ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠤᠵᠢ ᠬᠤᠲᠠ᠎ᠶᠢᠨ ᠮᠡᠳᠡᠭᠡ
ᠾᠧᠨᠠᠨ ᠮᠤᠵᠢ᠎ᠶᠢᠨ ᠨᠠᠨᠶᠠᠩ ᠬᠣᠲᠠ ᠤᠰᠤᠨ ᠴᠥᠭᠥᠷᠥᠮ᠎ᠦᠨ ᠠᠮᠢ ᠠᠬᠤᠢ ᠣᠷᠴᠢᠨ ᠲᠣᠭᠣᠷᠢᠨ᠎ᠳᠤ ᠲᠦᠰᠢᠭᠯᠡᠨ ᠠᠵᠤ ᠠᠬᠤᠢ᠎ᠪᠠᠨ ᠬᠥᠭᠵᠢᠭᠦᠯᠦᠨ᠎ᠡ
ᠨᠡᠶ᠋ᠢᠲᠡᠯᠡᠭᠰᠡᠨ ᠴᠠᠭ᠄ 2025-11-04

ᠾᠧᠨᠠᠨ ᠮᠤᠵᠢ᠎ᠶᠢᠨ ᠨᠠᠨᠶᠠᠩ ᠬᠣᠲᠠ ᠤᠰᠤᠨ ᠴᠥᠭᠥᠷᠥᠮ᠎ᠦᠨ ᠠᠮᠢ ᠠᠬᠤᠢ ᠣᠷᠴᠢᠨ ᠲᠣᠭᠣᠷᠢᠨ᠎ᠳᠤ ᠲᠦᠰᠢᠭᠯᠡᠨ ᠠᠵᠤ ᠠᠬᠤᠢ᠎ᠪᠠᠨ ᠬᠥᠭᠵᠢᠭᠦᠯᠦᠨ᠎ᠡ

ᠤᠢ ᠰᠢᠭᠤᠢ᠎ᠶᠢᠨ ᠪᠦᠷᠬᠦᠴᠡ᠎ᠶᠢᠨ ᠨᠤᠷᠮ᠎ᠠ 61.7% ᠎ᠳᠦ ᠬᠦᠷᠴᠦ᠂ ᠣᠢᠵᠢᠭᠤᠯᠬᠤ᠎ᠳᠤ ᠲᠣᠬᠢᠷᠠᠮᠵᠢᠲᠠᠢ ᠠᠭᠯᠠᠭ ᠠᠭᠤᠯᠠ ᠠᠲᠠᠷ ᠭᠠᠵᠠᠷ᠎ᠤᠨ ᠨᠣᠭᠣᠭᠠᠷᠠᠭᠤᠯᠤᠯᠲᠠ᠎ᠶᠢᠨ ᠨᠤᠷᠮ᠎ᠠ 95.8%᠎ᠳᠤ ᠬᠦᠷᠴᠦ᠂ ᠳ᠋ᠠᠨᠵᠢᠶᠠᠩ ᠮᠥᠷᠡᠨ᠎ᠦ ᠠᠳᠠᠭ᠎ᠤᠨ ᠤᠰᠤᠨ ᠴᠥᠭᠥᠷᠥᠮ᠎ᠦᠨ ᠤᠰᠤᠨ᠎ᠤ ᠴᠢᠨᠠᠷ Ⅱ ᠲᠦᠷᠦᠯ᠎ᠡᠴᠡ ᠳᠡᠭᠡᠭᠰᠢᠬᠢ ᠪᠠᠷᠢᠮᠵᠢᠶ᠎ᠠ᠎ᠶᠢ ᠪᠠᠲᠤᠯᠠᠵᠠᠢ ᠁ ᠰᠤᠪᠠᠭ᠎ᠤᠨ ᠡᠬᠢᠨ᠎ᠦ ᠰᠢ ᠴᠤᠸᠠᠨ᠎ᠢᠶᠠᠷ ᠠᠶᠠᠯᠠᠬᠤ᠎ᠳᠤ ᠨᠣᠭᠣᠭᠠᠨ ᠥᠩᠭᠡ ᠬᠠᠶᠠᠯᠠᠨ᠂ ᠴᠤᠭ ᠪᠠᠳᠠᠷᠠᠩᠭᠤᠢ ᠲᠥᠷᠬᠦ᠎ᠪᠡᠷ ᠪᠢᠯᠬᠠᠨ᠎ᠠ᠃

ᠰᠸᠴᠤᠸᠠᠨ ᠪᠣᠯ ᠡᠮᠦᠨᠡᠲᠦ᠎ᠶᠢᠨ ᠤᠰᠤ᠎ᠶᠢ ᠤᠮᠠᠷᠠᠰᠢ ᠲᠠᠲᠠᠬᠤ ᠳᠤᠮᠳᠠ ᠱᠤᠭᠤᠮ᠎ᠤᠨ ᠢᠨᠵᠧᠨᠧᠷᠢᠩ᠎ᠦᠨ ᠭᠣᠣᠯ ᠤᠰᠤᠨ ᠰᠤᠷᠪᠤᠯᠵᠢ᠎ᠶᠢᠨ ᠣᠷᠣᠨ ᠪᠠ ᠰᠤᠪᠠᠭ᠎ᠤᠨ ᠡᠬᠢᠨ᠎ᠦ ᠪᠠᠢᠭ᠎ᠠ ᠭᠠᠵᠠᠷ ᠪᠣᠯᠣᠨ᠎ᠠ ᠃ ᠣᠢᠷ᠎ᠠ᠎ᠶᠢᠨ ᠵᠢᠯ᠎ᠡᠴᠡ᠂ ᠲᠤᠰ ᠰᠢᠶᠠᠨ 《 ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ 》 ᠭᠡᠬᠦ ᠣᠢᠯᠠᠭᠠᠭᠳᠠᠬᠤᠨ᠎ᠢ ᠭᠦᠨᠵᠡᠭᠡᠢ ᠦᠢᠯᠡᠳᠦᠯᠭᠡᠵᠢᠭᠦᠯᠵᠦ᠂ 《 ᠬᠣᠶᠠᠷ ᠥᠨᠳᠥᠷ ᠳᠥᠷᠪᠡ᠎ᠳᠦ ᠬᠦᠴᠦᠯᠡᠬᠦ 》 ᠪᠡᠷ ᠭᠣᠣᠯᠳᠠᠭᠤᠯᠵᠤ᠂ 《 ᠠᠮᠢ ᠠᠬᠤᠢ᠎ᠶᠢ ᠲᠡᠷᠢᠭᠦᠨ᠎ᠳᠦ ᠲᠠᠯᠪᠢᠵᠤ᠂ ᠪᠣᠬᠢᠷᠲᠤᠯ ᠦᠭᠡᠢ᠎ᠪᠡᠷ ᠬᠥᠭᠵᠢᠭᠦᠯᠬᠦ 》 ᠪᠡᠷ ᠭᠣᠣᠯ ᠰᠢᠵᠢᠮ ᠪᠣᠯᠭᠠᠵᠤ᠂ ᠤᠰᠤ ᠨᠢ ᠲᠤᠩᠭᠠᠯᠠᠭ ᠠᠷᠠᠳ ᠨᠢ ᠪᠠᠶᠠᠨ ᠰᠢᠶᠠᠨ ᠨᠢ ᠴᠢᠨᠡᠭᠡᠯᠢᠭ ᠪᠠᠢᠬᠤ ᠴᠢᠨᠠᠷ ᠰᠠᠢᠲᠠᠢ ᠬᠥᠭᠵᠢᠯᠲᠡ᠎ᠶᠢᠨ ᠵᠠᠮ᠎ᠢ ᠬᠠᠢᠨ ᠰᠦᠪᠡᠭᠴᠢᠯᠡᠵᠡᠢ᠃

ᠬᠠᠲᠠᠭᠤ ᠠᠷᠭ᠎ᠠ ᠬᠡᠮᠵᠢᠶ᠎ᠡ᠎ᠪᠡᠷ ᠤᠰᠤ᠎ᠶᠢ ᠬᠠᠮᠠᠭᠠᠯᠠᠵᠤ ᠠᠮᠢ ᠠᠬᠤᠢ᠎ᠶᠢᠨ ᠬᠠᠯᠬᠠᠪᠴᠢ᠎ᠶᠢ ᠪᠡᠬᠢᠵᠢᠭᠦᠯᠦᠨ᠎ᠡ

《 ᠣᠳᠣ᠌ ᠡᠨᠡ ᠤᠰᠤ᠎ᠶᠢ ᠰᠢᠭᠤᠳ ᠤᠤᠭᠤᠵᠤ ᠪᠣᠯᠣᠨ᠎ᠠ ᠂ ᠦᠨᠡᠬᠡᠷ ᠲᠤᠩᠭᠠᠯᠠᠭ ᠰᠠᠢᠬᠠᠨ ᠪᠠᠢᠨ᠎ᠠ ! 》 ᠭᠡᠵᠦ ᠰᠢᠶᠠᠩ ᠬᠤᠸᠠ ᠪᠠᠯᠭᠠᠰᠤᠨ᠎ᠤ ᠰᠦᠩ ᠭᠠᠩ ᠭᠠᠷᠠᠮ᠎ᠳᠤ᠂ ᠵᠠᠩ ᠰᠢᠶᠣᠣ ᠸᠧᠢ ᠤᠰᠤᠨ ᠴᠥᠭᠥᠷᠥᠮ᠎ᠦᠨ ᠬᠠᠵᠠᠭᠤ᠎ᠪᠠᠷ ᠶᠠᠪᠤᠵᠤ ᠪᠠᠢᠬᠤ᠎ᠳᠠᠭᠠᠨ ᠲᠡᠰᠬᠡᠯ ᠦᠭᠡᠢ ᠰᠡᠳᠬᠢᠯ ᠬᠥᠳᠡᠯᠦᠨ ᠶᠠᠷᠢᠨ᠎ᠠ᠃ ᠥᠩᠭᠡᠷᠡᠭᠰᠡᠨ᠎ᠳᠦ ᠂ ᠵᠠᠩ ᠰᠢᠶᠣᠣ ᠸᠧᠢ ᠪᠣᠯ ᠰᠢᠶᠠᠩ ᠬᠤᠸᠠ᠎ᠳᠤ ᠠᠯᠳᠠᠷ᠎ᠲᠠᠢ 《 ᠵᠢᠭᠠᠰᠤ ᠲᠡᠵᠢᠭᠡᠬᠦ ᠲᠣᠮᠣ᠌ ᠡᠷᠦᠬᠡ 》 ᠪᠠᠢᠵᠤ ᠂ ᠵᠠᠭᠤ ᠰᠢᠬᠠᠮ ᠵᠢᠭᠠᠰᠤ ᠲᠡᠵᠢᠭᠡᠬᠦ ᠲᠣᠣᠷ᠎ᠤᠨ ᠬᠠᠢᠷᠴᠠᠭ ᠲᠠᠢ ᠪᠠᠢᠵᠤ ᠂ ᠮᠥᠷᠡᠨ ᠳᠡᠭᠡᠷᠡᠬᠢ ᠵᠢᠭᠠᠰᠤᠴᠢᠨ ᠠᠢᠯ ᠡᠷᠬᠢᠯᠡᠵᠦ ᠂ ᠵᠢᠯ᠎ᠦᠨ ᠣᠷᠣᠯᠭ᠎ᠠ ᠨᠢ ᠠᠷᠪᠠᠭᠠᠳ ᠲᠦᠮᠡᠨ ᠲᠥᠭᠥᠷᠢᠭ᠎ᠲᠦ ᠬᠦᠷᠴᠦ ᠪᠠᠢᠵᠠᠢ ᠃

