ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠤᠵᠢ ᠬᠤᠲᠠ᠎ᠶᠢᠨ ᠮᠡᠳᠡᠭᠡ
ᠵᠧᠵᠢᠶᠠᠩ ᠮᠤᠵᠢ᠎ᠶᠢᠨ ᠱᠣᠤᠰᠢᠩ ᠬᠣᠲᠠ ᠳᠠᠷᠤᠮᠠᠯᠯᠠᠨ ᠪᠤᠳᠤᠬᠤ ᠨᠡᠬᠡᠮᠡᠯ᠎ᠦᠨ ᠠᠵᠢᠯ ᠲᠥᠷᠥᠯ᠎ᠦᠨ ᠪᠣᠬᠢᠷᠲᠤᠯ᠎ᠢ ᠪᠠᠭᠠᠰᠬᠠᠵᠤ ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ᠎ᠢ ᠪᠠᠭᠤᠷᠠᠭᠤᠯᠬᠤ᠎ᠶᠢ ᠬᠠᠮᠵᠢᠯᠴᠠᠨ ᠦᠷ᠎ᠡ ᠠᠰᠢᠭ᠋᠎ᠢ ᠨᠡᠮᠡᠭᠳᠡᠭᠦᠯᠬᠦ᠎ᠶᠢ ᠠᠬᠢᠭᠤᠯᠪᠠ
ᠨᠡᠶ᠋ᠢᠲᠡᠯᠡᠭᠰᠡᠨ ᠴᠠᠭ᠄ 2025-10-22

      ᠨᠢᠭᠡ᠎ᠳᠦ᠂ ᠡᠷᠴᠢᠮᠵᠢᠭᠦᠯᠦᠨ ᠵᠠᠰᠠᠬᠤ᠎ᠶᠢ ᠬᠡᠷᠡᠭᠵᠢᠬᠦᠯᠪᠡ᠃ ᠢᠯᠴᠢ ᠴᠠᠬᠢᠯᠭᠠᠨ᠎ᠢ ᠲᠥᠪᠯᠡᠷᠡᠭᠦᠯᠦᠨ ᠬᠠᠩᠭᠠᠬᠤ᠂ ᠬᠠᠶᠠᠭᠳᠠᠮᠠᠯ ᠤᠰᠤ᠎ᠶᠢ ᠴᠢᠨᠠᠷ ᠬᠤᠪᠢᠶᠠᠨ ᠰᠠᠯᠭᠠᠵᠤ ᠲᠥᠪᠯᠡᠷᠡᠭᠦᠯᠦᠨ ᠰᠢᠶ᠋ᠳᠪᠦᠷᠢᠯᠡᠬᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠡᠬᠢ ᠪᠠᠶᠠᠯᠢᠭᠵᠢᠭᠤᠯᠤᠨ ᠠᠰᠢᠭᠯᠠᠬᠤ ᠵᠡᠷᠭᠡ᠎ᠶᠢ ᠨᠢᠭᠡ ᠴᠤᠭᠴᠠᠵᠢᠭᠤᠯᠤᠭᠰᠠᠨ ᠰᠠᠭᠤᠷᠢ ᠲᠥᠬᠥᠭᠡᠷᠦᠮᠵᠢ᠎ᠶᠢᠨ ᠡᠷᠭᠢᠯᠲᠡ᠎ᠶᠢᠨ ᠰᠢᠰᠲ᠋ᠧᠮ᠎ᠢ ᠪᠠᠶ᠋ᠢᠭᠤᠯᠵᠤ᠂ ᠠᠵᠤ ᠦᠢᠯᠡᠰ᠎ᠦᠨ ᠪᠦᠯᠦᠭᠵᠢᠯ᠎ᠦᠨ ᠪᠣᠬᠢᠷᠲᠤᠯ ᠦᠭᠡᠢ ᠦᠢᠯᠡᠳᠦᠯ᠎ᠢ ᠭᠦᠢᠴᠡᠳ ᠪᠠᠳᠠᠷᠠᠭᠤᠯᠵᠠᠢ᠃ ᠬᠦᠷᠢᠶᠡᠯᠡᠩ ᠲᠣᠭᠣᠷᠢᠭ᠋᠎ᠤᠨ ᠬᠠᠶᠠᠭᠳᠠᠮᠠᠯ ᠤᠰᠤ᠎ᠶᠢ ᠤᠷᠢᠳᠴᠢᠯᠠᠨ ᠰᠢᠶ᠋ᠳᠪᠦᠷᠢᠯᠡᠬᠦ ᠰᠢᠰᠲ᠋ᠧᠮ᠎ᠢ ᠥᠭᠡᠷᠡᠴᠢᠯᠡᠵᠦ᠂ ᠪᠣᠬᠢᠷ ᠤᠰᠤ᠎ᠶᠢ 《 ᠪᠦᠬᠦᠨ᠎ᠢ ᠬᠣᠷᠢᠶᠠᠨ ᠠᠪᠴᠤ᠂ ᠪᠦᠬᠦᠨ᠎ᠢ ᠪᠠᠷᠢᠮᠵᠢᠶ᠎ᠠ᠎ᠳᠤ ᠬᠦᠷᠦᠭᠦᠯᠬᠦ 》᠎ᠶᠢ ᠪᠡᠶᠡᠯᠡᠭᠦᠯᠵᠦ᠂ ᠪᠣᠬᠢᠷ ᠤᠰᠤᠨ᠎ᠤ ᠦᠶ᠋ᠯᠡᠳᠪᠦᠷᠢ᠎ᠶᠢᠨ ᠳᠠᠬᠢᠯᠲᠠ ᠤᠰᠤᠨ᠎ᠤ ᠠᠰᠢᠭᠯᠠᠯᠲᠠ᠎ᠶᠢᠨ ᠨᠣᠷᠮ᠎ᠠ᠎ᠶᠢ 16%᠎ᠳᠤ ᠲᠤᠯᠭᠠᠪᠠ ; 《 ᠳᠠᠷᠤᠮᠠᠯᠯᠠᠨ ᠪᠤᠳᠤᠭᠯᠠᠭᠰᠠᠨ ᠪᠣᠬᠢᠷ ᠰᠢᠪᠠᠷ ︱ ᠪᠣᠬᠢᠷ ᠰᠢᠪᠠᠷ᠎ᠢ ᠰᠢᠲᠠᠭᠠᠬᠤ ︱ ᠲᠥᠪᠯᠡᠷᠡᠭᠦᠯᠦᠨ ᠢᠯᠴᠢ ᠬᠠᠩᠭᠠᠬᠤ 》 ᠡᠷᠭᠢᠯᠳᠦᠭᠦᠯᠦᠨ ᠰᠢᠶ᠋ᠳᠪᠦᠷᠢᠯᠡᠬᠦ ᠵᠠᠭᠪᠤᠷ᠎ᠢ ᠪᠠᠶ᠋ᠢᠭᠤᠯᠵᠤ᠂ ᠺᠧ ᠴᠢᠶᠣᠤ᠎ᠶᠢᠨ ᠠᠵᠤ ᠠᠬᠤᠶ᠎ᠶᠢᠨ ᠨᠡᠭᠡᠭᠡᠨ ᠠᠰᠢᠭᠯᠠᠬᠤ ᠲᠣᠭᠣᠷᠢᠭ᠋᠎ᠤᠨ ᠡᠩ᠎ᠦᠨ ᠠᠵᠤ ᠦᠶ᠋ᠯᠡᠳᠪᠦᠷᠢ᠎ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠶᠡᠷᠦᠩᠬᠡᠶ᠋ᠢᠯᠡᠭᠰᠡᠨ ᠠᠰᠢᠭᠯᠠᠯᠲᠠ᠎ᠶᠢᠨ ᠨᠣᠷᠮ᠎ᠠ᠎ᠶᠢ 98%᠎ᠳᠤ ᠬᠦᠷᠦᠭᠦᠯᠵᠦ᠂ ᠠᠵᠤ ᠦᠶ᠋ᠯᠡᠳᠪᠦᠷᠢ᠎ᠶᠢᠨ ᠠᠶᠤᠯᠲᠠᠶ ᠬᠠᠶᠠᠭᠳᠠᠮᠠᠯ ᠪᠣᠳᠠᠰ᠎ᠢ ᠰᠢᠶ᠋ᠳᠪᠦᠷᠢᠯᠡᠬᠦ ᠠᠰᠢᠭᠯᠠᠯᠲᠠ᠎ᠶᠢᠨ ᠨᠣᠷᠮ᠎ᠠ᠎ᠶᠢ 99%᠎ᠳᠤ ᠬᠦᠷᠦᠬᠦᠯᠪᠡ᠃
      ᠬᠣᠶᠠᠷ᠎ᠲᠤ᠂ ᠣᠶᠤᠨᠴᠢ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠪᠠ᠃ ᠳᠠᠷᠤᠮᠠᠯᠯᠠᠨ ᠪᠤᠳᠤᠬᠤ ᠠᠵᠤ ᠠᠬᠤᠶ᠋ᠢᠯᠠᠯ᠎ᠤᠨ ᠪᠣᠬᠢᠷ ᠤᠰᠤ᠎ᠶᠢ ᠺᠠᠷᠲ ᠰᠢᠷᠪᠢᠵᠦ ᠭᠠᠳᠠᠭᠰᠢᠯᠠᠭᠤᠯᠬᠤ᠂ ᠰᠦᠯᠵᠢᠶᠡᠨ ᠳᠡᠭᠡᠷ᠎ᠡ ᠬᠢᠨᠠᠨ ᠡᠵᠡᠮᠳᠡᠬᠦ᠂ ᠴᠠᠬᠢᠯᠭᠠᠨ ᠬᠡᠷᠡᠭᠯᠡᠬᠦ ᠲᠥᠬᠥᠭᠡᠷᠦᠮᠵᠢ᠎ᠶᠢ ᠬᠢᠨᠠᠨ ᠡᠵᠡᠮᠳᠡᠬᠦ᠂ ᠳᠤᠮᠳᠠ ᠡᠵᠡᠮᠳᠡᠯ᠎ᠦᠨ ᠰᠢᠰᠲ᠋ᠧᠮ᠂ ᠡᠷᠬᠢᠯᠳᠡ᠎ᠶᠢᠨ ᠪᠠᠶ᠋ᠢᠳᠠᠯ᠎ᠳᠤ ᠬᠡᠷᠡᠭᠯᠡᠬᠦ ᠴᠠᠬᠢᠯᠭᠠᠨ ᠵᠡᠷᠭᠡ ᠲᠣᠭ᠎ᠠ ᠪᠠᠷᠢᠮᠲᠠ᠎ᠶᠢ ᠡᠮᠬᠢᠯᠡᠨ ᠨᠡᠶ᠋ᠢᠯᠡᠭᠦᠯᠵᠦ᠂ ᠲᠣᠭᠠᠴᠢᠯᠠᠨ ᠣᠶᠤᠨᠴᠢᠯᠠᠭᠰᠠᠨ ᠬᠥᠬᠡ ᠲᠣᠥᠷ᠎ᠤᠨ ᠰᠢᠰᠲ᠋ᠧᠮ᠎ᠳᠦ ᠣᠷᠣᠭᠤᠯᠤᠨ᠂ ᠬᠡᠶ᠎ᠶᠢ ᠵᠠᠰᠠᠬᠤ᠂ ᠤᠰᠤ᠎ᠶᠢ ᠵᠠᠰᠠᠬᠤ᠂ ᠬᠠᠶᠠᠭᠳᠠᠮᠠᠯ ᠥᠬᠡᠶ ᠪᠣᠯᠭᠠᠬᠤ᠂ ᠣᠷᠴᠢᠨ ᠲᠣᠭᠣᠷᠢᠨ᠎ᠢ ᠬᠠᠮᠠᠭᠠᠯᠠᠬᠤ ᠺᠣᠳ᠋᠂ ᠵᠥᠪᠰᠢᠶᠡᠷᠡᠯ᠎ᠦᠨ ᠦᠨᠡᠮᠯᠡᠯ᠎ᠦᠨ ᠬᠠᠮᠢᠶᠠᠷᠤᠯᠲᠠ ᠵᠡᠷᠭᠡ ᠲᠠᠪᠤᠨ ᠶᠡᠬᠡ ᠲᠣᠭᠠᠴᠢᠯᠠᠨ ᠣᠶᠤᠨᠴᠢᠯᠠᠭᠰᠠᠨ ᠲᠠᠯᠠᠪᠤᠷ᠎ᠤᠨ ᠬᠡᠷᠡᠭᠯᠡᠯᠲᠡ᠎ᠶᠢ ᠪᠠᠶ᠋ᠢᠭᠤᠯᠵᠤ᠂ ᠠᠵᠤ ᠠᠬᠤᠶ᠋ᠢᠯᠠᠯ᠎ᠤᠨ ᠪᠣᠬᠢᠷᠲᠤᠯ᠎ᠢ ᠪᠠᠭᠠᠰᠬᠠᠵᠤ ᠨᠡᠭᠦᠷᠡᠰᠦᠲᠥ᠋ᠷᠥᠭᠴᠢ᠎ᠶᠢ ᠪᠠᠭᠤᠷᠠᠭᠤᠯᠬᠤ ᠶᠠᠪᠤᠴᠠ᠎ᠶᠢ ᠬᠢᠨᠠᠨ ᠡᠵᠡᠮᠳᠡᠬᠦ᠎ᠶᠢ ᠪᠡᠶᠡᠯᠡᠬᠦᠯᠵᠡᠢ᠃ ᠪᠣᠬᠢᠷᠲᠤᠯ ᠭᠠᠳᠠᠭᠰᠢᠯᠠᠭᠤᠯᠬᠤ ᠨᠢᠭᠡᠴᠢ᠎ᠶᠢᠨ ᠪᠡᠶ᠎ᠡ᠎ᠪᠡᠨ ᠳᠠᠭᠠᠭᠠᠨ ᠬᠠᠮᠢᠶᠠᠷᠬᠤ 《 ᠺᠣᠳ᠋ ᠰᠢᠷᠪᠢᠵᠦ ᠥᠪᠡᠰᠦᠪᠡᠨ ᠪᠠᠶ᠋ᠢᠴᠠᠭᠠᠬᠤ 》 ᠵᠠᠭᠪᠤᠷ᠎ᠢ ᠰᠢᠨ᠎ᠡ᠎ᠪᠡᠷ ᠡᠭᠦᠳᠦᠨ ᠪᠠᠶ᠋ᠢᠭᠤᠯᠵᠤ᠂ ᠡᠳᠦᠷ ᠪᠦᠷᠢ᠎ᠶᠢᠨ ᠺᠣᠳ᠋ ᠰᠢᠷᠪᠢᠵᠦ ᠥᠪᠡᠰᠦᠪᠡᠨ ᠪᠠᠶ᠋ᠢᠴᠠᠭᠠᠬᠤ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠪᠡᠯᠡᠳᠬᠡᠮᠵᠢ᠎ᠶᠢᠨ ᠠᠵᠢᠯᠯᠠᠭᠠᠨ᠎ᠤ ᠪᠠᠶ᠋ᠢᠳᠠᠯ᠎ᠢᠶᠠᠷ ᠰᠠᠨᠠᠭᠠᠴᠢᠯᠠᠭᠠᠲᠤ ᠪᠤᠰᠤ ᠬᠢᠨᠠᠯᠲᠠ ᠬᠠᠮᠢᠶᠠᠷᠤᠯᠲᠠ᠎ᠶᠢ ᠣᠷᠣᠯᠠᠭᠤᠯᠪᠠ᠃ ᠣᠲᠣ᠌ ᠪᠣᠯᠲᠠᠯ᠎ᠠ᠂ 《 ᠺᠣᠳ᠋ ᠰᠢᠷᠪᠢᠵᠦ ᠥᠪᠡᠷ᠎ᠦᠨ ᠪᠠᠶ᠋ᠢᠴᠠᠭᠠᠯᠲᠠ 》 ᠨᠢ ᠨᠡᠶ᠋ᠢᠲᠡ 22 ᠲᠦᠮᠡᠨ ᠤᠳᠠᠭ᠎ᠠ᠎ᠶᠢ ᠳᠠᠪᠠᠭᠰᠠᠨ ᠪᠠᠶ᠋ᠢᠨ᠎ᠠ᠃
      ᠭᠤᠷᠪᠠ᠎ᠳᠤ᠂ ᠤᠷ᠎ᠠ ᠮᠡᠷᠭᠡᠵᠢᠯ᠎ᠦᠨ ᠬᠡᠯᠪᠡᠷᠢ᠎ᠶᠢ ᠬᠤᠪᠢᠷᠠᠭᠤᠯᠬᠤ᠎ᠶᠢ ᠠᠬᠢᠭᠤᠯᠪᠠ᠃ ᠤᠯᠤᠰ᠎ᠤᠨ ᠠᠵᠢᠯ ᠲᠦᠷᠦᠯ᠎ᠦᠨ ᠱᠠᠭᠠᠷᠳᠠᠯᠭ᠎ᠠ᠎ᠠᠴᠠ ᠥᠨᠳᠥᠷ 108 ᠵᠤᠷᠪᠤᠰ ᠪᠠᠷᠢᠮᠵᠢᠶ᠎ᠠ᠎ᠶᠢ ᠲᠣᠭᠲᠠᠭᠠᠵᠤ᠂ ᠵᠢᠵᠢᠭ ᠤᠬᠢᠶᠠᠯᠭ᠎ᠠ᠎ᠶᠢᠨ ᠬᠠᠷᠢᠴᠠᠯ᠎ᠢᠶᠠᠷ ᠪᠤᠳᠤᠬᠤ᠂ ᠪᠥᠭᠡᠭᠡᠨᠡᠷᠡᠯ ᠡᠲ᠋ᠸᠨᠤᠯ ᠦᠭᠡᠢ᠎ᠪᠡᠷ ᠴᠠᠷᠳᠠᠵᠤ ᠨᠡᠬᠡᠬᠦ᠂ ᠰᠦᠯᠵᠢᠮᠡᠯ ᠪᠠᠷᠠᠭ᠎ᠠ᠎ᠶᠢ ᠬᠠᠪᠲᠠᠭᠠᠶ ᠬᠡᠮᠵᠢᠶ᠎ᠡ᠎ᠪᠡᠷ ᠪᠤᠳᠤᠬᠤ᠂ ᠳ᠋ᠢᠯᠦ᠋ᠨ ᠨᠡᠬᠡᠮᠡᠯ᠎ᠦᠨ ᠪᠠᠷᠠᠭ᠎ᠠ᠎ᠶᠢ ᠤᠰᠤ ᠴᠥᠭᠡᠨ᠎ᠢᠶᠡᠷ ᠵᠠᠯᠭᠠᠯᠳᠤᠭᠤᠯᠤᠨ ᠪᠤᠳᠤᠬᠤ ᠵᠡᠷᠭᠡ ᠮᠡᠷᠭᠡᠵᠢᠯ ᠪᠠ ᠲᠤᠨᠤᠭ ᠲᠥᠬᠥᠭᠡᠷᠦᠮᠵᠢ᠎ᠶᠢᠨ ᠥᠭᠡᠷᠡᠴᠢᠯᠡᠯᠲᠡ᠎ᠶᠢ ᠭᠦᠨᠵᠡᠭᠡᠶ ᠬᠢᠵᠡᠢ᠃ ᠬᠦᠷᠢᠶᠡᠯᠡᠩ ᠲᠣᠭᠣᠷᠢᠭ᠋᠎ᠲᠠᠬᠢ ᠳᠠᠷᠤᠮᠠᠯᠯᠠᠨ ᠪᠤᠳᠤᠬᠤ ᠠᠵᠤ ᠠᠬᠤᠶ᠋ᠢᠯᠠᠯ᠎ᠤᠨ ᠪᠤᠳᠤᠭ ᠣᠷᠣᠭᠤᠯᠬᠤ ᠲᠥᠬᠥᠭᠡᠷᠦᠮᠵᠢ᠎ᠶᠢᠨ ᠳᠤᠮᠳᠠᠴᠢ ᠤᠬᠢᠶᠠᠯᠭ᠎ᠠ᠎ᠶᠢᠨ ᠬᠠᠷᠢᠴᠠᠯ᠎ᠢ 1 ᠄ 10 ᠪᠠᠶ᠋ᠢᠭᠰᠠᠨ᠎ᠠᠴᠠ 1 ᠄ 5 ᠪᠣᠯᠭᠠᠨ ᠳᠡᠭᠡᠭᠰᠢᠯᠡᠭᠦᠯᠵᠦ᠂ ᠲᠣᠭᠠᠴᠢᠯᠠᠭᠰᠠᠨ ᠬᠤᠸᠠᠷ ᠳᠠᠷᠤᠮᠠᠯᠯᠠᠬᠤ ᠮᠡᠷᠭᠡᠵᠢᠯ᠂ ᠳ᠋ᠢᠯᠦ᠋ᠨ ᠨᠡᠬᠡᠮᠡᠯ ᠪᠣᠳᠠᠰ᠎ᠤᠨ ᠤᠰᠤ ᠴᠦᠬᠡᠨ ᠦᠷᠭᠦᠯᠵᠢᠯᠡᠭᠰᠡᠨ ᠮᠠᠶᠢᠭ᠋᠎ᠤᠨ ᠪᠤᠳᠤᠭ᠂ ᠰᠢᠩᠭᠡᠨ ᠲᠦᠯᠦᠪᠲᠦ ᠲᠠᠷᠠᠬᠠᠶ ᠪᠤᠳᠤᠭ᠂ ᠬᠡᠶ᠎ᠶᠢᠨ ᠰᠢᠩᠭᠡᠨ᠎ᠢᠶᠡᠷ ᠪᠤᠳᠤᠭ ᠣᠷᠣᠭᠤᠯᠬᠤ᠂ ᠬᠡᠶ᠎ᠶᠢᠨ ᠤᠷᠤᠰᠬᠠᠯ᠎ᠢᠶᠠᠷ ᠪᠤᠳᠤᠭ ᠣᠷᠣᠭᠤᠯᠬᠤ ᠵᠡᠷᠭᠡ ᠮᠡᠷᠭᠡᠵᠢᠯ᠎ᠢ ᠥᠷᠭᠡᠨ᠎ᠢᠶᠡᠷ ᠲᠡᠯᠭᠡᠷᠡᠬᠦᠯᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号