ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠤᠵᠢ ᠬᠤᠲᠠ᠎ᠶᠢᠨ ᠮᠡᠳᠡᠭᠡ
ᠾᠧᠪᠧᠢ ᠵᠢᠨ ᠬᠢᠨ ᠣᠳᠣᠬᠢᠴᠢᠯᠠᠭᠰᠠᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠰᠢᠰᠲ᠋ᠧᠮ᠎ᠢ ᠲᠦᠷᠭᠡᠳᠬᠡᠨ ᠪᠠᠶ᠋ᠢᠭᠤᠯᠵᠤ 2030 ᠣᠨ ᠪᠣᠯᠬᠤ᠎ᠳᠤ᠂ ᠣᠭᠲᠠᠷᠭᠤᠢ ᠭᠠᠵᠠᠷ ᠳᠠᠯᠠᠢ ᠲᠠᠩᠭᠢᠰ᠎ᠢ ᠨᠢᠭᠡ ᠴᠤᠬ᠍ᠴᠠᠵᠢᠭᠤᠯᠤᠬ᠍ᠰᠠᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠰᠦᠯᠵᠢᠶ᠎ᠡ᠎ᠶᠢ ᠡᠳᠦᠷ ᠢᠷᠡᠬᠦᠶ᠎ᠡ ᠲᠭᠦᠯᠳᠡᠷᠵᠢᠬᠦᠯᠦᠨ᠎ᠡ
ᠨᠡᠶ᠋ᠢᠲᠡᠯᠡᠭᠰᠡᠨ ᠴᠠᠭ᠄ 2025-10-22

      《 ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠰᠣᠨᠢᠨ 》 ( 2025 ᠣᠨ᠎ᠤ 8 ᠰᠠᠷ᠎ᠠ᠎ᠶᠢᠨ 13᠎ᠤ ᠡᠳᠦᠷ᠎ᠦᠨ ᠬᠡᠪᠯᠡᠯ᠎ᠦᠨ 001 ᠳ᠋ᠦ᠍ᠭᠡᠷ ᠨᠢᠭᠤᠷ )
      ᠲᠤᠰ ᠰᠣᠨᠢᠨ᠎ᠤ ᠮᠡᠳᠡᠭᠡ 《 ᠾᠧᠪᠧᠢ ᠮᠤᠵᠢ᠎ᠶᠢᠨ ᠣᠳᠣᠬᠢᠴᠢᠯᠠᠭᠰᠠᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠰᠢᠰᠲ᠋ᠧᠮ᠎ᠢ ᠲᠦᠷᠭᠡᠳᠬᠡᠨ ᠪᠠᠶ᠋ᠢᠭᠤᠯᠬᠤ ᠬᠡᠷᠡᠭᠵᠢᠭᠦᠯᠬᠦ ᠲᠥᠰᠦᠯ 》 ( ᠳᠣᠷᠣᠭᠰᠢ 《 ᠲᠥᠰᠦᠯ 》 ᠭᠡᠵᠦ ᠳᠥᠭᠥᠮᠴᠢᠯᠡᠨ᠎ᠡ )᠎ᠢ ᠤᠢ᠍ᠢᠷ᠎ᠠ᠎ᠳᠤ ᠳᠠᠷᠤᠮᠠᠯᠯᠠᠨ ᠲᠠᠷᠬᠠᠭᠠᠪᠠ᠃ 2030 