ᠣᠢᠷ᠎ᠠ᠎ᠳᠤ ᠂ ᠲᠠᠷᠢᠶᠠᠯᠠᠩ ᠬᠥᠳᠡᠭᠡ ᠲᠣᠰᠬᠣᠨ᠎ᠤ ᠶᠠᠮᠤᠨ ᠤᠰᠤᠨ ᠠᠰᠢᠭ᠍ᠯᠠᠯᠲᠠ᠎ᠶᠢᠨ ᠶᠠᠮᠤᠨ ᠂ ᠠᠮᠢ ᠠᠬᠤᠢ ᠣᠷᠴᠢᠨ ᠲᠣᠭᠣᠷᠢᠨ᠎ᠤ ᠶᠠᠮᠤᠨ ᠂ ᠵᠠᠮ ᠲᠡᠭᠡᠭᠡᠪᠦᠷᠢ᠎ᠶᠢᠨ ᠶᠠᠮᠤᠨ᠎ᠲᠠᠢ ᠬᠠᠮᠲᠤᠷᠠᠨ ᠨᠡᠢᠲᠡᠯᠡᠭᠰᠡᠨ 《 ᠬᠥᠬᠡᠮᠥ᠋ᠷᠡᠨ᠎ᠦ ᠰᠠᠪᠠ ᠭᠠᠵᠠᠷ᠎ᠤᠨ ᠤᠰᠤᠨ᠎ᠤ ᠠᠮᠢᠳᠤ ᠪᠣᠳᠠᠰ᠎ᠤᠨ ᠡᠬᠢ ᠪᠠᠶᠠᠯᠢᠭ᠋ ᠵᠢᠴᠢ ᠠᠮᠢᠳᠤᠷᠠᠯ᠎ᠤᠨ ᠣᠷᠴᠢᠨ᠎ᠤ ᠪᠠᠢᠳᠠᠯ᠎ᠤᠨ ᠠᠯᠪᠠᠨ ᠮᠡᠳᠡᠭᠡ ( 2024 ᠣᠨ ) 》᠎ᠳᠤ ᠢᠯᠡᠷᠡᠭᠦᠯᠦᠭᠰᠡᠨ᠎ᠢᠶᠡᠷ ᠂ ᠬᠥᠬᠡᠮᠥ᠋ᠷᠡᠨ᠎ᠦ ᠰᠠᠪᠠ ᠭᠠᠵᠠᠷ᠎ᠤᠨ ᠤᠰᠤᠨ᠎ᠤ ᠠᠮᠢᠳᠤ ᠪᠣᠳᠠᠰ᠎ᠤᠨ ᠡᠬᠢ ᠪᠠᠶᠠᠯᠢᠭ᠋᠎ᠤᠨ ᠰᠡᠷᠭᠦᠯᠲᠡ᠎ᠶᠢᠨ ᠪᠠᠢᠳᠠᠯ ᠶᠡᠷᠦᠩᠬᠡᠢ᠎ᠳᠡᠭᠡᠨ ᠰᠠᠢᠵᠢᠷᠠᠵᠤ ᠂ ᠪᠦᠷᠢᠨ ᠪᠦᠲᠦᠨ ᠴᠢᠨᠠᠷ᠎ᠤᠨ ᠵᠢᠭᠠᠯᠲᠠ ᠲᠣᠭ᠎ᠠ ᠦᠷᠭᠦᠯᠵᠢᠯᠡᠨ ᠳᠡᠭᠡᠭᠰᠢᠯᠡᠵᠦ ᠪᠠᠢᠨ᠎ᠠ ᠃ ᠬᠥᠬᠡᠮᠥ᠋ᠷᠡᠨ᠎ᠦ ᠬᠣᠪᠣᠷ ᠴᠤᠬᠠᠭ ᠮᠥᠬᠥᠬᠦ ᠰᠢᠬᠠᠭᠰᠠᠨ ᠠᠮᠢᠳᠤ ᠪᠣᠳᠠᠰ᠎ᠤᠨ ᠲᠦᠷᠦᠯ᠎ᠦᠨ ᠬᠠᠮᠠᠭᠠᠯᠠᠯᠲᠠ᠎ᠶᠢ ᠦᠷᠭᠦᠯᠵᠢᠯᠡᠨ ᠴᠢᠩᠭᠠᠳᠬᠠᠵᠤ᠂ ᠠᠪᠤᠷᠠᠬᠤ ᠠᠵᠢᠯᠯᠠᠭ᠎ᠠ᠎ᠶᠢᠨ ᠠᠷᠭ᠎ᠠ ᠬᠡᠮᠵᠢᠶ᠎ᠡ᠎ᠶᠢᠨ ᠡᠷᠴᠢᠮ᠎ᠢᠶᠡᠨ ᠴᠢᠩᠭᠠᠷᠠᠭᠤᠯᠬᠤ ᠬᠡᠷᠡᠭᠲᠡᠢ᠃
《 ᠬᠥᠬᠡᠮᠥ᠋ᠷᠡᠨ᠎ᠦ ᠰᠠᠪᠠ ᠭᠠᠵᠠᠷ᠎ᠤᠨ ᠤᠰᠤᠨ᠎ᠤ ᠠᠮᠢᠳᠤ ᠪᠣᠳᠠᠰ᠎ᠤᠨ ᠡᠬᠢ ᠪᠠᠶᠠᠯᠢᠭ᠋ ᠵᠢᠴᠢ ᠠᠮᠢᠳᠤᠷᠠᠯ᠎ᠤᠨ ᠣᠷᠴᠢᠨ᠎ᠤ ᠪᠠᠢᠳᠠᠯ᠎ᠤᠨ ᠠᠯᠪᠠᠨ ᠮᠡᠳᠡᠭᠡ ( 2024 ᠣᠨ ) 》᠎ᠳᠤ ᠢᠯᠡᠷᠡᠭᠦᠯᠦᠭᠰᠡᠨ᠎ᠢᠶᠡᠷ ᠂ ᠬᠥᠬᠡᠮᠥ᠋ᠷᠡᠨ᠎ᠦ ᠤᠰᠤᠨ᠎ᠤ ᠠᠮᠢᠳᠤ ᠪᠣᠳᠠᠰ᠎ᠤᠨ ᠡᠬᠢ ᠪᠠᠶᠠᠯᠢᠭ᠋᠎ᠤᠨ ᠰᠡᠷᠭᠦᠯᠲᠡ᠎ᠶᠢᠨ ᠪᠠᠢᠳᠠᠯ ᠶᠡᠷᠦᠩᠬᠡᠢ᠎ᠳᠡᠭᠡᠨ ᠰᠠᠢᠵᠢᠷᠠᠵᠤ ᠂ 2024 ᠣᠨ᠎ᠳᠤ ᠬᠥᠬᠡᠮᠥ᠋ᠷᠡᠨ᠎ᠦ ᠭᠣᠣᠯ ᠤᠷᠤᠰᠬᠠᠯ᠎ᠤᠨ ᠨᠢᠭᠡᠴᠢ ᠡᠬᠢ ᠪᠠᠶᠠᠯᠢᠭ᠋᠎ᠤᠨ ᠬᠡᠮᠵᠢᠶ᠎ᠡ 2.3 ᠺᠢᠯᠣᠭ᠌ᠷᠠᠮ ᠪᠠᠢᠵᠤ ᠂ 2023 ᠣᠨ᠎ᠤ ᠬᠢ᠎ᠡᠴᠡ 9.5% ᠪᠡᠷ ᠳᠡᠭᠡᠭᠰᠢᠯᠡᠵᠡᠢ ; ᠠᠮᠢᠳᠤ ᠪᠣᠳᠠᠰ᠎ᠤᠨ ᠲᠦᠷᠦᠯ᠎ᠦᠨ ᠤᠯᠠᠨ ᠶᠠᠩᠵᠤᠲᠤ ᠴᠢᠨᠠᠷ᠎ᠤᠨ ᠲᠦᠪᠰᠢᠨ ᠲᠣᠭᠲᠠᠭᠤᠨ᠎ᠢᠶᠠᠷ ᠳᠡᠭᠡᠭᠰᠢᠯᠡᠵᠦ᠂ 2021 ᠣᠨ᠎ᠠᠴᠠ 2024 ᠣᠨ ᠪᠣᠯᠲᠠᠯ᠎ᠠ᠂ ᠬᠥᠬᠡᠮᠥ᠋ᠷᠡᠨ᠎ᠦ ᠰᠠᠪᠠ ᠭᠠᠵᠠᠷ᠎ᠲᠤ ᠨᠡᠢ᠍ᠢᠲᠡ 344 ᠵᠦᠢᠯ᠎ᠦᠨ ᠵᠢᠭᠠᠰᠤᠨ᠎ᠤ ᠲᠦᠷᠦᠯ᠎ᠢ ᠬᠢᠨᠠᠨ ᠬᠡᠮᠵᠢᠵᠦ᠂ ᠲᠦᠷᠦᠯ ᠵᠦᠢᠯ᠎ᠦᠨ ᠲᠣᠭ᠎ᠠ ᠨᠢ ᠵᠢᠭᠠᠰᠤ ᠠᠩᠨᠠᠬᠤ᠎ᠶᠢ ᠴᠠᠭᠠᠵᠠᠯᠠᠬᠤ᠎ᠠᠴᠠ ᠡᠮᠦᠨᠡᠬᠢ ( 2017 ᠣᠨ᠎ᠠᠴᠠ 2020 ᠣᠨ ᠪᠣᠯᠲᠠᠯ᠎ᠠ ) ᠡᠴᠡ 36 ᠵᠦᠢᠯ ᠨᠡᠮᠡᠭᠳᠡᠪᠡ; ᠣᠷᠣᠩᠨᠠᠬᠤ ᠠᠮᠢᠳᠤᠷᠠᠯ᠎ᠤᠨ ᠣᠷᠴᠢᠨ ᠶᠡᠷᠦᠩᠬᠡᠢ᠎ᠳᠡᠭᠡᠨ ᠲᠣᠭᠲᠠᠭᠤᠨ ᠪᠠᠢᠵᠤ ᠂ 2024 ᠣᠨ᠎ᠳᠤ ᠂ ᠬᠥᠬᠡᠮᠥ᠋ᠷᠡᠨ᠎ᠦ ᠭᠣᠣᠯ ᠰᠠᠯᠪᠤᠷᠢ ᠤᠷᠤᠰᠬᠠᠯ᠎ᠤᠨ ᠤᠰᠤᠨ᠎ᠤ ᠴᠢᠨᠠᠷ᠎ᠤᠨ ᠦᠨᠡᠯᠡᠯᠲᠡ ᠶᠡᠷᠦᠩᠬᠡᠢ᠎ᠳᠡᠭᠡᠨ ᠰᠢᠯᠢᠳᠡᠭ ᠪᠠᠢᠵᠤ ᠂ Ⅰ ︱ Ⅲ ᠲᠥᠷᠥᠯ᠎ᠦᠨ ᠤᠰᠤᠨ᠎ᠤ ᠴᠢᠨᠠᠷ᠎ᠤᠨ ᠣᠭᠲᠣᠯᠣᠭᠠᠰᠤ 98.6% ᠶ᠋ᠢ ᠡᠵᠡᠯᠡᠵᠦ ᠂ 2023 ᠣᠨ᠎ᠤ ᠬᠢ᠎ᠡᠴᠡ 0.1 ᠵᠠᠭᠤᠨ᠎ᠤ ᠨᠢᠭᠡᠴᠢ ᠳᠡᠭᠡᠭᠰᠢᠯᠡᠵᠡᠢ ᠃ ᠬᠥᠬᠡᠮᠥ᠋ᠷᠡᠨ᠎ᠦ ᠵᠢᠭᠠᠰᠤ ᠠᠩᠨᠠᠬᠤ᠎ᠶᠢ ᠴᠠᠭᠠᠵᠠᠯᠠᠭᠰᠠᠨᠤ ᠳᠠᠷᠠᠭᠠᠬᠢ ᠤᠰᠤᠨ᠎ᠤ ᠠᠮᠢᠳᠤ ᠪᠣᠳᠠᠰ᠎ᠤᠨ ᠡᠬᠢ ᠪᠠᠶᠠᠯᠢᠭ᠋ ᠵᠢᠴᠢ ᠠᠮᠢᠳᠤᠷᠠᠯ᠎ᠤᠨ ᠣᠷᠴᠢᠨ᠎ᠤ ᠰᠡᠷᠭᠦᠯᠲᠡ᠎ᠶᠢᠨ ᠦᠷ᠎ᠡ ᠪᠦᠲᠦᠮᠵᠢ᠎ᠳᠦ ᠴᠢᠭᠯᠡᠭᠦᠯᠦᠨ ᠂ ᠬᠣᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠲᠠᠢᠯᠤᠮᠵᠢ ᠬᠢᠪᠡ᠃
ᠬᠥᠬᠡᠮᠥ᠋ᠷᠡᠨ᠎ᠦ ᠬᠡᠰᠡᠭ ᠭᠣᠣᠯᠳᠠᠯᠭ᠎ᠠ᠎ᠲᠠᠢ ᠬᠠᠮᠠᠭᠠᠯᠠᠬᠤ ᠪᠣᠳᠠᠰ᠎ᠤᠨ ᠲᠥᠷᠥᠯ᠎ᠦᠨ ᠲᠣᠭ᠎ᠠ ᠬᠡᠮᠵᠢᠶ᠎ᠡ ᠳᠡᠭᠡᠭᠰᠢᠯᠡᠵᠦ ᠂ ᡂᠢ ᠱᠦᠢ ᠾᠧ ᠭᠣᠣᠯ᠎ᠤᠨ ᠤᠰᠤᠨ᠎ᠤ ᠠᠮᠢᠳᠤ ᠪᠣᠳᠠᠰ᠎ᠤᠨ ᠬᠠᠮᠠᠭᠠᠯᠠᠯᠲᠠ᠎ᠶᠢᠨ ᠠᠵᠢᠯ ᠰᠠᠢᠨ ᠦᠷ᠎ᠡ ᠪᠦᠲᠦᠮᠵᠢ ᠣᠯᠪᠠ
ᠭᠣᠣᠯᠳᠠᠯᠭ᠎ᠠ᠎ᠲᠠᠢ ᠬᠠᠮᠠᠭᠠᠯᠠᠬᠤ ᠳᠦᠷᠰᠦ᠎ᠶᠢᠨ ᠲᠠᠯ᠎ᠠ᠎ᠪᠠᠷ ᠂ ᠬᠥᠬᠡ ᠮᠥᠷᠡᠨ᠎ᠦ ᠭᠠᠬᠠᠢ ᠬᠠᠯᠢᠮᠤ᠎ᠶᠢᠨ ᠲᠠᠷᠬᠠᠯᠲᠠ᠎ᠶᠢᠨ ᠬᠡᠪᠴᠢᠶ᠎ᠡ᠎ᠳᠦ ᠤᠯᠠᠮ ᠨᠢᠭᠡ ᠠᠯᠬᠤᠮ ᠲᠠᠷᠬᠠᠬᠤ ᠬᠠᠨᠳᠤᠰᠢ ᠢᠯᠡᠷᠡᠵᠦ ᠂ ᠲᠣᠯᠪᠣ᠎ᠶᠢᠨ ᠲᠠᠷᠬᠠᠯᠲᠠ᠎ᠶᠢᠨ ᠪᠠᠢᠳᠠᠯ ᠨᠠᠮᠳᠠᠬᠤ ᠬᠠᠨᠳᠤᠰᠢ᠎ᠲᠠᠢ ᠪᠣᠯᠵᠤ ᠂ ᠬᠡᠰᠡᠭ ᠭᠣᠣᠯᠳᠠᠯᠭ᠎ᠠ᠎ᠲᠠᠢ ᠬᠠᠮᠠᠭᠠᠯᠠᠬᠤ ᠳᠦᠷᠰᠦ᠎ᠶᠢᠨ ᠲᠣᠭ᠎ᠠ ᠬᠡᠮᠵᠢᠶ᠎ᠡ ᠨᠡᠮᠡᠭᠳᠡᠵᠦ ᠂ ᠣᠷᠳᠣ᠌ ᠰᠡᠯᠢᠭᠦᠷ ᠬᠣᠰᠢᠭᠤᠲᠤ ᠵᠢᠭᠠᠰᠤ ᠂ ᠤᠯᠠᠭᠠᠨ ᠤᠷᠤᠭᠤᠯ᠎ᠲᠤ ᠨᠢᠮᠭᠡᠨ ᠵᠢᠷᠠᠰᠤ ᠵᠡᠷᠭᠡ ᠤᠯᠤᠰ᠎ᠤᠨ ᠬᠣᠶᠠᠳᠤᠭᠠᠷ ᠳᠡᠰ᠎ᠤᠨ ᠭᠣᠣᠯᠳᠠᠯᠭ᠎ᠠ᠎ᠲᠠᠢ ᠬᠠᠮᠠᠭᠠᠯᠠᠬᠤ 2 ᠵᠦᠢᠯ᠎ᠦᠨ ᠳᠦᠷᠰᠦ᠎ᠶᠢ ᠰᠢᠨ᠎ᠡ᠎ᠪᠡᠷ ᠬᠢᠨᠠᠨ ᠬᠡᠮᠵᠢᠵᠦ ᠂ ᠣᠢᠷ᠎ᠠ᠎ᠶᠢᠨ 30 ᠵᠢᠯ᠎ᠦᠨ ᠲᠤᠷᠰᠢ ᠠᠩᠬ᠎ᠠ ᠤᠳᠠᠭ᠎ᠠ ᠡᠩᠭᠡᠰᠬᠡᠨ ᠵᠢᠭᠠᠰᠤᠨ᠎ᠤ ᠠᠶᠠᠨ᠎ᠳᠠᠭᠠᠨ ᠦᠷᠡᠵᠢᠬᠦ᠎ᠶᠢ ᠬᠢᠨᠠᠨ ᠬᠡᠮᠵᠢᠵᠦ ᠣᠯᠣᠭᠰᠠᠨ ᠪᠠᠢᠨ᠎ᠠ ᠃ ᠠᠵᠤ ᠠᠬᠤᠢ᠎ᠶᠢᠨ ᠵᠢᠭᠠᠰᠤᠨ᠎ᠤ ᠲᠥᠷᠥᠯ᠎ᠦᠨ ᠲᠠᠯ᠎ᠠ᠎ᠪᠠᠷ ᠂ ᠳᠥᠷᠪᠡᠨ ᠲᠣᠮᠣ᠌ ᠵᠢᠭᠠᠰᠤᠨ᠎ᠤ ᠲᠥᠷᠥᠯ ( ᠬᠠᠷ᠎ᠠ ᠵᠢᠭᠠᠰᠤ ᠂ ᠠᠮᠤᠷ ᠵᠢᠭᠠᠰᠤ ᠂ ᠠᠯᠠᠭᠠᠨ᠎ᠠ ᠰᠣᠭᠣᠰᠤ ᠂ ᠳᠠᠬᠤ ᠵᠢᠭᠠᠰᠤ )᠎ᠶᠢᠨ ᠬᠥᠬᠡᠮᠥ᠋ᠷᠡᠨ᠎ᠦ ᠳᠤᠮᠳᠠᠳᠤ ᠤᠷᠤᠰᠬᠠᠯ᠎ᠤᠨ ᠵᠢᠶᠠᠨ ᠯᠢ ᠣᠭᠲᠣᠯᠣᠭᠠᠰᠤ᠎ᠶᠢᠨ ᠥᠨᠳᠡᠭᠡᠨ ᠴᠢᠬᠢ᠎ᠶᠢᠨ ᠡᠬᠢ ᠪᠠᠶᠠᠯᠢᠭ᠋᠎ᠤᠨ ᠬᠡᠮᠵᠢᠶ᠎ᠡ ᠨᠢ ᠵᠢᠭᠠᠰᠤ ᠠᠩᠨᠠᠬᠤ᠎ᠶᠢ ᠴᠠᠭᠠᠵᠠᠯᠠᠬᠤ᠎ᠠᠴᠠ ᠡᠮᠦᠨᠡᠬᠢ 2020 ᠣᠨ᠎ᠤ ᠬᠢ᠎ᠡᠴᠡ 6.2 ᠳᠠᠬᠢᠨ ᠢᠯᠡᠭᠦᠦ ᠪᠠᠢᠳᠠᠭ ᠃ ᠡᠭᠦᠨ᠎ᠡᠴᠡ ᠭᠠᠳᠠᠨ᠎ᠠ ᠂ ᠢᠴᠠᠩ ᠪᠣᠯᠣᠨ ᠵᠢᠶᠠᠨᠯᠢ ᠮᠥᠷᠡᠨ᠎ᠦ ᠬᠡᠰᠡᠭ᠎ᠲᠦ ᠠᠩᠬ᠎ᠠ ᠤᠳᠠᠭ᠎ᠠ ᠵᠣᠬᠢᠬᠤ ᠬᠡᠪᠴᠢᠶᠡᠨ᠎ᠦ ᠥᠨᠳᠡᠭᠡᠯᠡᠬᠦ ᠲᠠᠯᠠᠪᠠᠶ ᠢᠯᠡᠷᠡᠭᠦᠯᠵᠦ ᠂ ᡂᠢ ᠱᠦᠢ ᠾᠧ ᠭᠣᠣᠯ᠎ᠤᠨ ᡂᠢ ᠱᠦᠢ ᠬᠣᠲᠠ᠎ᠶᠢᠨ ᠮᠥᠷᠡᠨ᠎ᠦ ᠬᠡᠰᠡᠭ᠎ᠲᠦ ᠮᠣᠨᠲᠣᠬᠠᠶ ᠵᠢᠭᠠᠰᠤ᠎ᠶᠢ ᠪᠠᠢᠴᠠᠭᠠᠵᠤ ᠣᠯᠣᠭᠰᠠᠨ ᠪᠠᠢᠨ᠎ᠠ ᠃
