ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠤᠵᠢ ᠬᠤᠲᠠ᠎ᠶᠢᠨ ᠮᠡᠳᠡᠭᠡ
ᠱᠠᠩᠬᠠᠢ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠡᠬᠢ ᠦᠢᠯᠡᠴᠢᠯᠡᠭᠡᠨ᠎ᠦ ᠬᠢᠷᠢ ᠲᠦᠪᠰᠢᠨ᠎ᠢᠶᠡᠨ ᠦᠷᠭᠦᠯᠵᠢᠯᠡᠨ ᠳᠡᠭᠡᠭᠰᠢᠯᠡᠭᠦᠯᠪᠡ
ᠨᠡᠶ᠋ᠢᠲᠡᠯᠡᠭᠰᠡᠨ ᠴᠠᠭ᠄ 2025-12-10

      ᠱᠠᠩᠬᠠᠢ ᠬᠣᠲᠠ᠎ᠶᠢᠨ ᠮᠢᠨ ᠬᠠᠩ ᠲᠣᠭᠣᠷᠢᠭ᠋᠎ᠤᠨ ᠷᠦᠢ ᠵᠢᠨ ᠡᠮᠨᠡᠯᠭᠡ᠎ᠶᠢᠨ ᠬᠣᠷᠢᠶᠠᠨ᠎ᠤ ᠰᠢᠨ᠎ᠡ ᠡᠮᠨᠡᠯᠭᠡ᠎ᠶᠢᠨ ᠬᠣᠷᠢᠶᠠᠨ᠎ᠤ ᠪᠠᠷᠢᠯᠭ᠎ᠠ᠎ᠶᠢᠨ ᠭᠠᠵᠠᠷ᠎ᠲᠤ᠂ ᠣᠷᠴᠢᠨ ᠲᠣᠭᠣᠷᠢᠨ᠎ᠤ ᠨᠥᠯᠥᠭᠡᠯᠡᠯ᠎ᠦᠨ ᠦᠨᠡᠯᠡᠯᠲᠡ᠎ᠶᠢᠨ ᠬᠠᠷᠢᠭᠤᠴᠠᠯᠭᠠᠲᠠᠨ ᠲᠦᠷᠦᠭᠦᠬᠡᠨ ᠬᠢᠭᠰᠡᠨ ᠬᠢᠨᠠᠨ ᠵᠥᠪᠰᠢᠶᠡᠷᠡᠬᠦ ᠶᠠᠪᠤᠴᠠ᠎ᠶᠢ ᠮᠥᠨ ᠲᠣᠳᠣᠷᠬᠠᠢ ᠴᠡᠭᠡᠵᠢᠯᠡᠭᠰᠡᠭᠡᠷ ᠪᠠᠢᠨ᠎ᠠ᠄ 《 ᠲᠣᠭᠣᠷᠢᠭ᠋᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠶᠢᠨ ᠪᠥᠬᠥ ᠶᠠᠪᠤᠴᠠ᠎ᠶᠢᠨ ᠵᠢᠯᠣᠭᠣᠳᠤᠯᠭ᠎ᠠ ᠳᠣᠣᠷ᠎ᠠ᠂ ᠪᠢᠳᠡ 〈 ᠨᠢᠭᠡ ᠰᠦᠯᠵᠢᠶ᠎ᠡ᠎ᠪᠡᠷ ᠨᠡᠢᠳᠡᠮ ᠭᠦᠢᠴᠡᠳᠬᠡᠬᠦ 〉 ᠪᠡᠷ ᠳᠠᠮᠵᠢᠭᠤᠯᠤᠨ ᠭᠦᠢᠴᠡᠳᠬᠡᠵᠦ ᠂ ᠪᠥᠬᠥ ᠶᠠᠪᠤᠴᠠ᠎ᠳᠤ ᠨᠢᠭᠡ ᠴᠦ᠍ ᠤᠳᠠᠭ᠎ᠠ ᠭᠦᠶᠦᠭᠰᠡᠨ ᠦᠭᠡᠢ᠂ 3 ᠠᠵᠢᠯᠯᠠᠬᠤ ᠡᠳᠦᠷ᠎ᠲᠦ ᠳᠠᠷᠤᠢ ᠬᠢᠨᠠᠨ ᠵᠥᠪᠰᠢᠶᠡᠷᠡᠭᠰᠡᠨ ᠦᠷ᠎ᠡ ᠳ᠋ᠦᠩ᠎ᠢ ᠣᠯᠣᠭᠰᠠᠨ ᠪᠠᠢᠨ᠎ᠠ 》᠃

      ᠠᠵᠤ ᠠᠬᠤᠢᠯᠠᠯ᠎ᠢ ᠭᠠᠢᠬᠠᠭᠤᠯᠤᠭᠰᠠᠨ 《 ᠱᠠᠩᠬᠠᠢ᠎ᠶᠢᠨ ᠬᠤᠷᠳᠤᠴᠠ 》 ᠪᠣᠯ ᠱᠠᠩᠬᠠᠢ᠎ᠶᠢᠨ ᠣᠢᠷ᠎ᠠ᠎ᠶᠢᠨ ᠵᠢᠯ᠎ᠦᠨ ᠲᠤᠷᠰᠢᠬᠢ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ ᠪᠣᠯᠣᠨ ᠬᠤᠳᠤᠯᠳᠤᠭ᠎ᠠ ᠡᠷᠬᠢᠯᠡᠬᠦ ᠣᠷᠴᠢᠨ ᠲᠣᠭᠣᠷᠢᠨ᠎ᠤ ᠰᠢᠯᠢᠳᠡᠭᠵᠢᠯᠲᠡ᠎ᠶᠢ ᠬᠠᠮᠵᠢᠯᠴᠠᠨ ᠤᠷᠤᠭᠰᠢᠯᠠᠭᠤᠯᠬᠤ᠎ᠶᠢ ᠠᠬᠢᠭᠤᠯᠤᠭᠰᠠᠨ ᠠᠮᠢᠳᠤᠯᠢᠭ᠋ ᠬᠤᠷᠢᠶᠠᠩᠭᠤᠢ ᠳᠦᠷᠰᠦ ᠪᠣᠯᠣᠨ᠎ᠠ᠃

      ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ ᠣᠳᠣᠬᠠᠨ᠎ᠳᠤ᠂ ᠪᠥᠬᠥ ᠬᠣᠲᠠ᠎ᠶᠢᠨ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠬᠢᠨᠠᠨ ᠵᠥᠪᠰᠢᠶᠡᠷᠡᠯ᠎ᠳᠦ ᠬᠣᠯᠪᠣᠭᠳᠠᠬᠤ 1/3 ᠣᠷᠴᠢᠮ᠎ᠤᠨ ᠲᠥᠷᠥᠯ ᠵᠦᠢᠯ ᠨᠢ ᠮᠡᠳᠡᠭᠳᠡᠭᠰᠡᠨ ᠠᠮᠠᠯᠠᠯᠲᠠ᠎ᠪᠠᠷ᠎ᠢᠶᠠᠨ 《 ᠲᠡᠷᠡ ᠳᠠᠷᠤᠢ ᠳ᠋ᠤᠨᠢ ᠭᠦᠢᠴᠡᠳᠬᠡᠵᠦ ᠂ ᠨᠢᠭᠡ ᠯᠡ ᠡᠳᠦᠷ᠎ᠲᠦ ᠭᠦᠢᠴᠡᠳᠬᠡᠵᠦ ᠳᠠᠭᠤᠰᠬᠠᠬᠤ 》 ᠶ᠋ᠢ ᠪᠡᠶᠡᠯᠡᠭᠦᠯᠵᠦ ᠪᠠᠢᠨ᠎ᠠ᠃ ᠡᠨᠡ ᠵᠢᠯ᠎ᠦᠨ 8 ᠳ᠋ᠤᠭᠠᠷ ᠰᠠᠷ᠎ᠠ ᠪᠣᠯᠲᠠᠯ᠎ᠠ ᠂ ᠣᠷᠴᠢᠨ ᠲᠣᠭᠣᠷᠢᠨ᠎ᠤ ᠲᠣᠭᠲᠠᠭᠠᠯ᠎ᠠᠴᠠ ᠵᠥᠷᠢᠴᠡᠭᠰᠡᠨ 145 ᠬᠥᠩᠭᠡᠨ ᠠᠵᠢᠯᠯᠠᠭ᠎ᠠ᠎ᠳᠤ ᠵᠠᠰᠠᠭ ᠵᠠᠬᠢᠷᠭᠠᠨ᠎ᠤ ᠰᠢᠢᠳᠬᠡᠯ ᠥᠯᠥ ᠥᠭᠬᠦ ᠲᠣᠭᠲᠠᠭᠠᠯ ᠭᠠᠷᠭᠠᠵᠤ᠂ ᠲᠣᠷᠭᠠᠭᠤᠯᠢ᠎ᠠᠴᠠ ᠬᠡᠯᠲᠦᠷᠢᠭᠦᠯᠦᠭᠰᠡᠨ ᠵᠣᠭᠣᠰ᠎ᠤᠨ ᠲᠣᠭ᠎ᠠ ᠨᠢ 1081 ᠲᠦᠮᠡᠨ ᠲᠥᠭᠥᠷᠢᠭ᠎ᠢ ᠳᠠᠪᠠᠵᠠᠢ ; ᠠᠵᠤ ᠠᠬᠤᠢᠯᠠᠯ᠎ᠳᠤ ᠬᠣᠯᠪᠣᠭᠳᠠᠭᠰᠠᠨ ᠠᠮᠢ ᠠᠬᠤᠢ ᠣᠷᠴᠢᠨ ᠲᠣᠭᠣᠷᠢᠨ᠎ᠤ ᠪᠠᠢᠴᠠᠭᠠᠯᠲᠠ᠎ᠶᠢᠨ ᠲᠣᠭ᠎ᠠ ᠨᠢ ᠨᠢᠳᠤᠨᠤᠨ᠎ᠤ ᠬᠢ᠎ᠡᠴᠡ 15.6% ᠪᠡᠷ ᠪᠠᠭᠠᠰᠤᠭᠰᠠᠨ ᠪᠣᠯᠪᠠᠴᠤ ᠠᠰᠠᠭᠤᠳᠠᠯ᠎ᠢ ᠢᠯᠡᠷᠡᠭᠦᠯᠦᠭᠰᠡᠨ ᠨᠣᠷᠮ᠎ᠠ ᠨᠢ 22% ᠪᠠᠢᠭᠰᠠᠨ᠎ᠠᠴᠠ᠎ᠪᠠᠨ ᠳᠡᠭᠡᠭᠰᠢᠯᠡᠭᠡᠳ 30.7% ᠪᠣᠯᠵᠠᠢ᠃