ᠣᠨ ᠪᠣᠯᠬᠤ᠎ᠳᠤ᠂ ᠪᠦᠬᠦ ᠮᠤᠵᠢ᠎ᠶᠢᠨ ᠠᠮᠢ ᠠᠬᠤᠶ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠲᠣᠭᠠᠴᠢᠯᠠᠭᠰᠠᠨ ᠬᠡᠯᠪᠡᠷᠢ᠎ᠶᠢᠨ ᠬᠤᠪᠢᠷᠠᠭᠤᠯᠤᠯᠲᠠ᠎ᠢ ᠲᠦᠷᠭᠡᠳᠭᠡᠨ ᠠᠬᠢᠭᠤᠯᠵᠤ᠂ ᠤᠭᠳᠠᠷᠭᠤᠢ ᠭᠠᠵᠠᠷ ᠳᠠᠯᠠᠢ ᠲᠠᠩᠭᠢᠰ᠎ᠢ ᠨᠢᠭᠡ ᠴᠤᠭᠴᠠᠵᠢᠭᠤᠯᠬᠤ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠰᠦᠯᠵᠢᠶ᠎ᠡ᠎ᠶᠢ ᠡᠳᠦᠷ ᠢᠷᠡᠬᠦᠶ᠎ᠡ ᠲᠡᠭᠦᠯᠳᠡᠷᠵᠢᠵᠦ᠂ ᠬᠢᠨᠠᠨ ᠬᠡᠮᠵᠢᠯᠲᠡ᠎ᠶᠢᠨ ᠬᠠᠮᠢᠶᠠᠷᠤᠯᠲᠠ᠎ᠶᠢᠨ ᠰᠢᠰᠲ᠋ᠧᠮ᠎ᠤᠨ ᠳᠦᠷᠢᠮ ᠨᠡᠩ ᠪᠦᠷᠢᠨᠰᠢᠵᠦ᠂ ᠪᠦᠬᠦ ᠮᠤᠵᠢ᠎ᠶᠢᠨ ᠣᠷᠴᠢᠨ ᠲᠣᠭᠣᠷᠢᠨ᠎ᠤ ᠠᠭᠠᠷ᠎ᠤᠨ ᠶᠠᠰᠤ ᠴᠢᠨᠠᠷ᠎ᠢ ᠰᠠᠶ᠋ᠢᠵᠢᠷᠠᠭᠤᠯᠬᠤ᠂ ᠪᠠᠢ ᠶᠠᠩ ᠳ᠋ᠢᠶᠠᠨ᠎ᠤ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠳᠡᠭᠡᠭᠰᠢᠯᠡᠭᠦᠯᠬᠦ᠂ ᠭᠣᠣᠯᠳᠠᠯᠭ᠎ᠠ᠎ᠲᠠᠢ ᠠᠵᠢᠯ ᠲᠦᠷᠦᠯ᠎ᠦᠨ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠦᠷ᠎ᠡ ᠪᠦᠲᠦᠮᠵᠢ᠎ᠶᠢ ᠡᠭᠦᠳᠬᠦ A ᠵᠡᠷᠭᠡ᠎ᠶᠢᠨ ᠭᠣᠣᠯᠳᠠᠯᠭ᠎ᠠ᠎ᠲᠠᠢ ᠡᠭᠦᠷᠭᠡ᠎ᠶᠢᠨ ᠮᠡᠷᠭᠡᠵᠢᠯ᠎ᠦᠨ ᠲᠤᠯᠭᠠᠭᠤᠷᠢᠯᠠᠯ ᠨᠡᠩ ᠬᠦᠴᠦᠲᠡᠢ ᠪᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠰᠢᠰᠲ᠋ᠧᠮ᠎ᠤᠨ ᠤᠶᠤᠨᠴᠢᠯᠠᠭᠰᠠᠨ ᠥᠭᠡᠷᠡᠴᠢᠯᠡᠯᠲᠡ ᠢᠯᠡᠳᠲᠡ ᠦᠷ᠎ᠡ ᠪᠦᠲᠦᠮᠵᠢ ᠣᠯᠣᠨ᠎ᠠ᠃
