ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠤᠵᠢ ᠬᠤᠲᠠ᠎ᠶᠢᠨ ᠮᠡᠳᠡᠭᠡ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠺᠦᠨᠮᠢᠩ᠎ᠦᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠰᠠᠭᠤᠷᠢ ᠮᠥᠩᠭᠥᠨ᠎ᠦ ᠬᠡᠷᠡᠭ ᠡᠷᠬᠢᠯᠡᠭᠴᠢᠳ᠎ᠦᠨ ᠬᠤᠷᠠᠯ᠎ᠳᠤ ᠣᠷᠣᠯᠴᠠᠪᠠ
ᠨᠡᠶ᠋ᠢᠲᠡᠯᠡᠭᠰᠡᠨ ᠴᠠᠭ᠄ 2025-10-31

10 ᠰᠠᠷ᠎ᠠ᠎ᠶᠢᠨ 18᠎ᠤ ᠡᠳᠦᠷ ᠂ ᠺᠦᠨᠮᠢᠩ᠎ᠦᠨ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠰᠠᠭᠤᠷᠢ ᠮᠥᠩᠭᠥ ( ᠳᠣᠷᠣᠭ᠍ᠰᠢ ᠺᠦᠨᠮᠢᠩ᠎ᠦᠨ ᠰᠠᠭᠤᠷᠢ ᠮᠥᠩᠭᠥ ᠭᠡᠵᠦ ᠲᠣᠪᠴᠢᠯᠠᠨ᠎ᠠ )᠎ᠶᠢᠨ ᠬᠡᠷᠡᠭ ᠡᠷᠬᠢᠯᠡᠭᠴᠢᠳ᠎ᠦᠨ ᠬᠤᠷᠠᠯ ᠶᠦᠨᠨᠠᠨ ᠮᠤᠵᠢ᠎ᠶᠢᠨ ᠺᠦᠨᠮᠢᠩ ᠬᠣᠲᠠ᠎ᠳᠤ ᠬᠤᠷᠠᠯᠳᠤᠪᠠ ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠳᠡᠳ᠋ ᠨᠠᠷᠢᠨ ᠪᠢᠴᠢᠭ᠎ᠦᠨ ᠳᠠᠷᠤᠭ᠎ᠠ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠣᠷᠴᠢᠨ ᠲᠣᠭᠣᠷᠢᠨ᠎ᠤ ᠲᠥᠯᠦᠪᠵᠢᠭᠦᠯᠭᠡ᠎ᠶᠢᠨ ᠵᠠᠬᠢᠷᠭ᠎ᠠ᠎ᠶᠢᠨ ᠭᠦᠢᠴᠡᠳᠭᠡᠭᠴᠢ ᠡᠷᠬᠢᠯᠡᠭᠴᠢ ᠠᠨᠳᠧᠷᠰᠧᠨ ᠬᠠᠮᠲᠤ᠎ᠪᠠᠷ ᠬᠤᠷᠠᠯ᠎ᠢ ᠡᠷᠬᠢᠯᠡᠭᠰᠡᠨ ᠪᠥᠭᠡᠳ ᠪᠠᠶᠠᠷ᠎ᠤᠨ ᠦᠭᠡ ᠬᠡᠯᠡᠵᠡᠢ᠃

ᠬᠤᠷᠠᠯ᠎ᠠᠴᠠ ᠺᠦᠨᠮᠢᠩ᠎ᠦᠨ ᠰᠠᠭᠤᠷᠢ ᠮᠥᠩᠭᠥᠨ᠎ᠦ ᠨᠢᠭᠡ ᠵᠢᠯ ᠰᠢᠬᠠᠮ᠎ᠤᠨ ᠠᠵᠢᠯ᠎ᠤᠨ ᠠᠬᠢᠴᠠ᠎ᠶᠢ ᠡᠷᠭᠢᠴᠡᠭᠦᠯᠵᠦ᠂ 《 ᠺᠦᠨᠮᠢᠩ᠎ᠦᠨ ᠰᠠᠭᠤᠷᠢ ᠮᠥᠩᠭᠥᠨ᠎ᠦ 2025 ᠣᠨ᠎ᠤ ᠳᠡᠮᠵᠢᠬᠦ ᠲᠦᠷᠦᠯ ᠵᠦᠢᠯ᠎ᠦᠨ ᠨᠠᠷᠢᠨ ᠳᠠᠩᠰᠠ 》᠂ 《 ᠺᠦᠨᠮᠢᠩ᠎ᠦᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠰᠠᠭᠤᠷᠢ ᠮᠥᠩᠭᠥᠨ᠎ᠦ ᠠᠵᠢᠯᠯᠠᠭᠠᠨ᠎ᠤ ᠭᠠᠷ ᠳᠡᠪᠲᠡᠷ 》 ᠵᠡᠷᠭᠡ ᠪᠢᠴᠢᠭ ᠮᠠᠲᠧᠷᠢᠶᠠᠯ᠎ᠢ ᠬᠢᠨᠠᠨ ᠵᠥᠪᠯᠡᠵᠦ ᠪᠠᠲᠤᠯᠠᠭᠠᠳ᠂ ᠪᠦᠬᠦ ᠲᠣᠭ᠎ᠠ᠎ᠪᠠᠷ ᠳᠡᠮᠵᠢᠬᠦ 22 ᠲᠦᠷᠦᠯ ᠵᠦᠢᠯ᠎ᠢ ᠵᠥᠪᠰᠢᠶᠡᠷᠡᠨ ᠬᠡᠷᠡᠭᠵᠢᠭᠦᠯᠵᠦ᠂ ᠬᠡᠪᠴᠢᠶ᠎ᠡ ᠨᠢ 34 ᠬᠥᠭᠵᠢᠵᠦ ᠪᠠᠢᠭ᠎ᠠ ᠤᠯᠤᠰ᠎ᠲᠤ ᠬᠣᠯᠪᠣᠭᠳᠠᠵᠠᠢ᠃ ᠬᠤᠷᠠᠯ᠎ᠠᠴᠠ ᠪᠠᠰᠠ ᠺᠦᠨᠮᠢᠩ᠎ᠦᠨ ᠰᠠᠭᠤᠷᠢ ᠮᠥᠩᠭᠥᠨ᠎ᠦ ᠨᠠᠷᠢᠨ ᠪᠢᠴᠢᠭ᠎ᠦᠨ ᠭᠠᠵᠠᠷ᠎ᠤᠨ ᠲᠠᠷᠠᠭᠠᠴᠢ᠎ᠶᠢᠨ ᠠᠯᠬᠤᠮ᠎ᠤᠨ ᠠᠵᠢᠯ᠎ᠤᠨ ᠲᠥᠯᠥᠪᠯᠡᠭᠡ᠎ᠶᠢ ᠰᠣᠨᠣᠰᠴᠤ ᠂ ᠲᠠᠷᠠᠭᠠᠴᠢ᠎ᠶᠢᠨ ᠤᠳᠠᠭᠠᠨ᠎ᠤ ᠬᠡᠷᠡᠭ ᠡᠷᠬᠢᠯᠡᠭᠴᠢᠳ᠎ᠦᠨ ᠬᠤᠷᠠᠯ᠎ᠤᠨ ᠲᠣᠬᠢᠷᠠᠭᠤᠯᠤᠯᠲᠠ ᠵᠢᠴᠢ ᠬᠡᠷᠡᠭ ᠡᠷᠬᠢᠯᠡᠭᠴᠢᠳ᠎ᠦᠨ ᠬᠤᠷᠠᠯ᠎ᠤᠨ ᠪᠦᠷᠢᠯᠳᠦᠭᠦᠨ᠎ᠦ ᠬᠤᠭᠤᠴᠠᠭ᠎ᠠ ᠰᠣᠯᠢᠬᠤ ᠬᠣᠯᠪᠣᠭᠳᠠᠯ ᠪᠦᠬᠦᠢ ᠤᠴᠢᠷ ᠶᠠᠪᠤᠳᠠᠯ᠎ᠤᠨ ᠲᠤᠬᠠᠢ ᠶᠠᠷᠢᠯᠴᠠᠪᠠ ᠃

ᠬᠤᠸᠠᠩ ᠷᠦᠨ ᠴᠢᠦ ᠂ 2024 ᠣᠨ᠎ᠤ 5 ᠰᠠᠷ᠎ᠠ᠎ᠳᠤ ᠪᠠᠢᠭᠤᠯᠤᠭᠳᠠᠭᠰᠠᠨ᠎ᠠᠴᠠ ᠨᠠᠭᠠᠰᠢ ᠂ ᠺᠦᠨᠮᠢᠩ᠎ᠦᠨ ᠰᠠᠭᠤᠷᠢ ᠮᠥᠩᠭᠥᠨ᠎ᠦ ᠡᠯ᠎ᠡ ᠵᠦᠢᠯ᠎ᠦᠨ ᠠᠵᠢᠯ ᠲᠦᠷᠭᠡᠨ᠎ᠢᠶᠡᠷ ᠶᠠᠪᠤᠭᠳᠠᠵᠤ ᠂ ᠲᠦᠷᠦᠭᠦᠸ᠋ ᠪᠦᠯᠦᠭ᠎ᠦᠨ ᠳᠡᠮᠵᠢᠬᠦ 9 ᠲᠥᠷᠥᠯ ᠵᠦᠢᠯ᠎ᠢ ᠨᠢᠭᠡᠨᠲᠡ ᠤᠷᠤᠭᠰᠢᠲᠠᠢ ᠬᠡᠷᠡᠭᠵᠢᠭᠦᠯᠵᠦ ᠂ ᠬᠣᠶᠠᠳᠤᠭᠠᠷ ᠪᠦᠯᠦᠭ᠎ᠦᠨ ᠲᠥᠷᠥᠯ ᠵᠦᠢᠯ ᠎ᠢ ᠴᠤᠭᠯᠠᠭᠤᠯᠬᠤ ᠠᠵᠢᠯ ᠡᠯ᠎ᠡ ᠲᠠᠯ᠎ᠠ᠎ᠶᠢᠨ ᠬᠢᠨ᠎ᠦ ᠢᠳᠡᠪᠬᠢᠲᠡᠢ ᠬᠦᠷᠢᠶᠡᠯᠡᠯ᠎ᠢ ᠣᠯᠣᠭᠰᠠᠨ ᠪᠠᠢᠨ᠎ᠠ ᠃ ᠡᠭᠦᠨ᠎ᠦ ᠵᠡᠷᠭᠡ᠎ᠳᠦ ᠺᠦᠨᠮᠢᠩ᠎ᠦᠨ ᠰᠠᠭᠤᠷᠢ ᠮᠥᠩᠭᠥᠨ᠎ᠦ ᠬᠠᠮᠢᠶᠠᠷᠤᠯᠲᠠ᠎ᠶᠢᠨ ᠪᠦᠲᠦᠴᠡ ᠲᠠᠰᠤᠷᠠᠯᠲᠠ ᠦᠭᠡᠢ ᠲᠡᠭᠦᠯᠳᠡᠷᠵᠢᠵᠦ ᠂ ᠲᠤᠰᠠᠭᠠᠷ ᠮᠡᠷᠭᠡᠵᠢᠯ᠎ᠦᠨ ᠵᠥᠪᠯᠡᠯᠭᠡ ᠥᠭᠬᠦ ᠳᠤᠭᠤᠢᠯᠠᠩ ᠵᠢᠩᠬᠢᠨᠢ᠎ᠪᠡᠷ ᠪᠠᠢᠭᠤᠯᠤᠭᠳᠠᠵᠠᠢ ᠃ ᠳᠡᠯᠡᠬᠡᠢ ᠳᠡᠭᠡᠷᠡᠬᠢ ᠬᠠᠮᠤᠭ᠎ᠤᠨ ᠲᠣᠮᠣ᠌ ᠬᠥᠭᠵᠢᠵᠦ ᠪᠠᠢᠭ᠎ᠠ ᠤᠯᠤᠰ ᠪᠣᠯᠤᠭᠰᠠᠨ᠎ᠤ ᠬᠤᠪᠢ᠎ᠳᠤ ᠳᠤᠮᠳᠠᠳᠤ ᠤᠯᠤᠰ ᠢᠮᠠᠭᠲᠠ ᠬᠠᠮᠤᠭ᠎ᠤᠨ ᠶᠡᠬᠡ ᠡᠷᠡᠰ ᠵᠣᠷᠢᠭ᠋ ᠪᠠ ᠬᠠᠮᠤᠭ᠎ᠤᠨ ᠢᠳᠡᠪᠬᠢᠲᠡᠢ ᠣᠪᠣᠷ᠎ᠢᠶᠠᠷ ᠪᠦᠬᠦ ᠪᠥᠮᠪᠥᠷᠴᠡᠭ᠎ᠦᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭᠠᠯᠠᠬᠤ ᠠᠬᠢᠴᠠ᠎ᠶᠢ ᠠᠬᠢᠭᠤᠯᠵᠤ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠣᠷᠴᠢᠨ ᠲᠣᠭᠣᠷᠢᠨ᠎ᠤ ᠲᠥᠯᠦᠪᠵᠢᠭᠦᠯᠭᠡ᠎ᠶᠢᠨ ᠵᠠᠬᠢᠷᠭ᠎ᠠ᠎ᠲᠠᠢ ᠨᠢᠭ᠍ᠲᠠ ᠬᠠᠮᠲᠤᠷᠠᠯᠴᠠᠵᠤ᠂ ᠺᠦᠨᠮᠢᠩ᠎ᠦᠨ ᠰᠠᠭᠤᠷᠢ ᠮᠥᠩᠭᠥ᠎ᠶᠢᠨ ᠠᠩᠬᠠᠨ᠎ᠤ ᠬᠤᠭᠤᠴᠠᠭᠠᠨ᠎ᠤ ᠳᠦᠷᠢᠮ ᠲᠣᠭᠲᠠᠭᠠᠯ ᠲᠣᠭᠲᠠᠭᠠᠬᠤ ᠠᠵᠢᠯ᠎ᠢ ᠲᠣᠭᠲᠠᠭᠤᠨ᠎ᠢᠶᠠᠷ ᠪᠡᠶᠡᠯᠡᠭᠦᠯᠦᠭᠰᠡᠨ ᠪᠥᠭᠡᠳ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠤᠯᠠᠨ ᠲᠠᠯᠠᠲᠤ ᠢᠲᠡᠭᠡᠮᠵᠢᠲᠦ ᠨᠠᠶ᠋ᠢᠳᠠᠯᠭ᠎ᠠ᠎ᠶᠢᠨ ᠰᠠᠭᠤᠷᠢ ᠮᠥᠩᠭᠥ᠎ᠶᠢᠨ ᠠᠯᠪᠠᠨ ᠭᠡᠷ᠎ᠲᠦ ᠨᠡᠢ᠍ᠢᠳᠡ 4 ᠳ᠋ᠦᠩᠰᠢᠭᠤᠷ ᠲᠥᠭᠥᠷᠢᠭ ᠠᠷᠠᠳ᠎ᠤᠨ ᠵᠣᠭᠣᠰ ᠥᠭᠴᠦ᠂ ᠬᠥᠭᠵᠢᠵᠦ ᠪᠠᠢᠭ᠎ᠠ ᠤᠯᠤᠰ᠎ᠤᠳ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭᠠᠯᠠᠬᠤ ᠦᠢᠯᠡᠰ᠎ᠢ ᠳᠡᠮᠵᠢᠵᠡᠢ ᠭᠡᠵᠦ ᠢᠯᠡᠷᠬᠡᠢᠯᠡᠪᠡ᠃

ᠬᠤᠸᠠᠩ ᠷᠦᠨ ᠴᠢᠦ ᠂ ᠺᠦᠨᠮᠢᠩ᠎ᠦᠨ ᠰᠠᠭᠤᠷᠢ ᠮᠥᠩᠭᠥ ᠨᠢ ᠳᠡᠯᠡᠬᠡᠢᠴᠢᠯᠡᠭᠰᠡᠨ ᠠᠵᠢᠯᠯᠠᠭᠠᠨ ᠪᠠ ᠣᠯᠠᠨ ᠲᠠᠯᠠᠲᠤ ᠦᠵᠡᠯ᠎ᠦᠨ ᠵᠠᠷᠴᠢᠮ᠎ᠢ ᠢᠮᠠᠭᠲᠠ ᠵᠢᠷᠤᠮᠯᠠᠵᠤ ᠂ ᠲᠥᠪ ᠭᠣᠥᠯᠴᠢ ᠂ ᠢᠯᠡ ᠲᠣᠳᠣ᠌ ᠪᠠᠢᠬᠤ᠎ᠶᠢ ᠪᠠᠷᠢᠮᠲᠠᠯᠠᠨ ᠂ ᠲᠥᠷᠥᠯ ᠵᠦᠢᠯ᠎ᠦᠨ ᠬᠡᠷᠡᠭᠵᠢᠭᠦᠯᠦᠯᠲᠡ᠎ᠶᠢᠨ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠵᠤ ᠂ ᠨᠢᠭᠡᠨᠲᠡ ᠵᠥᠪᠰᠢᠶᠡᠷᠡᠭᠰᠡᠨ ᠲᠥᠷᠥᠯ ᠵᠦᠢᠯ᠎ᠦᠨ ᠬᠡᠷᠡᠭᠵᠢᠭᠦᠯᠦᠯᠲᠡ᠎ᠶᠢᠨ ᠠᠬᠢᠴᠠ᠎ᠶᠢᠨ ᠪᠠᠢᠳᠠᠯ᠎ᠳᠤ ᠦᠷᠭᠦᠯᠵᠢᠯᠡᠨ ᠮᠥᠷᠳᠡᠯᠲᠡ ᠪᠠ ᠦᠷ᠎ᠡ ᠪᠦᠲᠦᠮᠵᠢ᠎ᠶᠢᠨ ᠦᠨᠡᠯᠡᠨ ᠵᠢᠱ᠌ᠢᠯᠲᠡ ᠬᠢᠨ᠎ᠡ ᠃ ᠦᠷ᠎ᠡ ᠪᠦᠲᠦᠭᠡᠯ᠎ᠦᠨ ᠤᠬᠠᠭᠤᠯᠭ᠎ᠠ ᠪᠠ ᠲᠤᠷᠰᠢᠯᠭ᠎ᠠ᠎ᠶᠢᠨ ᠳᠡᠯᠭᠡᠷᠡᠭᠦᠯᠦᠯᠲᠡ᠎ᠶᠢ ᠴᠢᠩᠭᠠᠳᠬᠠᠵᠤ᠂ ᠲᠥᠷᠥᠯ ᠵᠦᠢᠯ᠎ᠦᠨ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭᠠᠯᠠᠬᠤ ᠪᠠ ᠦᠷᠭᠦᠯᠵᠢᠯᠡᠨ ᠬᠥᠭᠵᠢᠭᠦᠯᠬᠦ ᠵᠡᠷᠭᠡ ᠲᠠᠯ᠎ᠠ᠎ᠪᠠᠷ ᠬᠢ ᠰᠢᠨ᠎ᠡ᠎ᠶᠢ ᠡᠭᠦᠳᠬᠦ ᠦᠢᠯᠡᠳᠦᠯᠭᠡ ᠪᠠ ᠠᠮᠵᠢᠯᠲᠠ᠎ᠲᠠᠢ ᠲᠤᠷᠰᠢᠯᠭ᠎ᠠ᠎ᠶᠢ ᠠᠭᠤᠳᠠᠯᠤᠨ᠎ᠠ ᠃ ᠪᠡᠯᠡ ᠲᠣᠬᠢᠷᠠᠭᠤᠯᠭ᠎ᠠ᠎ᠶᠢᠨ ᠲᠥᠰᠥᠯ᠎ᠢ ᠲᠣᠭᠲᠠᠭᠠᠵᠤ ᠂ ᠪᠡᠯᠡ ᠲᠣᠬᠢᠷᠠᠭᠤᠯᠭ᠎ᠠ᠎ᠶᠢᠨ ᠠᠷᠭ᠎ᠠ ᠵᠠᠮ᠎ᠢ ᠥᠷᠭᠡᠳᠬᠡᠨ ᠂ ᠣᠯᠠᠨ ᠡᠰᠢᠵᠢᠭᠰᠡᠨ ᠂ ᠦᠷᠭᠦᠯᠵᠢᠯᠡᠬᠦ ᠪᠡᠯᠡ ᠲᠣᠬᠢᠷᠠᠭᠤᠯᠭ᠎ᠠ᠎ᠶᠢᠨ ᠰᠢᠰᠲᠧᠮ᠎ᠢ ᠪᠠᠢᠭᠤᠯᠤᠨ᠎ᠠ ᠃ ᠬᠠᠨᠢᠲᠠᠨ᠎ᠤ ᠬᠠᠷᠢᠴᠠᠭ᠎ᠠ᠎ᠪᠠᠨ ᠦᠷᠭᠦᠯᠵᠢᠯᠡᠨ ᠥᠷᠭᠡᠳᠬᠡᠵᠦ᠂ ᠡᠬᠢ ᠪᠠᠶᠠᠯᠢᠭ᠋᠎ᠢ ᠡᠮᠬᠢᠯᠡᠨ ᠨᠡᠢᠯᠡᠭᠦᠯᠬᠦ ᠪᠠ ᠲᠥᠷᠥᠯ ᠵᠦᠢᠯᠡᠰ᠎ᠢ ᠬᠡᠷᠡᠭᠵᠢᠭᠦᠯᠬᠦ ᠵᠡᠷᠭᠡ ᠲᠠᠯ᠎ᠠ᠎ᠪᠠᠷ ᠬᠢ ᠬᠣᠯᠪᠣᠭᠳᠠᠯ ᠪᠦᠬᠦᠢ ᠤᠯᠠᠨ ᠤᠯᠤᠰ᠎ᠤᠨ ᠪᠡᠯᠡ ᠮᠥᠩᠭᠥᠨ᠎ᠦ ᠲᠣᠭᠲᠠᠴᠠ ᠯᠤᠭ᠎ᠠ᠎ᠶᠢᠨ ᠬᠠᠮᠵᠢᠯᠴᠠᠭ᠎ᠠ᠎ᠪᠠᠨ ᠴᠢᠩᠭᠠᠳᠬᠠᠨ᠎ᠠ᠃ ᠲᠥᠷᠥᠯ ᠵᠦᠢᠯ᠎ᠦᠨ ᠳᠡᠮᠵᠢᠯᠭᠡ᠎ᠶᠢᠨ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ ᠂ ᠨᠢᠭᠡ ᠪᠦᠯᠦᠭ 《 ᠵᠢᠵᠢᠭ ᠮᠥᠷᠲᠡᠭᠡᠨ ᠭᠣᠶᠣ᠌ 》 ᠲᠥᠷᠥᠯ ᠵᠦᠢᠯ᠎ᠢ ᠲᠥᠯᠥᠪᠯᠡᠨ ᠬᠡᠷᠡᠭᠵᠢᠭᠦᠯᠵᠦ ᠂ ᠬᠥᠭᠵᠢᠵᠦ ᠪᠠᠢᠭ᠎ᠠ ᠤᠯᠤᠰ᠎ᠤᠳ᠎ᠤᠨ 《 ᠺᠦᠨᠮᠢᠩ ︱ ᠮᠣᠨᠲᠷᠧᠶᠠᠯ᠎ᠤᠨ ᠪᠥᠬᠥ ᠪᠥᠮᠪᠥᠷᠴᠡᠭ᠎ᠦᠨ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠪᠣᠷᠣ᠌ ᠲᠥᠯᠥᠪ 》 ( ᠳᠣᠷᠣᠭ᠍ᠰᠢ 《 ᠺᠦᠨᠮᠢᠩ ᠮᠣᠨᠲᠷᠧᠶᠠᠯ᠎ᠤᠨ ᠪᠣᠷᠣ᠌ ᠲᠥᠯᠥᠪ 》 ᠭᠡᠵᠦ ᠲᠣᠪᠴᠢᠯᠠᠨ᠎ᠠ )᠎ᠢ ᠬᠡᠷᠡᠭᠵᠢᠭᠦᠯᠬᠦ᠎ᠳᠦ ᠬᠦᠴᠦᠨ ᠨᠡᠮᠡᠷᠢᠯᠡᠨ᠎ᠡ ᠭᠡᠵᠦ ᠴᠢᠬᠤᠯᠠᠴᠢᠯᠠᠪᠠ ᠃

ᠠᠨᠳᠧᠷᠰᠧᠨ ᠳᠤᠮᠳᠠᠳᠤ ᠤᠯᠤᠰ᠎ᠤᠨ ᠪᠦᠬᠦ ᠪᠥᠮᠪᠥᠷᠴᠡᠭ᠎ᠦᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭᠠᠯᠠᠬᠤ ᠦᠢᠯᠡᠰ᠎ᠲᠦ ᠦᠵᠡᠭᠦᠯᠦᠭᠰᠡᠨ ᠬᠤᠪᠢ ᠨᠡᠮᠡᠷᠢ᠎ᠳᠦ ᠲᠠᠯᠠᠷᠬᠠᠵᠤ᠂ ᠳᠤᠮᠳᠠᠳᠤ ᠤᠯᠤᠰ᠎ᠤᠨ ᠪᠦᠬᠦ ᠪᠥᠮᠪᠥᠷᠴᠡᠭ᠎ᠦᠨ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ᠎ᠳᠤ ᠦᠵᠡᠭᠦᠯᠦᠭᠰᠡᠨ ᠳᠠᠭᠠᠭᠤᠯᠤᠭ᠍ᠴᠢ᠎ᠶᠢᠨ ᠦᠢᠯᠡᠳᠦᠯ᠎ᠢ ᠳᠡᠭᠡᠳᠦ ᠬᠡᠮᠵᠢᠶ᠎ᠡ᠎ᠪᠡᠷ ᠮᠠᠭᠲᠠᠨ ᠰᠠᠢᠰᠢᠶᠠᠪᠠ᠃ ᠲᠡᠷᠡ ᠢᠯᠡᠷᠬᠡᠢᠯᠡᠬᠦ᠎ᠳᠡᠭᠡᠨ ᠂ ᠺᠦᠨᠮᠢᠩ᠎ᠦᠨ ᠰᠠᠭᠤᠷᠢ ᠮᠥᠩᠭᠥ ᠨᠢ ᠶᠠᠭ ᠬᠥᠭᠵᠢᠵᠦ ᠪᠠᠢᠭ᠎ᠠ ᠤᠯᠤᠰ᠎ᠤᠳ᠎ᠢ ᠬᠠᠪᠰᠤᠷᠤᠨ 《 ᠺᠦᠨᠮᠢᠩ ᠮᠣᠨᠲᠷᠧᠶᠠᠯ᠎ᠦᠨ ᠪᠣᠷᠣ᠌ ᠲᠥᠰᠥᠪ 》᠎ᠤᠨ ᠬᠠᠷᠠᠯᠲᠠ᠎ᠶᠢ ᠪᠡᠶᠡᠯᠡᠭᠦᠯᠵᠦ ᠪᠠᠢᠨ᠎ᠠ ᠂ ᠨᠠᠩ ᠣᠯᠠᠨ ᠤᠯᠤᠰ ᠺᠦᠨᠮᠢᠩ᠎ᠦᠨ ᠰᠠᠭᠤᠷᠢ ᠮᠥᠩᠭᠥ᠎ᠳᠦ ᠪᠡᠯᠡ ᠮᠥᠩᠭᠥᠨ᠎ᠦ ᠳᠡᠮᠵᠢᠯᠭᠡ ᠬᠠᠩᠭᠠᠬᠤ᠎ᠶᠢᠨ ᠬᠠᠮᠲᠤ ᠪᠡᠯᠡ ᠲᠣᠬᠢᠷᠠᠭᠤᠯᠭ᠎ᠠ᠎ᠶᠢᠨ ᠠᠷᠭ᠎ᠠ ᠮᠠᠶᠢᠭ᠋᠎ᠤᠨ ᠰᠢᠨ᠎ᠡ᠎ᠶᠢ ᠡᠭᠦᠳᠬᠦ᠎ᠪᠡᠷ ᠳᠠᠮᠵᠢᠭᠤᠯᠤᠨ ᠪᠡᠯᠡ ᠮᠥᠩᠭᠥᠨ᠎ᠦ ᠢᠷᠡᠯᠲᠡ᠎ᠶᠢ ᠥᠷᠭᠡᠳᠬᠡᠬᠦ᠎ᠶᠢ ᠤᠷᠢᠶᠠᠯᠠᠵᠤ ᠪᠠᠢᠨ᠎ᠠ ᠃ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠣᠷᠴᠢᠨ ᠲᠣᠭᠣᠷᠢᠨ᠎ᠤ ᠲᠥᠯᠦᠪᠵᠢᠭᠦᠯᠭᠡ᠎ᠶᠢᠨ ᠵᠠᠬᠢᠷᠭ᠎ᠠ ᠨᠢ ᠳᠤᠮᠳᠠᠳᠤ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠲᠠᠢ ᠨᠢᠭ᠍ᠲᠠ ᠣᠯᠣᠯᠴᠠᠭ᠎ᠠ᠎ᠪᠠᠨ ᠪᠠᠲᠤᠯᠠᠵᠤ᠂ ᠪᠦᠬᠦ ᠪᠥᠮᠪᠥᠷᠴᠡᠭ᠎ᠦᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠵᠠᠰᠠᠯᠲᠠ᠎ᠶᠢᠨ ᠰᠢᠨ᠎ᠡ ᠳᠡᠭᠲᠡᠷ᠎ᠲᠦ ᠭᠠᠷᠬᠤ᠎ᠶᠢ ᠬᠠᠮᠲᠤ᠎ᠪᠠᠷ ᠠᠬᠢᠭᠤᠯᠤᠨ᠎ᠠ ᠭᠡᠪᠡ ᠃

ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ 《 ᠠᠮᠢᠳᠤ ᠪᠣᠳᠠᠰ᠎ᠦᠨ ᠤᠯᠠᠨ ᠶᠠᠩᠵᠤᠲᠤ ᠴᠢᠨᠠᠷ᠎ᠤᠨ ᠨᠡᠢᠳᠡ᠎ᠶᠢᠨ ᠭᠡᠷ᠎ᠡ 》᠎ᠶᠢᠨ ᠨᠠᠷᠢᠨ ᠪᠢᠴᠢᠭ᠎ᠦᠨ ᠭᠠᠵᠠᠷ᠎ᠤᠨ ᠭᠦᠢᠴᠡᠳᠭᠡᠭᠴᠢ ᠨᠠᠷᠢᠨ ᠪᠢᠴᠢᠭᠡᠴᠢ ᠰᠢᠶᠤᠤᠮᠸᠢᠢᠺᠸ᠋᠂ ᠺᠠᠮᠪᠤᠵᠠ᠎ᠶᠢᠨ ᠣᠷᠴᠢᠨ ᠲᠣᠭᠣᠷᠢᠨ᠎ᠤ ᠶᠠᠮᠤᠨ᠎ᠤ ᠲᠦᠷᠦ᠎ᠶᠢᠨ ᠶᠠᠪᠤᠳᠠᠯ᠎ᠤᠨ ᠨᠠᠷᠢᠨ ᠪᠢᠴᠢᠭᠡᠴᠢ ᠫᠠᠷᠢᠰ᠂ ᠺᠣᠯᠣᠮᠪᠢᠶ᠎ᠠ᠎ᠶᠢᠨ ᠳᠤᠮᠳᠠᠳᠤ ᠤᠯᠤᠰ᠎ᠲᠤ ᠰᠠᠭᠤᠭ᠎ᠠ ᠡᠯᠴᠢᠨ ᠰᠠᠢᠳ ᠺᠠᠪᠸᠢᠢᠯᠠ᠂ ᠶᠧᠵᠢᠫᠲ᠎ᠦᠨ ᠣᠷᠴᠢᠨ ᠲᠣᠭᠣᠷᠢᠨ᠎ᠤ ᠶᠠᠮᠤᠨ᠎ᠤ ᠤᠯᠠᠨ ᠤᠯᠤᠰ᠎ᠤᠨ ᠬᠠᠷᠢᠯᠴᠠᠭᠠᠨ᠎ᠤ ᠵᠥᠪᠯᠡᠭᠴᠢ ᠭᠠᠯᠠ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠤᠯᠠᠨ ᠲᠠᠯᠠᠲᠤ ᠢᠲᠡᠭᠡᠮᠵᠢᠲᠦ ᠨᠠᠶ᠋ᠢᠳᠠᠯᠭ᠎ᠠ᠎ᠶᠢᠨ ᠰᠠᠭᠤᠷᠢ ᠮᠥᠩᠭᠥᠨ᠎ᠦ ᠠᠯᠪᠠᠨ ᠭᠡᠷ᠎ᠦᠨ ᠵᠣᠬᠢᠴᠠᠭᠤᠯᠤᠭ᠍ᠴᠢ ᠨᠦᠳᠥᠬᠤ᠋᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠣᠷᠴᠢᠨ ᠲᠣᠭᠣᠷᠢᠨ᠎ᠤ ᠲᠥᠯᠦᠪᠵᠢᠭᠦᠯᠭᠡ᠎ᠶᠢᠨ ᠵᠠᠬᠢᠷᠭ᠎ᠠ᠎ᠶᠢᠨ ᠠᠮᠢ ᠠᠬᠤᠢ᠎ᠶᠢᠨ ᠵᠤᠷᠭᠠᠨ᠎ᠤ ᠳᠡᠳ᠋ ᠳᠠᠷᠤᠭ᠎ᠠ ᠷᠤᠪᠢᠨᠰᠤᠨ ᠵᠡᠷᠭᠡ ᠰᠠᠭᠤᠷᠢ ᠮᠥᠩᠭᠥᠨ᠎ᠦ ᠬᠡᠷᠡᠭ ᠡᠷᠬᠢᠯᠡᠭᠴᠢᠳ᠎ᠦᠨ ᠬᠤᠷᠠᠯ᠎ᠤᠨ ᠪᠦᠷᠢᠯᠳᠦᠭᠦᠨ᠂ ᠠᠵᠢᠭ᠍ᠯᠠᠭ᠍ᠴᠢ ᠬᠤᠷᠠᠯ᠎ᠳᠤ ᠣᠷᠣᠯᠴᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号