      《 ᠪᠢᠳᠡ 〈 ᠠᠮᠢ ᠠᠬᠤᠢ᠎ᠶᠢᠨ ᠬᠣᠷᠢᠭ᠎ᠠ ᠱᠤᠭᠤᠮ᠎ᠢ ᠪᠠᠲᠤ ᠰᠠᠬᠢᠬᠤ 〉 ᠪᠣᠯᠣᠨ 〈 ᠠᠵᠤ ᠠᠬᠤᠢᠯᠠᠯ᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠬᠦ 〉 ᠶ᠋ᠢ ᠵᠡᠷᠭᠡ᠎ᠪᠡᠷ ᠠᠳᠬᠤᠬᠤ᠎ᠶᠢ ᠢᠮᠠᠭᠲᠠ ᠪᠠᠷᠢᠮᠲᠠᠯᠠᠵᠤ᠂ ᠪᠦᠬᠦ ᠬᠡᠯᠬᠢᠶ᠎ᠡ᠎ᠶᠢᠨ ᠥᠭᠡᠷᠡᠴᠢᠯᠡᠯᠲᠡ᠎ᠪᠡᠷ ᠳᠠᠮᠵᠢᠭᠤᠯᠤᠨ ᠪᠣᠬᠢᠷᠲᠤᠯ ᠦᠭᠡᠢ ᠬᠥᠭᠵᠢᠯᠲᠡ᠎ᠶᠢ ᠠᠵᠤ ᠠᠬᠤᠢᠯᠠᠯ᠎ᠤᠨ ᠬᠥᠭᠵᠢᠯᠲᠡ᠎ᠲᠠᠢ ᠵᠡᠷᠭᠡ᠎ᠪᠡᠷ ᠬᠥᠭᠵᠢᠭᠦᠯᠦᠨ᠎ᠡ 》 ᠭᠡᠵᠦ ᠱᠠᠩᠬᠠᠢ ᠬᠤᠳᠠ᠎ᠶᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠶᠢᠨ ᠬᠠᠤᠯᠢ ᠲᠣᠭᠲᠠᠭᠠᠯ᠎ᠤᠨ ᠭᠠᠵᠠᠷ᠎ᠤᠨ ᠳᠠᠷᠤᠭ᠎ᠠ ᠾᠧ ᠶᠦᠨ ᠬᠡᠯᠡᠪᠡ᠃

      《 ᠥᠩᠭᠡᠷᠡᠭᠰᠡᠨ᠎ᠳᠦ ᠣᠷᠴᠢᠨ ᠲᠣᠭᠣᠷᠢᠨ᠎ᠤ ᠨᠥᠯᠥᠭᠡ᠎ᠶᠢᠨ ᠦᠨᠡᠯᠡᠯᠲᠡ ᠬᠢᠬᠦ᠎ᠳᠦ ᠮᠠᠲᠧᠷᠢᠶᠠᠯ ᠪᠡᠯᠡᠳᠬᠡᠬᠦ᠎ᠳᠦ ᠳᠠᠷᠤᠢ ᠬᠡᠳᠦ ᠤᠳᠠᠭ᠎ᠠ ᠭᠦᠶᠦᠳᠡᠭ ᠪᠠᠢᠵᠠᠢ᠂ ᠬᠢᠨᠠᠨ ᠵᠥᠪᠰᠢᠶᠡᠷᠡᠬᠦ᠎ᠳᠦ ᠬᠣᠶᠠᠷ ᠰᠠᠷ᠎ᠠ᠎ᠶᠢᠨ ᠬᠤᠭᠤᠴᠠᠭ᠎ᠠ ᠬᠡᠷᠡᠭᠰᠡᠳᠡᠭ ᠪᠠᠢᠭᠰᠠᠨ ᠪᠣᠯ ᠣᠳᠣᠬᠠᠨ᠎ᠳᠤ ᠮᠠᠲᠧᠷᠢᠶᠠᠯ᠎ᠢ ᠶᠡᠬᠡ ᠬᠡᠮᠵᠢᠶ᠎ᠡ᠎ᠪᠡᠷ ᠴᠣᠮᠬᠠᠳᠬᠠᠵᠤ᠂ ᠰᠦᠯᠵᠢᠶᠡᠨ ᠳᠡᠭᠡᠷ᠎ᠡ ᠲᠤᠰᠢᠶᠠᠵᠤ ᠂ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠵᠦ᠂ ᠮᠠᠰᠢ ᠲᠦᠷᠭᠡᠨ ᠰᠢᠢᠳᠪᠦᠷᠢᠯᠡᠨ ᠳᠠᠭᠤᠰᠬᠠᠬᠤ ᠪᠣᠯᠵᠠᠢ 》 ᠭᠡᠵᠦ ᠣᠯᠠᠨ ᠵᠢᠯ ᠲᠥᠷᠥᠯ ᠵᠦᠢᠯ᠎ᠦᠨ ᠯᠠᠪᠯᠠᠯᠲᠠ ᠬᠢᠭᠰᠡᠨ ᠨᠢᠭᠡ ᠠᠵᠢᠯᠲᠠᠨ ᠣᠷᠴᠢᠨ ᠲᠣᠭᠣᠷᠢᠨ᠎ᠤ ᠨᠥᠯᠥᠭᠡᠯᠡᠯ᠎ᠦᠨ ᠦᠨᠡᠯᠡᠯᠲᠡ᠎ᠶᠢᠨ ᠥᠭᠡᠷᠡᠴᠢᠯᠡᠯᠲᠡ᠎ᠡᠴᠡ ᠪᠣᠯᠤᠭᠰᠠᠨ ᠬᠤᠪᠢᠷᠠᠯᠲᠠ᠎ᠶᠢ ᠨᠠᠷᠢᠨ ᠲᠣᠭᠠᠴᠢᠵᠤ ᠪᠠᠢᠨ᠎ᠠ᠃ ᠠᠵᠤ ᠠᠬᠤᠢᠯᠠᠯ᠎ᠤᠨ ᠲᠤᠰᠬᠠᠯ ᠴᠢᠩᠭ᠎ᠠ ᠪᠠᠢᠭ᠎ᠠ ᠴᠠᠭ ᠤᠷᠲᠤ᠂ ᠥᠪᠡᠷ᠎ᠦᠨ ᠥᠷᠲᠡᠭ ᠥᠨᠳᠥᠷ ᠪᠠᠢᠭ᠎ᠠ ᠡᠪᠡᠷᠰᠢᠶᠡᠯ᠎ᠳᠦ ᠴᠢᠭᠯᠡᠭᠦᠯᠦᠨ᠂ ᠱᠠᠩᠬᠠᠢ ᠬᠣᠲᠠ᠎ᠶᠢᠨ ᠬᠢᠨ 《 ᠳᠥᠷᠪᠡ᠎ᠶᠢ ᠪᠠᠭᠠᠰᠬᠠᠬᠤ 》 ᠥᠭᠡᠷᠡᠴᠢᠯᠡᠯᠲᠡ᠎ᠪᠡᠷ ᠠᠵᠤ ᠦᠢᠯᠡᠰ᠎ᠦᠨ ᠲᠥᠷᠥᠯ ᠵᠦᠢᠯ᠎ᠦᠨ ᠨᠠᠢᠳᠠᠪᠤᠷᠢᠵᠢᠭᠤᠯᠤᠯᠲᠠ᠎ᠶᠢᠨ 《 ᠳᠤᠮᠳᠠᠬᠢ ᠲᠦᠭᠵᠢᠷᠡᠯ 》᠎ᠢ ᠨᠡᠪᠲᠡᠷᠡᠭᠦᠯᠵᠡᠢ᠃

      ᠲᠦᠷᠦᠯ ᠵᠦᠢᠯ᠎ᠢ ᠬᠠᠰᠤᠵᠤ᠂ 《 ᠪᠠᠭ᠎ᠠ ᠶᠠᠪᠤᠳᠠᠯ᠎ᠳᠦ ᠳᠡᠩᠰᠡᠯᠭᠡᠬᠦ ᠦᠭᠡᠢ 》 ᠪᠣᠯᠭᠠᠨ᠎ᠠ᠃ ᠣᠷᠴᠢᠨ ᠲᠣᠭᠣᠷᠢᠨ᠎ᠤ ᠨᠥᠯᠥᠭᠡᠯᠡᠯ᠎ᠢᠶᠡᠷ ᠪᠠᠭ᠎ᠠ᠂ ᠠᠶᠤᠯ ᠲᠦᠭᠰᠢᠭᠦᠷᠢ᠎ᠶᠢ ᠡᠵᠡᠮᠳᠡᠵᠦ ᠪᠣᠯᠬᠤ 46 ᠲᠦᠷᠦᠯ᠎ᠦᠨ ᠲᠥᠷᠥᠯ ᠵᠦᠢᠯᠡᠰ᠎ᠲᠦ ᠣᠷᠴᠢᠨ ᠲᠣᠭᠣᠷᠢᠨ᠎ᠤ ᠨᠥᠯᠥᠭᠡᠯᠡᠯ᠎ᠦᠨ ᠦᠨᠡᠯᠡᠯᠲᠡ᠎ᠶᠢ ᠰᠢᠭᠤᠳ ᠬᠡᠯᠲᠦᠷᠢᠭᠦᠯᠵᠦ ᠂ ᠠᠵᠤ ᠠᠬᠤᠢᠯᠠᠯ᠎ᠤᠳ ᠬᠢᠨᠠᠨ ᠵᠥᠪᠰᠢᠶᠡᠷᠡᠬᠦ ᠶᠠᠪᠤᠴᠠ᠎ᠶᠢ ᠲᠠᠬᠢᠨ ᠭᠦᠢᠴᠡᠳᠬᠡᠬᠦ ᠴᠢᠬᠤᠯᠠ ᠦᠭᠡᠢ ᠪᠠᠢᠵᠤ᠂ ᠶᠡᠬᠡ ᠬᠡᠮᠵᠢᠶᠡᠨ᠎ᠦ ᠴᠠᠭ᠎ᠤᠨ ᠪᠠ ᠥᠪᠡᠷ᠎ᠦᠨ ᠦᠷᠳᠡᠭ᠎ᠢ ᠠᠷᠪᠢᠯᠠᠨ᠎ᠠ᠃ ᠮᠠᠲᠧᠷᠢᠶᠠᠯ ᠴᠣᠮᠬᠠᠳᠬᠠᠬᠤ᠂ 《 ᠲᠣᠭ᠎ᠠ ᠪᠠᠷᠢᠮᠲᠠ᠎ᠶᠢ ᠢᠯᠡᠭᠦᠬᠡᠨ ᠭᠦᠶᠦᠯᠭᠡᠨ᠎ᠡ 》 ᠃ 《 ᠨᠢᠭᠡ ᠰᠦᠯᠵᠢᠶ᠎ᠡ᠎ᠪᠡᠷ ᠨᠡᠢᠳᠡᠮ ᠭᠦᠢᠴᠡᠳᠬᠡᠬᠦ 》᠎ᠳᠤ ᠲᠦᠰᠢᠭᠯᠡᠨ 《 ᠨᠢᠭᠤᠷᠳᠠᠬᠤ ᠦᠭᠡᠢ᠎ᠪᠡᠷ ᠬᠢᠨᠠᠨ ᠵᠥᠪᠰᠢᠶᠡᠷᠡᠬᠦ 》᠂ ᠡᠯᠧᠺᠲᠷᠣᠨ ᠮᠠᠲᠧᠷᠢᠶᠠᠯ᠎ᠢ ᠬᠠᠮᠲᠤ᠎ᠪᠠᠷ ᠭᠥᠷᠳᠡᠵᠦ ᠬᠠᠷᠢᠯᠴᠠᠨ ᠮᠡᠳᠡᠷᠡᠬᠦ᠎ᠶᠢ ᠪᠡᠶᠡᠯᠡᠭᠦᠯᠵᠦ᠂ ᠠᠵᠤ ᠠᠬᠤᠢᠯᠠᠯ᠎ᠤᠨ ᠮᠠᠲᠧᠷᠢᠶᠠᠯ ᠪᠡᠯᠡᠳᠬᠡᠬᠦ ᠴᠠᠭ᠎ᠢ ᠶᠡᠬᠡ᠎ᠪᠡᠷ ᠪᠣᠭᠣᠨᠢᠰᠬᠠᠨ᠎ᠠ᠃ ᠴᠠᠭ ᠬᠤᠭᠤᠴᠠᠭ᠎ᠠ᠎ᠶᠢ ᠪᠠᠭᠠᠰᠬᠠᠵᠤ᠂ 《 ᠦᠷ᠎ᠡ ᠪᠦᠲᠦᠮᠵᠢ᠎ᠶᠢ ᠳᠠᠬᠢᠨ ᠲᠦᠷᠭᠡᠳᠬᠡᠨ᠎ᠡ 》᠃ ᠣᠷᠴᠢᠨ ᠲᠣᠭᠣᠷᠢᠨ᠎ᠤ ᠨᠥᠯᠥᠭᠡᠯᠡᠯ᠎ᠦᠨ ᠬᠢᠨᠠᠨ ᠲᠣᠭᠲᠠᠭᠠᠯᠲᠠ᠎ᠶᠢ ᠵᠥᠪᠰᠢᠶᠡᠷᠡᠬᠦ ᠴᠠᠭ᠎ᠤᠨ ᠬᠢᠵᠠᠭᠠᠷ᠎ᠢ ᠬᠠᠤᠯᠢ᠎ᠪᠠᠷ ᠲᠣᠭᠲᠠᠭᠠᠭᠰᠠᠨ ᠴᠠᠭ᠎ᠤᠨ ᠬᠢᠵᠠᠭᠠᠷ᠎ᠤᠨ ᠬᠠᠭᠠᠰ᠎ᠢᠶᠠᠷ ᠪᠠᠭᠠᠰᠬᠠᠵᠤ᠂ ᠮᠡᠳᠡᠭᠦᠯᠦᠯᠲᠡ᠎ᠶᠢᠨ ᠪᠢᠴᠢᠭ᠎ᠢ 60 ᠡᠳᠦᠷ᠎ᠡᠴᠡ 30 ᠡᠳᠦᠷ ᠣᠷᠴᠢᠮ ᠪᠣᠯᠭᠠᠨ ᠪᠠᠭᠠᠰᠬᠠᠵᠤ᠂ ᠮᠡᠳᠡᠭᠦᠯᠦᠯᠲᠡ᠎ᠶᠢᠨ ᠬᠦᠰᠦᠨᠦᠭᠲᠦ᠎ᠶᠢ 30 ᠡᠳᠦᠷ᠎ᠡᠴᠡ 15 ᠡᠳᠦᠷ ᠣᠷᠴᠢᠮ ᠪᠣᠯᠭᠠᠨ ᠪᠠᠭᠠᠰᠬᠠᠵᠤ᠂ ᠬᠡᠰᠡᠭ ᠲᠥᠬᠥᠮ ᠵᠦᠢᠯᠡᠰ᠎ᠢ 《ᠲᠣᠰ ᠡᠳᠦᠷ ᠲᠦ᠍ᠨᠢ ᠭᠥᠯᠢᠶᠡᠨ ᠠᠪᠴᠤ᠂ ᠲᠣᠰ ᠡᠳᠦᠷ ᠲᠦ᠍ᠨᠢ ᠰᠢᠢᠳᠪᠦᠷᠢᠯᠡᠵᠦ ᠳᠠᠭᠤᠰᠬᠠᠬᠤ》᠎ᠶᠢ ᠪᠡᠶᠡᠯᠡᠭᠦᠯᠪᠡ᠃ ᠭᠣᠭᠴᠣᠭ᠎ᠠ᠎ᠶᠢ ᠪᠠᠭᠠᠰᠬᠠᠵᠤ᠂ 《ᠨᠢᠭᠡ ᠯᠡ ᠤᠳᠠᠭ᠎ᠠ᠎ᠳᠤ ᠭᠦᠢᠴᠡᠳᠬᠡᠵᠦ ᠲᠡᠢᠯᠬᠦ》᠎ᠶᠢ ᠪᠡᠶᠡᠯᠡᠭᠦᠯᠦᠨ᠎ᠡ᠃ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡ᠎ᠶᠢᠨ ᠦᠨᠡᠯᠡᠯᠲᠡ ᠬᠢᠭᠡᠳ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠦᠨ 《ᠬᠣᠶᠠᠷ ᠦᠨᠡᠮᠯᠡᠯ᠎ᠢ ᠨᠢᠭᠡᠳᠬᠡᠬᠦ》᠎ᠶᠢ ᠬᠡᠷᠡᠭᠵᠢᠭᠦᠯᠵᠦ᠂ ᠨᠢᠭᠡ ᠢᠵᠢ ᠮᠠᠲᠧᠷᠢᠶᠠᠯ᠎ᠢ ᠨᠢᠭᠡ ᠯᠡ ᠤᠳᠠᠭ᠎ᠠ᠎ᠳᠤ ᠬᠢᠨᠠᠨ ᠵᠥᠪᠰᠢᠶᠡᠷᠡᠪᠡᠯ ᠳᠠᠷᠤᠢ ᠬᠣᠶᠠᠷ ᠵᠦᠢᠯ᠎ᠦᠨ ᠲᠤᠬᠠᠢᠯᠠᠭᠰᠠᠨ ᠠᠵᠢᠯ᠎ᠢ ᠪᠡᠶᠡᠯᠡᠭᠦᠯᠵᠦ ᠪᠣᠯᠣᠨ᠎ᠠ᠂ ᠣᠳᠣᠬᠠᠨ᠎ᠳᠤ ᠨᠢᠭᠡᠨᠲᠡ 200 ᠰᠢᠬᠠᠮ ᠵᠦᠢᠯᠡᠰ᠎ᠲᠦ ᠠᠰᠢᠭ᠋ ᠬᠦᠷᠲᠡᠭᠡᠵᠦ᠂ ᠬᠢᠨᠠᠨ ᠵᠥᠪᠰᠢᠶᠡᠷᠡᠬᠦ ᠦᠶᠡᠯᠡᠯ᠎ᠦᠨ ᠬᠤᠭᠤᠴᠠᠭ᠎ᠠ᠎ᠶᠢ ᠳᠤᠮᠳᠠᠴᠢ᠎ᠪᠠᠷ ᠪᠣᠭᠣᠨᠢᠰᠬᠠᠪᠠ᠃

      ᠡᠭᠦᠨ᠎ᠦ ᠰᠠᠭᠤᠷᠢᠨ ᠳᠡᠭᠡᠷ᠎ᠡ᠂ ᠱᠠᠩᠬᠠᠢ 《 ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡ᠎ᠶᠢᠨ ᠦᠨᠡᠯᠡᠯᠲᠡ +》 ᠭᠤᠷᠪᠠᠨ ᠶᠡᠬᠡ ᠲᠣᠭᠲᠠᠴᠠ᠎ᠶᠢ ᠴᠢᠨᠠᠭᠰᠢᠳᠠ ᠬᠡᠷᠡᠭᠵᠢᠭᠦᠯᠵᠦ᠂ ᠠᠵᠤ ᠦᠢᠯᠡᠰ᠎ᠦᠨ ᠬᠥᠭᠵᠢᠯᠲᠡ᠎ᠳᠦ ᠤᠨᠢᠨ ᠳᠡᠭᠡᠷ᠎ᠡ ᠨᠢ ᠴᠢᠳᠠᠪᠤᠷᠢ ᠣᠯᠭᠣᠪᠠ᠃ 《 ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡ᠎ᠶᠢᠨ ᠦᠨᠡᠯᠡᠯᠲᠡ + ᠣᠷᠣᠨ ᠵᠠᠢ 》 ᠨᠢ ᠪᠥᠬᠥ ᠬᠣᠲᠠ᠎ᠶᠢᠨ 113 ᠠᠵᠤ ᠦᠢᠯᠡᠰ᠎ᠦᠨ ᠬᠦᠷᠢᠶᠡᠯᠡᠩ ᠲᠣᠭᠣᠷᠢᠭ᠋᠎ᠢ ᠬᠠᠮᠤᠷᠴᠤ᠂ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡ᠎ᠶᠢᠨ ᠦᠨᠡᠯᠡᠯᠲᠡ᠎ᠶᠢ ᠪᠡᠶᠡᠯᠡᠭᠦᠯᠦᠭᠰᠡᠨ 72 ᠬᠦᠷᠢᠶᠡᠯᠡᠩ ᠲᠣᠭᠣᠷᠢᠭ᠋᠎ᠲᠤ᠂ 90%᠎ᠶᠢᠨ ᠬᠦᠷᠢᠶᠡᠯᠡᠩ᠎ᠳᠦ ᠣᠷᠣᠬᠤ ᠲᠥᠷᠥᠯ ᠵᠦᠢᠯ ᠨᠢ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡ᠎ᠶᠢᠨ ᠦᠨᠡᠯᠡᠯᠲᠡ᠎ᠶᠢ ᠳᠥᠭᠥᠮᠴᠢᠯᠡᠬᠦ ᠲᠥᠷᠥ᠎ᠶᠢᠨ ᠪᠣᠳᠣᠯᠭ᠎ᠠ᠎ᠶᠢ ᠭᠥᠷᠳᠡᠵᠦ ᠪᠣᠯᠣᠨ᠎ᠠ᠃ 《 ᠣᠷᠴᠢᠨ ᠲᠣᠭᠣᠷᠢᠨ᠎ᠤ ᠨᠥᠯᠥᠭᠡᠯᠡᠯ᠎ᠦᠨ ᠦᠨᠡᠯᠡᠯᠲᠡ + ᠠᠵᠤ ᠦᠢᠯᠡᠰ 》 ᠨᠢ ᠬᠤᠷᠠᠮᠠᠯ ᠴᠠᠬᠢᠯᠭᠠᠨ ᠬᠡᠯᠬᠢᠶ᠎ᠡ᠂ ᠠᠮᠢᠳᠤ ᠪᠣᠳᠠᠰ᠎ᠤᠨ ᠡᠮ ᠡᠮᠨᠡᠯᠭᠡ᠂ ᠰᠢᠨ᠎ᠡ ᠮᠠᠲᠧᠷᠢᠶᠠᠯ ᠵᠡᠷᠭᠡ ᠭᠣᠣᠯᠳᠠᠯᠭ᠎ᠠ᠎ᠲᠠᠢ ᠠᠵᠢᠯ ᠲᠥᠷᠥᠯ᠎ᠳᠦ ᠴᠢᠭᠯᠡᠭᠦᠯᠦᠨ ᠲᠤᠰᠬᠠᠢ ᠲᠥᠷᠥᠯ᠎ᠦᠨ ᠲᠥᠷᠥ᠎ᠶᠢᠨ ᠪᠣᠳᠣᠯᠭ᠎ᠠ᠎ᠶᠢᠨ ᠪᠣᠭᠣᠳᠠᠯ ᠲᠣᠭᠲᠠᠭᠠᠨ ᠥᠭᠴᠦ᠂ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠱᠠᠭᠠᠷᠳᠠᠯᠭ᠎ᠠ᠎ᠶᠢ ᠬᠠᠩᠭᠠᠬᠤ ᠮᠥᠷᠲᠡᠭᠡᠨ ᠠᠵᠤ ᠠᠬᠤᠢᠯᠠᠯ᠎ᠤᠨ ᠳᠠᠬᠢᠨ ᠳᠠᠪᠲᠠᠨ ᠣᠷᠣᠭᠤᠯᠤᠯᠲᠠ ᠬᠢᠬᠦ᠎ᠡᠴᠡ ᠵᠠᠢᠯᠠᠰᠬᠢᠨ᠎ᠡ᠃ 《 ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡ᠎ᠶᠢᠨ ᠦᠨᠡᠯᠡᠯᠲᠡ + ᠲᠥᠷᠥᠯ ᠵᠦᠢᠯ 》 ᠨᠢ ᠵᠠᠮ ᠬᠠᠷᠢᠯᠴᠠᠭ᠎ᠠ᠂ ᠤᠰᠤ ᠬᠠᠩᠭᠠᠬᠤ᠂ ᠡᠮ ᠡᠮᠨᠡᠯᠭᠡ ᠵᠡᠷᠭᠡ ᠠᠷᠠᠳ᠎ᠤᠨ ᠠᠮᠢᠳᠤᠷᠠᠯ᠎ᠤᠨ ᠴᠢᠬᠤᠯᠠ ᠶᠡᠬᠡ ᠲᠥᠷᠥᠯ ᠵᠦᠢᠯ᠎ᠳᠦ 《 ᠰᠠᠭᠠᠳ ᠦᠭᠡᠢ ᠨᠡᠪᠲᠡᠷᠡᠬᠦ ᠵᠠᠮ 》 ᠨᠡᠭᠡᠭᠡᠵᠦ᠂ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ ᠤᠷᠢᠳᠴᠢᠯᠠᠨ ᠣᠷᠣᠯᠴᠠᠵᠤ ᠵᠢᠭᠠᠨ ᠵᠢᠯᠣᠭᠣᠳᠪᠠ᠃ ᠷᠦᠢ ᠵᠢᠨ ᠡᠮᠨᠡᠯᠭᠡ᠎ᠶᠢᠨ ᠬᠣᠷᠢᠶ᠎ᠠ᠎ᠶᠢᠨ ᠰᠢᠨ᠎ᠡ ᠡᠮᠨᠡᠯᠭᠡ᠎ᠶᠢᠨ ᠬᠣᠷᠢᠶ᠎ᠠ᠎ᠶᠢᠨ ᠲᠣᠭᠣᠷᠢᠭ᠋᠎ᠤᠨ ᠲᠥᠷᠥᠯ ᠵᠦᠢᠯ ᠨᠢ ᠶᠠᠭ ᠡᠭᠦᠨ᠎ᠢᠶᠡᠷ ᠳᠡᠮᠵᠢᠨ ᠬᠢᠨᠠᠨ ᠵᠥᠪᠰᠢᠶᠡᠷᠡᠯ᠎ᠢ ᠲᠦᠷᠭᠡᠨ ᠭᠦᠢᠴᠡᠳᠬᠡᠵᠦ ᠳᠠᠭᠤᠰᠬᠠᠭᠰᠠᠨ ᠪᠠᠢᠨ᠎ᠠ᠃

      《 ᠺᠣᠳ᠋ ᠰᠢᠷᠪᠢᠪᠡᠯ ᠳᠠᠷᠤᠢ ᠥᠨᠥᠳᠥᠷ ᠭᠠᠵᠠᠷ ᠳᠣᠣᠷᠠᠬᠢ ᠤᠰᠤ᠂ ᠬᠠᠶᠠᠭᠳᠠᠮᠠᠯ ᠬᠡᠢ ᠭᠠᠳᠠᠭᠰᠢᠯᠠᠭᠤᠯᠬᠤ ᠵᠡᠷᠭᠡ 8 ᠵᠦᠢᠯ᠎ᠦᠨ ᠠᠭᠤᠯᠭ᠎ᠠ᠎ᠶᠢ ᠪᠠᠢᠴᠠᠭᠠᠨ᠎ᠠ ᠭᠡᠳᠡᠭ᠎ᠢ ᠮᠡᠳᠡᠵᠦ ᠪᠣᠯᠣᠨ᠎ᠠ᠂ ᠡᠭᠦᠨ᠎ᠢ ᠥᠩᠭᠡᠷᠡᠭᠰᠡᠨ᠎ᠳᠦ ᠭᠤᠷᠪᠠ ᠤᠳᠠᠭ᠎ᠠ ᠬᠤᠪᠢᠶᠠᠵᠤ ᠪᠠᠢᠴᠠᠭᠠᠨ᠎ᠠ᠂ ᠣᠳᠣᠬᠠᠨ᠎ᠳᠤ ᠨᠢᠭᠡ ᠯᠡ ᠡᠳᠦᠷ᠎ᠲᠦ ᠳᠠᠭᠤᠰᠬᠠᠴᠢᠬᠠᠨ᠎ᠠ 》᠃ ᠱᠠᠩᠬᠠᠢ᠎ᠶᠢᠨ ᠬᠢᠮᠢ᠎ᠶᠢᠨ ᠠᠵᠤ ᠦᠢᠯᠡᠳᠪᠦᠷᠢ᠎ᠶᠢᠨ ᠲᠣᠭᠣᠷᠢᠭ᠋᠎ᠲᠤ᠂ ᠱᠠᠩᠬᠠᠢ᠎ᠶᠢᠨ ᠭᠤᠤ ᠴᠢᠶᠣᠤ ᠴᠢᠯᠠᠭᠤᠨ ᠲᠤᠰᠤᠨ᠎ᠤ ᠬᠢᠮᠢ᠎ᠶᠢᠨ ᠠᠵᠤ ᠦᠢᠯᠡᠳᠪᠦᠷᠢ᠎ᠶᠢᠨ ᠬᠢᠵᠠᠭᠠᠷᠲᠤ ᠺᠣᠮᠫᠠᠨᠢ᠎ᠶᠢᠨ ᠠᠵᠢᠯᠲᠠᠳ ᠬᠠᠤᠯᠢ ᠬᠡᠷᠡᠭᠵᠢᠭᠦᠯᠬᠦ ᠠᠵᠢᠯᠲᠠᠳ᠎ᠤᠨ ᠦᠵᠡᠭᠦᠯᠦᠭᠰᠡᠨ 《ᠪᠠᠢᠴᠠᠭᠠᠯᠲᠠ᠎ᠶᠢᠨ ᠺᠣᠳ᠋》᠎ᠢ ᠮᠠᠭᠲᠠᠭᠠᠳ ᠪᠠᠷᠠᠰᠢ ᠦᠭᠡᠢ ᠪᠠᠢᠯ᠎ᠠ᠃

      ᠡᠨᠡ ᠬᠦ᠌ ᠥᠨᠳᠥᠷ ᠪᠦᠲᠦᠮᠵᠢᠲᠡᠢ ᠬᠢᠨᠠᠯᠲᠠ ᠬᠠᠮᠢᠶᠠᠷᠤᠯᠲᠠ᠎ᠶᠢᠨ ᠵᠠᠭᠪᠤᠷ᠎ᠤᠨ ᠠᠷᠤ᠎ᠳᠤ ᠱᠠᠩᠬᠠᠢ᠎ᠶᠢᠨ ᠰᠢᠨ᠎ᠡ᠎ᠶᠢ ᠡᠭᠦᠳᠦᠨ ᠪᠠᠢᠭᠤᠯᠤᠭᠰᠠᠨ 《 ᠢᠲᠡᠭᠡᠮᠵᠢ + ᠠᠶᠤᠯ ᠲᠦᠭᠰᠢᠭᠦᠷᠢ 》 ᠶ᠋ᠢ ᠲᠡᠰ ᠬᠤᠪᠢᠶᠠᠨ ᠲᠦᠷᠦᠯ ᠬᠤᠪᠢᠶᠠᠨ ᠬᠢᠨᠠᠨ ᠬᠠᠮᠢᠶᠠᠷᠬᠤ ᠲᠣᠭᠲᠠᠴᠠ ᠪᠤᠢ᠃ 《 ᠤᠷᠢᠳ᠎ᠢᠶᠠᠷ ᠲᠠᠰ ᠬᠤᠪᠢᠶᠠᠵᠤ᠂ ᠳᠠᠷᠠᠭ᠎ᠠ ᠨᠢ ᠲᠥᠷᠥᠯ ᠬᠤᠪᠢᠶᠠᠵᠤ᠂ ᠵᠦᠷᠢᠶᠡᠵᠢᠬᠦᠯᠦᠨ ᠬᠢᠨᠠᠨ ᠬᠠᠮᠢᠶᠠᠷᠬᠤ  》᠎ᠪᠠᠷ ᠳᠠᠮᠵᠢᠭᠤᠯᠤᠨ᠂ ᠲᠣᠭᠲᠠᠭᠠᠯ᠎ᠳᠤ ᠨᠡᠢᠴᠡᠬᠦ ᠠᠵᠤ ᠠᠬᠤᠢᠯᠠᠯ᠎ᠳᠤ ᠦᠵᠡᠭᠦᠯᠬᠦ ᠬᠠᠷᠰᠢᠯᠠᠯ᠎ᠢ ᠪᠠᠭᠠᠰᠬᠠᠬᠤ ᠮᠥᠷᠲᠡᠭᠡᠨ ᠪᠠᠰᠠ ᠠᠶᠤᠯ ᠲᠦᠭᠰᠢᠭᠦᠷᠢ ᠶᠡᠬᠡᠲᠡᠢ ᠡᠲᠡᠭᠡᠳ᠎ᠢ ᠣᠨᠣᠪᠴᠢᠲᠠᠶ ᠲᠣᠭᠲᠠᠭᠠᠵᠤ᠂ 《 ᠴᠢᠯᠦᠭᠡᠲᠡᠢ ᠲᠠᠯᠪᠢᠬᠤ ᠶᠣᠰᠣᠲᠠᠢ᠎ᠶᠢ ᠨᠢ ᠴᠢᠯᠦᠭᠡᠲᠡᠢ ᠲᠠᠯᠪᠢᠵᠤ᠂ ᠬᠠᠮᠢᠶᠠᠷᠬᠤ ᠶᠣᠰᠣᠲᠠᠢ᠎ᠶᠢ ᠨᠢ ᠰᠠᠢᠲᠤᠷ ᠬᠠᠮᠢᠶᠠᠷᠬᠤ 》᠎ᠶᠢ ᠪᠡᠶᠡᠯᠡᠭᠦᠯᠪᠡ᠃

      ᠾᠧ ᠶᠦᠨ ᠲᠠᠨᠢᠯᠴᠠᠭᠤᠯᠬᠤ᠎ᠳᠠᠭᠠᠨ᠂ ᠠᠮᠢ ᠠᠬᠤᠢ ᠣᠷᠴᠢᠨ ᠲᠣᠭᠣᠷᠢᠨ᠎ᠤ ᠠᠵᠤ ᠠᠬᠤᠢᠯᠠᠯ᠎ᠳᠤ ᠬᠣᠯᠪᠣᠭᠳᠠᠬᠤ ᠪᠠᠢᠴᠠᠭᠠᠯᠲᠠ᠎ᠶᠢᠨ ᠡᠲᠡᠭᠡᠳ ᠨᠡᠯᠢᠶᠡᠳ ᠣᠯᠠᠨ ᠪᠠᠢᠵᠤ᠂ ᠠᠳᠠᠯᠢ ᠪᠤᠰᠤ ᠪᠠᠢᠴᠠᠭᠠᠯᠲᠠ᠎ᠶᠢᠨ ᠡᠲᠡᠭᠡᠳ᠎ᠦᠨ ᠣᠷᠴᠢᠨ ᠲᠣᠭᠣᠷᠢᠨ᠎ᠤ ᠦᠶ᠋ᠯᠡ ᠠᠵᠢᠯᠯᠠᠭ᠎ᠠ᠎ᠶᠢᠨ ᠢᠯᠡᠷᠡᠯ ᠨᠢ ᠲᠣᠰ ᠲᠣᠰ ᠠᠳᠠᠯᠢ ᠪᠤᠰᠤ ᠪᠠᠢᠳᠠᠭ᠃ ᠬᠢᠨᠠᠯᠲᠠ ᠲᠠᠯᠪᠢᠵᠤ ᠪᠠᠢᠴᠠᠭᠠᠬᠤ ᠬᠠᠨᠳᠤᠯᠭᠠᠲᠤ ᠴᠢᠨᠠᠷ᠎ᠢ ᠳᠡᠭᠡᠭᠰᠢᠯᠡᠭᠦᠯᠬᠦ᠎ᠶᠢᠨ ᠲᠥᠯᠥᠭᠡ᠂ ᠪᠠᠢᠴᠠᠭᠠᠬᠤ ᠲᠣᠭ᠎ᠠ ᠬᠡᠮᠵᠢᠶ᠎ᠡ᠎ᠶᠢ ᠪᠦᠲᠦᠮᠵᠢᠲᠡᠶ ᠪᠠᠭᠠᠰᠬᠠᠭᠰᠠᠨ ᠰᠠᠭᠤᠷᠢᠨ ᠳᠡᠭᠡᠷ᠎ᠡ᠂ ᠬᠢᠨᠠᠨ ᠬᠠᠮᠢᠶᠠᠷᠬᠤ ᠪᠠ ᠬᠠᠤᠯᠢ ᠬᠡᠷᠡᠭᠵᠢᠭᠦᠯᠬᠦ ᠦᠢᠯᠡᠳᠦᠯ ᠴᠢᠳᠠᠪᠤᠷᠢ᠎ᠶᠢ ᠲᠡᠭᠡᠭᠰᠢᠯᠡᠬᠦᠯᠵᠦ᠂ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠡᠴᠡ ᠵᠠᠰᠠᠭ ᠵᠠᠬᠢᠷᠭᠠᠨ᠎ᠤ ᠪᠠᠢᠴᠠᠭᠠᠭᠳᠠᠬᠤ ᠡᠲᠡᠭᠡᠳ᠎ᠲᠦ 《 ᠢᠲᠡᠭᠡᠮᠵᠢ + ᠲᠦᠭᠰᠢᠭᠦᠷᠢ 》᠎ᠶᠢ ᠲᠠᠰ ᠲᠥᠷᠥᠯ ᠬᠤᠪᠢᠶᠠᠨ ᠦᠨᠡᠯᠡᠬᠦ᠎ᠶᠢᠨ ᠬᠠᠮᠲᠤ ᠦᠨᠡᠯᠡᠭᠰᠡᠨ ᠦᠷ᠎ᠡ ᠳ᠋ᠦᠩ᠎ᠢ ᠦᠨᠳᠦᠰᠦᠯᠡᠨ ᠵᠦᠷᠢᠶᠡᠴᠢᠯᠡᠭᠰᠡᠨ ᠬᠢᠨᠠᠨ ᠬᠠᠮᠢᠶᠠᠷᠤᠯᠲᠠ ᠪᠠ ᠬᠠᠤᠯᠢ ᠬᠡᠷᠡᠭᠵᠢᠭᠦᠯᠦᠯᠲᠡ᠎ᠶᠢ ᠥᠷᠨᠢᠭᠦᠯᠦᠨ᠎ᠡ ᠭᠡᠪᠡ᠃

      ᠨᠢᠭᠡᠳᠦᠭᠡᠷ ᠠᠯᠬᠤᠮ᠎ᠳᠤ 《 ᠢᠲᠡᠭᠡᠮᠵᠢ᠎ᠶᠢᠨ ᠲᠠᠰ 》 ᠬᠤᠪᠢᠶᠠᠵᠤ᠂ ᠠᠵᠤ ᠠᠬᠤᠢᠯᠠᠯ᠎ᠳᠤ ᠨᠠᠷᠢᠯᠢᠭ᠋ ᠣᠨᠣᠴᠠᠲᠠᠢ᠎ᠪᠠᠷ 《 ᠬᠥᠷᠥᠭ ᠵᠢᠷᠤᠵᠤ 》 ᠥᠭᠭᠦᠨ᠎ᠡ᠃ ᠱᠠᠩᠬᠠᠢ ᠵᠢᠯ ᠪᠦᠷᠢ ᠠᠵᠤ ᠠᠬᠤᠢᠯᠠᠯ᠎ᠤᠨ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠬᠠᠷᠢᠭᠤᠴᠠᠯᠭ᠎ᠠ᠎ᠪᠠᠨ ᠭᠦᠢᠴᠡᠳᠬᠡᠬᠦ᠂ ᠬᠠᠤᠯᠢ᠎ᠶᠢ ᠵᠥᠷᠢᠴᠡᠭᠰᠡᠨ ᠲᠡᠮᠳᠡᠭᠯᠡᠯ ᠬᠢᠬᠦ᠂ ᠵᠢᠷᠤᠮᠵᠢᠭᠤᠯᠤᠨ ᠬᠠᠮᠢᠶᠠᠷᠬᠤ ᠵᠡᠷᠭᠡ ᠭᠦᠢᠴᠡᠳᠬᠡᠯ ᠲᠣᠭ᠎ᠠ᠎ᠶᠢᠨ ᠲᠣᠭᠣᠷᠢᠨ᠎ᠳᠤ᠂ ᠪᠥᠬᠥ ᠬᠣᠲᠠ᠎ᠶᠢᠨ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ᠎ᠳᠦ ᠢᠲᠡᠭᠡᠮᠵᠢ᠎ᠶᠢᠨ ᠦᠨᠡᠯᠡᠯᠲᠡ ᠬᠢᠨ᠎ᠡ᠃ 2024 ᠣᠨ᠎ᠤ ᠦᠨᠡᠯᠡᠯᠲᠡ᠎ᠳᠦ 4.8 ᠲᠦᠮᠡ ᠭᠠᠷᠤᠢ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠎ᠶᠢ ᠬᠠᠮᠤᠷᠪᠠ᠂ ᠡᠭᠦᠨ᠎ᠦ ᠳ᠋ᠦᠩ᠎ᠳᠦ A ( ᠦᠨᠡᠨᠴᠢ ᠢᠲᠡᠭᠡᠮᠵᠢ )᠂ B ( ᠰᠠᠢᠨ )᠂ C ( ᠰᠡᠷᠡᠮᠵᠢᠯᠡᠭᠦᠯᠦᠯ )᠂ D ( ᠮᠠᠭᠤ ) ᠭᠡᠵᠦ ᠳᠥᠷᠪᠡᠨ ᠲᠠᠰ ᠬᠤᠪᠢᠶᠠᠪᠠ᠃ A ᠲᠠᠰ᠎ᠤᠨ ᠠᠵᠤ ᠠᠬᠤᠢᠯᠠᠯ ᠪᠠᠷᠤᠭ 3% ᠶ᠋ᠢ ᠡᠵᠡᠯᠡᠵᠦ᠂ ᠣᠯᠠᠩᠬᠢ ᠨᠢ ᠬᠣᠲᠠ᠎ᠶᠢᠨ ᠲᠠᠰ᠎ᠠᠴᠠ ᠳᠡᠭᠡᠭᠰᠢᠬᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠬᠥᠬᠢᠭᠦᠯᠦᠯ ᠭᠥᠷᠳᠡᠭᠰᠡᠨ᠂ 3 ᠵᠢᠯ᠎ᠦᠨ ᠳᠣᠲᠣᠷ᠎ᠠ ᠬᠠᠤᠯᠢ᠎ᠶᠢ ᠵᠥᠷᠢᠴᠡᠭᠰᠡᠨ ᠲᠡᠮᠳᠡᠭᠯᠡᠯ ᠦᠭᠡᠢ ᠬᠡᠪ ᠲᠠᠭᠤᠷᠢᠶᠠᠯᠳᠤ ᠠᠵᠤ ᠠᠬᠤᠢᠯᠠᠯ ᠪᠣᠯᠣᠨ᠎ᠠ ; B ᠲᠠᠰ᠎ᠤᠨ ᠠᠵᠤ ᠠᠬᠤᠢᠯᠠᠯ᠎ᠤᠨ ᠡᠵᠡᠯᠡᠬᠦ ᠬᠠᠷᠢᠴᠠᠯ ᠨᠢ 94% ᠶ᠋ᠢ ᠳᠠᠪᠠᠵᠤ᠂ 《 ᠬᠠᠤᠯᠢ᠎ᠶᠢ ᠵᠥᠷᠢᠴᠡᠭᠰᠡᠨ ᠦᠭᠡᠢ᠂ ᠳᠡᠭᠡᠭᠰᠢᠯᠡᠭᠦᠯᠬᠦ ᠴᠢᠬᠤᠯᠠᠲᠠᠢ 》 ᠳᠤᠮᠳᠠᠬᠢ ᠱᠠᠲᠤᠯᠵᠢᠨ ᠡᠩᠨᠡᠭᠡ ᠪᠣᠯᠵᠠᠢ ; C ᠲᠠᠰ᠂ D ᠲᠠᠰ᠎ᠤᠨ ᠠᠵᠤ ᠠᠬᠤᠢᠯᠠᠯ ᠨᠡᠢᠯᠡᠭᠡᠳ ᠪᠠᠷᠤᠭ 3% ᠪᠠᠢᠵᠤ᠂ ᠬᠠᠤᠯᠢ᠎ᠶᠢ ᠬᠦᠨᠳᠦ ᠨᠣᠴᠢᠲᠠᠢ ᠵᠥᠷᠢᠴᠡᠭᠰᠡᠨ ᠪᠤᠶᠤ ᠣᠯᠠᠨ ᠤᠳᠠᠭ᠎ᠠ ᠲᠣᠷᠭᠠᠭᠳᠠᠭᠰᠠᠨ ᠪᠠᠢᠳᠠᠯ ᠣᠷᠣᠰᠢᠵᠤ ᠪᠠᠢᠨ᠎ᠠ᠃

      ᠬᠣᠶᠠᠳᠤᠭᠠᠷ ᠠᠯᠬᠤᠮ᠎ᠳᠤ 《 ᠠᠶᠤᠯ ᠲᠦᠭᠰᠢᠭᠦᠷᠢ᠎ᠶᠢ ᠲᠦᠷᠦᠯ ᠬᠤᠪᠢᠶᠠᠵᠤ 》᠂ ᠬᠢᠨᠠᠯᠲᠠ ᠬᠠᠮᠢᠶᠠᠷᠤᠯᠲᠠ᠎ᠶᠢᠨ ᠬᠣᠷᠢᠭ᠎ᠠ ᠱᠤᠭᠤᠮ᠎ᠢ ᠪᠡᠬᠢᠵᠢᠭᠦᠯᠦᠨ᠎ᠡ᠃ ᠢᠲᠡᠭᠡᠮᠵᠢ᠎ᠶᠢᠨ ᠲᠠᠰ ᠬᠤᠪᠢᠶᠠᠭᠰᠠᠨ ᠰᠠᠭᠤᠷᠢᠨ ᠳᠡᠭᠡᠷ᠎ᠡ᠂ ᠠᠵᠤ ᠠᠬᠤᠢᠯᠠᠯ᠎ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠦᠨ ᠬᠠᠮᠢᠶᠠᠷᠤᠯᠲᠠ᠎ᠶᠢᠨ ᠲᠥᠷᠥᠯ ᠢᠯᠭᠠᠯ᠂ ᠪᠣᠬᠢᠷᠲᠤᠯ ᠪᠣᠳᠠᠰ ᠡᠭᠦᠰᠬᠡᠬᠦ ᠪᠠ ᠭᠠᠳᠠᠭᠰᠢᠯᠠᠭᠤᠯᠬᠤ ᠬᠡᠮᠵᠢᠶ᠎ᠡ᠂ ᠣᠷᠴᠢᠨ ᠲᠣᠭᠣᠷᠢᠨ᠎ᠤ ᠠᠶᠤᠯ ᠲᠦᠭᠰᠢᠭᠦᠷᠢ ᠪᠠ ᠨᠥᠯᠥᠭᠡᠯᠡᠬᠦ ᠬᠡᠮᠵᠢᠶ᠎ᠡ ᠵᠡᠷᠭᠡ᠎ᠲᠠᠢ ᠤᠶᠠᠯᠳᠤᠭᠤᠯᠤᠨ᠂ ᠲᠣᠭᠲᠠᠮᠠᠯ ᠪᠣᠬᠢᠷᠲᠤᠯ᠎ᠤᠨ ᠡᠬᠢ ᠰᠤᠷᠪᠤᠯᠵᠢ᠎ᠶᠢ ᠭᠤᠷᠪᠠᠨ ᠲᠥᠷᠥᠯ᠎ᠳᠦ ᠬᠤᠪᠢᠶᠠᠨ᠎ᠠ᠄ 1661 ᠭᠣᠣᠯᠳᠠᠯᠭ᠎ᠠ᠎ᠲᠠᠢ ᠬᠢᠨᠠᠨ ᠬᠠᠮᠢᠶᠠᠷᠬᠤ ᠡᠲᠡᠭᠡᠳ ( 3.4% ᠶ᠋ᠢ ᠡᠵᠡᠯᠡᠨ᠎ᠡ ) ᠪᠠᠢᠵᠤ᠂ ᠣᠯᠠᠩᠬᠢ ᠨᠢ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠪᠡᠷ ᠶᠡᠬᠡ᠂ ᠠᠶᠤᠯ ᠲᠦᠭᠰᠢᠭᠦᠷᠢ ᠶᠡᠬᠡᠲᠡᠢ ᠠᠵᠤ ᠠᠬᠤᠢᠯᠠᠯ ; 6656 ᠡᠩ᠎ᠦᠨ ᠬᠢᠨᠠᠨ ᠬᠠᠮᠢᠶᠠᠷᠬᠤ ᠡᠲᠡᠭᠡᠳ ( 13.5%᠎ᠶᠢ ᠡᠵᠡᠯᠡᠨ᠎ᠡ ) ᠪᠠᠢᠵᠤ᠂ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ᠎ᠶᠢᠨ ᠬᠡᠮᠵᠢᠶ᠎ᠡ ᠳᠤᠮᠳᠠ ᠵᠡᠷᠭᠡ᠎ᠶᠢᠨ ᠪᠠᠢᠵᠤ᠂ ᠲᠦᠭᠰᠢᠭᠦᠷᠢ᠎ᠶᠢ ᠡᠵᠡᠮᠳᠡᠵᠦ ᠪᠣᠯᠣᠨ᠎ᠠ ; 40913 ᠲᠥᠬᠥᠮ ᠬᠢᠨᠠᠨ ᠬᠠᠮᠢᠶᠠᠷᠬᠤ ᠡᠲᠡᠭᠡᠳ ( 83.1%᠎ᠶᠢ ᠡᠵᠡᠯᠡᠨ᠎ᠡ ) ᠪᠠᠢᠵᠤ᠂ ᠵᠢᠵᠢᠭ ᠪᠢᠴᠢᠯ ᠠᠵᠤ ᠠᠬᠤᠢᠯᠠᠯ᠎ᠢᠶᠠᠷ ᠭᠣᠣᠯ ᠪᠣᠯᠭᠠᠵᠤ᠂ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ᠎ᠪᠡᠷ ᠪᠠᠭ᠎ᠠ᠂ ᠲᠦᠭᠰᠢᠭᠦᠷᠢ᠎ᠪᠡᠷ ᠪᠠᠭ᠎ᠠ ᠪᠠᠢᠨ᠎ᠠ᠃

      ᠭᠤᠷᠪᠠᠳᠤᠭᠠᠷ ᠠᠯᠬᠤᠮ᠎ᠳᠤ 《 ᠵᠦᠷᠢᠶᠡᠴᠢᠯᠡᠭᠰᠡᠨ ᠬᠢᠨᠠᠯᠲᠠ ᠬᠠᠮᠢᠶᠠᠷᠤᠯᠲᠠ 》 ᠶ᠋ᠢ ᠬᠡᠷᠡᠭᠵᠢᠭᠦᠯᠵᠦ᠂ ᠨᠠᠷᠢᠯᠢᠭ᠋ ᠣᠨᠣᠴᠠᠲᠠᠢ᠎ᠪᠠᠷ ᠬᠦᠴᠦᠯᠡᠬᠦ᠎ᠶᠢ ᠪᠡᠶᠡᠯᠡᠭᠦᠯᠦᠨ᠎ᠡ᠃ ᠢᠲᠡᠭᠡᠮᠵᠢ ᠪᠠ ᠠᠶᠤᠯ ᠲᠦᠭᠰᠢᠭᠦᠷᠢ᠎ᠶᠢ ᠳᠠᠪᠬᠤᠴᠠᠭᠤᠯᠬᠤ᠎ᠪᠠᠷ ᠳᠠᠮᠵᠢᠭᠤᠯᠤᠨ᠂ ᠱᠠᠩᠬᠠᠢ ᠬᠣᠲᠠ᠎ᠶᠢᠨ ᠬᠢᠨ ᠪᠠᠢᠴᠠᠭᠠᠬᠤ ᠡᠲᠡᠭᠡᠳ᠎ᠢᠶᠡᠨ ᠳᠥᠷᠪᠡᠨ ᠬᠢᠨᠠᠯᠲᠠ ᠬᠠᠮᠢᠶᠠᠷᠤᠯᠲᠠ᠎ᠶᠢᠨ ᠲᠠᠰ ᠬᠤᠪᠢᠶᠠᠪᠠ᠄ A ᠲᠠᠰ᠎ᠤᠨ ᠠᠵᠤ ᠠᠬᠤᠢᠯᠠᠯ᠎ᠢ 《 ᠰᠡᠷᠡᠭᠳᠡᠯ ᠦᠭᠡᠢ ᠬᠢᠨᠠᠯᠲᠠ ᠬᠠᠮᠢᠶᠠᠷᠤᠯᠲᠠ 》᠎ᠶᠢᠨ ᠲᠣᠳᠣᠷᠬᠠᠢ ᠬᠠᠭᠤᠳᠠᠰᠤᠨ᠎ᠳᠤ ᠣᠷᠣᠭᠤᠯᠵᠤ᠂ ᠭᠣᠣᠯᠳᠠᠭᠤ ᠰᠦᠯᠵᠢᠶᠡᠨ ᠳᠡᠭᠡᠷ᠎ᠡ ᠬᠢᠨᠠᠨ ᠡᠵᠡᠮᠳᠡᠬᠦ᠂ ᠲᠣᠮᠣ᠌ ᠳ᠋ᠠᠢᠲ᠋ᠠ᠎ᠶᠢᠨ ᠵᠠᠳᠠᠯᠤᠯᠲᠠ ᠬᠢᠬᠦ ᠵᠡᠷᠭᠡ ᠲᠤᠬᠠᠢ᠎ᠶᠢᠨ ᠲᠠᠯᠠᠪᠤᠷ᠎ᠤᠨ ᠪᠤᠰᠤ ᠠᠷᠭ᠎ᠠ ᠮᠠᠶᠢᠭ᠋᠎ᠢᠶᠠᠷ ᠪᠠᠢᠴᠠᠭᠠᠯᠲᠠ ᠬᠢᠨ᠎ᠡ ; B ᠲᠠᠰ᠎ᠤᠨ ᠠᠵᠤ ᠠᠬᠤᠢᠯᠠᠯ ᠨᠢ 5%᠎ᠶᠢᠨ ᠬᠠᠷᠢᠴᠠᠯ᠎ᠢᠶᠠᠷ ᠲᠠᠰᠢᠷᠠᠮ ᠳᠠᠭᠠᠤ ᠰᠤᠭᠤᠴᠢᠨ ᠪᠠᠢᠴᠠᠭᠠᠵᠤ᠂ ᠵᠢᠯᠤᠭᠣᠳᠴᠤ ᠬᠠᠪᠰᠤᠷᠤᠨ ᠲᠡᠳᠬᠦᠬᠦ᠎ᠪᠡᠷ ᠭᠣᠣᠯ ᠪᠣᠯᠭᠠᠨ᠎ᠠ ; C ᠲᠠᠰ᠎ᠤᠨ ᠠᠵᠤ ᠠᠬᠤᠢᠯᠠᠯ ᠨᠢ 20%᠎ᠶᠢᠨ ᠬᠠᠷᠢᠴᠠᠯ᠎ᠢᠶᠠᠷ ᠭᠣᠣᠯᠳᠠᠯᠭ᠎ᠠ᠎ᠲᠠᠢ ᠰᠤᠭᠤᠴᠢᠨ ᠪᠠᠢᠴᠠᠭᠠᠵᠤ᠂ ᠴᠡᠭᠴᠡᠯᠡᠨ ᠰᠠᠢᠵᠢᠷᠠᠭᠤᠯᠵᠤ ᠱᠠᠯᠠᠪᠳᠠᠭᠤᠯᠬᠤ᠎ᠶᠢ ᠴᠢᠩᠭᠠᠷᠠᠭᠤᠯᠤᠨ᠎ᠠ ; D ᠲᠠᠰ᠎ᠤᠨ ᠠᠵᠤ ᠠᠬᠤᠢᠯᠠᠯ᠎ᠳᠤ 100%᠎ᠪᠠᠷ ᠲᠤᠬᠠᠢ᠎ᠶᠢᠨ ᠲᠠᠯᠠᠪᠤᠷ᠎ᠲᠤ ᠨᠡᠢᠳᠡᠮ ᠪᠠᠢᠴᠠᠭᠠᠯᠲᠠ ᠬᠢᠵᠦ᠂ ᠠᠰᠠᠭᠤᠳᠠᠯ᠎ᠢ ᠴᠡᠭᠴᠡᠯᠡᠨ ᠰᠠᠢᠵᠢᠷᠠᠭᠤᠯᠬᠤ᠎ᠶᠢ ᠦᠨᠡᠨ ᠬᠦ᠌ ᠪᠠᠲᠤᠯᠠᠨ᠎ᠠ᠃