ᠡᠮᠦᠨᠡᠲᠦ᠎ᠶᠢᠨ ᠤᠰᠤ᠎ᠶᠢ ᠤᠮᠠᠷᠠᠰᠢ ᠲᠠᠲᠠᠬᠤ ᠳᠤᠮᠳᠠ ᠱᠤᠭᠤᠮ᠎ᠤᠨ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ ᠬᠢᠭᠰᠡᠨ᠎ᠡᠴᠡ ᠨᠠᠭᠠᠰᠢ᠂ ᠰᠢ ᠴᠤᠸᠠᠨ ᠰᠢᠶᠠᠨ ᠴᠥᠭᠥᠷᠥᠮ᠎ᠦᠨ ᠣᠷᠣᠨ᠎ᠤ ᠤᠰᠤᠨ ᠳᠡᠭᠡᠷᠡᠬᠢ ᠢᠳᠡᠭᠡᠨ ᠤᠮᠳᠠᠭᠠᠨ᠎ᠤ ᠣᠩᠭᠣᠴᠠ ᠵᠢᠴᠢ 5 ᠲᠦᠮᠡ ᠭᠠᠷᠤᠢ ᠬᠠᠢᠷᠴᠠᠭ ᠵᠢᠭᠠᠰᠤ ᠲᠡᠵᠢᠭᠡᠬᠦ ᠲᠣᠣᠷ᠎ᠤᠨ ᠬᠠᠢᠷᠴᠠᠭ᠎ᠢ ᠬᠦᠴᠦᠨ ᠦᠭᠡᠢ ᠪᠣᠯᠭᠠᠵᠤ᠂ ᠭᠤᠷᠪᠠᠨ ᠦᠶ᠎ᠡ᠎ᠪᠠᠷ᠎ᠢᠶᠠᠨ ᠵᠢᠭᠠᠰᠤ ᠠᠩᠨᠠᠬᠤ᠎ᠪᠠᠷ ᠠᠮᠢ ᠵᠢᠭᠤᠵᠤ ᠪᠠᠢᠭᠰᠠᠨ ᠵᠠᠩ ᠰᠢᠶᠣᠣ ᠸᠧᠢ ᠤᠷᠢᠶᠠᠯᠠᠭ᠎ᠠ᠎ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠲᠡᠷᠡ ᠳᠠᠷᠤᠢ ᠳ᠋ᠤᠨᠢ ᠵᠢᠭᠠᠰᠤ ᠠᠩᠨᠠᠬᠤ ᠪᠠᠭᠠᠵᠢ ᠬᠡᠷᠡᠭᠰᠡᠯ᠎ᠢᠶᠡᠨ ᠲᠤᠰᠢᠶᠠᠵᠤ᠂ 《 ᠡᠷᠭᠢ᠎ᠳᠦ ᠭᠠᠷᠴᠤ》 ᠬᠥᠳᠡᠭᠡ ᠠᠢᠯ᠎ᠤᠨ ᠵᠤᠭᠠᠴᠠᠯ ᠡᠷᠬᠢᠯᠡᠪᠡ᠃

ᠡᠭᠦᠨ᠎ᠢᠶᠡᠷ ᠪᠠᠷᠠᠬᠤ ᠦᠭᠡᠢ᠂ ᠤᠯᠤᠰ ᠲᠦᠷᠦ᠎ᠶᠢᠨ ᠬᠠᠷᠢᠭᠤᠴᠠᠯᠭ᠎ᠠ ᠪᠣᠯᠣᠨ ᠲᠡᠦᠬᠡᠲᠦ ᠡᠭᠦᠷᠭᠡ᠎ᠶᠢᠨ ᠡᠮᠦᠨ᠎ᠡ᠂ ᠰᠢ ᠴᠤᠸᠠᠨ 《 ᠡᠷᠡᠰ ᠰᠢᠭᠤᠷᠬᠠᠢ᠎ᠪᠠᠷ ᠰᠢᠢᠳᠪᠦᠷᠢ ᠭᠠᠷᠭᠠᠪᠠ 》᠄ 380 ᠭᠠᠷᠤᠢ ᠪᠣᠬᠢᠷᠲᠤᠯ᠎ᠲᠠᠢ ᠠᠵᠤ ᠠᠬᠤᠢᠯᠠᠯ᠎ᠢ ᠬᠠᠭᠠᠵᠤ ᠵᠣᠭᠰᠣᠭᠠᠵᠤ ᠨᠡᠢᠯᠡᠭᠦᠯᠵᠦ ᠰᠢᠯᠵᠢᠭᠦᠯᠵᠦ᠂ ᠤᠰᠤ ᠬᠤᠷᠠᠬᠤ ᠲᠣᠭᠣᠷᠢᠭ᠋᠎ᠲᠠᠬᠢ 600 ᠭᠠᠷᠤᠢ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠲᠠᠯᠠᠪᠠᠢ᠎ᠶᠢ ᠬᠦᠴᠦᠨ ᠦᠭᠡᠢ ᠪᠣᠯᠭᠠᠪᠠ ᠁ ᠡᠳᠡᠬᠡᠷ 《 ᠠᠮᠢᠳᠤᠷᠠᠯ᠎ᠤᠨ ᠢᠷᠡᠯᠲᠡ 》 ᠬᠡᠮᠡᠭᠳᠡᠵᠦ ᠪᠠᠢᠭᠰᠠᠨ ᠠᠵᠤ ᠦᠢᠯᠡᠰ ᠪᠣᠯᠣᠨ ᠲᠥᠬᠦᠭᠡᠷᠦᠮᠵᠢ᠎ᠶᠢ ᠤᠰᠤᠨ᠎ᠤ ᠴᠢᠨᠠᠷ᠎ᠤᠨ ᠠᠮᠤᠷ ᠲᠦᠪᠰᠢᠨ᠎ᠳᠦ ᠰᠦᠷᠳᠡᠭᠦᠯᠦᠯ ᠤᠴᠠᠷᠠᠭᠤᠯᠤᠭᠰᠠᠨ᠎ᠠᠴᠠ ᠡᠷᠡᠰ ᠰᠢᠭᠤᠷᠬᠠᠢ᠎ᠪᠠᠷ ᠴᠡᠪᠡᠷᠯᠡᠵᠦ᠂ ᠴᠦᠬᠦᠷᠦᠮ᠎ᠦᠨ ᠨᠣᠮᠢᠨ ᠤᠰᠤᠨ᠎ᠳᠤ ᠠᠮᠢ ᠠᠬᠤᠢ᠎ᠶᠢᠨ ᠣᠷᠣᠨ ᠵᠠᠢ᠎ᠶᠢ ᠰᠢᠯᠵᠢᠭᠦᠯᠦᠨ ᠥᠭᠴᠡᠢ᠃

ᠨᠤᠷᠠᠭᠠᠬᠤ ᠪᠣᠯ ᠨᠢᠭᠡᠳᠦᠭᠡᠷ ᠠᠯᠬᠤᠮ ᠃ ᠠᠭᠤᠯᠠᠷᠬᠠᠭ ᠣᠷᠣᠨ ᠂ ᠴᠥᠭᠥᠷᠥᠮ᠎ᠦᠨ ᠣᠷᠣᠨ᠎ᠢ ᠨᠢᠭᠡ ᠴᠣᠭᠴᠠᠵᠢᠭᠤᠯᠤᠭᠰᠠᠨ ᠰᠢ ᠴᠤᠸᠠᠨ ᠰᠢᠶᠠᠨ ᠪᠣᠯ ᠨᠡᠢᠲᠡᠯᠢᠭ ᠺᠠᠷᠰᠲ᠎ᠤᠨ ᠭᠠᠵᠠᠷ᠎ᠤᠨ ᠲᠥᠷᠬᠦ ᠪᠣᠯᠣᠨ᠎ᠠ ᠂ ᠬᠢᠯᠢ᠎ᠶᠢᠨ ᠳᠣᠲᠣᠷᠠᠬᠢ ᠬᠠᠢᠷᠬᠠᠭ ᠴᠦᠯᠵᠢᠯ᠎ᠦᠨ ᠲᠠᠯᠠᠪᠠᠶ 125 ᠲᠦᠮᠡᠨ ᠮᠦ᠍᠎ᠳᠦ ᠬᠦᠷᠴᠦ ᠂ ᠨᠠᠩ ᠴᠤ᠌ 55 ᠲᠦᠮᠡᠨ ᠮᠦ᠍᠎ᠶᠢᠨ ᠬᠦᠨᠳᠦ ᠬᠠᠢᠷᠬᠠᠭ ᠴᠦᠯᠵᠢᠯ ᠪᠠᠢᠵᠤ ᠂ ᠤᠰᠤᠨ ᠴᠥᠭᠥᠷᠥᠮ᠎ᠦᠨ ᠤᠰᠤᠨ᠎ᠤ ᠴᠢᠨᠠᠷ᠎ᠤᠨ ᠠᠮᠤᠷ ᠲᠦᠪᠰᠢᠨ᠎ᠢ ᠨᠥᠯᠥᠭᠡᠯᠡᠭᠰᠡᠨ ᠪᠠᠢᠨ᠎ᠠ ᠃ ᠬᠡᠷᠬᠢᠨ ᠨᠢᠴᠦᠭᠦᠨ ᠠᠭᠤᠯᠠᠨ᠎ᠳᠤ ᠨᠣᠭᠣᠭᠠᠨ ᠬᠤᠪᠴᠠᠰᠤ ᠡᠮᠦᠰᠬᠡᠵᠦ᠂ ᠡᠷᠭᠢ᠎ᠶᠢᠨ ᠱᠤᠭᠤᠮ᠎ᠢ ᠠᠮᠢᠵᠢᠷᠠᠯ᠎ᠤᠨ ᠬᠦᠴᠦᠨ᠎ᠢᠶᠡᠷ ᠪᠢᠯᠬᠠᠮ᠎ᠠ ᠪᠣᠯᠭᠠᠬᠤ ᠪᠤᠢ? ᠰᠢ ᠴᠤᠸᠠᠨ ᠬᠠᠢᠷᠬᠠᠭ ᠴᠦᠯᠵᠢᠯ ᠵᠦᠭ ᠪᠦᠬᠦ ᠬᠦᠴᠦᠨ᠎ᠢᠶᠡᠷ᠎ᠢᠶᠡᠨ ᠤᠷᠤᠭᠰᠢᠯᠠᠵᠤ᠂ ᠮᠣᠳᠣ᠌ ᠲᠠᠷᠢᠵᠤ ᠣᠢᠵᠢᠭᠤᠯᠬᠤ ᠠᠵᠢᠯ᠎ᠢ ᠶᠡᠬᠡ ᠬᠡᠪᠴᠢᠶ᠎ᠡ᠎ᠪᠡᠷ ᠠᠬᠢᠭᠤᠯᠪᠠ᠃

ᠳᠠ ᠱᠢ ᠴᠢᠶᠣᠤ ᠰᠢᠶᠠᠩ᠎ᠳᠤ᠂ ᠤᠢ ᠬᠠᠮᠠᠭᠠᠯᠠᠭ᠍ᠴᠢ ᠱᠢ ᠵᠢᠶᠦ᠋ᠨ ᠰᠢᠶᠠ 《 ᠭᠠᠯ᠎ᠢ ᠰᠡᠷᠭᠡᠢᠯᠡᠬᠦ ᠤᠬᠠᠭᠤᠯᠭ᠎ᠠ᠎ᠶᠢᠨ ᠪᠦᠷᠢᠶ᠎ᠡ 》 ᠶ᠋ᠢ ᠴᠤᠤᠷᠢᠶᠠᠲᠤᠭᠤᠯᠵᠤ᠂ ᠠᠭᠤᠯᠠ ᠳᠠᠪᠠᠭ᠎ᠠ᠎ᠶᠢ ᠲᠤᠭᠤᠯᠵᠤ᠂ ᠤᠢ ᠰᠢᠭᠤᠢ᠎ᠶᠢ ᠥᠷᠥᠮᠳᠡᠵᠦ᠂ 20 ᠵᠢᠯ᠎ᠦᠨ ᠲᠤᠷᠰᠢ ᠠᠭᠤᠯᠠ᠎ᠪᠠᠷ ᠭᠡᠷ᠎ᠢᠶᠡᠨ ᠪᠣᠯᠭᠠᠵᠤ᠂ ᠤᠢ ᠰᠢᠭᠤᠢ ᠲᠠᠢ ᠬᠠᠨᠢᠯᠠᠵᠤ᠂ ᠡᠨᠡ ᠬᠦ᠌ 《 ᠨᠣᠭᠣᠭᠠᠨ ᠤᠷᠳᠤ ᠴᠠᠭᠠᠨ ᠬᠡᠷᠡᠮ 》᠎ᠢ ᠰᠠᠬᠢᠨ ᠬᠠᠮᠠᠭᠠᠯᠠᠭᠰᠠᠭᠠᠷ ᠢᠷᠡᠵᠠᠢ᠃

《 ᠴᠢᠯᠠᠭᠤᠨ ᠠᠭᠤᠯᠠᠨ᠎ᠳᠤ ᠮᠣᠳᠣ᠌ ᠲᠠᠷᠢᠬᠤ᠎ᠳᠤ ᠲᠡᠶ᠋ᠢᠮᠦ ᠬᠢᠯᠪᠡᠷ ᠪᠢᠰᠢ᠂ ᠲᠡᠷᠭᠡ ᠶᠠᠪᠤᠬᠤ ᠵᠠᠮ ᠦᠭᠡᠢ᠂ ᠵᠥᠪᠬᠡᠨ ᠡᠭᠦᠷᠴᠦ ᠪᠠᠢᠭᠠᠳ ᠴᠢᠬᠢ ᠮᠣᠳᠣ᠌᠎ᠶᠢ ᠠᠭᠤᠯᠠᠨ᠎ᠳᠤ ᠭᠠᠷᠭᠠᠵᠤ᠂ ᠴᠢᠯᠠᠭᠤᠨ ᠨᠦᠬᠡᠨ᠎ᠳᠦ ᠨᠦᠬᠡ ᠮᠠᠯᠲᠠᠵᠤ ᠰᠢᠷᠣᠢ ᠨᠡᠮᠡᠨ᠎ᠡ᠃ 》 ᠭᠡᠵᠦ ᠱᠢ ᠵᠢᠶᠦ᠋ᠨ ᠰᠢᠶᠠ ᠣᠢᠵᠢᠭᠤᠯᠬᠤ ᠦᠶ᠎ᠡ᠎ᠶᠢᠨ ᠪᠠᠢᠳᠠᠯ᠎ᠢᠶᠠᠨ ᠶᠠᠷᠢᠬᠤ᠎ᠳᠤ ᠂ ᠣᠯᠠᠨ ᠵᠢᠯ ᠥᠩᠭᠡᠷᠡᠭᠰᠡᠨ ᠴᠤ᠌ ᠮᠥᠨ ᠯᠡ ᠰᠡᠳᠬᠢᠯ ᠳᠣᠭᠳᠣᠯᠤᠭᠰᠠᠭᠠᠷ ᠪᠠᠢᠯ᠎ᠠ ᠃ ᠵᠠᠮ ᠦᠭᠡᠢ ᠪᠣᠯ ᠬᠥᠮᠥᠨ᠎ᠦ ᠬᠦᠴᠦ᠎ᠪᠡᠷ ᠭᠤᠤ ᠮᠠᠯᠲᠠᠵᠤ᠂ ᠬᠥᠮᠥᠨ᠎ᠦ ᠬᠦᠴᠦ᠎ᠪᠡᠷ ᠮᠣᠳᠣ᠌ ᠳᠠᠮᠨᠠᠳᠠᠭ ; ᠤᠰᠤ ᠦᠭᠡᠢ ᠪᠣᠯ ᠵᠤᠯᠵᠠᠭ᠎ᠠ ᠴᠢᠬᠢ ᠨᠢ ᠡᠳᠡᠭᠡᠷᠡᠬᠦ᠎ᠳᠦ ᠬᠦᠴᠢᠷ᠎ᠲᠠᠢ ᠪᠣᠯᠬᠣᠷ᠂ ᠥᠪᠡᠷ᠎ᠢᠶᠡᠨ 《 ᠠᠷᠢᠬᠢᠨ ᠯᠣᠩᠬᠣ᠌᠎ᠪᠠᠷ ᠳᠤᠰᠤᠯᠭᠠᠨ ᠤᠰᠤᠯᠠᠬᠤ 》 ᠠᠷᠭ᠎ᠠ᠎ᠶᠢ ᠡᠭᠦᠳᠴᠦ᠂ ᠤᠰᠤ᠎ᠶᠢ ᠠᠭᠠᠵᠢᠮ᠎ᠢᠶᠠᠷ ᠨᠡᠪᠴᠢᠭᠦᠯᠦᠨ ᠣᠷᠣᠭᠤᠯᠤᠨ᠎ᠠ᠃

ᠤᠰᠤ ᠨᠡᠪᠲᠡᠷᠡᠭᠰᠡᠨ᠎ᠡᠴᠡ ᠨᠠᠭᠠᠰᠢ᠂ ᠰᠢ ᠴᠤᠸᠠᠨ ᠰᠢᠶᠠᠨ ᠰᠢᠷᠭᠤᠯᠵᠢ ᠶᠠᠰᠤ ᠬᠡᠮᠡᠯᠢᠬᠦ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠭᠡᠷ᠎ᠡ᠎ᠪᠡᠷ ᠣᠢᠵᠢᠭᠤᠯᠬᠤ ᠠᠷᠭ᠎ᠠ᠎ᠶᠢᠨ ᠰᠢᠨ᠎ᠡ᠎ᠶᠢ ᠡᠭᠦᠳᠴᠦ᠂ ᠨᠡᠢ᠍ᠢᠳᠡ 50 ᠭᠠᠷᠤᠢ ᠲᠦᠮᠡᠨ ᠮᠦ᠍ ᠤᠢ ᠰᠢᠭᠤᠢ᠎ᠶᠢ ᠬᠥᠮᠥᠨ᠎ᠦ ᠬᠦᠴᠦ᠎ᠪᠡᠷ ᠣᠢᠵᠢᠭᠤᠯᠵᠤ᠂ ᠴᠥᠭᠥᠷᠥᠮ᠎ᠦᠨ ᠣᠷᠣᠨ ᠳᠠᠭᠠᠤ 5000 ᠮᠦ᠍᠎ᠡᠴᠡ ᠳᠡᠭᠡᠭᠰᠢᠬᠢ ᠬᠠᠢᠷᠬᠠᠭ ᠴᠦᠯᠵᠢᠯ᠎ᠢ ᠣᠢᠵᠢᠭᠤᠯᠬᠤ 12 ᠴᠡᠭ ᠪᠠᠢᠭᠤᠯᠵᠤ᠂ 38.2 ᠲᠦᠮᠡᠨ ᠮᠦ᠍ ᠬᠠᠢᠷᠬᠠᠭ ᠴᠦᠯᠵᠢᠯ᠎ᠢ ᠵᠠᠰᠠᠵᠤ᠂ ᠤᠢ ᠰᠢᠭᠤᠢ᠎ᠶᠢᠨ ᠪᠦᠷᠬᠦᠴᠡ᠎ᠶᠢ 《 ᠠᠷᠪᠠᠨ ᠬᠣᠶᠠᠳᠤᠭᠠᠷ ᠲᠠᠪᠤᠨ ᠵᠢᠯ 》᠎ᠤᠨ ᠰᠡᠭᠦᠯᠴᠢ᠎ᠶᠢᠨ 45.7% ᠪᠠᠢᠭᠰᠠᠨ᠎ᠠᠴᠠ 61.7% ᠪᠣᠯᠭᠠᠨ ᠳᠡᠭᠡᠭᠰᠢᠯᠡᠭᠦᠯᠵᠦ᠂ ᠴᠥᠭᠥᠷᠥᠮ᠎ᠦᠨ ᠣᠷᠣᠨ᠎ᠤ ᠨᠣᠭᠣᠭᠠᠨ ᠬᠠᠯᠬᠠᠪᠴᠢ᠎ᠶᠢ ᠠᠩᠬ᠎ᠠ ᠠᠯᠬᠤᠮ ᠪᠦᠷᠢᠯᠳᠦᠭᠦᠯᠵᠡᠢ᠃

ᠨᠣᠭᠣᠭᠠᠨ ᠥᠩᠭᠡ᠎ᠪᠡᠷ ᠠᠯᠲᠠ ᠪᠣᠯᠭᠠᠵᠤ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠳᠡᠰ ᠳᠡᠪᠰᠢᠭᠦᠯᠬᠦ᠎ᠶᠢ ᠪᠡᠶᠡᠯᠡᠭᠦᠯᠪᠡ

《 ᠵᠢᠯ ᠪᠦᠷᠢ᠎ᠶᠢᠨ ᠳᠣᠯᠣᠭ᠎ᠠ ᠨᠠᠢ᠍ᠮᠠᠨ ᠰᠠᠷ᠎ᠠ᠎ᠳᠤ ᠂ ᠪᠦᠬᠦ ᠤᠯᠤᠰ᠎ᠤᠨ ᠡᠯ᠎ᠡ ᠭᠠᠵᠠᠷ᠎ᠤᠨ ᠬᠤᠳᠠᠯᠳᠤᠭᠠᠴᠢᠨ ᠪᠦᠷ ᠡᠨᠳᠡ ᠢᠷᠡᠵᠦ ᠭᠦᠢᠯᠡᠰᠦ ᠬᠤᠳᠠᠯᠳᠤᠨ ᠠᠪᠲᠠᠭ ᠪᠣᠯᠬᠣᠷ ᠂ ᠮᠠᠨ᠎ᠤ ᠰᠢ ᠴᠤᠸᠠᠨ᠎ᠤ ᠬᠦᠢᠯᠡᠰᠦ ᠤᠯᠠᠮ᠎ᠠᠴᠠ ᠤᠯᠠᠮ ᠨᠡᠷ᠎ᠡ ᠠᠯᠳᠠᠷᠰᠢᠵᠤ ᠪᠠᠢᠨ᠎ᠠ ! 》 ᠬᠠᠭᠤᠴᠢᠨ ᠬᠣᠲᠠ ᠪᠠᠯᠭᠠᠰᠤ᠎ᠶᠢᠨ ᠶᠧ ᠭᠧᠦ ᠲᠣᠰᠬᠣᠨ᠎ᠳᠤ᠂ ᠲᠠᠷᠢᠮᠠᠯ᠎ᠤᠨ ᠲᠣᠮᠣ᠌ ᠡᠷᠦᠬᠡ ᠴᠧᠨ ᠹᠧᠩ ᠰᠠᠶᠢᠬᠠᠨ ᠨᠢᠭᠡ ᠲᠡᠷᠭᠡ ᠬᠦᠢᠯᠡᠰᠦ ᠠᠴᠢᠵᠤ ᠱᠠᠩᠬᠠᠢ ᠵᠦᠭ ᠭᠤᠪᠢᠭᠤᠯᠬᠤ᠎ᠪᠠᠷ ᠪᠡᠯᠡᠳᠬᠡᠨ᠎ᠡ᠃
ᠬᠠᠭᠤᠴᠢᠨ ᠬᠣᠲᠠ ᠪᠠᠯᠭᠠᠰᠤ᠎ᠶᠢᠨ 21 ᠵᠠᠰᠠᠭ ᠵᠠᠬᠢᠷᠭᠠᠨ᠎ᠤ ᠲᠣᠰᠬᠣᠨ ᠪᠦᠷᠢ ᠬᠥᠮᠥᠷᠭᠡ ᠲᠠᠢ ᠪᠠᠢᠵᠤ᠂ ᠠᠢᠯ ᠪᠣᠯᠭᠠᠨ ᠮᠥᠷᠡᠨ ᠳᠠᠭᠠᠤ ᠰᠠᠭᠤᠷᠢᠰᠢᠨ᠎ᠠ ᠃ 2016 ᠣᠨ᠎ᠠᠴᠠ ᠨᠠᠭᠠᠰᠢ᠂ ᠲᠤᠰ ᠪᠠᠯᠭᠠᠰᠤ ᠭᠠᠩ ᠬᠠᠭᠰᠠᠷᠠᠭᠠᠨ᠎ᠳᠤ ᠳᠠᠭᠠᠭᠠᠮᠠᠭᠠᠢ᠂ ᠲᠠᠴᠢᠷ ᠮᠠᠭᠤᠬᠠᠢ ᠬᠦᠢᠯᠡᠰᠦ ᠤᠯᠢᠶᠠᠰᠤᠨ᠎ᠤ ᠠᠵᠤ ᠦᠢᠯᠡᠰ᠎ᠢ ᠶᠡᠬᠡ᠎ᠪᠡᠷ ᠬᠥᠭᠵᠢᠭᠦᠯᠵᠦ᠂ ᠠᠮᠢ ᠠᠬᠤᠢ᠎ᠶᠢᠨ ᠤᠯᠠᠭᠠᠨ ᠱᠤᠭᠤᠮ᠎ᠢ ᠴᠢᠩᠭ᠎ᠠ ᠰᠠᠬᠢᠬᠤ᠎ᠶᠢᠨ ᠬᠠᠮᠲᠤ ᠤᠯᠠᠨ ᠲᠦᠮᠡᠨ᠎ᠢ ᠳᠠᠭᠠᠭᠤᠯᠤᠨ ᠣᠷᠣᠯᠭ᠎ᠠ᠎ᠶᠢ ᠨᠢ ᠨᠡᠮᠡᠭᠳᠡᠭᠦᠯᠦᠨ ᠪᠠᠶᠠᠵᠢᠭᠤᠯᠵᠠᠢ᠃

ᠨᠣᠭᠣᠭᠠᠨ ᠥᠩᠭᠡ᠎ᠪᠡᠷ 《 ᠠᠯᠲᠠ 》 ᠪᠣᠯᠭᠠᠵᠤ ᠂ ᠠᠮᠢ ᠠᠬᠤᠢ᠎ᠪᠠᠷ ᠠᠷᠠᠳ᠎ᠢ ᠪᠠᠶᠠᠵᠢᠭᠤᠯᠤᠨ᠎ᠠ ᠃ ᠬᠠᠭᠤᠴᠢᠨ ᠬᠣᠲᠠ ᠪᠠᠯᠭᠠᠰᠤ᠎ᠶᠢᠨ ᠬᠦᠢᠯᠡᠰᠦ ᠰᠢᠷᠢ᠎ᠶᠢᠨ ᠠᠵᠤ ᠦᠢᠯᠡᠰ ᠪᠣᠯ ᠰᠢ ᠴᠤᠸᠠᠨ ᠰᠢᠶᠠᠨ᠎ᠤ ᠠᠮᠢ ᠠᠬᠤᠢ᠎ᠶᠢᠨ ᠠᠵᠤ ᠦᠢᠯᠡᠰ᠎ᠦᠨ ᠬᠥᠭᠵᠢᠯᠲᠡ᠎ᠶᠢᠨ ᠬᠤᠷᠢᠶᠠᠩᠭᠤᠢ ᠳᠦᠷᠰᠦ ᠪᠣᠯᠣᠨ᠎ᠠ᠃ ᠣᠢᠷ᠎ᠠ᠎ᠶᠢᠨ ᠵᠢᠯ᠎ᠡᠴᠡ ᠰᠢ ᠴᠤᠸᠠᠨ ᠰᠢᠶᠠᠨ ᠠᠮᠢ ᠠᠬᠤᠢ᠎ᠶᠢᠨ ᠤᠢ ᠵᠢᠮᠢᠰ᠎ᠦᠨ ᠠᠵᠤ ᠦᠢᠯᠡᠰ᠎ᠢ ᠶᠡᠬᠡ᠎ᠪᠡᠷ ᠬᠥᠭᠵᠢᠭᠦᠯᠵᠦ᠂ ᠤᠷᠢᠳ ᠬᠣᠵᠢᠳ ᠡᠯ᠎ᠡ ᠲᠦᠷᠦᠯ᠎ᠦᠨ ᠪᠡᠯᠡ ᠮᠥᠩᠭᠥ᠎ᠶᠢ 12.8 ᠳ᠋ᠦᠩᠰᠢᠭᠤᠷ ᠲᠥᠭᠥᠷᠢᠭ ᠨᠡᠢᠳᠬᠡᠵᠦ᠂ ᠵᠦᠷᠵᠢ᠂ ᠢᠩᠲᠣᠣᠷ᠂ ᠬᠦᠢᠯᠡᠰᠦ ᠵᠡᠷᠭᠡ ᠣᠨᠴᠠᠯᠢᠭ᠍ᠲᠤ ᠤᠢ ᠵᠢᠮᠢᠰ᠎ᠢ 23 ᠲᠦᠮᠡᠨ ᠮᠦ᠍ ᠬᠥᠭᠵᠢᠭᠦᠯᠵᠦ᠂ ᠠᠮᠢ ᠠᠬᠤᠢ᠎ᠶᠢᠨ ᠤᠢ ᠵᠢᠮᠢᠰ᠎ᠦᠨ ᠠᠵᠤ ᠦᠢᠯᠡᠰ᠎ᠢᠶᠡᠷ ᠴᠥᠭᠥᠷᠥᠮ᠎ᠦᠨ ᠣᠷᠣᠨ᠎ᠤ 10 ᠲᠦᠮᠡᠨ ᠤᠯᠠᠨ ᠲᠦᠮᠡᠨ᠎ᠢ ᠲᠠᠢ᠍ᠢᠴᠢᠯᠠᠨ ᠣᠷᠣᠯᠭ᠎ᠠ᠎ᠶᠢ ᠨᠢ ᠨᠡᠮᠡᠭᠳᠡᠭᠦᠯᠦᠨ ᠪᠠᠶᠠᠵᠢᠭᠤᠯᠵᠠᠢ᠃

