ᠣᠢᠷ᠎ᠠ᠎ᠳᠤ᠂ ᠱᠠᠨ ᠰᠢ ᠮᠤᠵᠢ ᠣᠷᠣᠨ ᠨᠤᠲᠤᠭ᠎ᠤᠨ ᠪᠠᠷᠢᠮᠵᠢᠶ᠎ᠠ 《 ᠵᠣᠯ ᠵᠢᠷᠭᠠᠯᠲᠤ ᠭᠣᠣᠯ ᠮᠥᠷᠡᠨ ᠨᠠᠭᠤᠷ ᠴᠥᠭᠥᠷᠥᠮ᠎ᠦᠨ ᠦᠨᠡᠯᠡᠯᠲᠡ᠎ᠶᠢᠨ ᠵᠢᠯᠤᠭᠣᠳᠬᠤ ᠳᠦᠷᠢᠮ 》 ( ᠪᠠᠷᠢᠮᠵᠢᠶ᠎ᠠ᠎ᠶᠢᠨ ᠳ᠋ᠤᠭᠠᠷ DB14/T 3518-20
25 ) ( ᠳᠣᠷᠣᠭ᠍ᠰᠢ 《 ᠵᠢᠯᠣᠭᠣᠳᠬᠤ ᠳᠦᠷᠢᠮ 》 ᠭᠡᠵᠦ ᠲᠣᠪᠴᠢᠯᠠᠨ᠎ᠠ )᠎ᠢ ᠨᠡᠢᠲᠡᠯᠡᠵᠦ ᠂ 2025 ᠣᠨ᠎ᠤ 11 ᠰᠠᠷ᠎ᠠ᠎ᠶᠢᠨ 1᠎ᠦ ᠡᠳᠦᠷ᠎ᠡᠴᠡ ᠵᠢᠩᠬᠢᠨᠢ᠎ᠪᠡᠷ ᠬᠡᠷᠡᠭᠵᠢᠭᠦᠯᠬᠦ᠎ᠪᠡᠷ ᠪᠠᠢᠨ᠎ᠠ᠃ ᠲᠣᠰ 《 ᠵᠢᠯᠤᠭᠣᠳᠬᠤ ᠳᠦᠷᠢᠮ 》᠎ᠳᠤ ᠵᠣᠯ ᠵᠢᠷᠭᠠᠯᠲᠤ ᠭᠣᠣᠯ ᠮᠥᠷᠡᠨ ᠨᠠᠭᠤᠷ ᠴᠥᠭᠥᠷᠥᠮ᠎ᠦᠨ ᠦᠨᠡᠯᠡᠯᠲᠡ᠎ᠶᠢᠨ ᠲᠣᠬᠢᠷᠠᠬᠤ ᠬᠡᠪᠴᠢᠶ᠎ᠡ ᠂ ᠨᠡᠷ᠎ᠡ ᠲᠣᠮᠢᠶ᠎ᠠ ᠪᠠ ᠲᠣᠮᠢᠶᠠᠯᠠᠯ᠂ ᠦᠨᠡᠯᠡᠬᠦ ᠠᠭᠤᠯᠭ᠎ᠠ᠂ ᠶᠡᠷᠦᠩᠬᠡᠢ ᠱᠠᠭᠠᠷᠳᠠᠯᠭ᠎ᠠ᠂ ᠦᠨᠡᠯᠡᠬᠦ ᠭᠦᠢᠴᠡᠳᠬᠡᠯ ᠲᠣᠭ᠎ᠠ᠂ ᠦᠨᠡᠯᠡᠬᠦ ᠠᠷᠭ᠎ᠠ ᠵᠡᠷᠭᠡ 7 ᠲᠠᠯ᠎ᠠ᠎ᠪᠠᠷ ᠲᠣᠭᠲᠠᠭᠠᠯ ᠭᠠᠷᠭᠠᠪᠠ᠃ ᠦᠨᠡᠯᠡᠬᠦ ᠠᠭᠤᠯᠭ᠎ᠠ᠎ᠳᠤ ᠦᠶᠡᠷ᠎ᠢ ᠰᠡᠷᠭᠡᠢᠯᠡᠵᠦ ᠠᠮᠤᠷ ᠲᠦᠪᠰᠢᠨ᠎ᠢ ᠪᠠᠲᠤᠯᠠᠬᠤ᠂ ᠴᠢᠨᠠᠷ ᠰᠠᠢᠲᠠᠢ ᠤᠰᠤᠨ᠎ᠤ ᠡᠬᠢ ᠪᠠᠶᠠᠯᠢᠭ᠋᠂ ᠣᠷᠣᠰᠢᠨ ᠰᠠᠭᠤᠬᠤ᠎ᠳᠤ ᠲᠣᠬᠢᠷᠠᠮᠵᠢᠲᠠᠢ ᠤᠰᠤᠨ᠎ᠤ ᠣᠷᠴᠢᠨ ᠲᠣᠭᠣᠷᠢᠨ᠂ ᠡᠷᠡᠭᠦᠯ ᠤᠰᠤᠨ᠎ᠤ ᠠᠮᠢ ᠠᠬᠤᠢ᠂ ᠲᠡᠷᠢᠭᠦᠨ᠎ᠦ ᠤᠰᠤᠨ᠎ᠤ ᠰᠣᠶᠣᠯ᠂ ᠪᠣᠬᠢᠷᠲᠤᠯ ᠦᠭᠡᠢ ᠤᠰᠤᠨ᠎ᠤ ᠠᠵᠤ ᠠᠬᠤᠢ᠂ ᠰᠢᠨᠵᠢᠯᠡᠬᠦ ᠤᠬᠠᠭᠠᠨᠴᠢ ᠤᠰᠤᠨ᠎ᠤ ᠬᠠᠮᠢᠶᠠᠷᠤᠯᠲᠠ ᠵᠢᠴᠢ ᠤᠯᠠᠨ ᠨᠡᠶ᠋ᠢᠲᠡ᠎ᠶᠢᠨ ᠬᠠᠨᠤᠮᠵᠢ᠎ᠶᠢᠨ ᠬᠡᠮᠵᠢᠶ᠎ᠡ ᠵᠡᠷᠭᠡ 8 ᠨᠢᠭᠡᠳᠦᠭᠡᠷ ᠳᠡᠰ᠎ᠤᠨ ᠭᠦᠢᠴᠡᠳᠬᠡᠯ ᠲᠣᠭ᠎ᠠ ᠪᠠ 22 ᠬᠣᠶᠠᠳᠤᠭᠠᠷ ᠳᠡᠰ᠎ᠤᠨ ᠭᠦᠢᠴᠡᠳᠬᠡᠯ ᠲᠣᠭ᠎ᠠ ᠪᠠᠭᠲᠠᠨ᠎ᠠ᠃ ᠡᠭᠦᠨ᠎ᠦ ᠵᠣᠷᠢᠯᠭ᠎ᠠ ᠨᠢ ᠪᠦᠬᠦ ᠲᠠᠯ᠎ᠠ᠎ᠶᠢᠨ ᠂ ᠰᠢᠨᠵᠢᠯᠡᠬᠦ ᠤᠬᠠᠭᠠᠨᠴᠢ ᠦᠨᠡᠯᠡᠯᠲᠡ᠎ᠪᠡᠷ ᠳᠠᠮᠵᠢᠭᠤᠯᠤᠨ ᠂ ᠱᠠᠨ ᠰᠢ ᠮᠤᠵᠢ᠎ᠶᠢᠨ ᠭᠣᠣᠯ ᠮᠥᠷᠡᠨ ᠨᠠᠭᠤᠷ ᠴᠥᠭᠥᠷᠥᠮ᠎ᠦᠨ ᠵᠠᠰᠠᠯᠲᠠ᠎ᠶᠢᠨ 《 ᠠᠮᠤᠷ ᠲᠦᠪᠰᠢᠨ᠎ᠢ ᠪᠠᠲᠤᠯᠠᠬᠤ ᠂ ᠠᠮᠢ ᠠᠬᠤᠢ᠎ᠶᠢ ᠬᠠᠮᠠᠭᠠᠯᠠᠬᠤ 》᠎ᠠᠴᠠ 《 ᠠᠵᠠ ᠵᠢᠷᠭᠠᠯ᠎ᠢ ᠨᠡᠮᠡᠭᠳᠡᠭᠦᠯᠬᠦ ᠂ ᠬᠥᠭᠵᠢᠯᠲᠡ᠎ᠶᠢ ᠠᠬᠢᠭᠤᠯᠬᠤ 》 ᠨᠡᠩ ᠥᠨᠳᠥᠷ ᠳᠡᠰ ᠳᠠᠪᠬᠤᠷᠭ᠎ᠠ ᠵᠦᠭ ᠤᠷᠤᠭᠰᠢᠯᠠᠬᠤ᠎ᠶᠢ ᠲᠦᠯᠬᠢᠨ ᠠᠬᠢᠭᠤᠯᠵᠤ᠂ ᠠᠷᠠᠳ ᠣᠯᠠᠨ᠎ᠤ ᠬᠦᠷᠲᠡᠮᠵᠢ᠎ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ᠎ᠦ ᠲᠥᠷᠥᠭᠳᠡᠯ᠎ᠢ ᠦᠨᠡᠨ ᠬᠦ᠌ ᠨᠡᠮᠡᠭᠳᠡᠭᠦᠯᠬᠦ᠎ᠶᠢᠨ ᠲᠥᠯᠥᠭᠡ ᠶᠤᠮ᠃