9 ᠰᠠᠷ᠎ᠠ᠎ᠶᠢᠨ 13᠎ᠤ ᠦᠳᠡ᠎ᠶᠢᠨ ᠡᠮᠦᠨ᠎ᠡ᠂ ᠥᠨᠳᠥᠷ ᠲᠦᠪᠰᠢᠨ᠎ᠢᠶᠡᠷ ᠬᠥᠬᠡᠮᠥ᠋ᠷᠡᠨ᠎ᠦ ᠭᠤᠷᠪᠠᠯᠵᠢᠨ ᠬᠣᠢᠭ᠋᠎ᠤᠨ ᠠᠮᠢ ᠠᠬᠤᠢ᠎ᠶᠢᠨ ᠪᠣᠬᠢᠷᠲᠤᠯ ᠦᠭᠡᠢ ᠨᠢᠭᠡ ᠴᠣᠭᠴᠠᠵᠢᠭᠤᠯᠤᠭᠰᠠᠨ ᠬᠥᠭᠵᠢᠯᠲᠡ᠎ᠶᠢᠨ ᠵᠢᠱ᠌ᠢᠶ᠎ᠡ ᠦᠵᠡᠭᠦᠯᠬᠦ ᠲᠣᠭᠣᠷᠢᠭ᠋᠎ᠢ ᠪᠠᠶ᠋ᠢᠭᠤᠯᠬᠤ ᠠᠵᠢᠯ᠎ᠢ ᠠᠬᠢᠭᠤᠯᠬᠤ ᠬᠤᠷᠠᠯ ᠵᠢᠱ᠌ᠢᠶ᠎ᠡ ᠦᠵᠡᠭᠦᠯᠬᠦ ᠲᠣᠭᠣᠷᠢᠭ᠋᠎ᠤᠨ ᠹᠠᠩ ᠲᠢᠩ ᠱᠦᠢ ᠶᠤᠸᠠᠨ᠎ᠳᠦ ᠬᠤᠷᠠᠯᠳᠤᠪᠠ᠃ ᠬᠤᠷᠠᠯ᠎ᠢ ᠲᠥᠪ᠎ᠦᠨ ᠣᠷᠣᠨ ᠪᠦᠰᠡ᠎ᠶᠢᠨ ᠵᠣᠬᠢᠴᠠᠩᠭᠤᠢ ᠬᠥᠭᠵᠢᠯᠲᠡ᠎ᠶᠢᠨ ᠤᠳᠤᠷᠢᠳᠬᠤ ᠳᠤᠭᠤᠢᠯᠠᠩ᠎ᠤᠨ ᠠᠯᠪᠠᠨ ᠭᠡᠷ ᠂ ᠵᠧᠵᠢᠶᠠᠩ ᠮᠤᠵᠢ᠎ᠶᠢᠨ ᠠᠷᠠᠳ᠎ᠤᠨ ᠵᠠᠰᠠᠭ᠎ᠤᠨ ᠣᠷᠳᠣᠨ ᠂ ᠱᠠᠩᠬᠠᠢ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ ᠂ ᠵᠢᠶᠠᠩᠰᠤ ᠮᠤᠵᠢ᠎ᠶᠢᠨ ᠠᠷᠠᠳ᠎ᠤᠨ ᠵᠠᠰᠠᠭ᠎ᠤᠨ ᠣᠷᠳᠣᠨ ᠭᠣᠣᠯᠯᠠᠨ ᠡᠷᠬᠢᠯᠡᠵᠦ ᠂ ᠵᠢᠱ᠌ᠢᠶ᠎ᠡ ᠦᠵᠡᠭᠦᠯᠬᠦ ᠲᠣᠭᠣᠷᠢᠭ᠋᠎ᠤᠨ ᠭᠦᠢᠴᠡᠳᠬᠡᠬᠦ ᠵᠥᠪᠯᠡᠯ ᠂ ᠵᠧᠵᠢᠶᠠᠩ ᠮᠤᠵᠢ᠎ᠶᠢᠨ ᠵᠢᠶᠠᠰᠢᠩ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ ᠂ ᠱᠠᠩᠬᠠᠢ ᠬᠣᠲᠠ᠎ᠶᠢᠨ ᠴᠢᠩᠫᠦ᠋ ᠲᠣᠭᠣᠷᠢᠭ᠋᠎ᠤᠨ ᠠᠷᠠᠳ᠎ᠤᠨ ᠵᠠᠰᠠᠭ᠎ᠤᠨ ᠣᠷᠳᠣᠨ ᠂ ᠵᠢᠶᠠᠩᠰᠤ ᠮᠤᠵᠢ᠎ᠶᠢᠨ ᠰᠦᠵᠧᠦ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ ᠂ ᠵᠧᠵᠢᠶᠠᠩ ᠮᠤᠵᠢ᠎ᠶᠢᠨ ᠵᠢᠶᠠᠰᠢᠩ ᠬᠣᠲᠠ᠎ᠶᠢᠨ ᠵᠢᠶᠠᠱᠠᠨ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ ᠂ ᠵᠢᠶᠠᠩᠰᠤ ᠮᠤᠵᠢ᠎ᠶᠢᠨ ᠰᠦᠵᠧᠦ ᠬᠣᠲᠠ᠎ᠶᠢᠨ ᠦᠵᠢᠶᠠᠩ ᠲᠣᠭᠣᠷᠢᠭ᠋᠎ᠤᠨ ᠠᠷᠠᠳ᠎ᠤᠨ ᠵᠠᠰᠠᠭ᠎ᠤᠨ ᠣᠷᠳᠣᠨ ᠳᠠᠭᠠᠭᠠᠨ ᠡᠷᠭᠢᠯᠡᠪᠡ ᠃ ᠬᠤᠷᠠᠯ᠎ᠠᠴᠠ ᠶᠡᠷᠦᠩᠬᠡᠢ ᠱᠦᠵᠢ ᠰᠢ᠎ᠶᠢᠨ ᠫᠢᠩ᠎ᠦᠨ ᠬᠥᠬᠡᠮᠥ᠋ᠷᠡᠨ᠎ᠦ ᠭᠤᠷᠪᠠᠯᠵᠢᠨ ᠬᠣᠢᠭ᠋ᠢ ᠨᠢᠭᠡ ᠴᠣᠭᠴᠠᠵᠢᠭᠤᠯᠤᠨ ᠬᠥᠭᠵᠢᠭᠦᠯᠬᠦ ᠵᠢᠴᠢ ᠵᠢᠱ᠌ᠢᠶ᠎ᠡ ᠦᠵᠡᠭᠦᠯᠬᠦ ᠲᠣᠭᠣᠷᠢᠭ᠋᠎ᠤᠨ ᠪᠦᠲᠦᠭᠡᠨ ᠪᠠᠢᠭᠤᠯᠤᠯᠲᠠ᠎ᠶᠢᠨ ᠲᠤᠬᠠᠢ ᠴᠢᠬᠤᠯᠠ ᠶᠠᠷᠢᠶ᠎ᠠ ᠪᠣᠯᠣᠨ ᠵᠢᠭᠠᠪᠤᠷᠢ ᠴᠣᠬᠣᠯᠠᠪᠤᠷᠢ᠎ᠶᠢᠨ ᠵᠣᠷᠢᠭ᠋ ᠰᠠᠨᠠᠭ᠎ᠠ᠎ᠶᠢ ᠴᠢᠨᠠᠭᠰᠢᠳᠠ ᠪᠦᠬᠦ ᠲᠠᠯ᠎ᠠ᠎ᠪᠠᠷ ᠰᠤᠷᠤᠯᠴᠠᠨ ᠲᠤᠭᠤᠰᠢᠯᠠᠭᠤᠯᠵᠤ᠂ ᠵᠢᠱ᠌ᠢᠶ᠎ᠡ ᠦᠵᠡᠭᠦᠯᠬᠦ ᠲᠣᠭᠣᠷᠢᠭ᠋᠎ᠤᠨ ᠪᠦᠲᠦᠭᠡᠨ ᠪᠠᠢᠭᠤᠯᠤᠯᠲᠠ᠎ᠶᠢᠨ ᠦᠷ᠎ᠡ ᠪᠦᠲᠦᠮᠵᠢ᠎ᠶᠢ ᠳ᠋ᠦᠩᠨᠡᠵᠦ᠂ ᠥᠭᠡᠷᠡᠴᠢᠯᠡᠯᠲᠡ᠎ᠶᠢᠨ ᠡᠷᠬᠡ ᠣᠯᠭᠣᠯᠲᠠ ᠪᠣᠯᠣᠨ ᠳᠦᠷᠢᠮ᠎ᠦᠨ ᠰᠢᠨ᠎ᠡ᠎ᠶᠢ ᠡᠭᠦᠳᠦᠭᠰᠡᠨ ᠲᠤᠷᠰᠢᠯᠭ᠎ᠠ᠎ᠶᠢ ᠳᠡᠯᠭᠡᠷᠡᠭᠦᠯᠦᠨ ᠨᠠᠢᠳᠠᠪᠤᠷᠢᠵᠢᠭᠤᠯᠬᠤ᠎ᠶᠢ ᠠᠬᠢᠭᠤᠯᠵᠤ᠂ 《 ᠠᠷᠪᠠᠨ ᠲᠠᠪᠤᠳᠤᠭᠠᠷ ᠲᠠᠪᠤᠨ ᠵᠢᠯ 》᠎ᠤᠨ ᠬᠤᠭᠤᠴᠠᠭᠠᠨ᠎ᠳᠠᠬᠢ ᠵᠢᠱ᠌ᠢᠶ᠎ᠡ ᠦᠵᠡᠭᠦᠯᠬᠦ ᠲᠣᠭᠣᠷᠢᠭ᠋᠎ᠤᠨ ᠴᠢᠳᠠᠪᠬᠢ᠎ᠶᠢᠨ ᠲᠡᠰ ᠳᠡᠪᠰᠢᠬᠦ᠎ᠶᠢ ᠴᠢᠨᠠᠭᠰᠢᠳᠠ ᠠᠬᠢᠭᠤᠯᠬᠤ ᠰᠡᠳᠬᠢᠴᠡ ᠠᠷᠭ᠎ᠠ ᠬᠡᠮᠵᠢᠶ᠎ᠡ᠎ᠶᠢ ᠰᠤᠳᠤᠯᠤᠨ ᠰᠦᠪᠡᠭᠴᠢᠯᠡᠵᠡᠢ᠃