      《 ᠥᠩᠭᠡᠷᠡᠭᠰᠡᠨ᠎ᠳᠦ ᠵᠢᠵᠢᠭ ᠪᠢᠴᠢᠯ ᠠᠵᠤ ᠠᠬᠤᠢᠯᠠᠯ ᠠᠶᠤᠯᠲᠠᠢ ᠬᠠᠶᠠᠭᠳᠠᠮᠠᠯ ᠪᠣᠳᠠᠰ᠎ᠢ ᠰᠢᠢᠳᠪᠦᠷᠢᠯᠡᠬᠦ᠎ᠳᠦ ᠪᠠᠢᠭᠤᠯᠤᠮᠵᠢ ᠣᠯᠬᠤ᠎ᠳᠤ ᠬᠦᠴᠢᠷᠲᠡᠢ᠂ ᠥᠪᠡᠷ᠎ᠦᠨ ᠥᠷᠲᠡᠭ ᠨᠢ ᠥᠨᠳᠥᠷ ᠪᠠᠢᠵᠠᠢ᠂ ᠣᠳᠣ᠌ ᠬᠣᠯᠪᠣᠭᠳᠠᠯ ᠪᠦᠬᠦᠢ ᠲᠣᠭᠲᠠᠴᠠ᠎ᠪᠠᠷ ᠳᠠᠮᠵᠢᠭᠤᠯᠤᠨ ᠰᠢᠢᠳᠪᠦᠷᠢᠯᠡᠬᠦ᠎ᠳᠦ ᠳᠥᠭᠥᠮ ᠳᠥᠲᠡ ᠪᠣᠯᠭᠠᠬᠤ ᠬᠡᠮᠵᠢᠶ᠎ᠡ᠎ᠶᠢ ᠪᠠᠭ᠎ᠠ ᠪᠤᠰᠤ ᠳᠡᠭᠡᠭᠰᠢᠯᠡᠭᠦᠯᠵᠦ᠂ ᠥᠪᠡᠷ᠎ᠦᠨ ᠥᠷᠲᠡᠭ ᠨᠢ ᠴᠦ᠍ ᠡᠳᠦᠢ ᠲᠡᠳᠦᠢ ᠪᠠᠭᠤᠷᠠᠭᠰᠠᠨ ᠪᠠᠢᠨ᠎ᠠ 》 ᠭᠡᠬᠦ ᠱᠠᠩᠬᠠᠢ᠎ᠶᠢᠨ ᠨᠢᠭᠡᠨ ᠵᠢᠵᠢᠭ ᠪᠢᠴᠢᠯ ᠠᠵᠤ ᠠᠬᠤᠢᠯᠠᠯ᠎ᠤᠨ ᠬᠠᠷᠢᠭᠤᠴᠠᠯᠭᠠᠲᠠᠨ᠎ᠤ ᠦᠭᠡ ᠨᠢ ᠱᠠᠩᠬᠠᠢ᠎ᠶᠢᠨ ᠬᠢᠨ ᠠᠵᠤ ᠠᠬᠤᠢᠯᠠᠯ᠎ᠤᠨ 《 ᠡᠪᠡᠷᠰᠢᠶᠡᠯ 》᠎ᠢ ᠠᠷᠢᠯᠭᠠᠬᠤ ᠲᠠᠯ᠎ᠠ᠎ᠪᠠᠷ ᠬᠢ ᠴᠢᠷᠮᠠᠢᠯᠭ᠎ᠠ᠎ᠶᠢ ᠢᠯᠡᠳᠬᠡᠵᠡᠢ᠃ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠥᠭᠡᠷᠡᠴᠢᠯᠡᠯᠲᠡ᠎ᠡᠴᠡ ᠭᠠᠳᠠᠨ᠎ᠠ᠂ ᠣᠢᠷ᠎ᠠ᠎ᠶᠢᠨ ᠵᠢᠯ᠎ᠳᠦ᠂ ᠱᠠᠩᠬᠠᠢ ᠪᠠᠰᠠ ᠣᠷᠴᠢᠨ ᠲᠣᠭᠣᠷᠢᠨ᠎ᠤ ᠵᠠᠰᠠᠯᠲᠠ᠂ ᠠᠵᠤ ᠠᠬᠤᠢᠯᠠᠯ᠎ᠤᠨ ᠦᠢᠯᠡᠴᠢᠯᠡᠭᠡ ᠵᠡᠷᠭᠡ ᠬᠦᠷᠢᠶᠡᠨ᠎ᠳᠦ ᠠᠯᠢ ᠣᠯᠠᠨ ᠰᠢᠨ᠎ᠡ᠎ᠶᠢ ᠡᠭᠦᠳᠬᠦ ᠠᠷᠭ᠎ᠠ ᠬᠡᠮᠵᠢᠶ᠎ᠡ ᠭᠠᠷᠭᠠᠵᠤ᠂ ᠲᠥᠷᠥ᠎ᠶᠢᠨ ᠪᠣᠳᠣᠯᠭ᠎ᠠ᠎ᠶᠢᠨ ᠠᠰᠢᠭ᠋ ᠲᠤᠰᠠ᠎ᠶᠢ ᠵᠠᠬ᠎ᠠ ᠳᠡᠯᠭᠡᠭᠦᠷ᠎ᠦᠨ ᠭᠣᠣᠯ ᠴᠣᠭᠴᠠ᠎ᠳᠤ ᠨᠠᠷᠢᠯᠢᠭ᠋ ᠣᠨᠣᠴᠠᠲᠠᠢ᠎ᠪᠠᠷ ᠬᠦᠷᠦᠭᠦᠯᠦᠭᠰᠡᠨ ᠪᠠᠢᠨ᠎ᠠ᠃

      ᠣᠷᠴᠢᠨ ᠲᠣᠭᠣᠷᠢᠨ᠎ᠤ ᠵᠠᠰᠠᠯᠲᠠ᠎ᠶᠢᠨ ᠬᠦᠷᠢᠶᠡᠨ᠎ᠳᠦ᠂ 《 ᠣᠷᠴᠢᠨ ᠲᠣᠭᠣᠷᠢᠨ᠎ᠢ ᠵᠠᠰᠠᠨ ᠰᠡᠷᠭᠦᠭᠡᠬᠦ + ᠨᠡᠭᠡᠭᠡᠨ ᠬᠥᠭᠵᠢᠭᠦᠯᠵᠦ ᠪᠦᠲᠦᠭᠡᠨ ᠪᠠᠶ᠋ᠢᠭᠤᠯᠬᠤ 》 ᠬᠣᠯᠪᠤᠭᠠᠯᠠᠨ ᠬᠥᠳᠡᠯᠦᠯᠴᠡᠬᠦ ᠲᠣᠭᠲᠠᠴᠠ ᠨᠢ ᠤᠯᠠᠮᠵᠢᠯᠠᠯᠲᠤ ᠶᠠᠪᠤᠴᠠ᠎ᠶᠢᠨ ᠪᠡᠬᠢᠯᠡᠯᠲᠡ᠎ᠶᠢ ᠡᠪᠳᠡᠵᠦ᠂ ᠪᠣᠬᠢᠷᠲᠤᠭᠰᠠᠨ ᠭᠠᠵᠠᠷ᠎ᠢ ᠵᠠᠰᠠᠨ ᠰᠡᠷᠭᠦᠭᠡᠬᠦ ᠪᠠ ᠲᠥᠯᠥᠪᠵᠢᠭᠦᠯᠦᠨ ᠪᠦᠲᠦᠭᠡᠨ ᠪᠠᠶ᠋ᠢᠭᠤᠯᠬᠤ᠎ᠶᠢ ᠵᠡᠷᠭᠡ᠎ᠪᠡᠷ ᠲᠦᠯᠬᠢᠨ ᠠᠬᠢᠭᠤᠯᠵᠤ᠂ ᠬᠥᠷᠥᠰᠥ ᠰᠢᠷᠣᠢ᠎ᠶᠢᠨ ᠠᠮᠤᠷ ᠲᠦᠪᠰᠢᠨ᠎ᠢ ᠪᠠᠲᠤᠯᠠᠬᠤ ᠮᠥᠷᠲᠡᠭᠡᠨ ᠪᠠᠰᠠ ᠭᠠᠵᠠᠷ᠎ᠢ ᠳᠠᠬᠢᠨ ᠨᠡᠭᠡᠭᠡᠨ ᠬᠥᠭᠵᠢᠭᠦᠯᠬᠦ ᠠᠬᠢᠴᠠ᠎ᠶᠢ ᠲᠦᠷᠭᠡᠳᠬᠡᠪᠡ᠃ ᠵᠢᠵᠢᠭ ᠪᠢᠴᠢᠯ ᠠᠵᠤ ᠠᠬᠤᠢᠯᠠᠯ᠎ᠤᠨ ᠠᠶᠤᠯᠲᠠᠢ ᠬᠠᠶᠠᠭᠳᠠᠮᠠᠯ ᠪᠣᠳᠠᠰ᠎ᠢ ᠰᠢᠢᠳᠪᠦᠷᠢᠯᠡᠬᠦ ᠪᠡᠷᠬᠡ ᠰᠡᠳᠦᠪ᠎ᠲᠦ ᠴᠢᠭᠯᠡᠭᠦᠯᠦᠨ᠂ ᠱᠠᠩᠬᠠᠢ᠎ᠶᠢᠨ ᠬᠢᠨ ᠠᠶᠤᠯᠲᠠᠢ ᠬᠠᠶᠠᠭᠳᠠᠮᠠᠯ ᠪᠣᠳᠠᠰ᠎ᠢ ᠬᠣᠷᠢᠶᠠᠨ ᠴᠤᠭᠯᠠᠭᠤᠯᠬᠤ ᠰᠢᠰᠲᠧᠮ ᠪᠠ 《 ᠴᠡᠭ᠎ᠡᠴᠡ ᠴᠡᠭ᠎ᠲᠤ ᠬᠦᠷᠬᠦ 》ᠬᠠᠨᠳᠤᠯᠭ᠎ᠠ᠎ᠲᠠᠢ᠎ᠪᠠᠷ ᠠᠰᠢᠭ᠍ᠯᠠᠬᠤ᠎ᠠᠴᠠ ᠬᠡᠯᠲᠦᠷᠢᠭᠦᠯᠬᠦ ᠲᠣᠭᠲᠠᠴᠠ᠎ᠶᠢ ᠪᠠᠢᠭᠤᠯᠵᠤ᠂ ᠠᠵᠤ ᠠᠬᠤᠢᠯᠠᠯ᠎ᠤᠨ ᠰᠢᠢᠳᠪᠦᠷᠢᠯᠡᠬᠦ ᠥᠪᠡᠷ᠎ᠦᠨ ᠦᠷᠳᠡᠭ᠎ᠢ ᠦᠨᠡᠨ ᠬᠦ᠌ ᠪᠠᠭᠤᠷᠠᠭᠤᠯᠪᠠ᠃