ᡂᠢ ᠱᠦᠢ ᠾᠧ ᠭᠣᠣᠯ ᠪᠣᠯ ᠬᠥᠬᠡᠮᠥ᠋ᠷᠡᠨ᠎ᠦ ᠳᠡᠭᠡᠳᠦ ᠤᠷᠤᠰᠬᠠᠯ᠎ᠤᠨ ᠬᠣᠪᠣᠷ ᠴᠤᠬᠠᠭ ᠣᠨᠴᠠ ᠪᠠᠢᠳᠠᠭ ᠵᠢᠭᠠᠰᠤᠨ᠎ᠤ ᠲᠥᠷᠥᠯ᠎ᠦᠨ ᠤᠯᠤᠰ᠎ᠤᠨ ᠲᠠᠰ᠎ᠤᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠤ ᠭᠣᠣᠯᠳᠠᠯᠭ᠎ᠠ᠎ᠲᠠᠢ ᠣᠷᠣᠨ ᠪᠦᠰᠡ ᠪᠠᠢᠵᠤ ᠂ ᠬᠥᠬᠡᠮᠥ᠋ᠷᠡᠨ᠎ᠦ ᠳᠡᠭᠡᠳᠦ ᠤᠷᠤᠰᠬᠠᠯ᠎ᠤᠨ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠠᠢᠭᠤᠯᠬᠤ᠎ᠳᠤ ᠴᠢᠬᠤᠯᠠ ᠠᠴᠢ ᠬᠣᠯᠪᠣᠭᠳᠠᠯ ᠲᠠᠢ ᠶᠤᠮ᠃
2017 ᠣᠨ᠎ᠠᠴᠠ ᠡᠬᠢᠯᠡᠨ ᠵᠢᠭᠠᠰᠤ ᠠᠩᠨᠠᠬᠤ᠎ᠶᠢ ᠪᠦᠬᠦ ᠲᠠᠯ᠎ᠠ᠎ᠪᠠᠷ ᠴᠠᠭᠠᠵᠠᠯᠠᠬᠤ᠎ᠶᠢ ᠬᠡᠷᠡᠭᠵᠢᠭᠦᠯᠦᠭᠰᠡᠨ᠎ᠡᠴᠡ ᠨᠠᠭᠠᠰᠢ᠂ ᡂᠢ ᠱᠦᠢ ᠾᠧ ᠭᠣᠣᠯ᠎ᠤᠨ ᠠᠳᠠᠯᠢ ᠪᠤᠰᠤ ᠮᠥᠷᠡᠨ᠎ᠦ ᠬᠡᠰᠡᠭ᠎ᠦᠨ ᠤᠰᠤᠨ᠎ᠤ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ ᠦᠷᠭᠦᠯᠵᠢᠯᠡᠨ ᠲᠣᠭᠲᠠᠭᠤᠨ᠎ᠢᠶᠠᠷ ᠳᠡᠭᠡᠭᠰᠢᠯᠡᠵᠦ᠂ ᠪᠦᠬᠦᠯᠢ ᠴᠣᠭᠴᠠ᠎ᠶᠢᠨ ᠡᠬᠢ ᠪᠠᠶᠠᠯᠢᠭ᠋᠎ᠤᠨ ᠬᠡᠮᠵᠢᠶ᠎ᠡ ᠢᠯᠡᠳᠲᠡ ᠨᠡᠮᠡᠭᠳᠡᠵᠦ᠂ 2021 ᠣᠨ᠎ᠠᠴᠠ 2024 ᠣᠨ ᠪᠣᠯᠲᠠᠯ᠎ᠠ ᠨᠡᠢ᠍ᠢᠳᠡ 117 ᠵᠦᠢᠯ᠎ᠦᠨ ᠨᠤᠲᠤᠭ᠎ᠤᠨ ᠵᠢᠭᠠᠰᠤᠨ᠎ᠤ ᠲᠦᠷᠦᠯ᠎ᠢ ᠬᠢᠨᠠᠨ ᠬᠡᠮᠵᠢᠵᠦ ᠣᠯᠵᠠᠢ᠃ ᠬᠣᠪᠣᠷ ᠴᠤᠬᠠᠭ ᠣᠨᠴᠠ ᠪᠠᠢᠳᠠᠭ ᠵᠢᠭᠠᠰᠤᠨ᠎ᠤ ᠲᠥᠷᠥᠯ᠎ᠦᠨ ᠳᠦᠷᠰᠦ᠎ᠶᠢᠨ ᠲᠣᠭ᠎ᠠ ᠪᠠ ᠡᠬᠢ ᠪᠠᠶᠠᠯᠢᠭ᠋᠎ᠤᠨ ᠬᠡᠮᠵᠢᠶ᠎ᠡ ᠨᠢ ᠨᠡᠯᠢᠶᠡᠳ ᠥᠨᠳᠥᠷ ᠲᠦᠪᠰᠢᠨ᠎ᠳᠦ ᠪᠠᠢᠵᠤ ᠂ ᠤᠰᠤᠨ᠎ᠤ ᠠᠮᠢᠳᠤ ᠪᠣᠳᠠᠰ᠎ᠤᠨ ᠪᠦᠷᠢᠨ ᠪᠦᠲᠦᠨ ᠴᠢᠨᠠᠷ᠎ᠤᠨ ᠢᠯᠡᠳᠬᠡᠭᠴᠢ ᠲᠣᠭ᠎ᠠ ᠨᠢ 3 ᠵᠢᠯ ᠳᠠᠷᠠᠭᠠᠯᠠᠨ 《 ᠰᠠᠢᠨ 》 ᠳᠡᠰ᠎ᠲᠤ ᠲᠣᠭᠲᠠᠪᠤᠷᠢᠵᠢᠭ᠍ᠰᠠᠨ ᠪᠠᠢᠨ᠎ᠠ᠃
ᠣᠢᠷ᠎ᠠ᠎ᠶᠢᠨ ᠵᠢᠯ᠎ᠦᠳ᠎ᠲᠦ ᠂ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠠᠴᠠ ᠭᠦᠢᠵᠧᠦ ᠂ ᠰᠧᠴᠤᠸᠠᠨ ᠂ ᠶᠦᠨᠨᠠᠨᠢ ᠵᠢᠯᠣᠭᠣᠳᠤᠨ ᠨᠤᠲᠤᠭ᠎ᠤᠨ ᠵᠢᠭᠠᠰᠤᠨ᠎ᠤ ᠲᠥᠷᠥᠯ᠎ᠦᠨ ᠰᠠᠢᠨ ᠡᠭᠦᠯᠳᠡᠷ᠎ᠢ ᠦᠷᠡᠵᠢᠭᠦᠯᠦᠨ ᠪᠣᠢᠵᠢᠭᠤᠯᠬᠤ ᠲᠠᠯᠠᠪᠠᠶ ᠪᠠᠢᠭᠤᠯᠵᠤ᠂ ᠬᠠᠭᠠᠷᠠᠭᠰᠠᠨ ᠬᠡᠪᠡᠯᠢ ᠵᠢᠭᠠᠰᠤ ᠂ ᠠᠯᠠᠭ ᠵᠢᠭᠠᠰᠤ ᠂ ᠠᠯᠠᠭᠠᠨ᠎ᠠ ᠮᠥᠷᠭᠥ ᠂ ᠶᠦᠨᠨᠠᠨ᠎ᠤ ᠬᠢᠯᠠᠭᠠᠷ ᠤᠷᠤᠭᠤᠯ᠎ᠲᠤ ᠵᠢᠭᠠᠰᠤ ᠵᠡᠷᠭᠡ ᠨᠤᠲᠤᠭ᠎ᠤᠨ ᠵᠢᠭᠠᠰᠤᠨ᠎ᠤ ᠲᠥᠷᠥᠯ᠎ᠦᠨ ᠬᠥᠮᠥᠨ᠎ᠦ ᠬᠦᠴᠦ᠎ᠪᠡᠷ ᠦᠷᠡᠵᠢᠭᠦᠯᠦᠨ ᠪᠣᠢᠵᠢᠭᠤᠯᠬᠤ ᠮᠡᠷᠭᠡᠵᠢᠯ᠎ᠢ ᠰᠢᠪᠲᠤᠯᠤᠭᠰᠠᠨ ᠪᠠᠢᠨ᠎ᠠ ᠃ 《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᡂᠢ ᠱᠦᠢ ᠾᠧ ᠭᠣᠣᠯ᠎ᠤᠨ ᠰᠠᠪᠠ ᠭᠠᠵᠠᠷ᠎ᠤᠨ ᠭᠤᠷᠪᠠᠨ ᠮᠤᠵᠢ᠎ᠳᠤ ᠬᠣᠪᠣᠷ ᠴᠤᠬᠠᠭ ᠨᠤᠲᠤᠭ᠎ᠤᠨ ᠵᠢᠭᠠᠰᠤᠨ᠎ᠤ ᠲᠥᠷᠥᠯ᠎ᠢ ᠨᠡᠶ᠋ᠢᠲᠡ 663 ᠲᠦᠮᠡ ᠲᠠᠯᠪᠢᠵᠤ ᠂ ᠨᠤᠲᠤᠭ᠎ᠤᠨ ᠵᠢᠭᠠᠰᠤᠨ᠎ᠤ ᠲᠥᠷᠥᠯ᠎ᠦᠨ ᠬᠡᠭᠡᠷ᠎ᠡ᠎ᠶᠢᠨ ᠳᠦᠷᠰᠦ᠎ᠶᠢᠨ ᠰᠦᠷᠦᠭ᠎ᠦᠨ ᠡᠬᠢ ᠪᠠᠶᠠᠯᠢᠭ᠋᠎ᠢ ᠪᠦᠲᠦᠮᠵᠢᠲᠡᠶ᠎ᠪᠡᠷ ᠨᠥᠬᠥᠪᠦᠷᠢᠯᠡᠪᠡ ᠃ ᡂᠢ ᠱᠦᠢ ᠾᠧ ᠭᠣᠣᠯ᠎ᠤᠨ ᠭᠣᠣᠯ ᠤᠷᠤᠰᠬᠠᠯ᠎ᠳᠤ ᠬᠥᠬᠡ ᠮᠥᠷᠡᠨ᠎ᠦ ᠬᠢᠯᠢᠮ᠎ᠡ᠎ᠶᠢᠨ ᠠᠶᠠᠨ᠎ᠳᠠᠭᠠᠨ ᠦᠷᠡᠵᠢᠬᠦ ᠲᠤᠷᠰᠢᠯᠲᠠ᠎ᠶᠢ ᠥᠷᠨᠢᠭᠦᠯᠵᠦ ᠂ ᠬᠡᠰᠡᠭ ᠭᠠᠵᠠᠷ᠎ᠤᠨ ᠤᠰᠤᠨ ᠣᠷᠣᠨ᠎ᠤ ᠠᠮᠢᠳᠤᠷᠠᠯ᠎ᠤᠨ ᠣᠷᠴᠢᠨ᠎ᠢ ᠰᠠᠢᠵᠢᠷᠠᠭᠤᠯᠬᠤ᠎ᠪᠡᠷ ᠳᠡᠮᠵᠢᠨ ᠂ ᠬᠥᠮᠥᠨ᠎ᠦ ᠬᠦᠴᠦ᠎ᠪᠡᠷ ᠬᠥᠬᠡ ᠮᠥᠷᠡᠨ᠎ᠦ ᠬᠢᠯᠢᠮ᠎ᠡ᠎ᠶᠢᠨ ᠥᠨᠳᠡᠭᠡᠯᠡᠬᠦ ᠦᠶ᠋ᠯᠡ ᠠᠵᠢᠯᠯᠠᠭ᠎ᠠ᠎ᠶᠢ ᠬᠢᠨᠠᠨ ᠬᠡᠮᠵᠢᠬᠦ᠎ᠶᠢᠨ ᠬᠠᠮᠲᠤ ᠨᠡᠪᠴᠢᠭᠦᠯᠦᠨ ᠴᠢᠬᠢ ᠪᠣᠢᠵᠢᠭᠤᠯᠪᠠ ᠃ ᠡᠭᠦᠨ᠎ᠦ ᠬᠠᠮᠲᠤ᠂ ᡂᠢ ᠱᠦᠢ ᠭᠣᠣᠯ᠎ᠤᠨ ᠰᠠᠪᠠ ᠭᠠᠵᠠᠷ᠎ᠲᠤ ᠭᠣᠣᠯ ᠰᠠᠯᠪᠤᠷᠢ ᠤᠷᠤᠰᠬᠠᠯ᠎ᠢ ᠬᠣᠯᠪᠣᠨ ᠵᠠᠰᠠᠵᠤ ᠰᠡᠷᠭᠦᠭᠡᠬᠦ ᠢᠨᠵᠧᠨᠧᠷᠢᠩ᠎ᠢ ᠬᠡᠷᠡᠭᠵᠢᠭᠦᠯᠪᠡ᠃ 2024 ᠣᠨ᠎ᠤ 12 ᠰᠠᠷ᠎ᠠ᠎ᠶᠢᠨ ᠰᠡᠭᠦᠯᠴᠢ ᠪᠣᠯᠲᠠᠯ᠎ᠠ ᠂ ᡂᠢ ᠱᠦᠢ ᠾᠧ ᠭᠣᠣᠯ᠎ᠤᠨ ᠰᠠᠪᠠ ᠭᠠᠵᠠᠷ ᠦᠨᠳᠦᠰᠦᠨ᠎ᠳᠡᠭᠡᠨ ᠲᠦᠩ ᠴᠧ ᠾᠧ ᠭᠣᠣᠯ ᠂ ᠪᠠᠢ ᠱᠠ ᠾᠧ ᠭᠣᠣᠯ ᠂ ᠬᠥ ᠯᠢᠨ ᠾᠧ ᠭᠣᠣᠯ ᠪᠠ ᠳᠠ ᠲᠦᠩ ᠾᠧ ᠭᠣᠣᠯ ᠵᠡᠷᠭᠡ ᠨᠢᠭᠡᠳᠦᠭᠡᠷ ᠳᠡᠰ᠎ᠤᠨ ᠴᠢᠳᠬᠤᠯᠠᠩ ᠠᠶᠠᠨ᠎ᠳᠠᠭᠠᠨ ᠨᠡᠪᠲᠡᠷᠡᠵᠦ ᠂ ᠳᠤᠮᠳᠠᠳᠤ᠎ᠶᠢᠨ ᠭᠡᠳᠡᠷᠭᠦ ᠥᠷᠭᠡᠰᠦᠲᠦ ᠪᠠ ᠵᠢᠭᠠᠰᠤ ᠂ ᠴᠠᠭᠠᠨ ᠬᠤᠶᠠᠭᠲᠤ ᠵᠢᠭᠠᠰᠤ ᠵᠡᠷᠭᠡ ᠬᠣᠪᠣᠷ ᠴᠤᠬᠠᠭ ᠵᠢᠭᠠᠰᠤᠨ᠎ᠤ ᠲᠥᠷᠥᠯ ᠴᠢᠳᠬᠤᠯᠠᠩ᠎ᠳᠤ ᠳᠠᠬᠢᠨ ᠣᠷᠣᠵᠤ ᠢᠳᠡᠰᠢᠯᠡᠨ ᠦᠷᠡᠵᠢᠵᠦ ᠂ ᠠᠳᠠᠯᠢ ᠪᠤᠰᠤ ᠭᠠᠵᠠᠷ ᠣᠷᠣᠨ᠎ᠤ ᠵᠢᠭᠠᠰᠤᠨ᠎ᠤ ᠲᠥᠷᠥᠯ᠎ᠦᠨ ᠲᠣᠭ᠎ᠠ ᠬᠡᠮᠵᠢᠶ᠎ᠡ ᠪᠠ ᠡᠬᠢ ᠪᠠᠶᠠᠯᠢᠭ᠋᠎ᠤᠨ ᠬᠡᠮᠵᠢᠶ᠎ᠡ ᠨᠢ ᠴᠥᠮ ᠢᠯᠡᠳᠲᠡ ᠨᠡᠮᠡᠭᠳᠡᠭᠰᠡᠨ ᠪᠠᠢᠨ᠎ᠠ᠃
ᠬᠥᠬᠡᠮᠥ᠋ᠷᠡᠨ᠎ᠦ ᠪᠠᠢᠭᠠᠯᠢ᠎ᠶᠢᠨ ᠤᠰᠤᠨ ᠣᠷᠣᠨ᠎ᠤ ᠵᠢᠭᠠᠰᠤᠨ᠎ᠤ ᠲᠥᠷᠥᠯ᠎ᠦᠨ ᠡᠬᠢ ᠪᠠᠶᠠᠯᠢᠭ᠋ ᠪᠠ ᠣᠯᠠᠨ ᠶᠠᠩᠵᠤᠲᠤ ᠴᠢᠨᠠᠷ ᠨᠢ ᠮᠥᠨ ᠯᠡ ᠠᠭᠠᠵᠢᠮ᠎ᠢᠶᠠᠷ ᠰᠡᠷᠭᠦᠬᠦ ᠱᠠᠲᠤᠨ᠎ᠳᠤ ᠪᠣᠢ
ᠵᠠᠷᠢᠮ ᠵᠠᠭᠤᠴᠢᠯᠠᠭᠤᠷ᠎ᠤᠨ ᠮᠡᠳᠡᠭᠡᠯᠡᠭᠰᠡᠨ᠎ᠢᠶᠡᠷ ᠂ ᠬᠥᠬᠡᠮᠥ᠋ᠷᠡᠨ᠎ᠦ ᠬᠡᠰᠡᠭ ᠤᠰᠤᠨ ᠣᠷᠣᠨ᠎ᠳᠤ ᠵᠢᠭᠠᠰᠤᠨ᠎ᠤ ᠲᠥᠷᠥᠯ ᠶᠡᠬᠡ ᠬᠡᠮᠵᠢᠶ᠎ᠡ᠎ᠪᠡᠷ ᠪᠥᠭᠡᠮᠨᠡᠷᠡᠵᠦ ᠂ 《 ᠵᠢᠭᠠᠰᠤ ᠠᠷᠪᠢᠳᠤᠭᠰᠠᠨ 》 ᠪᠠᠢᠳᠠᠯ ᠢᠯᠡᠷᠡᠭᠰᠡᠨ ᠪᠠᠢᠨ᠎ᠠ ᠃ ᠠᠵᠢᠭ᠍ᠯᠠᠨ ᠰᠤᠳᠤᠯᠬᠤ᠎ᠪᠠᠷ ᠳᠡᠮᠵᠢᠨ ᠂ ᠵᠢᠭᠠᠰᠤᠨ᠎ᠤ ᠲᠥᠷᠥᠯ᠎ᠦᠨ ᠶᠡᠬᠡ ᠬᠡᠮᠵᠢᠶ᠎ᠡ᠎ᠪᠡᠷ ᠪᠥᠭᠡᠮᠨᠡᠷᠡᠬᠦ ᠨᠢ ᠵᠥᠪᠬᠡᠨ ᠬᠡᠰᠡᠭ ᠭᠠᠵᠠᠷ᠎ᠤᠨ ᠤᠰᠤᠨ ᠣᠷᠣᠨ᠎ᠤ ᠣᠨᠴᠠᠭᠠᠶ ᠦᠵᠡᠭᠳᠡᠯ ᠪᠠᠢᠵᠤ ᠂ ᠬᠥᠬᠡ ᠮᠥᠷᠡᠨ᠎ᠦ ᠰᠠᠪᠠ ᠭᠠᠵᠠᠷ᠎ᠤᠨ ᠤᠰᠤᠨ᠎ᠤ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ ᠨᠢᠭᠡᠨᠲᠡ ᠰᠡᠷᠭᠦᠭᠰᠡᠨᠢ ᠲᠥᠯᠥᠭᠡᠯᠡᠵᠦ ᠳᠡᠶ᠋ᠢᠯᠬᠦ ᠦᠭᠡᠢ ᠶᠤᠮ᠃
ᠵᠢᠭᠠᠰᠤᠨ᠎ᠤ ᠲᠥᠷᠥᠯ᠎ᠦᠨ ᠶᠡᠬᠡ ᠬᠡᠮᠵᠢᠶ᠎ᠡ᠎ᠪᠡᠷ ᠪᠥᠭᠡᠮᠨᠡᠷᠡᠬᠦ ᠦᠵᠡᠭᠳᠡᠯ ᠨᠢ ᠭᠣᠣᠯᠳᠠᠭᠤ ᠭᠤᠷᠪᠠᠨ ᠵᠦᠢᠯ᠎ᠦᠨ ᠪᠠᠢᠳᠠᠯ᠎ᠲᠠᠢ ᠄ ᠨᠢᠭᠡ᠎ᠳᠦ ᠂ ᠲᠠᠯᠠᠩ ᠬᠠᠰᠢᠯᠭ᠎ᠠ ᠂ ᠭᠣᠣᠯ᠎ᠤᠨ ᠪᠤᠯᠤᠩ ᠂ ᠭᠣᠣᠯ᠎ᠤᠨ ᠠᠮᠠ ᠵᠡᠷᠭᠡ ᠤᠰᠤᠨ ᠣᠷᠣᠨ᠎ᠳᠤ ᠂ ᠵᠠᠷᠢᠮ ᠵᠢᠭᠠᠰᠤᠨ᠎ᠤ ᠲᠥᠷᠥᠯ ᠨᠢ ᠨᠡᠭᠦᠳᠡᠯᠯᠡᠬᠦ ᠂ ᠥᠭᠶᠥᠭᠡ ᠡᠷᠢᠬᠦ ᠂ ᠦᠷᠡᠵᠢᠬᠦ ᠂ ᠤᠰᠤᠨ ᠵᠦᠢ᠎ᠶᠢᠨ ᠨᠥᠬᠥᠴᠡᠯ᠎ᠳᠦ ᠲᠠᠲᠠᠭᠳᠠᠬᠤ ᠵᠡᠷᠭᠡ ᠳᠠᠳᠬᠠᠯ᠎ᠠᠴᠠ ᠪᠣᠯᠵᠤ ᠂ ᠣᠨᠴᠠᠭᠠᠶ ᠴᠠᠭ ᠬᠤᠭᠤᠴᠠᠭᠠᠨ᠎ᠳᠤ ᠰᠡᠷᠡᠯᠵᠢᠬᠦ ᠴᠢᠨᠠᠷᠲᠠᠢ ᠪᠥᠭᠡᠮᠨᠡᠷᠡᠬᠦ ᠦᠵᠡᠭᠳᠡᠯ ᠭᠠᠷᠳᠠᠭ ; ᠬᠣᠶᠠᠷ᠎ᠲᠤ ᠂ ᠴᠥᠭᠡᠨ ᠲᠣᠭᠠᠨ᠎ᠤ ᠪᠢᠲᠡᠭᠦᠮᠵᠢᠯᠡᠭᠰᠡᠨ ᠬᠡᠯᠪᠡᠷᠢ᠎ᠶᠢᠨ ᠨᠠᠭᠤᠷ ᠴᠥᠭᠥᠷᠥᠮ᠎ᠳᠦ ᠂ ᠡᠮᠦᠨᠡᠬᠢ ᠬᠤᠭᠤᠴᠠᠭᠠᠨ᠎ᠤ ᠦᠷᠡᠵᠢᠯᠲᠡ᠎ᠶᠢᠨ ᠤᠷᠤᠰᠬᠠᠯ ᠪᠤᠶᠤ ᠳᠡᠭᠡᠳᠦ ᠤᠷᠤᠰᠬᠠᠯ᠎ᠤᠨ ᠤᠰᠤ ᠨᠢ ᠲᠡᠵᠢᠭᠡᠨ ᠦᠷᠡᠵᠢᠭᠦᠯᠦᠭᠰᠡᠨ᠎ᠡᠴᠡ ᠪᠣᠯᠵᠤ ᠲᠡᠵᠢᠭᠡᠨ ᠦᠷᠡᠵᠢᠭᠦᠯᠬᠦ 《 ᠳᠤᠲᠠᠭᠠᠨ ᠵᠠᠢᠯᠠᠭᠤᠯᠤᠭᠰᠠᠨ 》 ᠳᠥᠷᠪᠡᠨ ᠲᠣᠮᠣ᠌ ᠵᠢᠭᠠᠰᠤᠨ᠎ᠤ ᠤᠨᠳᠤᠷᠤᠯᠲᠠ᠎ᠶᠢᠨ ᠨᠣᠷᠮ᠎ᠠ ᠨᠢ ᠳᠡᠭᠡᠭᠰᠢᠯᠡᠵᠦ ᠂ ᠲᠣᠭ᠎ᠠ ᠬᠡᠮᠵᠢᠶ᠎ᠡ ᠨᠢ ᠨᠡᠮᠡᠭᠳᠡᠨ ᠂ ᠪᠣᠳᠠᠭᠠᠯᠢ ᠪᠡᠶ᠎ᠡ᠎ᠶᠢᠨ ᠬᠡᠪ ᠪᠠᠷᠢᠮᠵᠢᠶ᠎ᠠ ᠨᠢ ᠨᠡᠮᠡᠭᠳᠡᠵᠡᠢ ; ᠭᠤᠷᠪᠠ᠎ᠳᠤ ᠂ ᠣᠷᠳᠣ᠌ ᠬᠤᠭᠤᠴᠠᠭ᠎ᠠ᠎ᠪᠠᠷ ᠲᠡᠵᠢᠭᠡᠨ ᠢᠳᠡᠭᠦᠯᠬᠦ᠎ᠡᠴᠡ ᠪᠣᠯᠵᠤ 《 ᠳᠠᠰᠬᠠᠬᠤ ᠦᠢᠯᠡᠳᠦᠯ 》 ᠭᠠᠷᠭᠠᠵᠤ ᠂ ᠠᠩᠨᠠᠵᠤ ᠱᠦᠭᠦᠬᠦ ᠰᠦᠷᠳᠡᠭᠦᠯᠦᠯ ᠦᠭᠡᠢ ᠣᠷᠴᠢᠨ ᠲᠣᠭᠣᠷᠢᠨ᠎ᠳᠤ ᠂ ᠬᠥᠮᠥᠰ ᠣᠷᠳᠣ᠌ ᠬᠤᠭᠤᠴᠠᠭ᠎ᠠ᠎ᠪᠠᠷ ᠬᠡᠰᠡᠭ ᠤᠰᠤᠨ᠎ᠤ ᠴᠠᠷᠠᠭᠠᠨ᠎ᠳᠤ ᠢᠳᠡᠭᠦᠯᠦᠭᠡᠳ ᠲᠣᠭᠲᠠᠪᠤᠷᠢᠲᠠᠢ ᠢᠳᠡᠭᠡᠨ᠎ᠦ ᠢᠷᠡᠯᠲᠡ᠎ᠶᠢ ᠪᠣᠶ ᠪᠣᠯᠭᠠᠵᠤ ᠂ ᠬᠡᠭᠡᠷ᠎ᠡ᠎ᠶᠢᠨ ᠵᠢᠭᠠᠰᠤᠨ᠎ᠤ ᠬᠥᠮᠥᠨ ᠲᠥᠷᠥᠯᠬᠢᠲᠡᠨ᠎ᠦ ᠠᠵᠢᠯᠯᠠᠭᠠᠨ᠎ᠤ ᠲᠤᠬᠠᠢ ᠰᠣᠨᠣᠷ ᠰᠡᠷᠡᠮᠵᠢ ᠨᠢ ᠪᠠᠭᠤᠷᠠᠵᠤ ᠂ ᠣᠷᠳᠣ᠌ ᠬᠤᠭᠤᠴᠠᠭ᠎ᠠ᠎ᠪᠠᠷ ᠲᠡᠯᠡᠶ᠎ᠶᠢᠨ ᠬᠥᠪᠡᠭᠡᠨ᠎ᠳᠦ ᠰᠠᠭᠤᠵᠤ ᠢᠳᠡᠰᠢ ᠡᠷᠢᠬᠦ᠎ᠡᠴᠡ ᠪᠣᠯᠵᠤ ᠵᠢᠭᠠᠰᠤᠨ᠎ᠤ ᠲᠥᠷᠥᠯ ᠶᠡᠬᠡ ᠬᠡᠮᠵᠢᠶ᠎ᠡ᠎ᠪᠡᠷ ᠴᠤᠭᠯᠠᠷᠠᠳᠠᠭ᠃
ᠣᠳᠣᠬᠠᠨ᠎ᠳᠤ ᠂ ᠬᠥᠬᠡᠮᠥ᠋ᠷᠡᠨ᠎ᠦ ᠪᠠᠢᠭᠠᠯᠢ᠎ᠶᠢᠨ ᠤᠰᠤᠨ ᠣᠷᠣᠨ᠎ᠤ ᠵᠢᠭᠠᠰᠤᠨ᠎ᠤ ᠲᠥᠷᠥᠯ᠎ᠦᠨ ᠡᠬᠢ ᠪᠠᠶᠠᠯᠢᠭ᠋ ᠪᠠ ᠣᠯᠠᠨ ᠶᠠᠩᠵᠤᠲᠤ ᠴᠢᠨᠠᠷ ᠨᠢ ᠮᠥᠨ ᠯᠡ ᠠᠭᠠᠵᠢᠮ᠎ᠢᠶᠠᠷ ᠰᠡᠷᠭᠦᠬᠦ ᠱᠠᠲᠤᠨ᠎ᠳᠠᠭᠠᠨ ᠪᠠᠢᠨ᠎ᠠ ᠃ ᠳᠤᠮᠳᠠᠳᠤ᠎ᠶᠢᠨ ᠬᠢᠯᠢᠮ᠎ᠡ ᠂ ᠬᠥᠬᠡ ᠮᠥᠷᠡᠨ᠎ᠦ ᠬᠢᠯᠢᠮ᠎ᠡ ᠵᠡᠷᠭᠡ ᠬᠣᠪᠣᠷ ᠴᠤᠬᠠᠭ ᠮᠥᠬᠥᠬᠦ ᠰᠢᠬᠠᠭᠰᠠᠨ ᠲᠤᠭ᠍ᠴᠢ ᠬᠥᠯᠭᠡ ᠣᠩᠭᠣᠴᠠᠨ᠎ᠤ ᠳᠦᠷᠰᠦ᠎ᠶᠢ ᠬᠠᠮᠠᠭᠠᠯᠠᠨ ᠰᠡᠷᠭᠦᠭᠡᠬᠦ ᠬᠤᠷᠳᠤᠴᠠ ᠨᠢ ᠤᠳᠠᠭᠠᠨ ᠪᠠᠢᠵᠤ ᠂ ᠪᠠᠰᠠ ᠨᠡᠯᠢᠶᠡᠳ ᠣᠯᠠᠨ ᠨᠤᠲᠤᠭ᠎ᠤᠨ ᠵᠢᠭᠠᠰᠤᠨ᠎ᠤ ᠬᠠᠮᠠᠭᠠᠯᠠᠯᠲᠠ᠎ᠶᠢᠨ ᠵᠠᠩᠭᠢᠯᠠᠭ᠎ᠠ᠎ᠶᠢᠨ ᠮᠡᠷᠭᠡᠵᠢᠯ ᠬᠠᠷᠠᠬᠠᠨ ᠰᠢᠪᠲᠤᠯᠤᠭᠳᠠᠭᠠᠳᠤᠢ ᠪᠠᠢᠭᠰᠠᠭᠠᠷ ᠃ ᠬᠡᠳᠦᠢᠪᠡᠷ ᠵᠢᠭᠠᠰᠤ ᠠᠩᠨᠠᠬᠤ᠎ᠶᠢ ᠴᠠᠭᠠᠵᠠᠯᠠᠭᠰᠠᠨ᠎ᠠᠴᠠ ᠨᠠᠭᠠᠰᠢ ᠰᠢᠨ᠎ᠡ᠎ᠪᠡᠷ ᠨᠡᠮᠡᠭᠳᠡᠭᠰᠡᠨ 36 ᠲᠥᠷᠥᠯ᠎ᠦᠨ ᠨᠤᠲᠤᠭ᠎ᠤᠨ ᠵᠢᠭᠠᠰᠤᠨ᠎ᠤ ᠲᠥᠷᠥᠯ᠎ᠢ ᠬᠢᠨᠠᠨ ᠬᠡᠮᠵᠢᠵᠦ ᠣᠯᠣᠭᠰᠠᠨ ᠪᠣᠯᠪᠠᠴᠤ ᠲᠡᠦᠬᠡᠨ ᠳᠡᠭᠡᠷ᠎ᠡ ᠲᠠᠷᠬᠠᠵᠤ ᠪᠠᠢᠭᠰᠠᠨ 443 ᠲᠥᠷᠥᠯ᠎ᠦᠨ ᠵᠢᠭᠠᠰᠤᠨ᠎ᠤ ᠲᠥᠷᠥᠯ᠎ᠦᠨ ᠳᠣᠲᠣᠷᠠᠬᠢ 99 ᠲᠥᠷᠥᠯ᠎ᠢ ᠨᠢ ᠬᠢᠨᠠᠨ ᠬᠡᠮᠵᠢᠵᠦ ᠣᠯᠣᠭᠰᠠᠨ ᠦᠭᠡᠢ ᠃
ᠠᠮᠢᠳᠤ ᠪᠣᠳᠠᠰ᠎ᠤᠨ ᠵᠢᠮ᠎ᠡ ᠶᠣᠰᠣ᠌᠎ᠠᠴᠠ ᠦᠵᠡᠪᠡᠯ ᠂ ᠤᠰᠤᠨ ᠣᠷᠣᠨ᠎ᠤ ᠠᠩᠨᠠᠵᠤ ᠱᠦᠭᠦᠬᠦ ᠳᠠᠷᠤᠯᠲᠠ ᠠᠷᠢᠯᠤᠭᠰᠠᠨᠤ ᠳᠠᠷᠠᠭ᠎ᠠ ᠂ ᠵᠠᠷᠢᠮ ᠠᠮᠢ ᠨᠠᠰᠤᠨ᠎ᠤ ᠦᠶᠡᠯᠡᠯ᠎ᠦᠨ ᠬᠤᠭᠤᠴᠠᠭ᠎ᠠ ᠨᠢ ᠣᠬᠣᠷ ᠂ ᠦᠷᠡᠵᠢᠯ ᠨᠢ ᠲᠦᠷᠭᠡᠨ ᠰᠢᠮ᠎ᠡ ᠲᠡᠵᠢᠭᠡᠯ᠎ᠦᠨ ᠲᠠᠰ᠎ᠤᠨ ᠵᠢᠭᠠᠰᠤᠨ᠎ᠤ ᠲᠥᠷᠥᠯ᠎ᠦᠨ ᠡᠬᠢ ᠪᠠᠶᠠᠯᠢᠭ᠋ ᠨᠢ ᠡᠩ ᠲᠡᠷᠢᠭᠦᠨ᠎ᠳᠦ ᠨᠡᠯᠢᠶᠡᠳ ᠲᠦᠷᠭᠡᠨ ᠰᠡᠷᠭᠦᠵᠦ ᠂ ᠪᠣᠳᠠᠭᠠᠯᠢ ᠪᠡᠶ᠎ᠡ᠎ᠶᠢᠨ ᠬᠡᠪ ᠪᠠᠷᠢᠮᠵᠢᠶ᠎ᠠ ᠨᠢ ᠶᠡᠬᠡᠰᠳᠡᠭ ᠃ ᠢᠳᠡᠰᠢᠨ ᠭᠢᠨᠵᠢ᠎ᠪᠡᠷ ᠳᠡᠮᠵᠢᠨ ᠨᠡᠯᠢᠶᠡᠳ ᠥᠨᠳᠥᠷ ᠰᠢᠮ᠎ᠡ ᠲᠡᠵᠢᠭᠡᠯ᠎ᠦᠨ ᠲᠠᠰ᠎ᠤᠨ ᠵᠢᠭᠠᠰᠤᠨ᠎ᠤ ᠲᠥᠷᠥᠯ ᠂ ᠰᠢᠪᠠᠭᠤᠨ᠎ᠤ ᠲᠥᠷᠥᠯ᠎ᠳᠦ ᠢᠳᠡᠰᠢ ᠬᠠᠩᠭᠠᠵᠤ ᠂ ᠡᠭᠦᠨ᠎ᠡᠴᠡ ᠰᠡᠭᠦᠯᠡᠷ ᠂ ᠠᠳᠠᠯᠢ ᠪᠤᠰᠤ ᠰᠢᠮ᠎ᠡ ᠲᠡᠵᠢᠭᠡᠯ᠎ᠦᠨ ᠲᠠᠰ᠎ᠤᠨ ᠵᠢᠭᠠᠰᠤᠨ᠎ᠤ ᠲᠥᠷᠥᠯ᠎ᠦᠨ ᠰᠦᠷᠦᠭ ᠪᠠ ᠪᠦᠯᠦᠭᠯᠡᠯ᠎ᠦᠨ ᠪᠦᠲᠦᠴᠡ ᠨᠢ ᠥᠪᠡᠷ᠎ᠦᠨ ᠲᠣᠬᠢᠷᠠᠭᠤᠯᠤᠯᠲᠠ᠎ᠪᠠᠷ ᠳᠡᠮᠵᠢᠨ ᠲᠠᠰᠤᠷᠠᠯᠲᠠ ᠦᠭᠡᠢ ᠰᠢᠯᠢᠳᠡᠭᠵᠢᠵᠦ ᠂ ᠡᠴᠦᠰ᠎ᠲᠡᠬᠡᠨ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠬᠢᠷᠢ ᠲᠦᠪᠰᠢᠨ᠎ᠢᠶᠡᠷ ᠨᠠᠩ ᠥᠨᠳᠥᠷ ᠂ ᠪᠦᠯᠦᠭᠯᠡᠯ᠎ᠦᠨ ᠪᠦᠲᠦᠴᠡ ᠨᠢ ᠨᠠᠩ ᠲᠣᠭᠲᠠᠪᠤᠷᠢᠲᠠᠢ ᠰᠢᠨ᠎ᠡ ᠲᠡᠩᠴᠡᠭᠦᠷᠢᠲᠦ ᠪᠠᠢᠳᠠᠯ᠎ᠳᠤ ᠭᠦᠷᠦᠭᠰᠡᠨ ᠪᠠᠢᠨ᠎ᠠ ᠃
ᠬᠥᠬᠡ ᠨᠠᠭᠤᠷ᠎ᠤᠨ ᠵᠢᠭᠠᠰᠤ ᠠᠩᠨᠠᠬᠤ᠎ᠶᠢ ᠴᠠᠭᠠᠵᠠᠯᠠᠬᠤ ᠦᠢᠯᠡᠳᠦᠯᠭᠡ ᠴᠦ᠍ ᠵᠢᠭᠠᠰᠤᠨ᠎ᠤ ᠲᠥᠷᠥᠯ᠎ᠦᠨ ᠡᠬᠢ ᠪᠠᠶᠠᠯᠢᠭ᠋᠎ᠤᠨ ᠰᠡᠷᠭᠦᠯᠲᠡ ᠪᠣᠯ ᠣᠷᠳᠣ᠌ ᠬᠤᠭᠤᠴᠠᠭᠠᠨ᠎ᠤ ᠶᠠᠪᠤᠴᠠ ᠮᠥᠨ ᠭᠡᠳᠡᠭ᠎ᠢ ᠭᠦᠢᠴᠡᠳ ᠭᠡᠷᠡᠴᠢᠯᠡᠭᠰᠡᠨ ᠪᠠᠢᠨ᠎ᠠ ᠃ ᠬᠥᠬᠡ ᠨᠠᠭᠤᠷ 2001 ᠣᠨ᠎ᠠᠴᠠ ᠡᠬᠢᠯᠡᠨ ᠵᠢᠭᠠᠰᠤ ᠠᠩᠨᠠᠬᠤ᠎ᠶᠢ ᠪᠥᠬᠥ ᠲᠠᠯ᠎ᠠ᠎ᠪᠠᠷ ᠴᠠᠭᠠᠵᠠᠯᠠᠭᠰᠠᠨ᠎ᠠᠴᠠ ᠣᠲᠣ᠌ ᠪᠣᠯᠲᠠᠯ᠎ᠠ ᠨᠢᠭᠡᠨᠲᠡ 24 ᠵᠢᠯ ᠪᠣᠯᠤᠭᠰᠠᠨ ᠪᠣᠯᠪᠠᠴᠤ ᠵᠢᠭᠠᠰᠤᠨ᠎ᠤ ᠲᠥᠷᠥᠯ᠎ᠦᠨ ᠡᠬᠢ ᠪᠠᠶᠠᠯᠢᠭ᠋᠎ᠤᠨ ᠰᠡᠷᠭᠦᠯᠲᠡ ᠨᠢ ᠮᠥᠨ ᠯᠡ ᠨᠡᠯᠢᠶᠡᠳ ᠤᠳᠠᠭᠠᠨ ᠪᠠᠢᠵᠤ ᠂ ᠵᠥᠪᠬᠡᠨ ᠲᠡᠦᠬᠡᠨᠦ 1/3 ᠳ᠋ᠥ ᠬᠦᠷᠴᠦ ᠂ ᠣᠳᠣᠬᠠᠨ᠎ᠳᠤ ᠮᠥᠨ ᠯᠡ ᠵᠢᠭᠠᠰᠤ ᠠᠩᠨᠠᠬᠤ᠎ᠶᠢ ᠪᠥᠬᠥ ᠲᠠᠯ᠎ᠠ᠎ᠪᠠᠷ ᠴᠠᠭᠠᠵᠠᠯᠠᠬᠤ ᠴᠢᠬᠤᠯᠠᠲᠠᠢ ᠪᠠᠢᠨ᠎ᠠ᠃