ᠵᠢᠦ ᠵᠦᠩ ᠪᠠᠯᠭᠠᠰᠤᠨ᠎ᠤ ᠲᠠᠩ ᠸᠠᠩ ᠴᠢᠶᠣᠤ ᠲᠣᠰᠬᠣᠨ᠎ᠳᠤ ᠬᠦᠷᠬᠦ᠎ᠳᠦ᠂ ᠬᠥᠬᠡ ᠲᠡᠭᠷᠢ ᠴᠠᠭᠠᠨ ᠡᠭᠦᠯᠡᠨ᠎ᠦ ᠳᠣᠣᠷ᠎ᠠ᠂ ᠲᠦᠮᠡᠨ ᠮᠦ᠍ ᠠᠯᠳᠠ ᠮᠥᠩᠭᠥᠨ ᠴᠡᠴᠡᠭ ᠠᠭᠤᠯᠠ ᠲᠠᠯ᠎ᠠ᠎ᠪᠠᠷ ᠲᠥᠭᠡᠨ᠎ᠡ᠃

《 ᠠᠯᠲᠠ ᠮᠥᠩᠭᠥᠨ ᠴᠡᠴᠡᠭ᠎ᠦᠨ ᠦᠨᠳᠦᠰᠦ᠎ᠶᠢᠨ ᠰᠢᠰᠲᠧᠮ ᠬᠥᠭᠵᠢᠵᠦ ᠂ ᠤᠰᠤ᠎ᠶᠢ ᠬᠠᠮᠠᠭᠠᠯᠠᠨ ᠬᠥᠷᠥᠰᠥ᠎ᠶᠢ ᠲᠣᠭᠲᠠᠪᠤᠷᠢᠵᠢᠭᠤᠯᠬᠤ ᠦᠢᠯᠡᠳᠦᠯ᠎ᠲᠠᠢ ᠂ ᠪᠣᠬᠢᠷᠲᠤᠯ ᠭᠠᠷᠭᠠᠬᠤ ᠦᠭᠡᠢ ᠮᠥᠷᠲᠡᠭᠡᠨ ᠪᠠᠰᠠ ᠣᠯᠠᠨ ᠲᠦᠮᠡᠨ᠎ᠦ ᠣᠷᠣᠯᠭ᠎ᠠ᠎ᠶᠢ ᠨᠡᠮᠡᠭᠳᠡᠭᠦᠯᠦᠨ ᠪᠠᠶᠠᠵᠢᠭᠤᠯᠬᠤ᠎ᠳᠤ ᠲᠤᠰᠠ ᠪᠣᠯᠳᠠᠭ ᠃ 》 ᠲᠠᠩ ᠸᠠᠩ ᠴᠢᠶᠣᠤ ᠲᠣᠰᠬᠣᠨ᠎ᠤ ᠨᠠᠮ᠎ᠤᠨ ᠡᠭᠦᠷ᠎ᠦᠨ ᠱᠦᠵᠢ ᠭᠤᠤ ᠱᠧᠨ ᠪᠦᠦ᠎ᠶᠢᠨ ᠲᠠᠨᠢᠯᠴᠠᠭᠤᠯᠤᠭᠰᠠᠨ᠎ᠢᠶᠠᠷ᠂ ᠲᠤᠰ ᠲᠣᠰᠬᠣᠨ᠎ᠤ ᠬᠢᠨ ᠹᠦ ᠰᠧᠨ ᠪᠦᠯᠦᠭᠯᠡᠯ᠎ᠦᠨ ᠬᠢᠲᠠᠳ ᠡᠮ᠎ᠦᠨ ᠮᠠᠲᠧᠷᠢᠶᠠᠯ ᠳᠠᠷᠢᠵᠤ ᠨᠡᠭᠡᠭᠡᠨ ᠬᠥᠭᠵᠢᠭᠦᠯᠬᠦ ᠬᠢᠵᠠᠭᠠᠷᠲᠤ ᠺᠣᠮᠫᠠᠨᠢ᠎ᠶᠢ ᠣᠷᠣᠭᠤᠯᠤᠨ ᠠᠪᠴᠢᠷᠠᠵᠤ᠂ 《 ᠺᠣᠮᠫᠠᠨᠢ + ᠰᠠᠭᠤᠷᠢᠨ ᠭᠠᠵᠠᠷ + ᠲᠠᠷᠢᠶᠠᠴᠢᠨ ᠡᠷᠦᠬᠡ 》 ᠵᠢᠨ ᠵᠠᠭᠪᠤᠷ᠎ᠢ ᠬᠡᠷᠡᠭᠯᠡᠵᠦ᠂ ᠵᠢᠯ᠎ᠦᠨ ᠦᠢᠯᠡᠳᠬᠦᠨ᠎ᠦ ᠦᠷᠳᠡᠭ ᠨᠢ 3 ᠳ᠋ᠦᠩᠰᠢᠭᠤᠷ ᠲᠥᠭᠥᠷᠢᠭ᠎ᠡᠴᠡ ᠳᠡᠭᠡᠭᠰᠢ ᠲᠤᠯᠵᠤ᠂ ᠠᠯᠳᠠ ᠮᠥᠩᠭᠥᠨ ᠴᠡᠴᠡᠭ᠎ᠢ ᠤᠯᠠᠨ ᠲᠦᠮᠡᠨ ᠪᠠᠶᠠᠵᠢᠨ ᠴᠢᠨᠡᠭᠡᠯᠢᠭᠵᠢᠵᠦ ᠣᠷᠣᠯᠭ᠎ᠠ᠎ᠪᠠᠨ ᠨᠡᠮᠡᠭᠳᠡᠭᠦᠯᠬᠦ 《 ᠠᠯᠳᠠᠨ ᠴᠡᠴᠡᠭ 》 ᠪᠣᠯᠭᠠᠵᠠᠢ᠃