      ᠠᠵᠤ ᠠᠬᠤᠢᠯᠠᠯ᠎ᠤᠨ ᠦᠢᠯᠡᠴᠢᠯᠡᠭᠡᠨ᠎ᠦ ᠬᠦᠷᠢᠶᠡᠨ᠎ᠳᠦ᠂ ᠱᠠᠩᠬᠠᠢ 《 ᠭᠤᠷᠪᠠᠨ ᠲᠠᠪᠴᠠᠩ 》᠎ᠢᠶᠠᠷ ᠳᠠᠮᠵᠢᠭᠤᠯᠤᠨ ᠦᠢᠯᠡᠴᠢᠯᠡᠭᠡᠨ᠎ᠦ ᠴᠢᠳᠠᠪᠤᠷᠢ᠎ᠪᠠᠨ ᠲᠠᠰ ᠳᠡᠪᠰᠢᠭᠦᠯᠪᠡ᠃ ᠪᠣᠬᠢᠷᠲᠤᠯ ᠦᠭᠡᠢ ᠮᠥᠩᠭᠥᠨ ᠭᠦᠢᠯᠭᠡᠭᠡᠨ᠎ᠦ ᠦᠢᠯᠡᠴᠢᠯᠡᠭᠡᠨ᠎ᠦ ᠲᠠᠪᠴᠠᠩ᠎ᠢ ᠲᠠᠰ ᠳᠡᠪᠰᠢᠭᠦᠯᠵᠦ᠂ ᠮᠥᠩᠭᠥᠨ ᠭᠦᠢᠯᠭᠡᠭᠡᠨ᠎ᠦ ᠪᠠᠢᠭᠤᠯᠤᠮᠵᠢ ᠬᠢᠭᠡᠳ ᠪᠣᠬᠢᠷᠲᠤᠯ ᠦᠭᠡᠢ ᠲᠥᠷᠥᠯ ᠵᠦᠢᠯ᠎ᠢ ᠨᠠᠷᠢᠯᠢᠭ᠋ ᠣᠨᠣᠴᠠᠲᠠᠢ᠎ᠪᠠᠷ ᠵᠣᠯᠭᠠᠭᠤᠯᠬᠤ᠎ᠶᠢ ᠠᠬᠢᠭᠤᠯᠤᠨ᠂ ᠠᠵᠤ ᠠᠬᠤᠢᠯᠠᠯ᠎ᠤᠨ ᠪᠡᠯᠡ ᠲᠣᠬᠢᠷᠠᠭᠤᠯᠭ᠎ᠠ᠎ᠶᠢᠨ ᠥᠪᠡᠷ᠎ᠦᠨ ᠥᠷᠲᠡᠭ᠎ᠢ ᠪᠠᠭᠤᠷᠠᠭᠤᠯᠬᠤ᠎ᠳᠤ ᠬᠦᠴᠦ ᠨᠡᠮᠡᠷᠢᠯᠡᠪᠡ ; ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ ᠬᠤᠪᠢᠷᠠᠭᠤᠯᠤᠯᠲᠠ᠎ᠶᠢᠨ ᠲᠠᠪᠴᠠᠩ᠎ᠢ ᠬᠦᠴᠦᠷᠬᠡᠭᠵᠢᠭᠦᠯᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ᠂ ᠴᠢᠳᠠᠪᠤᠷᠢᠲᠠᠨ ᠬᠢᠭᠡᠳ ᠬᠥᠷᠥᠩᠭᠡ᠎ᠶᠢ ᠵᠣᠯᠭᠠᠭᠤᠯᠬᠤ᠎ᠶᠢ ᠠᠬᠢᠭᠤᠯᠵᠤ᠂ ᠦᠷ᠎ᠡ ᠪᠦᠲᠦᠭᠡᠯ᠎ᠢ ᠨᠠᠢᠳᠠᠪᠤᠷᠢᠵᠢᠭᠤᠯᠬᠤ᠎ᠶᠢ ᠲᠦᠷᠭᠡᠳᠬᠡᠪᠡ ; 《 E ᠰᠢᠶᠣᠣ ᠡᠯ 》 ᠣᠶᠤᠨᠴᠢ ᠯᠠᠪᠯᠠᠯᠭ᠎ᠠ᠎ᠶᠢᠨ ᠲᠠᠪᠴᠠᠩ᠎ᠢ ᠰᠦᠯᠵᠢᠶᠡᠨ᠎ᠳᠦ ᠣᠷᠣᠭᠤᠯᠵᠤ᠂ ᠳᠤᠮᠳᠠ ᠵᠢᠵᠢᠭ ᠪᠢᠴᠢᠯ ᠠᠵᠤ ᠠᠬᠤᠢᠯᠠᠯ᠎ᠳᠤ ᠰᠦᠢᠳᠬᠡᠯ ᠬᠤᠷᠢᠶᠠᠬᠤ ᠦᠭᠡᠢ᠎ᠪᠡᠷ 《 AI + ᠲᠤᠰᠬᠠᠢ ᠮᠡᠷᠭᠡᠵᠢᠯᠲᠡᠨ 》᠎ᠤ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠯᠠᠪᠯᠠᠯᠭ᠎ᠠ ᠬᠠᠩᠭᠠᠵᠤ᠂ ᠠᠵᠤ ᠠᠬᠤᠢᠯᠠᠯ᠎ᠤᠨ ᠬᠠᠮᠢᠶᠠᠷᠤᠯᠲᠠ᠎ᠶᠢᠨ ᠥᠪᠡᠷ᠎ᠦᠨ ᠥᠷᠲᠡᠭ᠎ᠢ ᠪᠠᠭᠤᠷᠠᠭᠤᠯᠵᠠᠢ᠃

      ᠡᠭᠦᠨ᠎ᠡᠴᠡ ᠭᠠᠳᠠᠨ᠎ᠠ᠂ ᠱᠠᠩᠬᠠᠢ ᠪᠠᠰᠠ ᠴᠠᠭᠠᠰᠤᠨ ᠪᠦᠲᠦᠭᠡᠭᠳᠡᠬᠦᠨ ᠦᠢᠯᠡᠳᠬᠦ ᠵᠡᠷᠭᠡ ᠠᠵᠢᠯ ᠲᠥᠷᠥᠯ᠎ᠦᠨ ᠣᠷᠴᠢᠨ ᠲᠣᠭᠣᠷᠢᠨ᠎ᠤ ᠨᠥᠯᠥᠭᠡ᠎ᠶᠢᠨ ᠦᠨᠡᠯᠡᠯᠲᠡ ᠬᠢᠭᠡᠳ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠦᠨ AI ᠵᠢᠨ ᠲᠤᠰᠠᠯᠠᠬᠤ ᠬᠢᠨᠠᠨ ᠵᠥᠪᠰᠢᠶᠡᠷᠡᠯ᠎ᠢ ᠬᠠᠢᠨ ᠰᠦᠪᠡᠭᠴᠢᠯᠡᠵᠦ᠂ ᠠᠶᠤᠯᠲᠠᠢ ᠬᠠᠶᠠᠭᠳᠠᠮᠠᠯ ᠪᠣᠳᠠᠰ᠎ᠢ ᠮᠤᠵᠢ ᠠᠯᠤᠰᠯᠠᠨ ᠰᠢᠯᠵᠢᠭᠦᠯᠬᠦ᠎ᠶᠢ ᠣᠶᠤᠨᠴᠢ᠎ᠪᠠᠷ ᠭᠦᠢᠴᠡᠳᠬᠡᠬᠦ᠂ ᠢᠳᠡᠭᠡᠨ ᠤᠮᠳᠠᠭᠠᠨ᠎ᠤ ᠵᠦᠢᠯᠡᠰ᠎ᠦᠨ ᠭᠠᠵᠠᠷ ᠰᠣᠩᠭᠣᠬᠤ᠎ᠶᠢ ᠴᠠᠭᠠᠵᠠᠯᠠᠬᠤ ᠬᠡᠪᠴᠢᠶ᠎ᠡ᠎ᠶᠢ ᠪᠠᠢᠴᠠᠭᠠᠨ ᠯᠠᠪᠯᠠᠬᠤ ᠵᠡᠷᠭᠡ ᠦᠢᠯᠡᠴᠢᠯᠡᠭᠡ᠎ᠶᠢ ᠨᠠᠪᠲᠠᠷᠡᠭᠦᠯᠵᠦ᠂ ᠠᠵᠤ ᠠᠬᠤᠢᠯᠠᠯ᠎ᠤᠨ ᠠᠵᠢᠯ ᠶᠠᠪᠤᠳᠠᠯ ᠰᠢᠢᠳᠪᠦᠷᠢᠯᠡᠬᠦ᠎ᠳᠦ ᠨᠠᠩ ᠲᠥᠬᠥᠮ ᠪᠣᠯᠭᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号