ᠬᠥᠬᠡᠮᠥ᠋ᠷᠡᠨ᠎ᠦ ᠬᠣᠪᠣᠷ ᠴᠤᠬᠠᠭ ᠮᠥᠬᠥᠬᠦ ᠰᠢᠬᠠᠭᠰᠠᠨ ᠠᠮᠢᠳᠤ ᠪᠣᠳᠠᠰ᠎ᠤᠨ ᠳᠦᠷᠰᠦ᠎ᠶᠢᠨ ᠬᠠᠮᠠᠭᠠᠯᠠᠯᠲᠠ᠎ᠶᠢ ᠴᠢᠩᠭᠠᠳᠬᠠᠬᠤ᠎ᠳᠤ᠂ ᠬᠣᠪᠣᠷ ᠴᠤᠬᠠᠭ ᠠᠮᠢᠳᠤ ᠪᠣᠳᠠᠰ᠎ᠤᠨ ᠳᠦᠷᠰᠦ᠎ᠶᠢ ᠠᠪᠤᠷᠠᠬᠤ ᠠᠵᠢᠯᠯᠠᠭ᠎ᠠ᠎ᠶᠢᠨ ᠲᠥᠯᠥᠪᠯᠡᠭᠡ᠎ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠴᠢᠬᠤᠯᠠ ᠲᠠᠢ ᠃ ᠳᠤᠮᠳᠠᠳᠤ᠎ᠶᠢᠨ ᠬᠢᠯᠢᠮ᠎ᠡ᠂ ᠬᠥᠬᠡᠮᠥ᠋ᠷᠡᠨ᠎ᠦ ᠬᠢᠯᠢᠮ᠎ᠡ᠂ ᠬᠥᠬᠡᠮᠥ᠋ᠷᠡᠨ᠎ᠦ ᠭᠠᠬᠠᠢ ᠬᠠᠯᠢᠮᠤ ᠪᠣᠯ ᠬᠥᠬᠡᠮᠥ᠋ᠷᠡᠨ᠎ᠦ ᠲᠤᠭ᠍ᠴᠢ ᠴᠢᠨᠠᠷᠲᠠᠢ ᠠᠮᠢᠳᠤ ᠪᠣᠳᠠᠰ᠎ᠤᠨ ᠳᠦᠷᠰᠦ ᠪᠣᠯᠬᠤ ᠪᠥᠭᠡᠳ ᠬᠥᠬᠡᠮᠥ᠋ᠷᠡᠨ᠎ᠦ ᠠᠮᠢ ᠠᠬᠤᠢ᠎ᠶᠢᠨ ᠰᠢᠰᠲ᠋ᠥᠮ᠎ᠤᠨ ᠡᠷᠡᠭᠦᠯ ᠮᠡᠨᠳᠦ᠎ᠶᠢᠨ ᠪᠠᠢᠳᠠᠯ᠎ᠢ ᠲᠤᠰᠬᠠᠬᠤ ᠴᠢᠬᠤᠯᠠ ᠵᠢᠭᠠᠯᠲᠠ ᠪᠣᠳᠠᠰ᠎ᠤᠨ ᠳᠦᠷᠰᠦ ᠪᠣᠯᠣᠨ᠎ᠠ᠃
ᠲᠠᠷᠢᠶᠠᠯᠠᠩ ᠬᠥᠳᠡᠭᠡ ᠲᠣᠰᠬᠣᠨ᠎ᠤ ᠶᠠᠮᠤᠨ ᠠᠪᠤᠷᠠᠨ ᠲᠤᠰᠠᠯᠠᠬᠤ ᠠᠵᠢᠯᠯᠠᠭᠠᠨ᠎ᠤ ᠲᠥᠯᠥᠪᠯᠡᠭᠡ᠎ᠶᠢ ᠦᠷᠭᠦᠯᠵᠢᠯᠡᠨ ᠨᠠᠢᠳᠠᠪᠤᠷᠢᠵᠢᠭᠤᠯᠵᠤ ᠂ ᠵᠣᠬᠢᠬᠤ ᠦᠷ᠎ᠡ ᠪᠦᠲᠦᠮᠵᠢ ᠣᠯᠪᠠ ᠃ ᠡᠨᠡ ᠵᠢᠯ ᠨᠢᠭᠡᠨᠲᠡ 97 ᠲᠦᠮᠡᠨ ᠳᠤᠮᠳᠠᠳᠤ᠎ᠶᠢᠨ ᠬᠢᠯᠢᠮ᠎ᠡ᠎ᠶᠢ ᠲᠠᠯᠪᠢᠵᠤ ᠶᠠᠪᠤᠭᠤᠯᠵᠠᠢ ᠂ ᠬᠢᠨᠠᠨ ᠬᠡᠮᠵᠢᠭᠰᠡᠨ ᠦᠷ᠎ᠡ ᠳ᠋ᠦᠩ᠎ᠢ ᠦᠨᠳᠦᠰᠦᠯᠡᠨ ᠲᠥᠰᠥᠭᠡᠯᠡᠨ ᠪᠤᠳᠤᠪᠠᠯ ᠂ ᠡᠭᠦᠨ᠎ᠳᠦ 361 ᠬᠡᠲᠦ ᠲᠠᠭᠤᠨ ᠳᠣᠯᠭᠢᠶᠠᠨ᠎ᠤ ᠲᠡᠮᠳᠡᠭ᠎ᠲᠠᠢ ᠪᠣᠳᠠᠭᠠᠯᠢ ᠪᠡᠶ᠎ᠡ᠎ᠶᠢᠨ 60% ᠨᠢ ᠨᠢᠭᠡᠨᠲᠡ ᠬᠥᠬᠡᠮᠥ᠋ᠷᠡᠨ᠎ᠦ ᠠᠮᠠᠨ᠎ᠳᠤ ᠬᠦᠷᠴᠦ ᠂ ᠱᠠᠩᠬᠠᠢ ᠂ ᠵᠧᠵᠢᠶᠠᠩ ᠂ ᠵᠢᠶᠠᠩᠰᠤ ᠵᠡᠷᠭᠡ ᠮᠤᠵᠢ ᠬᠣᠲᠠ᠎ᠶᠢᠨ ᠣᠯᠠᠨ ᠭᠠᠵᠠᠷ᠎ᠤᠨ ᠲᠡᠯᠡᠶ᠎ᠶᠢᠨ ᠣᠷᠣᠨ᠎ᠳᠤ ᠳᠤᠮᠳᠠᠳᠤ᠎ᠶᠢᠨ ᠬᠢᠯᠢᠮ᠎ᠡ᠎ᠶᠢᠨ ᠲᠠᠷᠬᠠᠯᠲᠠ᠎ᠶᠢ ᠬᠢᠨᠠᠨ ᠬᠡᠮᠵᠢᠵᠦ ᠂ ᠬᠡᠭᠡᠷ᠎ᠡ᠎ᠶᠢᠨ ᠡᠬᠢ ᠪᠠᠶᠠᠯᠢᠭ᠋᠎ᠤᠨ ᠨᠥᠬᠥᠪᠦᠷᠢ ᠢᠯᠡᠳᠲᠡ ᠦᠷ᠎ᠡ ᠪᠦᠲᠦᠮᠵᠢ ᠣᠯᠵᠠᠢ ᠃
ᠬᠥᠬᠡᠮᠥ᠋ᠷᠡᠨ᠎ᠦ ᠭᠠᠬᠠᠢ ᠬᠠᠯᠢᠮᠤ᠎ᠶᠢᠨ ᠳᠦᠷᠰᠦ᠎ᠶᠢᠨ ᠰᠦᠷᠦᠭ᠎ᠦᠨ ᠲᠣᠭ᠎ᠠ ᠬᠡᠮᠵᠢᠶ᠎ᠡ ᠨᠢ ᠦᠷᠭᠦᠯᠵᠢᠯᠡᠨ ᠲᠣᠭᠲᠠᠭᠤᠨ ᠪᠠᠢᠳᠠᠯ᠎ᠲᠠᠢ ᠪᠠᠢᠨ᠎ᠠ ᠃ ᠬᠥᠬᠡᠮᠥ᠋ᠷᠡᠨ᠎ᠦ ᠭᠣᠣᠯ ᠤᠷᠤᠰᠬᠠᠯ ᠪᠠ ᡂᠢ ᠱᠦᠢ ᠾᠧ ᠭᠣᠣᠯ᠎ᠤᠨ ᠭᠣᠣᠯ ᠤᠷᠤᠰᠬᠠᠯ᠎ᠳᠤ ᠬᠥᠬᠡᠮᠥ᠋ᠷᠡᠨ᠎ᠦ ᠬᠢᠯᠢᠮ᠎ᠡ᠎ᠶᠢᠨ ᠪᠠᠢᠭᠠᠯᠢ᠎ᠶᠢᠨ ᠤᠰᠤᠨ ᠣᠷᠣᠨ᠎ᠤ ᠥᠨᠳᠡᠭᠡᠯᠡᠬᠦ ᠲᠠᠯᠠᠪᠠᠢ᠎ᠶᠢᠨ ᠥᠭᠡᠷᠡᠴᠢᠯᠡᠯᠲᠡ ᠪᠠ ᠪᠠᠢᠭᠠᠯᠢ᠎ᠶᠢᠨ ᠦᠷᠡᠵᠢᠯᠲᠡ᠎ᠶᠢᠨ ᠲᠤᠷᠰᠢᠯᠲᠠ᠎ᠶᠢ ᠬᠢᠵᠦ᠂ ᠦᠷᠡᠵᠢᠯᠲᠡ᠎ᠶᠢ ᠠᠮᠵᠢᠯᠲᠠ᠎ᠲᠠᠢ᠎ᠪᠠᠷ ᠬᠢᠨᠠᠨ ᠬᠡᠮᠵᠢᠵᠦ᠂ ᠬᠥᠬᠡᠮᠥ᠋ᠷᠡᠨ᠎ᠦ ᠬᠢᠯᠢᠮ᠎ᠡ᠎ᠶᠢᠨ ᠬᠡᠭᠡᠷ᠎ᠡ᠎ᠶᠢᠨ ᠳᠦᠷᠰᠦ᠎ᠶᠢᠨ ᠰᠦᠷᠦᠭ᠎ᠦᠨ ᠲᠠᠬᠢᠨ ᠪᠠᠢᠭᠤᠯᠤᠯᠲᠠ ᠵᠠᠩᠭᠢᠯᠠᠭ᠎ᠠ᠎ᠶᠢᠨ ᠠᠯᠬᠤᠮ᠎ᠢ ᠠᠯᠬᠤᠪᠠ᠃