ᠣᠢᠷ᠎ᠠ᠎ᠶᠢᠨ ᠵᠢᠯ᠎ᠡᠴᠡ ᠨᠠᠭᠠᠰᠢ ᠂ ᠰᠢ ᠴᠤᠸᠠᠨ ᠰᠢᠶᠠᠨ ᠬᠢᠲᠠᠳ ᠡᠮ᠎ᠦᠨ ᠮᠠᠲᠧᠷᠢᠶᠠᠯ᠎ᠤᠨ ᠲᠥᠷᠥᠯ ᠵᠦᠢᠯ᠎ᠦᠨ ᠪᠠᠢᠷᠢᠰᠢᠭᠤᠯᠤᠯᠲᠠ᠎ᠶᠢ ᠲᠠᠰᠤᠷᠠᠯᠲᠠ ᠦᠭᠡᠢ ᠰᠢᠯᠢᠳᠡᠭᠵᠢᠭᠦᠯᠵᠦ ᠂ ᠰᠢᠨᠵᠢᠯᠡᠬᠦ ᠤᠬᠠᠭᠠᠨᠴᠢ᠎ᠪᠠᠷ ᠴᠢᠬᠢ ᠪᠣᠢᠵᠢᠭᠤᠯᠬᠤ ᠂ ᠪᠠᠷᠢᠮᠵᠢᠶᠠᠵᠢᠭᠤᠯᠤᠨ ᠳᠠᠷᠢᠬᠤ ᠂ ᠬᠡᠪᠴᠢᠶᠡᠵᠢᠭᠦᠯᠦᠨ ᠬᠥᠮᠥᠷᠭᠡᠯᠡᠨ ᠬᠠᠳᠠᠭᠠᠯᠠᠬᠤ ᠂ ᠵᠠᠬᠢᠶᠠᠯᠠᠭ᠎ᠠ᠎ᠪᠠᠷ ᠬᠤᠳᠠᠯᠳᠤᠨ ᠠᠪᠬᠤ ᠪᠥᠬᠥ ᠬᠡᠯᠬᠢᠶᠡᠲᠦ ᠠᠵᠤ ᠦᠢᠯᠡᠰ᠎ᠦᠨ ᠬᠥᠭᠵᠢᠯᠲᠡ᠎ᠶᠢᠨ ᠪᠠᠢᠷᠢᠰᠢᠯ᠎ᠢ ᠠᠩᠬ᠎ᠠ ᠠᠯᠬᠤᠮ ᠪᠦᠷᠢᠯᠳᠦᠭᠦᠯᠪᠡ ᠃ ᠣᠳᠣᠬᠠᠨ᠎ᠳᠤ ᠂ ᠲᠣᠰ ᠰᠢᠶᠠᠨ᠎ᠤ ᠬᠢᠲᠠᠳ ᠡᠮ᠎ᠦᠨ ᠮᠠᠲᠧᠷᠢᠶᠠᠯ᠎ᠤᠨ ᠲᠠᠷᠢᠮᠠᠯ᠎ᠤᠨ ᠲᠥᠷᠥᠯ ᠵᠦᠢᠯ 60 ᠭᠠᠷᠤᠢ ᠪᠠᠢᠵᠤ ᠂ ᠠᠯᠲᠠ ᠮᠥᠩᠭᠥᠨ ᠴᠡᠴᠡᠭ᠂ ᠪᠣᠷᠴᠠ ᠡᠪᠡᠰᠦ᠂ ᠠᠩᠬᠢᠯ ᠪᠤᠳᠠ ᠵᠡᠷᠭᠡ 40 ᠭᠠᠷᠤᠢ ᠬᠢᠲᠠᠳ ᠡᠮ᠎ᠦᠨ ᠮᠠᠲᠧᠷᠢᠶᠠᠯ᠎ᠢ ᠲᠥᠪᠯᠡᠷᠡᠭᠦᠯᠦᠨ ᠵᠠᠯᠭᠠᠯᠳᠤᠭᠤᠯᠤᠨ ᠬᠥᠭᠵᠢᠭᠦᠯᠵᠦ ᠂ ᠳᠠᠷᠢᠬᠤ ᠲᠠᠯᠠᠪᠠᠶ ᠨᠢ 14.7 ᠲᠦᠮᠡᠨ ᠮᠦ᠍᠎ᠳᠦ ᠬᠦᠷᠴᠦ ᠂ ᠬᠢᠲᠠᠳ ᠡᠮ᠎ᠦᠨ ᠮᠠᠲᠧᠷᠢᠶᠠᠯ᠎ᠤᠨ ᠲᠠᠷᠢᠮᠠᠯ᠎ᠤᠨ ᠠᠵᠤ ᠠᠬᠤᠢᠯᠠᠯ ᠂ ᠬᠣᠷᠰᠢᠶ᠎ᠠ ᠂ ᠲᠣᠮᠣ᠌ ᠡᠷᠦᠬᠡ ᠵᠡᠷᠭᠡ᠎ᠶᠢᠨ ᠡᠵᠡᠩᠨᠡᠯᠲᠡ᠎ᠶᠢᠨ ᠪᠣᠳᠠᠲᠤ ᠴᠣᠭᠴᠠ᠎ᠶᠢ 80 ᠭᠠᠷᠤᠢ ᠪᠣᠢᠵᠢᠭᠤᠯᠵᠤ ᠂ 3 ᠲᠦᠮᠡ ᠰᠢᠬᠠᠮ ᠲᠠᠷᠢᠶᠠᠴᠢᠨ ᠡᠷᠦᠬᠡ ᠬᠢᠲᠠᠳ ᠡᠮ᠎ᠦᠨ ᠮᠠᠲᠧᠷᠢᠶᠠᠯ᠎ᠤᠨ ᠲᠠᠷᠢᠮᠠᠯ᠎ᠤᠨ ᠬᠥᠭᠵᠢᠯᠲᠡ᠎ᠳᠦ ᠣᠷᠣᠯᠴᠠᠵᠤ ᠂ ᠡᠷᠦᠬᠡ ᠪᠦᠷᠢ᠎ᠶᠢᠨ ᠳᠤᠮᠳᠠᠴᠢ ᠣᠷᠣᠯᠭ᠎ᠠ ᠨᠢ 6000 ᠲᠥᠭᠥᠷᠢᠭ᠎ᠡᠴᠡ ᠳᠡᠭᠡᠭᠰᠢ ᠪᠣᠯᠵᠠᠢ ᠃

ᠠᠮᠢ ᠠᠬᠤᠢ᠎ᠪᠠᠷ ᠠᠷᠠᠳ᠎ᠲᠤ ᠠᠰᠢᠭ᠋ ᠬᠦᠷᠲᠡᠭᠡᠵᠦ ᠰᠣᠶᠣᠯ ᠵᠢᠭᠤᠯᠴᠢᠯᠠᠯ᠎ᠤᠨ ᠨᠡᠷ᠎ᠡ᠎ᠶᠢᠨ ᠬᠠᠭᠤᠳᠠᠰᠤ᠎ᠶᠢ ᠪᠢᠴᠢᠭᠯᠡᠨ᠎ᠡ

《 ᠡᠨᠳᠡᠬᠢ᠎ᠶᠢ ᠰᠦᠢᠳᠬᠡᠯ ᠬᠤᠷᠢᠶᠠᠬᠤ ᠦᠭᠡᠢ᠎ᠪᠡᠷ ᠨᠡᠭᠡᠭᠡᠬᠦ ᠪᠥᠭᠡᠳ ᠤᠰᠤᠨ᠎ᠤ ᠴᠢᠨᠠᠷ ᠨᠢ ᠴᠦ᠍ ᠴᠡᠪᠡᠷ ᠲᠤᠩᠭᠠᠯᠠᠭ᠂ ᠪᠠᠰᠠ ᠠᠮᠤᠷ ᠲᠦᠪᠰᠢᠨ᠎ᠦ ᠠᠵᠢᠯᠲᠠᠨ ᠲᠣᠬᠢᠷᠠᠭᠤᠯᠵᠠᠢ ᠂ ᠵᠤᠨ᠎ᠤ ᠠᠮᠠᠷᠠᠯᠲᠠ᠎ᠳᠤ ᠬᠡᠦᠬᠡᠳ᠎ᠢᠶᠡᠨ ᠳᠠᠭᠠᠭᠤᠯᠵᠤ ᠵᠤᠭᠠᠴᠠᠬᠤ ᠰᠠᠢᠨ ᠭᠠᠵᠠᠷ ᠮᠥᠨ ! 》 ᠰᠢ ᠴᠤᠸᠠᠨ᠎ᠤ ᠨᠤᠭᠤ ᠭᠠᠵᠠᠷ᠎ᠤᠨ ᠴᠡᠴᠡᠷᠯᠢᠭ᠎ᠦᠨ ᠭᠠᠳᠠᠨᠠᠬᠢ ᠤᠮᠪᠠᠯᠲᠠ᠎ᠶᠢᠨ ᠲᠠᠯᠠᠪᠠᠢ᠎ᠳᠤ᠂ ᠵᠤᠭᠠᠴᠠᠭ᠍ᠴᠢ ᠵᠧᠦ ᠯᠠᠨ ᠬᠡᠦᠬᠡᠳ᠎ᠢᠶᠡᠨ ᠳᠠᠭᠠᠭᠤᠯᠤᠨ ᠤᠰᠤᠨ᠎ᠳᠤ ᠨᠠᠭᠠᠳᠴᠤ ᠪᠠᠢᠯ᠎ᠠ᠃

ᠳ᠋ᠠᠨᠵᠢᠶᠠᠩ ᠮᠥᠷᠡᠨ᠎ᠦ ᠨᠤᠭᠤ ᠭᠠᠵᠠᠷ᠂ ᠹᠦ ᠨᠢᠦ ᠱᠠᠨ ᠠᠭᠤᠯᠠᠨ᠎ᠤ ᠦᠯᠡᠳᠡᠭᠳᠡᠯ ᠨᠢᠷᠤᠭᠤ ᠵᠡᠷᠭᠡ ᠴᠢᠨᠠᠷ ᠰᠠᠢᠲᠠᠢ ᠠᠮᠢ ᠠᠬᠤᠢ᠎ᠶᠢᠨ ᠡᠬᠢ ᠪᠠᠶᠠᠯᠢᠭ᠋᠎ᠢᠶᠠᠷ ᠬᠦᠷᠢᠶᠡᠯᠡᠭᠳᠡᠵᠦ᠂ ᠰᠢ ᠴᠤᠸᠠᠨ᠎ᠤ ᠵᠤᠨ᠎ᠤ ᠤᠯᠠᠷᠢᠯ᠎ᠤᠨ ᠠᠭᠤᠷ ᠠᠮᠢᠰᠬᠤᠯ ᠰᠡᠷᠢᠭᠦᠨ ᠲᠠᠭᠠᠯᠠᠮᠵᠢᠲᠠᠢ᠂ ᠵᠤᠰᠠᠯᠠᠩ᠎ᠤᠨ ᠵᠤᠭᠠᠴᠠᠯ᠎ᠢ ᠬᠥᠭᠵᠢᠭᠦᠯᠬᠦ ᠳᠠᠪᠠᠭᠤᠯᠢᠭ᠋᠎ᠢᠶᠠᠷ ᠤᠯᠠᠨ᠎ᠠᠴᠠ ᠣᠨᠴᠠᠭᠠᠢ ᠪᠠᠢᠳᠠᠭ᠃ ᠣᠢᠷ᠎ᠠ᠎ᠶᠢᠨ ᠵᠢᠯ᠎ᠡᠴᠡ᠂ ᠲᠤᠰ ᠰᠢᠶᠠᠨ᠎ᠤ ᠬᠢᠨ ᠤᠢ ᠰᠢᠭᠤᠢ᠎ᠶᠢ ᠨᠣᠭᠣᠭᠠᠷᠠᠭᠤᠯᠵᠤ ᠦᠵᠡᠮᠵᠢ᠎ᠶᠢ ᠪᠦᠲᠦᠭᠡᠬᠦ᠂ ᠱᠠᠲᠤ ᠲᠠᠪᠰᠢᠨ ᠲᠡᠰ ᠳᠡᠪᠰᠢᠭᠦᠯᠬᠦ᠎ᠶᠢ ᠬᠡᠷᠡᠭᠵᠢᠭᠦᠯᠵᠦ᠂ ᠤᠢ ᠰᠢᠭᠤᠢ᠎ᠶᠢᠨ ᠵᠤᠭᠠᠴᠠᠯ᠎ᠢ ᠠᠭᠤᠰᠤᠯᠴᠠᠭᠤᠯᠬᠤ ᠵᠠᠭᠪᠤᠷ᠎ᠢ ᠰᠦᠪᠡᠭᠴᠢᠯᠡᠵᠦ᠂ ᠭᠣᠣᠯᠳᠠᠯᠭ᠎ᠠ᠎ᠲᠠᠢ ᠰᠢᠶᠠᠩ ᠪᠠᠯᠭᠠᠰᠤ᠎ᠶᠢᠨ 《 ᠤᠢ ᠰᠢᠭᠤᠢ᠎ᠶᠢᠨ ᠵᠤᠭᠠᠴᠠᠯ᠎ᠢ ᠠᠭᠤᠰᠤᠯᠴᠠᠭᠤᠯᠬᠤ 》 ᠵᠠᠭᠪᠤᠷ᠎ᠢ ᠡᠭᠦᠳᠬᠦ᠎ᠶᠢ ᠳᠡᠮᠵᠢᠪᠡ᠃

