨ᠎ᠤ ᠨᠠᠮ᠎ᠤᠨ ᠬᠣᠷᠢᠵ᠎ᠠ ᠪᠣᠯᠤᠨ ᠵᠠᠰᠠᠭ᠎ᠤᠨ ᠣᠷᠳᠣᠨ ᠠᠷᠠᠳ ᠲᠦᠮᠡᠨ᠎ᠢᠶᠡᠷ ᠭᠣᠣᠯ ᠪᠣᠯᠭᠠᠬᠤ᠎ᠶᠢ ᠢᠮᠠᠭᠲᠠ ᠪᠠᠷᠢᠮᠲᠠᠯᠠᠵᠤ᠂ ᠠᠷᠠᠳ᠎ᠤᠨ ᠪᠠᠶ᠋ᠢᠳᠠᠯ᠎ᠢ ᠥᠷᠭᠡᠨ ᠭᠦᠨᠵᠡᠭᠡᠢ ᠣᠶ᠋ᠢᠯᠠᠭᠠᠵᠤ᠂ ᠠᠷᠠᠳ᠎ᠤᠨ ᠰᠠᠨᠠᠯ᠎ᠢ ᠰᠣᠨᠣᠰᠴᠤ᠂ ᠠᠷᠠᠳ᠎ᠤᠨ ᠤᠶᠤᠨ ᠤᠬᠠᠭᠠᠨ᠎ᠢ ᠬᠤᠷᠠᠮᠳᠤᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ ᠬᠦᠴᠦᠷᠬᠡᠭ ᠶᠡᠬᠡ ᠬᠠᠮᠲᠤᠷᠠᠯ᠎ᠤᠨ ᠬᠦᠴᠦᠨ᠎ᠢ ᠨᠢᠭᠲᠠᠷᠠᠭᠤᠯᠵᠤ᠂ ᠠᠷᠠᠳ ᠲᠦᠮᠡᠨ᠎ᠦ ᠰᠠᠢ᠍ᠢᠨ ᠰᠠᠶ᠋ᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠢ ᠲᠠᠰᠤᠷᠠᠯᠲᠠ ᠦᠭᠡᠢ ᠪᠡᠶᠡᠯᠡᠭᠦᠯᠬᠦ ᠬᠡᠷᠡᠭᠲᠡᠢ ᠭᠡᠵᠡᠢ᠃
ᠶᠡᠷᠦᠩᠬᠡᠶ ᠱᠦᠵᠢ ᠰᠢ᠎ᠶᠢᠨ ᠫᠢᠩ᠎ᠤᠨ ᠰᠢᠨᠵᠢᠯᠡᠬᠦ ᠤᠬᠠᠭᠠᠨᠴᠢ᠎ᠪᠠᠷ ᠰᠢᠶ᠋ᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ᠎ᠢᠶᠠᠷ ᠰᠢᠶ᠋ᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠰᠢᠶ᠋ᠳᠪᠦᠷᠢᠲᠦ ᠪᠣᠳᠣᠯᠭ᠎ᠠ ᠲᠣᠭᠲᠠᠭᠠᠬᠤ᠎ᠶᠢ ᠪᠠᠷᠢᠮᠳᠠᠯᠠᠵᠤ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠥᠪᠵᠢᠭᠦᠯᠭᠡ᠎ᠶᠢ ᠨᠠᠶ᠋ᠢᠷᠠᠭᠤᠯᠤᠨ ᠵᠣᠬᠢᠶᠠᠬᠤ ᠠᠵᠢᠯ᠎ᠢ ᠴᠢᠨᠠᠷ ᠰᠠᠶ᠋ᠢᠲᠠᠶ ᠪᠡᠶᠡᠯᠡᠬᠦᠯᠬᠦ ᠲᠤᠬᠠᠢ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢᠨ ᠲᠥᠯᠥᠭᠡ᠂ ᠡᠨᠡ ᠵᠢᠯ᠎ᠦᠨ 5 ᠰᠠᠷ᠎ᠠ᠎ᠶᠢᠨ 20᠎ᠤ ᠡᠳᠦᠷ᠎ᠡᠴᠡ 6 ᠰᠠᠷ᠎ᠠ᠎ᠶᠢᠨ 20᠎ᠤ ᠡᠳᠦᠷ ᠪᠣᠯᠲᠠᠯ᠎ᠠ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠥᠪᠵᠢᠭᠦᠯᠭᠡ᠎ᠶᠢ ᠨᠠᠶ᠋ᠢᠷᠠᠭᠤᠯᠤᠨ ᠵᠣᠬᠢᠶᠠᠬᠤ ᠠᠵᠢᠯ᠎ᠳᠤ ᠰᠦᠯᠵᠢᠶᠡᠨ ᠲᠡᠭᠡᠷ᠎ᠡ ᠰᠠᠨᠠᠯ ᠬᠤᠷᠢᠶᠠᠬᠤ ᠠᠵᠢᠯᠯᠠᠭ᠎ᠠ ᠥᠷᠨᠢᠭᠦᠯᠵᠦ᠂ ᠠᠷᠠᠳ᠎ᠤᠨ ᠡᠳᠦᠷ᠎ᠦᠨ ᠰᠣᠨᠢᠨ᠂ ᠰᠢᠨᠬᠤᠸᠠ ᠬᠣᠷᠢᠶ᠎ᠠ᠂ ᠲᠥᠪ᠎ᠦᠨ ᠷᠠᠳᠢᠣ᠋ ᠨᠡᠪᠲᠡᠷᠡᠭᠦᠯᠭᠡ ᠲᠧᠯᠸᠢᠰ᠎ᠦᠨ ᠶᠡᠷᠦᠩᠬᠡᠶ ᠬᠣᠷᠢᠶ᠎ᠠ᠎ᠶᠢᠨ ᠬᠠᠷᠢᠶ᠎ᠠ ᠠᠯᠪᠠᠨ᠎ᠤ ᠰᠦᠯᠵᠢᠶ᠎ᠡ᠂ ᠰᠣᠨᠢᠨ ᠮᠡᠳᠡᠭᠡᠨ᠎ᠦ ᠰᠢᠯᠵᠢᠶ᠎ᠡ ᠵᠢᠴᠢ 《ᠰᠤᠷᠤᠯᠴᠠᠯᠭ᠎ᠠ᠎ᠪᠠᠷ ᠤᠯᠤᠰ᠎ᠢᠶᠠᠨ ᠬᠦᠴᠦᠷᠬᠡᠭᠵᠢᠭᠦᠯᠬᠦ》 ᠰᠤᠷᠤᠯᠴᠠᠯᠭ᠎ᠠ᠎ᠶᠢᠨ ᠲᠠᠪᠴᠠᠩ᠎ᠳᠤ ᠲᠤᠰ ᠲᠤᠰ ᠲᠤᠰᠬᠠᠶ ᠪᠤᠯᠤᠩ ᠭᠠᠷᠭᠠᠵᠤ᠂ ᠪᠦᠬᠦ ᠨᠡᠶ᠋ᠢᠭᠡᠮ᠎ᠦᠨ ᠰᠠᠨᠠᠯ ᠰᠠᠨᠠᠭᠤᠯᠭ᠎ᠠ᠎ᠶᠢ ᠰᠣᠨᠣᠰᠪᠠ᠃ ᠲᠤᠰ ᠠᠵᠢᠯᠯᠠᠭ᠎ᠠ᠎ᠳᠤ ᠰᠦᠯᠵᠢᠶᠡᠨ ᠢᠷᠭᠡᠳ᠎ᠦᠨ ᠰᠠᠨᠠᠭᠤᠯᠭ᠎ᠠ᠎ᠶᠢ ᠨᠡᠶ᠋ᠢᠲᠡ 311.3 ᠲᠦᠮᠡᠨ ᠵᠤᠷᠪᠤᠰ ᠬᠦᠯᠢᠶᠡᠨ ᠠᠪᠴᠤ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠥᠪᠵᠢᠭᠦᠯᠭᠡ᠎ᠶᠢ ᠨᠠᠶ᠋ᠢᠷᠠᠭᠤᠯᠤᠨ ᠵᠣᠬᠢᠶᠠᠬᠤ᠎ᠳᠤ ᠠᠰᠢᠭᠲᠠᠶ ᠯᠠᠪᠯᠠᠯᠲᠠ ᠬᠠᠩᠭᠠᠭᠰᠠᠨ ᠪᠠᠶ᠋ᠢᠨ᠎ᠠ᠃