ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠤᠵᠢ ᠬᠤᠲᠠ᠎ᠶᠢᠨ ᠮᠡᠳᠡᠭᠡ
ᠳ᠋ᠠᠯᠢᠶᠠᠨ ᠬᠣᠲᠠ᠎ᠶᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠶᠢᠨ ᠲᠤᠬᠠᠢ᠎ᠶᠢᠨ ᠲᠠᠯᠠᠪᠤᠷ᠎ᠤᠨ ᠪᠠᠢᠴᠠᠭᠠᠯᠲᠠ ᠬᠢᠭᠰᠡᠨ ᠡᠷᠦᠬᠡ ᠤᠳᠠᠭ᠎ᠠ ᠠᠳᠠᠯᠢ ᠬᠤᠭᠤᠴᠠᠭᠠᠨ᠎ᠤ ᠬᠢ᠎ᠡᠴᠡ 50%᠎ᠪᠡᠷ ᠪᠠᠭᠤᠷᠠᠪᠠ
ᠨᠡᠶ᠋ᠢᠲᠡᠯᠡᠭᠰᠡᠨ ᠴᠠᠭ᠄ 2025-11-29

      ᠲᠥᠪ᠎ᠦᠨ ᠷᠠᠳᠢᠣ᠋ ᠨᠡᠪᠲᠡᠷᠡᠭᠦᠯᠭᠡ᠎ᠶᠢᠨ ᠰᠦᠯᠵᠢᠶ᠎ᠡ᠎ᠶᠢᠨ ᠳ᠋ᠠᠯᠢᠶᠠᠨ᠎ᠤ 11 ᠰᠠᠷ᠎ᠠ᠎ᠶᠢᠨ 19᠎ᠦ ᠡᠳᠦᠷ᠎ᠦᠨ ᠮᠡᠳᠡᠭᠡ ( ᠰᠤᠷᠪᠤᠯᠵᠢᠯᠠᠭ᠍ᠴᠢ ᠯᠢᠦ ᠫᠧᠢ ᠵᠢᠶᠦ᠋ᠨ ᠳᠠᠳᠤᠯᠭ᠎ᠠ᠎ᠶᠢᠨ ᠰᠤᠷᠪᠤᠯᠵᠢᠯᠠᠭ᠍ᠴᠢ ᠢ ᠪᠥᠸᠧ ᠸᠸᠨ ) 《 ᠦᠨᠳᠦᠰᠦ ᠪᠠᠷᠢᠮᠲᠠ ᠦᠭᠡᠢ ᠪᠣᠯ ᠪᠠᠢᠴᠠᠭᠠᠬᠤ ᠦᠭᠡᠢ᠂ ᠠᠶᠤᠯ ᠲᠦᠭᠰᠢᠭᠦᠷᠢ᠎ᠶᠢᠨ ᠤᠷᠢᠳᠴᠢᠯᠠᠨ ᠰᠡᠷᠡᠮᠵᠢᠯᠡᠯ ᠦᠭᠡᠢ ᠪᠣᠯ ᠦᠢᠮᠡᠭᠦᠯᠬᠦ ᠦᠭᠡᠢ᠂ ᠪᠣᠶ ᠪᠦᠬᠦᠢ ᠪᠠᠢᠴᠠᠭᠠᠯᠲᠠ ᠴᠥᠮ ᠵᠠᠪᠠᠯ ᠺᠣᠳ᠋ ᠰᠢᠷᠪᠢᠵᠦ᠂ ᠵᠠᠪᠠᠯ ᠣᠷᠣ᠌ ᠮᠥᠷ ᠦᠯᠡᠳᠡᠭᠡᠵᠦ᠂ ᠵᠠᠪᠠᠯ ᠰᠢᠢᠳᠪᠦᠷᠢᠯᠡᠬᠦ ᠬᠡᠷᠡᠭᠲᠡᠢ 》᠃ 11 ᠰᠠᠷ᠎ᠠ᠎ᠶᠢᠨ 18᠎ᠤ ᠡᠳᠦᠷ᠂ ᠳ᠋ᠠᠯᠢᠶᠠᠨ ᠬᠤᠳᠠ᠎ᠶᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠪᠦᠬᠦ ᠨᠡᠢᠭᠡᠮ᠎ᠳᠦ᠂ ᠬᠠᠤᠯᠢ᠎ᠪᠠᠷ ᠲᠣᠭᠲᠠᠭᠠᠭᠰᠠᠨ ᠪᠠᠢᠳᠠᠯ ᠪᠣᠯᠣᠨ ᠴᠢᠬᠤᠯᠠ ᠪᠦᠬᠦᠢ ᠬᠢᠨᠠᠯᠲᠠ ᠬᠠᠮᠢᠶᠠᠷᠤᠯᠲᠠ᠎ᠠᠴᠠ ᠭᠠᠳᠠᠨ᠎ᠠ᠂ ᠠᠵᠤ ᠠᠬᠤᠢᠯᠠᠯ᠎ᠤᠨ ᠬᠡᠪ᠎ᠦᠨ ᠦᠢᠯᠡᠳᠪᠦᠷᠢᠯᠡᠯ ᠡᠵᠡᠩᠨᠡᠯᠲᠡ᠎ᠶᠢ ᠶᠠᠭᠠᠬᠢᠭ᠍ᠰᠠᠨ ᠴᠤ᠌ ᠬᠠᠷᠰᠢᠯᠠᠬᠤ ᠦᠭᠡᠢ᠂ ᠬᠠᠤᠯᠢ᠎ᠶᠢ ᠵᠢᠷᠤᠮᠯᠠᠭᠰᠠᠨ ᠠᠵᠤ ᠠᠬᠤᠢᠯᠠᠯ᠎ᠢ ᠰᠠᠨᠠᠭ᠎ᠠ ᠠᠮᠤᠷ ᠬᠥᠭᠵᠢᠭᠦᠯᠵᠦ᠂ ᠪᠡᠯᠡ ᠣᠷᠣᠭᠤᠯᠤᠨ ᠦᠢᠯᠡᠰ ᠪᠣᠰᠬᠠᠭ᠍ᠴᠢᠳ᠎ᠢ ᠰᠠᠨᠠᠭ᠎ᠠ ᠠᠮᠤᠷ ᠪᠠᠢᠯᠭᠠᠨ᠎ᠠ ᠭᠡᠵᠦ ᠲᠥᠪ ᠴᠢᠩᠭ᠎ᠠ᠎ᠪᠠᠷ ᠠᠮᠠᠯᠠᠬᠤ᠎ᠶᠢᠨ ᠬᠠᠮᠲᠤ᠂ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠦᠯᠲᠡ᠎ᠳᠦ ᠬᠢᠨᠠᠯᠲᠠ ᠲᠠᠯᠪᠢᠬᠤ ᠤᠲᠠᠰᠤ᠎ᠶᠢ ᠨᠡᠢᠲᠡᠯᠡᠪᠡ᠃
      ᠡᠨᠡ ᠪᠣᠯ ᠳ᠋ᠠᠯᠢᠶᠠᠨ ᠬᠣᠲᠠ᠎ᠶᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠤ ᠠᠬᠤᠢᠯᠠᠯ᠎ᠳᠤ ᠬᠣᠯᠪᠣᠭᠳᠠᠬᠤ ᠵᠠᠰᠠᠭ ᠵᠠᠬᠢᠷᠭᠠᠨ᠎ᠤ ᠪᠠᠢᠴᠠᠭᠠᠯᠲᠠ᠎ᠶᠢ ᠵᠢᠷᠤᠮᠵᠢᠭᠤᠯᠬᠤ᠎ᠶᠢᠨ ᠲᠥᠯᠥᠭᠡ ᠠᠪᠤᠭᠰᠠᠨ ᠪᠠᠰᠠ ᠨᠢᠭᠡᠨ ᠴᠢᠬᠤᠯᠠ ᠠᠷᠭ᠎ᠠ ᠬᠡᠮᠵᠢᠶ᠎ᠡ ᠪᠣᠯᠣᠨ᠎ᠠ ᠃ ᠡᠨᠡ ᠵᠢᠯ᠎ᠡᠴᠡ ᠨᠠᠭᠠᠰᠢ᠂ ᠳ᠋ᠠᠯᠢᠶᠠᠨ ᠬᠣᠲᠠ᠎ᠶᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠠᠵᠤ ᠠᠬᠤᠢᠯᠠᠯ᠎ᠳᠤ ᠬᠣᠯᠪᠣᠭᠳᠠᠭᠰᠠᠨ ᠪᠠᠢᠴᠠᠭᠠᠯᠲᠠ᠎ᠶᠢ ᠵᠢᠷᠤᠮᠵᠢᠭᠤᠯᠬᠤ 《 ᠠᠷᠪᠠᠨ ᠵᠦᠢᠯ᠎ᠦᠨ ᠴᠠᠭᠠᠵᠠ ᠵᠠᠷᠯᠢᠭ᠋ 》 《 ᠠᠷᠪᠠᠨ ᠵᠦᠢᠯ᠎ᠦᠨ ᠠᠷᠭ᠎ᠠ ᠬᠡᠮᠵᠢᠶ᠎ᠡ 》 《 ᠠᠷᠪᠠᠨ ᠵᠦᠢᠯ᠎ᠦᠨ ᠳᠦᠷᠢᠮ 》 ᠵᠡᠷᠭᠡ ᠠᠯᠢ ᠣᠯᠠᠨ ᠰᠢᠨ᠎ᠡ᠎ᠶᠢ ᠡᠭᠦᠳᠬᠦ ᠴᠢᠨᠠᠷᠲᠠᠢ᠂ ᠳᠡᠯᠭᠡᠷᠡᠭᠦᠯᠵᠦ ᠪᠣᠯᠬᠤ ᠳᠦᠷᠢᠮ᠎ᠦᠨ ᠪᠢᠴᠢᠭ ᠮᠠᠲᠧᠷᠢᠶᠠᠯ᠎ᠢ ᠵᠠᠯᠭᠠᠭ᠎ᠠ᠎ᠪᠠᠷ ᠨᠡᠢᠲᠡᠯᠡᠪᠡ᠃ ᠳᠦᠷᠢᠮ᠎ᠢ ᠳᠠᠬᠢᠨ ᠴᠣᠭᠴᠠᠯᠠᠬᠤ᠎ᠪᠠᠷ ᠰᠠᠭᠤᠷᠢ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ᠎ᠦᠨ ᠴᠢᠳᠠᠪᠤᠷᠢ᠎ᠶᠢᠨ ᠲᠠᠯ᠎ᠠ᠎ᠪᠠᠷ ᠲᠤᠯᠭᠠᠭᠤᠷᠢᠯᠠᠯ ᠪᠣᠯᠭᠠᠵᠤ᠂ 《 ᠪᠠᠢᠴᠠᠭᠠᠬᠤ ᠴᠢᠬᠤᠯᠠ ᠦᠭᠡᠢ ᠪᠣᠯ ᠪᠠᠢᠴᠠᠭᠠᠬᠤ ᠦᠭᠡᠢ᠂ ᠪᠠᠢᠴᠠᠭᠠᠯᠲᠠ᠎ᠶᠢ ᠵᠠᠪᠠᠯ ᠵᠢᠷᠤᠮᠵᠢᠭᠤᠯᠬᠤ᠂ ᠬᠡᠷᠡᠭᠴᠡᠭᠡ ᠱᠠᠭᠠᠷᠳᠠᠯᠭ᠎ᠠ᠎ᠲᠠᠢ ᠪᠣᠯ ᠵᠠᠪᠠᠯ ᠦᠢᠯᠡᠴᠢᠯᠡᠬᠦ 》 ᠬᠠᠤᠯᠢ ᠬᠡᠷᠡᠭᠵᠢᠭᠦᠯᠬᠦ ᠰᠢᠨ᠎ᠡ ᠲᠣᠭᠲᠠᠴᠠ᠎ᠶᠢ ᠰᠢᠨ᠎ᠡ᠎ᠪᠡᠷ ᠡᠭᠦᠳᠦᠨ ᠪᠠᠢᠭᠤᠯᠵᠤ᠂ ᠥᠷᠭᠡᠨ᠎ᠢᠶᠡᠷ ᠮᠡᠳᠡᠷᠡᠭᠳᠡᠵᠦ᠂ ᠬᠣᠲᠠ᠎ᠶᠢᠨ ᠤᠯᠤᠰ ᠲᠥᠷᠥ᠎ᠶᠢᠨ ᠵᠥᠪᠯᠡᠯᠭᠡᠨ᠎ᠦ ᠠᠵᠤ ᠠᠬᠤᠢᠯᠠᠯ᠎ᠳᠤ ᠬᠣᠯᠪᠣᠭᠳᠠᠭᠰᠠᠨ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠦᠯᠲᠡ᠎ᠶᠢᠨ ᠪᠠᠢᠴᠠᠭᠠᠯᠲᠠ᠎ᠶᠢᠨ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠶᠠᠷᠢᠯᠴᠠᠬᠤ ᠬᠤᠷᠠᠯ ᠳᠡᠭᠡᠷ᠎ᠡ᠂ 《 ᠬᠠᠤᠯᠢ ᠬᠡᠷᠡᠭᠵᠢᠭᠦᠯᠦᠯᠲᠡ᠎ᠶᠢ ᠵᠢᠷᠤᠮᠵᠢᠭᠤᠯᠬᠤ + ᠳᠣᠲᠣᠨᠣ᠌ ᠦᠢᠯᠡᠴᠢᠯᠡᠭᠡ 》 ᠵᠢᠨ ᠵᠠᠭᠪᠤᠷ᠎ᠢ ᠨᠡᠢᠲᠡᠯᠢᠭ ᠲᠤᠷᠰᠢᠯᠭ᠎ᠠ᠎ᠶᠢᠨ ᠬᠤᠪᠢ᠎ᠪᠠᠷ ᠲᠠᠨᠢᠯᠴᠠᠭᠤᠯᠵᠤ ᠂ ᠤᠯᠤᠰ ᠲᠥᠷᠥ᠎ᠶᠢᠨ ᠵᠥᠪᠯᠡᠯᠭᠡᠨ᠎ᠦ ᠭᠡᠰᠢᠭᠦᠨ ᠪᠠ ᠠᠵᠤ ᠠᠬᠤᠢᠯᠠᠯ᠎ᠤᠨ ᠲᠥᠯᠥᠭᠡᠯᠡᠭᠴᠢᠳ᠎ᠦᠨ ᠨᠢᠭᠡᠳᠦᠯᠲᠡᠢ ᠰᠠᠢᠨ ᠦᠨᠡᠯᠡᠯᠲᠡ᠎ᠶᠢ ᠣᠯᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号