ᠮᠠ ᠳ᠋ᠧᠩ ᠪᠠᠯᠭᠠᠰᠤᠨ᠎ᠳᠤ᠂ 10 ᠺᠢᠯᠣᠮᠧᠲᠷ ᠤᠷᠳᠤ 《 ᠰᠣᠯᠣᠩᠭᠠᠨ ᠵᠠᠮ 》 ᠬᠥᠮᠥᠰ᠎ᠦᠨ ᠠᠩᠬᠠᠷᠤᠯ᠎ᠢ ᠲᠠᠲᠠᠵᠤ᠂ ᠵᠠᠮ᠎ᠤᠨ ᠬᠣᠶᠠᠷ ᠲᠠᠯ᠎ᠠ᠎ᠪᠠᠷ ᠮᠥᠷᠡᠨ ᠳᠠᠭᠠᠤ᠎ᠶᠢᠨ ᠤᠷᠳᠤ ᠬᠣᠩᠭᠢᠯ᠂ ᠲᠠᠷᠢᠶᠠᠴᠢᠨ ᠠᠢᠯ᠎ᠤᠨ ᠵᠤᠭᠠᠴᠠᠯ ᠭᠠᠵᠠᠷ ᠲᠦᠭᠡᠵᠦ ᠪᠤᠢ; ᠲᠣᠭᠣᠷᠢᠨ ᠦᠵᠡᠬᠦ ᠲᠣᠮᠣ᠌ ᠰᠠᠭᠤᠳᠠᠯ᠎ᠤᠨ ᠮᠠᠰᠢᠨ᠎ᠨᠤᠭᠤᠳ ᠵᠠᠯᠭ᠎ᠠ ᠵᠠᠯᠭᠠᠭ᠎ᠠ᠎ᠪᠠᠷ ᠴᠤᠪᠤᠷᠠᠯᠳᠤᠨ ᠦᠷᠬᠦᠯᠵᠢᠯᠡᠵᠦ ᠪᠠᠢᠯ᠎ᠠ ᠁

《 ᠡᠨᠡ ᠬᠦ᠌ ᠵᠤᠭᠠᠴᠠᠯ᠎ᠤᠨ ᠲᠤᠰᠬᠠᠢ ᠱᠤᠭᠤᠮ ᠨᠢ ᠳ᠋ᠠᠨᠵᠢᠶᠠᠩ᠎ᠤᠨ ᠳᠠ ᠭᠤᠸᠠᠨ ᠶᠤᠸᠠᠨ᠂ ᠪᠠ ᠰᠢᠶᠠᠨ ᠳ᠋ᠦᠩ ᠵᠡᠷᠭᠡ ᠦᠵᠡᠮᠵᠢ᠎ᠶᠢᠨ ᠣᠷᠣᠨ᠎ᠢ ᠰᠦ ᠵᠤᠸᠠᠩ ᠲᠣᠰᠬᠣᠨ᠂ ᠱᠢ ᠴᠢᠶᠣᠤ ᠲᠣᠰᠬᠣᠨ ᠵᠡᠷᠭᠡ ᠬᠥᠳᠡᠭᠡ ᠲᠣᠰᠬᠣᠨ᠎ᠲᠠᠢ ᠬᠣᠯᠪᠣᠨ ᠵᠤᠭᠠᠴᠠᠭᠤᠯᠤᠭᠰᠠᠨ᠎ᠠᠴᠠ ᠭᠤᠶᠤ ᠮᠥᠷᠲᠡᠭᠡᠨ ᠲᠦᠭᠦᠮ ᠪᠠᠢᠳᠠᠭ᠃ 》 ᠡᠳᠦᠭᠡ᠂ ᠡᠯᠪᠡᠭ ᠪᠠᠶᠠᠯᠢᠭ᠋ ᠵᠤᠭᠠᠴᠠᠯ᠎ᠤᠨ ᠡᠬᠢ ᠪᠠᠶᠠᠯᠢᠭ᠋᠎ᠲᠤ ᠲᠦᠰᠢᠭᠯᠡᠨ᠂ ᠮᠠ ᠳ᠋ᠧᠩ ᠪᠠᠯᠭᠠᠰᠤᠨ᠎ᠤ 108 ᠡᠷᠦᠬᠡ ᠲᠣᠰᠬᠣᠨ᠎ᠤ ᠠᠷᠠᠳ ᠲᠠᠷᠢᠶᠠᠴᠢᠨ ᠠᠢᠯ᠎ᠤᠨ ᠵᠤᠭᠠᠴᠠᠯ᠎ᠢ ᠡᠷᠬᠢᠯᠡᠵᠦ᠂ ᠡᠷᠦᠬᠡ ᠪᠦᠷᠢ᠎ᠶᠢᠨ ᠵᠢᠯ᠎ᠦᠨ ᠳᠤᠮᠳᠠᠴᠢ ᠣᠷᠣᠯᠭ᠎ᠠ ᠨᠢ 10 ᠲᠦᠮᠡᠨ ᠲᠥᠭᠥᠷᠢᠭ᠎ᠡᠴᠡ ᠳᠡᠭᠡᠭᠰᠢ ᠪᠣᠯᠪᠠ᠃

ᠡᠭᠦᠨ᠎ᠦ ᠬᠠᠮᠲᠤ᠂ ᠰᠢ ᠴᠤᠸᠠᠨ ᠰᠢᠶᠠᠨ 《 ᠵᠤᠭᠠᠴᠠᠯ + ᠂ + ᠵᠤᠭᠠᠴᠠᠯ 》᠎ᠢ ᠬᠡᠷᠡᠭᠵᠢᠭᠦᠯᠵᠦ᠂ ᠤᠯᠠᠨ ᠡᠵᠡᠩᠨᠡᠯᠲᠡ᠎ᠶᠢᠨ ᠬᠡᠯᠪᠡᠷᠢ ᠪᠠᠢᠳᠠᠯ᠎ᠢ ᠠᠭᠤᠰᠤᠯᠴᠠᠭᠤᠯᠬᠤ᠎ᠪᠠᠷ ᠰᠣᠶᠣᠯ ᠵᠤᠭᠠᠴᠠᠯ᠎ᠤᠨ ᠦᠢᠯᠡᠰ ᠪᠠ ᠰᠣᠶᠣᠯ᠎ᠤᠨ ᠪᠦᠲᠦᠭᠡᠭᠳᠡᠬᠦᠨ᠎ᠦ ᠦᠢᠯᠡᠰ᠎ᠢ ᠬᠥᠭᠵᠢᠭᠡᠵᠦ ᠴᠢᠨᠠᠷ ᠰᠠᠢᠲᠠᠢ ᠬᠥᠭᠵᠢᠯᠲᠡ᠎ᠶᠢ ᠡᠭᠦᠳᠴᠡᠢ᠃ ᠠᠷᠠᠳ᠎ᠤᠨ ᠣᠷᠣᠨ ᠰᠠᠭᠤᠴᠠ᠎ᠶᠢᠨ ᠵᠤᠭᠠᠴᠠᠯ᠎ᠢ ᠨᠠᠷᠢᠯᠢᠭ᠋ ᠬᠢᠵᠦ ᠂ ᠦᠵᠡᠮᠵᠢ᠎ᠶᠢᠨ ᠣᠷᠣᠨ ᠂ ᠴᠥᠭᠥᠷᠥᠮ᠎ᠦᠨ ᠣᠷᠣᠨ ᠵᠡᠷᠭᠡ ᠣᠨᠴᠠᠯᠢᠭ᠍ᠲᠤ ᠠᠷᠠᠳ᠎ᠤᠨ ᠣᠷᠣᠨ ᠰᠠᠭᠤᠴᠠ᠎ᠶᠢᠨ ᠪᠦᠯᠦᠭᠵᠢᠯ᠎ᠢ ᠪᠣᠶ ᠪᠣᠯᠭᠠᠵᠤ ᠂ ᠠᠷᠠᠳ᠎ᠤᠨ ᠣᠷᠣᠨ ᠰᠠᠭᠤᠴᠠ᠎ᠶᠢᠨ ᠠᠵᠤ ᠠᠬᠤᠢ᠎ᠶᠢ ᠰᠢᠨ᠎ᠡ ᠨᠡᠮᠡᠭᠳᠡᠯ᠎ᠦᠨ ᠴᠡᠭ ᠪᠣᠯᠭᠠᠪᠠ ᠃ ᠰᠤᠳᠤᠯᠤᠨ ᠰᠤᠷᠤᠯᠴᠠᠬᠤ ᠵᠢᠭᠤᠯᠴᠢᠯᠠᠯ᠎ᠢ ᠰᠠᠢᠲᠤᠷ ᠬᠢᠵᠦ᠂ ᠡᠮᠦᠨᠡᠲᠦ᠎ᠶᠢᠨ ᠤᠰᠤ᠎ᠶᠢ ᠤᠮᠠᠷᠠᠰᠢ ᠲᠠᠲᠠᠬᠤ ᠡᠬᠢ ᠰᠤᠷᠪᠤᠯᠵᠢ᠎ᠶᠢ ᠬᠠᠢᠬᠤ ᠵᠢᠭᠤᠯᠴᠢᠯᠠᠯ᠂ ᠨᠡᠭᠦᠳᠡᠯ ᠠᠷᠠᠳ᠎ᠤᠨ ᠰᠣᠶᠣᠯ᠎ᠤᠨ ᠦᠨᠳᠦᠰᠦ ᠰᠤᠷᠪᠤᠯᠵᠢ᠎ᠶᠢ ᠡᠷᠢᠬᠦ ᠵᠢᠭᠤᠯᠴᠢᠯᠠᠯ ᠵᠡᠷᠭᠡ ᠭᠣᠣᠯ ᠰᠡᠳᠦᠪᠲᠦ ᠵᠢᠭᠤᠯᠴᠢᠯᠠᠯ᠎ᠤᠨ ᠵᠠᠮ ᠱᠤᠭᠤᠮ᠎ᠢ ᠭᠠᠷᠭᠠᠵᠤ᠂ ᠳ᠋ᠠᠨᠵᠢᠶᠠᠩ᠎ᠤᠨ ᠨᠡᠭᠦᠳᠡᠯ ᠠᠷᠠᠳ᠎ᠤᠨ ᠵᠠᠩ ᠦᠢᠯᠡ᠎ᠶᠢᠨ ᠮᠦᠽᠧᠢ ᠵᠡᠷᠭᠡ ᠰᠤᠳᠤᠯᠤᠨ ᠰᠤᠷᠤᠯᠴᠠᠬᠤ ᠰᠠᠭᠤᠷᠢᠨ ᠭᠠᠵᠠᠷ᠎ᠢ 9 ᠪᠠᠢᠭᠤᠯᠵᠤ᠂ ᠵᠢᠯ᠎ᠳᠦ 30 ᠲᠦᠮᠡᠨ ᠬᠥᠮᠥᠨ ᠤᠳᠠᠭ᠎ᠠ᠎ᠶᠢᠨ ᠵᠣᠴᠢᠳ᠎ᠢ ᠬᠦᠯᠢᠶᠡᠨ ᠠᠪᠴᠤ ᠪᠠᠢᠨ᠎ᠠ᠃ ᠠᠮᠲᠠᠲᠤ ᠢᠳᠡᠭᠡᠨ᠎ᠦ ᠵᠤᠭᠠᠴᠠᠯ᠎ᠢ ᠠᠮᠢᠳᠤᠯᠢᠭ᠋᠎ᠢᠶᠠᠷ ᠬᠢᠵᠦ᠂ ᠳ᠋ᠠᠨᠵᠢᠶᠠᠩ᠎ᠤᠨ ᠵᠢᠭᠠᠰᠤᠨ ᠳᠠᠶ᠋ᠢᠯᠠᠯᠭ᠎ᠠ ᠪᠣᠯᠣᠨ ᠵᠢᠩ ᠽᠢ ᠭᠤᠸᠠᠨ ᠪᠣᠭᠣᠮᠲᠠ᠎ᠶᠢᠨ ᠨᠠᠢ᠍ᠮᠠᠨ ᠲᠣᠮᠣ᠌ ᠬᠡᠷᠡᠭᠰᠡᠯ᠎ᠢᠶᠡᠷ ᠭᠣᠣᠯᠳᠠᠯᠭ᠎ᠠ ᠪᠣᠯᠭᠠᠨ᠂ ᠢ ᠾᠧᠦ ᠵᠡᠭᠡᠯᠢ ᠪᠣᠯᠣᠨ ᠵᠢᠩ ᠽᠢ ᠭᠤᠸᠠᠨ ᠪᠣᠭᠣᠮᠲᠠ᠎ᠶᠢᠨ ᠮᠢᠩ ᠴᠢᠩ ᠵᠡᠭᠡᠯᠢ ᠵᠡᠷᠭᠡ ᠠᠮᠲᠠᠲᠤ ᠢᠳᠡᠭᠡᠨ᠎ᠦ ᠵᠡᠭᠡᠯᠢ ᠲᠣᠭᠣᠷᠢᠭ᠋᠎ᠢ ᠪᠠᠢᠭᠤᠯᠪᠠ᠃