      ᠬᠢᠨᠠᠨ ᠬᠡᠮᠵᠢᠬᠦ ᠲᠣᠣᠷ ᠰᠦᠯᠵᠢᠶ᠎ᠡ᠎ᠶᠢ ᠰᠢᠯᠢᠳᠡᠭᠵᠢᠭᠦᠯᠦᠨ᠎ᠡ᠃ 《 ᠲᠥᠰᠦᠯ 》᠎ᠳᠦ ᠳᠤᠷᠠᠳᠤᠭᠰᠠᠨ ᠨᠢ᠂ ᠾᠸᠪᠸᠢ ᠮᠤᠵᠢ᠎ᠶᠢᠨ ᠬᠢᠨ ᠬᠢᠨᠠᠨ ᠬᠡᠮᠵᠢᠬᠦ ᠰᠦᠯᠵᠢᠶᠡᠨ᠎ᠦ ᠴᠢᠳᠠᠮᠵᠢ᠎ᠪᠠᠨ ᠦᠷᠭᠦᠯᠵᠢᠯᠡᠨ ᠲᠡᠭᠦᠯᠳᠡᠷᠵᠢᠭᠦᠯᠵᠦ᠂ ᠤᠭᠳᠠᠷᠭᠤᠢ ᠭᠠᠵᠠᠷ ᠳᠠᠯᠠᠢ ᠲᠠᠩᠭᠢᠰ᠎ᠢ ᠨᠢᠭᠡ ᠴᠤᠬ᠍ᠴᠠᠵᠢᠭᠤᠯᠤᠬ᠍ᠰᠠᠨ ᠠᠮᠢ ᠠᠬᠤᠢ ᠣᠷᠴᠢᠨ ᠲᠣᠭᠣᠷᠢᠨ᠎ᠢ ᠬᠢᠨᠠᠨ ᠬᠡᠮᠵᠢᠬᠦ ᠰᠦᠯᠵᠢᠶ᠎ᠡ᠎ᠶᠢ ᠪᠠᠶ᠋ᠢᠭᠤᠯᠵᠤ᠂ ᠠᠷᠠᠳ ᠤᠯᠠᠨ᠎ᠤ ᠳᠡᠷᠭᠡᠳᠡᠬᠢ ᠭᠣᠣᠯ ᠮᠥᠷᠡᠨ ᠪᠠ ᠠᠮᠢᠳᠤᠷᠠᠯ᠎ᠤᠨ ᠣᠷᠴᠢᠨ ᠲᠣᠭᠣᠷᠢᠨ᠎ᠢ ᠠᠭᠠᠵᠢᠮ᠎ᠢᠶᠠᠷ ᠪᠦᠷᠬᠦᠭᠦᠯᠵᠦ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠪᠦᠳᠦᠭᠡᠨ ᠪᠠᠶ᠋ᠢᠭᠤᠯᠤᠯᠲᠠ᠎ᠶᠢᠨ ᠦᠷ᠎ᠡ ᠪᠦᠲᠦᠮᠵᠢ᠎ᠶᠢ ᠪᠤᠰᠤᠳᠴᠢ ᠪᠥᠭᠡᠳ ᠰᠢᠨᠵᠢᠯᠡᠬᠦ ᠤᠬᠠᠭᠠᠨᠴᠢ᠎ᠪᠠᠷ ᠦᠨᠡᠯᠡᠵᠦ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠦᠨᠡᠯᠡᠬᠦ᠂ ᠨᠡᠷᠡᠰ᠎ᠦᠨ ᠵᠢᠭᠰᠠᠭᠠᠯᠲᠠ᠎ᠶᠢ ᠬᠢᠨᠠᠨ ᠰᠢᠯᠭᠠᠬᠤ᠂ ᠠᠮᠢ ᠠᠬᠤᠢ᠎ᠶᠢᠨ ᠨᠥᠬᠥᠪᠥᠷᠢ᠂ ᠪᠠᠴᠢᠮ ᠪᠠᠶ᠋ᠢᠳᠠᠯ᠎ᠢ ᠠᠷᠭᠠᠴᠠᠵᠤ ᠤᠷᠢᠳᠴᠢᠯᠠᠨ ᠰᠡᠷᠡᠮᠵᠢᠯᠡᠭᠦᠯᠬᠦ᠂ ᠪᠣᠬᠢᠷᠲᠤᠯ᠎ᠢ ᠵᠠᠰᠠᠬᠤ ᠪᠠ ᠡᠬᠢ ᠡᠭᠦᠰᠦᠯ᠎ᠢ ᠡᠷᠢᠬᠦ ᠵᠡᠷᠭᠡ ᠠᠮᠢ ᠠᠬᠤᠢ ᠣᠷᠴᠢᠨ ᠲᠣᠭᠣᠷᠢᠨ᠎ᠤ ᠬᠠᠮᠢᠶᠠᠷᠤᠯᠲᠠ᠎ᠶᠢᠨ ᠬᠡᠷᠡᠭᠴᠡᠭᠡ᠎ᠶᠢ ᠬᠠᠩᠭᠠᠨ᠎ᠠ᠃