ᠭᠡᠪᠡᠴᠦ ᠣᠯᠠᠨ ᠵᠦᠢᠯ᠎ᠦᠨ ᠬᠦᠴᠦᠨ ᠵᠦᠢᠯ᠎ᠦᠨ ᠨᠥᠯᠥᠭᠡ᠎ᠡᠴᠡ ᠪᠣᠯᠵᠤ ᠂ ᠣᠳᠣᠬᠠᠨ᠎ᠳᠤ ᠬᠣᠪᠣᠷ ᠴᠤᠬᠠᠭ ᠮᠥᠬᠥᠬᠦ ᠰᠢᠬᠠᠭᠰᠠᠨ ᠳᠦᠷᠰᠦ᠎ᠶᠢᠨ ᠰᠦᠷᠦᠭ᠎ᠦᠨ ᠰᠡᠷᠭᠦᠯᠲᠡ ᠤᠳᠠᠭᠠᠨ ᠪᠠᠢᠵᠤ ᠂ ᠳᠦᠷᠰᠦ᠎ᠶᠢᠨ ᠣᠷᠣᠰᠢᠨ ᠲᠣᠭᠲᠠᠨᠢᠬᠤ ᠬᠢᠮᠤᠷᠠᠯ ᠠᠷᠢᠯᠤᠭᠠᠳᠤᠢ ᠪᠠᠢᠭᠰᠠᠭᠠᠷ ᠃ ᠳᠤᠮᠳᠠᠳᠤ᠎ᠶᠢᠨ ᠬᠢᠯᠢᠮ᠎ᠡ᠎ᠶᠢ 8 ᠵᠢᠯ ᠳᠠᠷᠠᠭᠠᠯᠠᠨ ᠲᠡᠭᠦᠨ᠎ᠦ ᠪᠠᠢᠭᠠᠯᠢ᠎ᠶᠢᠨ ᠦᠷᠡᠵᠢᠯᠲᠡ᠎ᠶᠢ ᠬᠢᠨᠠᠨ ᠬᠡᠮᠵᠢᠵᠦ ᠣᠯᠣᠭᠰᠠᠨ ᠦᠭᠡᠢ ᠂ 2024 ᠣᠨ᠎ᠳᠤ ᠭᠧ ᠵᠧᠦ ᠪᠠ᠎ᠶᠢᠨ ᠳᠣᠣᠷ᠎ᠠ ᠭᠦᠷᠦᠭᠰᠡᠨ ᠵᠢᠭᠠᠰᠤᠨ᠎ᠤ ᠲᠣᠭ᠎ᠠ ᠨᠢ ᠵᠥᠪᠬᠡᠨ 10 ᠰᠡᠭᠦᠯ ᠪᠠᠢᠪᠠ ; ᠬᠡᠭᠡᠷ᠎ᠡ ᠭᠠᠳᠠᠨ᠎ᠠ ᠬᠢᠨᠠᠨ ᠬᠡᠮᠵᠢᠵᠦ ᠣᠯᠣᠭᠰᠠᠨ ᠬᠥᠬᠡᠮᠥ᠋ᠷᠡᠨ᠎ᠦ ᠬᠢᠯᠢᠮ᠎ᠡ ᠪᠣᠯ ᠴᠥᠮ ᠬᠥᠮᠥᠨ᠎ᠦ ᠬᠦᠴᠦ᠎ᠪᠡᠷ ᠲᠠᠯᠪᠢᠵᠤ ᠶᠠᠪᠤᠭᠤᠯᠤᠭᠰᠠᠨ ᠪᠣᠳᠠᠭᠠᠯᠢ ᠪᠡᠶ᠎ᠡ ᠮᠥᠨ ᠂ ᠬᠥᠬᠡᠮᠥ᠋ᠷᠡᠨ᠎ᠦ ᠬᠣᠪᠣᠷ ᠴᠤᠬᠠᠭ ᠮᠥᠬᠥᠬᠦ ᠰᠢᠬᠠᠭᠰᠠᠨ ᠪᠣᠳᠠᠰ᠎ᠤᠨ ᠳᠦᠷᠰᠦ᠎ᠶᠢᠨ ᠬᠠᠮᠠᠭᠠᠯᠠᠯᠲᠠ᠎ᠶᠢᠨ ᠪᠠᠢᠳᠠᠯ ᠮᠥᠨ ᠬᠦ᠌ ᠬᠦᠨᠳᠦ ᠨᠣᠴᠢᠲᠠᠢ ᠪᠠᠢᠨ᠎ᠠ᠃
ᠬᠥᠬᠡᠮᠥ᠋ᠷᠡᠨ᠎ᠦ ᠬᠣᠪᠣᠷ ᠴᠤᠬᠠᠭ ᠮᠥᠬᠥᠬᠦ ᠰᠢᠬᠠᠭᠰᠠᠨ ᠠᠮᠢᠳᠤ ᠪᠣᠳᠠᠰ᠎ᠤᠨ ᠳᠦᠷᠰᠦ᠎ᠶᠢᠨ ᠬᠠᠮᠠᠭᠠᠯᠠᠯᠲᠠ᠎ᠶᠢ ᠴᠢᠩᠭᠠᠳᠬᠠᠬᠤ᠎ᠶᠢᠨ ᠲᠥᠯᠥᠭᠡ᠂ ᠬᠣᠪᠣᠷ ᠴᠤᠬᠠᠭ ᠠᠮᠢᠳᠤ ᠪᠣᠳᠠᠰ᠎ᠤᠨ ᠳᠦᠷᠰᠦ᠎ᠶᠢ ᠠᠪᠤᠷᠠᠬᠤ ᠠᠵᠢᠯᠯᠠᠭᠠᠨ᠎ᠤ ᠲᠥᠯᠥᠪᠯᠡᠭᠡ᠎ᠶᠢ ᠰᠢᠯᠢᠳᠡᠭᠵᠢᠭᠦᠯᠦᠨ ᠲᠡᠰ ᠳᠡᠪᠰᠢᠭᠦᠯᠵᠦ᠂ ᠠᠪᠤᠷᠠᠬᠤ ᠠᠵᠢᠯᠯᠠᠭᠠᠨ᠎ᠤ ᠠᠷᠭ᠎ᠠ ᠬᠡᠮᠵᠢᠶ᠎ᠡ᠎ᠶᠢᠨ ᠡᠷᠴᠢᠮ᠎ᠢ ᠴᠢᠩᠭᠠᠷᠠᠭᠤᠯᠬᠤ ᠴᠢᠬᠤᠯᠠᠲᠠᠢ ᠪᠠᠢᠨ᠎ᠠ᠃ ᠵᠢᠱ᠌ᠢᠶᠡᠯᠡᠪᠡᠯ ᠂ ᠳᠤᠮᠳᠠᠳᠤ᠎ᠶᠢᠨ ᠬᠢᠯᠢᠮ᠎ᠡ᠎ᠶᠢᠨ ᠬᠥᠮᠥᠨ᠎ᠦ ᠬᠦᠴᠦ᠎ᠪᠡᠷ ᠡᠭᠦᠯᠳᠡᠷ ᠬᠠᠮᠠᠭᠠᠯᠠᠬᠤ ᠪᠠ ᠦᠷᠡᠵᠢᠭᠦᠯᠦᠨ ᠲᠠᠯᠪᠢᠵᠤ ᠶᠠᠪᠤᠭᠤᠯᠬᠤ ᠬᠡᠪᠴᠢᠶ᠎ᠡ᠎ᠶᠢ ᠦᠷᠭᠦᠯᠵᠢᠯᠡᠨ ᠥᠷᠭᠡᠳᠬᠡᠵᠦ ᠂ ᠳᠤᠮᠳᠠᠳᠤ᠎ᠶᠢᠨ ᠬᠢᠯᠢᠮ᠎ᠡ᠎ᠶᠢᠨ 《 ᠮᠥᠷᠡᠨ ︱ ᠲᠡᠯᠡᠶ ︱ ᠮᠥᠷᠡᠨ 》᠎ᠤ ᠳᠠᠭᠤᠷᠢᠶᠠᠮᠠᠯ ᠠᠮᠢᠳᠤᠷᠠᠯ᠎ᠤᠨ ᠲᠡᠦᠬᠡ᠎ᠶᠢᠨ ᠪᠤᠤᠬᠢᠶ᠎ᠠ᠎ᠪᠠᠷ ᠡᠭᠦᠯᠳᠡᠷ ᠬᠠᠮᠠᠭᠠᠯᠠᠬᠤ᠎ᠶᠢ ᠥᠷᠨᠢᠭᠦᠯᠦᠨ᠎ᠡ ; ᠬᠠᠮᠢᠶ᠎ᠠ ᠪᠦᠬᠦᠢ ᠮᠤᠵᠢ᠎ᠶᠢ ᠵᠣᠬᠢᠶᠠᠨ ᠪᠠᠢᠭᠤᠯᠵᠤ ᠤᠰᠤᠨ ᠳᠣᠣᠷᠠᠬᠢ ᠦᠯᠡᠳᠡᠭᠳᠡᠯ ᠲᠣᠣᠷ᠂ ᠵᠢᠭᠠᠰᠤᠨ᠎ᠤ ᠤᠲᠠᠰᠤ᠂ ᠵᠠᠩᠭᠤᠤ᠎ᠶᠢᠨ ᠭᠣᠬ᠎ᠠ ᠵᠡᠷᠭᠡ ᠨᠢᠭᠤᠭᠳᠠᠮᠠᠯ ᠰᠦᠷᠳᠡᠭᠦᠯᠦᠯ᠎ᠦᠨ ᠪᠣᠳᠠᠰ᠎ᠢ ᠴᠠᠭ ᠲᠤᠬᠠᠢ ᠳ᠋ᠤᠨᠢ ᠪᠠᠢᠴᠠᠭᠠᠨ ᠴᠡᠪᠡᠷᠯᠡᠨ᠎ᠡ; ᠬᠥᠬᠡᠮᠥ᠋ᠷᠡᠨ᠎ᠦ ᠬᠢᠯᠢᠮ᠎ᠡ᠎ᠶᠢᠨ ᠥᠨᠳᠡᠭᠡᠯᠡᠬᠦ ᠲᠠᠯᠠᠪᠠᠶ᠎ᠶᠢ ᠰᠡᠷᠭᠦᠭᠡᠬᠦ ᠪᠠ ᠠᠶᠠᠨ᠎ᠳᠠᠭᠠᠨ ᠦᠷᠡᠵᠢᠬᠦ ᠲᠤᠷᠰᠢᠯᠲᠠ᠎ᠶᠢ ᠭᠦᠨᠵᠡᠭᠡᠢ ᠲᠦᠯᠬᠢᠨ ᠠᠬᠢᠭᠤᠯᠵᠤ ᠂ ᠳᠦᠷᠰᠦ᠎ᠶᠢᠨ ᠰᠦᠷᠦᠭ᠎ᠦᠨ ᠥᠪᠡᠷ᠎ᠢ᠎ᠪᠡᠨ ᠬᠠᠮᠠᠭᠠᠯᠠᠬᠤ ᠴᠢᠳᠠᠪᠤᠷᠢ᠎ᠶᠢ ᠰᠡᠷᠭᠦᠭᠡᠬᠦ ᠵᠡᠷᠭᠡ᠎ᠶᠢ ᠲᠦᠯᠬᠢᠨ ᠠᠬᠢᠭᠤᠯᠤᠨ᠎ᠠ᠃