ᠤᠯᠠᠨ᠎ᠤ ᠠᠩᠬᠠᠷᠤᠯ᠎ᠢ ᠲᠠᠲᠠᠭᠰᠠᠨ ᠲᠣᠭ᠎ᠠ ᠪᠠᠷᠢᠮᠲᠠ᠎ᠨᠤᠭᠤᠳ ᠨᠢ ᠰᠢ ᠴᠤᠸᠠᠨ᠎ᠤ ᠰᠣᠶᠣᠯ᠎ᠤᠨ ᠵᠤᠭᠠᠴᠠᠯ᠎ᠤᠨ ᠬᠥᠭᠵᠢᠯᠲᠡ᠎ᠶᠢᠨ ᠯᠠᠪᠳᠠᠭᠤᠨ ᠪᠠᠲᠤᠲᠠᠢ ᠠᠯᠬᠤᠭ᠎ᠠ᠎ᠶᠢ ᠬᠠᠷᠠᠭᠤᠯᠵᠤ ᠪᠠᠢᠨ᠎ᠠ᠄ ᠪᠦᠬᠦ ᠰᠢᠶᠠᠨ᠎ᠢᠶᠠᠷ᠎ᠢᠶᠠᠨ 3A ᠳᠡᠰ᠎ᠠᠴᠠ ᠳᠡᠭᠡᠭᠰᠢᠬᠢ 6 ᠦᠵᠡᠮᠵᠢ᠎ᠶᠢᠨ ᠣᠷᠣᠨ᠂ ᠤᠯᠤᠰ᠎ᠤᠨ ᠬᠥᠳᠡᠭᠡ ᠲᠣᠰᠬᠣᠨ᠎ᠤ ᠵᠤᠭᠠᠴᠠᠯ᠎ᠤᠨ ᠭᠣᠣᠯᠳᠠᠯᠭ᠎ᠠ᠎ᠲᠠᠢ ᠲᠣᠰᠬᠣᠨ᠂ ᠮᠤᠵᠢ᠎ᠶᠢᠨ ᠲᠡᠰ᠎ᠤᠨ ᠵᠤᠭᠠᠴᠠᠯ᠎ᠤᠨ ᠠᠮᠠᠷᠠᠯᠲᠠ᠎ᠶᠢᠨ ᠣᠷᠣᠨ᠎ᠢ 1 ᠪᠣᠢᠵᠢᠭᠤᠯᠵᠤ᠂ ᠮᠤᠵᠢ᠎ᠶᠢᠨ ᠲᠡᠰ᠎ᠤᠨ ᠬᠥᠳᠡᠭᠡ ᠲᠣᠰᠬᠣᠨ᠎ᠤ ᠡᠷᠡᠭᠦᠯ ᠬᠠᠮᠠᠭᠠᠯᠠᠯ ᠰᠤᠪᠢᠯᠠᠯᠲᠠ᠎ᠶᠢᠨ ᠵᠤᠭᠠᠴᠠᠯ᠎ᠤᠨ ᠵᠢᠱ᠌ᠢᠶ᠎ᠡ ᠦᠵᠡᠭᠦᠯᠬᠦ ᠲᠣᠰᠬᠣᠨ᠎ᠢ 5᠂ ᠬᠥᠳᠡᠭᠡ ᠲᠣᠰᠬᠣᠨ᠎ᠤ ᠵᠤᠭᠠᠴᠠᠯ᠎ᠤᠨ ᠣᠨᠴᠠᠯᠢᠭ᠍ᠲᠤ ᠲᠣᠰᠬᠣᠨ᠎ᠢ 36 ᠲᠥᠪᠯᠡᠷᠡᠭᠦᠯᠦᠨ ᠪᠣᠢᠵᠢᠭᠤᠯᠵᠤ᠂ 700 ᠭᠠᠷᠤᠢ ᠲᠠᠷᠢᠶᠠᠴᠢᠨ ᠠᠢᠯ᠎ᠤᠨ ᠵᠤᠭᠠᠴᠠᠯ᠎ᠢ ᠬᠥᠭᠵᠢᠭᠦᠯᠵᠦ᠂ 2 ᠲᠦᠮᠡ ᠭᠠᠷᠤᠢ ᠬᠥᠮᠥᠨ᠎ᠢ ᠳᠠᠢ᠍ᠢᠴᠢᠯᠠᠨ 《 ᠵᠤᠭᠠᠴᠠᠯ᠎ᠤᠨ ᠪᠤᠳᠠᠭᠠᠨ ᠠᠶᠠᠭ᠎ᠠ 》 ᠲᠠᠢ ᠪᠣᠯᠭᠠᠪᠠ᠃ ᠡᠨᠡ ᠵᠢᠯ᠎ᠦᠨ ᠳᠡᠭᠡᠷ᠎ᠡ ᠬᠠᠭᠠᠰ ᠵᠢᠯ᠎ᠳᠦ᠂ ᠪᠦᠬᠦ ᠰᠢᠶᠠᠨ᠎ᠤ ᠬᠢᠨ 572.5 ᠲᠦᠮᠡᠨ ᠬᠥᠮᠥᠨ ᠤᠳᠠᠭ᠎ᠠ᠎ᠶᠢᠨ ᠵᠤᠭᠠᠴᠠᠭᠰᠠᠳ᠎ᠢ ᠬᠦᠯᠢᠶᠡᠨ ᠠᠪᠴᠤ᠂ ᠵᠤᠭᠠᠴᠠᠯ᠎ᠤᠨ ᠶᠡᠷᠦᠩᠬᠡᠢ ᠣᠷᠣᠯᠭ᠎ᠠ 47.8 ᠳ᠋ᠦᠩᠰᠢᠭᠤᠷ ᠲᠥᠭᠥᠷᠢᠭ᠎ᠢ ᠳᠠᠪᠠᠵᠤ᠂ 《 ᠰᠤᠪᠠᠭ᠎ᠤᠨ ᠡᠬᠢᠨ᠎ᠦ ᠰᠢ ᠴᠤᠸᠠᠨ᠂ ᠵᠦᠩᠶᠤᠸᠠᠨ ᠣᠷᠣᠨ᠎ᠳᠤ ᠳᠠᠯᠠᠢ᠎ᠶᠢ ᠰᠣᠨᠢᠷᠬᠠᠬᠤ》 ᠵᠤᠭᠠᠴᠠᠯ᠎ᠤᠨ ᠲᠦᠷᠦᠯ ᠲᠡᠮᠳᠡᠭ ᠤᠯᠠᠮ᠎ᠠᠴᠠ ᠤᠯᠠᠮ ᠳᠠᠭᠤᠷᠢᠰᠴᠤ ᠪᠠᠢᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号