      ᠣᠷᠴᠢᠨ ᠲᠣᠭᠣᠷᠢᠨ᠎ᠤ ᠠᠭᠠᠷ᠎ᠤᠨ ᠶᠠᠰᠤ ᠴᠢᠨᠠᠷ᠎ᠤᠨ ᠬᠢᠨᠠᠨ ᠬᠡᠮᠵᠢᠯᠲᠡ᠎ᠶᠢᠨ ᠰᠦᠯᠵᠢᠶᠡᠨ᠎ᠦ ᠲᠤᠭᠠᠴᠢᠯᠠᠯᠠᠳᠠ ᠤᠶᠤᠨᠴᠢᠯᠠᠯᠳᠠ ᠵᠢᠨ ᠥᠭᠡᠷᠡᠴᠢᠯᠡᠯᠲᠡ᠎ᠶᠢᠨ ᠲᠠᠯ᠎ᠠ᠎ᠪᠠᠷ᠂ 2026 ᠣᠨ᠎ᠳᠤ ᠮᠤᠵᠢ᠎ᠠᠴᠠ ᠡᠵᠡᠮᠳᠡᠬᠦ ᠣᠷᠴᠢᠨ ᠲᠣᠭᠣᠷᠢᠨ᠎ᠤ ᠠᠭᠠᠷ᠎ᠤᠨ ᠶᠠᠰᠤ ᠴᠢᠨᠠᠷ᠎ᠤᠨ ᠠᠦ᠋ᠲ᠋ᠣ᠋ ᠬᠢᠨᠠᠨ ᠬᠡᠮᠵᠢᠯᠲᠡ᠎ᠶᠢᠨ ᠦᠷᠳᠡᠭᠡ᠎ᠶᠢᠨ ᠤᠶᠤᠨᠴᠢᠯᠠᠯᠳᠠ ᠵᠢᠨ ᠥᠭᠡᠷᠡᠴᠢᠯᠡᠯᠲᠡ᠎ᠶᠢ ᠲᠤᠷᠰᠢᠨ ᠥᠷᠨᠢᠭᠦᠯᠵᠦ᠂ 2030 ᠣᠨ ᠪᠣᠯᠬᠤ᠎ᠳᠤ ᠮᠤᠵᠢ᠎ᠠᠴᠠ ᠡᠵᠡᠮᠳᠡᠬᠦ ᠣᠷᠴᠢᠨ ᠲᠣᠭᠣᠷᠢᠨ᠎ᠤ ᠠᠭᠠᠷ᠎ᠤᠨ ᠶᠠᠰᠤ ᠴᠢᠨᠠᠷ᠎ᠤᠨ ᠠᠦ᠋ᠲ᠋ᠣ᠋ ᠬᠢᠨᠠᠨ ᠬᠡᠮᠵᠢᠯᠲᠡ᠎ᠶᠢᠨ ᠦᠷᠳᠡᠭᠡ᠎ᠶᠢᠨ ᠣᠶᠤᠨᠴᠢ ᠠᠵᠢᠯᠯᠠᠭᠤᠯᠵᠤ ᠬᠠᠮᠠᠭᠠᠯᠠᠬᠤ᠎ᠶᠢ ᠦᠨᠳᠦᠰᠦᠨ᠎ᠳᠡᠭᠡᠨ ᠪᠡᠶᠡᠯᠡᠭᠦᠯᠦᠨ᠎ᠡ᠃ ᠭᠠᠵᠠᠷ ᠳᠡᠭᠡᠷᠡᠬᠢ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠤᠨ ᠬᠢᠨᠠᠨ ᠬᠡᠮᠵᠢᠯᠲᠡ᠎ᠶᠢᠨ ᠰᠦᠯᠵᠢᠶ᠎ᠡ᠎ᠶᠢᠨ ᠠᠦ᠋ᠲ᠋ᠣᠴᠢᠯᠠᠯᠲᠠ᠎ᠶᠢᠨ ᠬᠡᠯᠪᠡᠷᠢ᠎ᠶᠢᠨ ᠬᠤᠪᠢᠷᠠᠭᠤᠯᠤᠯᠲᠠ᠎ᠶᠢᠨ ᠲᠠᠯ᠎ᠠ᠎ᠪᠠᠷ᠂ 2029 ᠣᠨ᠎ᠳᠤ ᠮᠤᠵᠢ᠎ᠶᠢᠨ ᠡᠵᠡᠮᠳᠡᠯ᠎ᠦᠨ ᠭᠠᠵᠠᠷ ᠳᠡᠭᠡᠷᠡᠬᠢ ᠤᠰᠤᠨ᠎ᠤ ᠤᠰᠤᠨ᠎ᠤ ᠴᠢᠨᠠᠷ᠎ᠤᠨ ᠠᠦ᠋ᠲ᠋ᠣ᠋ ᠬᠢᠨᠠᠨ ᠬᠡᠮᠵᠢᠯᠲᠡ᠎ᠶᠢᠨ ᠥᠷᠲᠡᠭᠡ᠎ᠶᠢᠨ ᠲᠣᠭᠠᠴᠢᠯᠠᠨ ᠤᠶᠤᠨᠵᠢᠭᠤᠯᠬᠤ ᠥᠭᠡᠷᠡᠴᠢᠯᠡᠯᠲᠡ᠎ᠶᠢ ᠦᠨᠳᠦᠰᠦᠨ᠎ᠳᠡᠭᠡᠨ ᠪᠡᠶᠡᠯᠡᠬᠦᠯᠦᠨ᠎ᠡ᠃ ᠠᠮᠢ ᠠᠬᠤᠶ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠲᠤᠷᠰᠢᠯᠲᠠ᠎ᠶᠢᠨ ᠵᠠᠳᠠᠯᠤᠯᠲᠠ᠎ᠶᠢᠨ ᠬᠥᠮᠦᠨ ᠥᠬᠡᠶ ᠬᠠᠮᠢᠶᠠᠷᠤᠯᠳᠠ᠎ᠶᠢᠨ ᠲᠤᠷᠰᠢᠯᠲᠠ᠎ᠶᠢᠨ ᠪᠥᠲᠥᠭᠡᠨ ᠪᠠᠶ᠋ᠢᠭᠤᠯᠤᠯᠲᠠ᠎ᠶᠢᠨ ᠲᠠᠯ᠎ᠠ᠎ᠪᠠᠷ᠂ 2025 ᠣᠨ᠎ᠳᠤ ᠪᠠᠶ ᠶᠠᠩ ᠳ᠋ᠢᠶᠠᠨ᠎ᠤ ᠰᠠᠪᠠ ᠭᠠᠵᠠᠷ᠎ᠤᠨ ᠬᠢᠨᠠᠨ ᠬᠡᠮᠵᠢᠯᠲᠡ᠎ᠶᠢᠨ ᠲᠥᠪ᠎ᠲᠦ ᠤᠶᠤᠨᠲᠤ ᠬᠥᠮᠦᠨ ᠥᠬᠡᠶ ᠬᠠᠮᠢᠶᠠᠷᠤᠯᠳᠠ᠎ᠶᠢᠨ ᠲᠤᠷᠰᠢᠯᠲᠠ᠎ᠶᠢᠨ ᠲᠠᠰᠤᠭ᠎ᠤᠨ ᠪᠥᠲᠥᠭᠡᠨ ᠪᠠᠶ᠋ᠢᠭᠤᠯᠤᠯᠲᠠ᠎ᠶᠢ ᠳᠥᠯᠭᠢᠨ ᠠᠬᠢᠭᠤᠯᠵᠤ᠂ 2026 ᠣᠨ᠎ᠤ ᠵᠢᠯ᠎ᠦᠨ ᠡᠴᠦᠰ᠎ᠡᠴᠡ ᠡᠮᠦᠨ᠎ᠡ ᠪᠠᠶ᠋ᠢᠭᠤᠯᠵᠤ ᠳᠠᠭᠤᠰᠬᠠᠨ ᠠᠵᠢᠯᠯᠠᠭᠤᠯᠬᠤ᠎ᠪᠠᠷ ᠴᠢᠷᠮᠠᠶ᠋ᠢᠨ᠎ᠠ ; 2027 ᠣᠨ᠎ᠤ ᠰᠡᠭᠦᠯᠴᠢ᠎ᠡᠴᠡ ᠡᠮᠦᠨ᠎ᠡ ᠮᠤᠵᠢ᠎ᠶᠢᠨ ᠬᠢᠨᠠᠨ ᠬᠡᠮᠵᠢᠬᠦ ᠲᠥᠪ ᠪᠣᠯᠤᠨ ᠴᠢᠨ ᠬᠤᠸᠠᠩ ᠳ᠋ᠤᠤ᠎ᠶᠢᠨ ᠬᠢᠨᠠᠨ ᠬᠡᠮᠵᠢᠬᠦ ᠲᠥᠪ᠎ᠲᠦ ᠤᠶᠤᠨᠲᠤ ᠬᠥᠮᠦᠨ ᠦᠭᠡᠢ ᠬᠠᠮᠢᠶᠠᠷᠤᠯᠳᠠ᠎ᠶᠢᠨ ᠲᠤᠷᠰᠢᠯᠲᠠ᠎ᠶᠢᠨ ᠲᠠᠰᠤᠭ ᠪᠠᠶ᠋ᠢᠭᠤᠯᠵᠤ᠂ ᠪᠦᠬᠦ ᠮᠤᠵᠢ᠎ᠶᠢᠨ ᠭᠠᠵᠠᠷ ᠳᠡᠭᠡᠷᠡᠬᠢ ᠤᠰᠤ᠂ ᠭᠠᠵᠠᠷ ᠳᠣᠣᠷᠠᠬᠢ ᠤᠰᠤ᠂ ᠳᠠᠯᠠᠢ ᠲᠠᠩᠭᠢᠰ ᠵᠡᠷᠭᠡ᠎ᠶᠢᠨ ᠦᠯᠢᠭᠡᠷ ᠡᠳ᠋᠎ᠢ ᠵᠠᠳᠠᠯᠬᠤ ᠡᠭᠦᠷᠭᠡ᠎ᠶᠢ ᠨᠢᠭᠡᠳᠦᠯᠲᠡᠢ ᠲᠥᠯᠥᠪᠵᠢᠭᠦᠯᠦᠨ ᠡᠭᠦᠷᠭᠡᠯᠡᠵᠦ᠂ ᠭᠣᠣᠯᠳᠠᠯᠭ᠎ᠠ᠎ᠲᠠᠢ ᠲᠦᠷᠦᠯ ᠵᠦᠢᠯ᠎ᠦᠨ ᠲᠤᠷᠰᠢᠯᠲᠠ᠎ᠶᠢᠨ ᠶᠠᠪᠤᠴᠠ᠎ᠶᠢᠨ ᠣᠶᠤᠨᠴᠢ ᠮᠡᠳᠡᠷᠡᠯ᠂ ᠲᠣᠭ᠎ᠠ ᠪᠠᠷᠢᠮᠲᠠ᠎ᠶᠢᠨ ᠶᠠᠰᠤ ᠴᠢᠨᠠᠷ᠎ᠢ ᠮᠥᠷᠳᠡᠵᠦ ᠪᠣᠯᠬᠤ᠂ ᠵᠠᠳᠠᠯᠤᠯᠲᠠ᠎ᠶᠢᠨ ᠶᠠᠪᠤᠴᠠ᠎ᠶᠢ ᠦᠵᠡᠭᠳᠡᠬᠦᠶ᠋ᠢᠴᠡ ᠪᠣᠯᠭᠠᠬᠤ᠎ᠶᠢ ᠪᠡᠶᠡᠯᠡᠭᠦᠯᠦᠨ᠎ᠡ᠃
      ᠨᠠᠷᠢᠯᠢᠭ᠋ ᠣᠨᠣᠴᠠᠲᠠᠶ᠎ᠪᠠᠷ ᠵᠠᠳᠠᠯᠬᠤ ᠪᠠ ᠲᠥᠰᠦᠭᠡᠯᠡᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠣᠷᠴᠢᠨ ᠲᠣᠭᠣᠷᠢᠨ᠎ᠤ ᠠᠭᠠᠷ᠎ᠤᠨ ᠶᠠᠰᠤ ᠴᠢᠨᠠᠷ᠎ᠤᠨ ᠦᠷᠭᠦᠯᠵᠢᠯᠡᠨ ᠰᠠᠶ᠋ᠢᠵᠢᠷᠠᠬᠤ᠎ᠶᠢ ᠪᠥᠬᠥ ᠬᠦᠴᠦᠨ᠎ᠢᠶᠡᠷ᠎ᠢᠶᠡᠨ ᠲᠤᠯᠭᠠᠭᠤᠷᠢᠯᠠᠨ᠎ᠠ᠃ 《 ᠲᠥᠰᠦᠯ 》᠎ᠳᠤ ᠲᠣᠳᠣᠷᠬᠠᠶ ᠲᠣᠭᠲᠠᠭᠠᠭᠰᠠᠨ ᠨᠢ᠂ 2026 ᠣᠨ᠎ᠳᠤ ᠣᠷᠴᠢᠨ ᠲᠣᠭᠣᠷᠢᠨ᠎ᠤ ᠠᠭᠠᠷ᠎ᠤᠨ ᠶᠠᠰᠤ ᠴᠢᠨᠠᠷ ᠬᠢᠭᠡᠳ ᠮᠥᠬᠥᠯᠢᠭᠲᠦ ᠪᠣᠳᠠᠰ᠎ᠤᠨ ᠪᠦᠷᠢᠯᠳᠦᠬᠦᠨ᠂ ᠳᠡᠭᠳᠡᠮᠡᠬᠡᠶ ᠴᠢᠨᠠᠷᠲᠠᠶ ᠣᠷᠭᠠᠨᠢᠭ᠋ ᠪᠣᠳᠠᠰ᠎ᠤᠨ ᠪᠦᠷᠢᠯᠳᠦᠬᠦᠨ᠎ᠢ ᠬᠠᠮᠵᠢᠯᠴᠠᠨ ᠬᠢᠨᠠᠨ ᠬᠡᠮᠵᠢᠬᠦ ᠰᠦᠯᠵᠢᠶ᠎ᠡ᠎ᠶᠢ ᠦᠨᠳᠦᠰᠦᠨ᠎ᠳᠡᠭᠡᠨ ᠪᠠᠶ᠋ᠢᠭᠤᠯᠵᠤ᠂ 2029 ᠣᠨ ᠪᠣᠯᠬᠤ᠎ᠳᠤ ᠢᠷᠡᠭᠡᠳᠦᠶ᠎ᠶᠢᠨ 10 ᠡᠳᠦᠷ᠎ᠦᠨ ᠣᠷᠣᠨ ᠪᠦᠰᠡ ᠪᠠ ᠬᠣᠲᠠ᠎ᠶᠢᠨ ᠴᠠᠭ ᠪᠠ ᠡᠳᠦᠷ᠎ᠦᠨ ᠳᠤᠮᠳᠠᠴᠢ ᠠᠭᠠᠷ᠎ᠤᠨ ᠶᠠᠰᠤ ᠴᠢᠨᠠᠷ᠎ᠢ ᠤᠷᠢᠳᠴᠢᠯᠠᠨ ᠮᠡᠳᠡᠭᠡᠯᠡᠬᠦ ᠴᠢᠳᠠᠪᠤᠷᠢ᠎ᠶᠢ ᠪᠦᠷᠢᠯᠳᠦᠭᠦᠯᠵᠦ᠂ 72 ᠴᠠᠭ ᠤᠷᠢᠳᠴᠢᠯᠠᠨ AQI ( ᠠᠭᠠᠷ᠎ᠤᠨ ᠶᠠᠰᠤ ᠴᠢᠨᠠᠷ᠎ᠤᠨ ᠢᠯᠡᠳᠬᠡᠭᠴᠢ ᠲᠣᠭ᠎ᠠ )᠎ᠶᠢᠨ ᠲᠠᠰ᠎ᠤᠨ ᠤᠷᠢᠳᠴᠢᠯᠠᠨ ᠮᠡᠳᠡᠭᠡᠯᠡᠬᠦ ᠰᠠᠷ᠎ᠠ᠎ᠶᠢᠨ ᠳᠤᠮᠳᠠᠴᠢ ᠣᠨᠣᠪᠴᠢ᠎ᠶᠢᠨ ᠨᠣᠷᠮ᠎ᠠ᠎ᠶᠢ 80% ᠵᠢ ᠳᠠᠪᠠᠭᠤᠯᠤᠨ᠎ᠠ᠃ ᠤᠰᠤᠨ᠎ᠤ ᠠᠮᠢ ᠠᠬᠤᠶ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠪᠥᠬᠥ ᠮᠤᠵᠢ᠎ᠶᠢᠨ ᠤᠰᠤᠨ᠎ᠤ ᠠᠮᠢ ᠠᠬᠤᠶ᠎ᠶᠢᠨ ᠬᠢᠨᠠᠨ ᠬᠡᠮᠵᠢᠯᠲᠡ᠎ᠶᠢᠨ ᠴᠢᠳᠠᠪᠤᠷᠢ᠎ᠶᠢᠨ ᠲᠤᠭᠠᠴᠢᠯᠠᠯᠳᠠ ᠤᠶᠤᠨᠴᠢᠯᠠᠯᠳᠠ᠎ᠶᠢᠨ ᠪᠥᠲᠥᠭᠡᠨ ᠪᠠᠶ᠋ᠢᠭᠤᠯᠤᠯᠲᠠ᠎ᠶᠢ ᠲᠦᠷᠭᠡᠳᠬᠡᠨ᠂ ᠭᠣᠥᠯᠳᠠᠯᠭ᠎ᠠ᠎ᠲᠠᠢ ᠭᠣᠥᠯ ᠮᠥᠷᠡᠨ᠂ ᠨᠠᠭᠤᠷ ᠴᠥᠭᠥᠷᠥᠮ᠎ᠦᠨ ᠤᠰᠤᠨ᠎ᠤ ᠠᠮᠢ ᠠᠬᠤᠶ᠎ᠶᠢᠨ ᠬᠢᠨᠠᠨ ᠬᠡᠮᠵᠢᠯᠳᠡ ᠪᠠ ᠦᠨᠡᠯᠡᠯᠳᠡ᠎ᠶᠢ ᠠᠭᠠᠵᠢᠮ᠎ᠢᠶᠠᠷ ᠦᠷᠨᠢᠬᠦᠯᠦᠨ᠎ᠡ᠃
      ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭᠠᠯᠠᠬᠤ ᠲᠠᠯ᠎ᠠ᠎ᠪᠠᠷ᠂ 《 ᠲᠥᠰᠦᠯ 》᠎ᠳᠤ ᠳᠤᠷᠠᠳᠤᠭᠰᠠᠨ ᠨᠢ᠂ 2025 ᠣᠨ᠎ᠳᠤ ᠪᠠᠶ ᠶᠠᠩ ᠳ᠋ᠢᠶᠠᠨ᠎ᠤ ᠰᠠᠪᠠ ᠭᠠᠵᠠᠷ᠎ᠲᠤ ᠵᠢᠭᠠᠰᠤᠨ᠎ᠤ ᠲᠥᠷᠥᠯ᠎ᠦᠨ ᠠᠦ᠋ᠲ᠋ᠣ᠋ ᠬᠢᠨᠠᠨ ᠬᠡᠮᠵᠢᠯᠲᠡ᠎ᠶᠢ ᠲᠤᠷᠰᠢᠨ ᠬᠢᠵᠦ᠂ 2026 ᠣᠨ᠎ᠳᠤ ᠨᠡᠶ᠋ᠢᠲᠡᠯᠢᠭ ᠤᠰᠤᠨ᠎ᠤ ᠠᠮᠢᠳᠤ ᠪᠣᠳᠠᠰ᠎ᠤᠨ ᠠᠦ᠋ᠲ᠋ᠣ᠋ ᠬᠢᠨᠠᠨ ᠲᠣᠭᠲᠠᠭᠠᠯᠲᠠ ᠬᠢᠵᠦ᠂ 2027 ᠣᠨ᠎ᠳᠤ ᠣᠷᠴᠢᠨ ᠲᠣᠭᠣᠷᠢᠨ᠎ᠤ DNA ᠵᠢᠨ ᠤᠰᠤᠨ᠎ᠤ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠪᠠᠶ᠋ᠢᠴᠠᠭᠠᠯᠲᠠ᠎ᠶᠢ ᠥᠷᠨᠢᠭᠦᠯᠬᠦ᠎ᠶᠢᠨ ᠬᠠᠮᠲᠤ ᠮᠤᠵᠢ᠎ᠶᠢᠨ ᠱᠠᠲᠤᠨ᠎ᠤ ᠤᠰᠤᠨ᠎ᠤ ᠠᠮᠢ ᠠᠬᠤᠶ᠎ᠶᠢᠨ ᠲᠤᠷᠰᠢᠯᠲᠠ᠎ᠶᠢᠨ ᠲᠠᠰᠤᠭ᠎ᠢ ᠪᠠᠶ᠋ᠢᠭᠤᠯᠵᠤ᠂ ᠪᠥᠬᠥ ᠮᠤᠵᠢ᠎ᠶᠢᠨ ᠤᠰᠤᠨ᠎ᠤ ᠠᠮᠢ ᠠᠬᠤᠶ᠎ᠶᠢᠨ ᠪᠡᠶ᠎ᠡ᠎ᠪᠡᠨ ᠳᠠᠭᠠᠭᠠᠵᠤ ᠬᠢᠨᠠᠨ ᠬᠡᠮᠵᠢᠬᠦ ᠴᠢᠳᠠᠪᠤᠷᠢ᠎ᠶᠢ ᠪᠦᠷᠢᠯᠳᠦᠭᠦᠯᠦᠨ᠎ᠡ᠃ ᠡᠭᠦᠨ᠎ᠦ ᠬᠠᠮᠲᠤ᠂ ᠡᠬᠡ ᠬᠠᠭᠤᠷᠠᠶ᠎ᠶᠢᠨ ᠠᠮᠢ ᠠᠬᠤᠶ᠎ᠶᠢᠨ ᠶᠠᠰᠤ ᠴᠢᠨᠠᠷ᠎ᠤᠨ ᠬᠢᠨᠠᠨ ᠬᠡᠮᠵᠢᠯᠲᠡ᠎ᠶᠢ ᠭᠦᠨᠵᠡᠭᠡᠶ᠋ᠢᠷᠡᠭᠦᠯᠵᠦ᠂ 2029 ᠣᠨ᠎ᠳᠤ ᠪᠥᠬᠥ ᠮᠤᠵᠢ᠎ᠶᠢᠨ ᠨᠡᠶ᠋ᠢᠲᠡᠯᠢᠭ ᠠᠮᠢ ᠠᠬᠤᠶ᠎ᠶᠢᠨ ᠰᠢᠰᠲ᠋ᠧᠮ᠎ᠦᠨ ᠭᠣᠥᠯᠳᠠᠯᠭ᠎ᠠ᠎ᠲᠠᠢ ᠠᠮᠢᠳᠤ ᠪᠣᠳᠠᠰ᠎ᠤᠨ ᠳᠦᠷᠰᠦ᠎ᠶᠢᠨ ᠵᠢᠷᠤᠭ᠎ᠤᠨ ᠵᠢᠭᠰᠠᠯ᠎ᠤᠨ ᠬᠥᠮᠥᠷᠭᠡ᠂ ᠭᠧᠨ᠎ᠦ ᠬᠥᠮᠥᠷᠭᠡ ᠪᠠ ᠬᠡᠪ ᠵᠠᠭᠪᠤᠷ᠎ᠤᠨ ᠬᠥᠮᠥᠷᠭᠡ᠎ᠶᠢ ᠪᠠᠶ᠋ᠢᠭᠤᠯᠬᠤ᠎ᠪᠠᠷ ᠴᠢᠷᠮᠠᠢᠨ᠎ᠠ᠃ ( ᠵᠠᠩ ᠮᠢᠩ ᠰᠢᠶᠠᠨ  ᠬᠤᠤ ᠮᠸᠩ ᠶᠤᠸᠠᠨ )

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号