ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠤᠵᠢ ᠬᠤᠲᠠ᠎ᠶᠢᠨ ᠮᠡᠳᠡᠭᠡ
ᠾᠧᠪᠧᠢ ᠮᠤᠵᠢ ᠵᠢᠨ ᠰᠢᠶᠦ᠋ᠩ ᠠᠨ ᠰᠢᠨ᠎ᠡ ᠲᠣᠭᠣᠷᠢᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠪᠡᠭᠡᠵᠢᠩ ᠶᠡᠬᠡ ᠰᠤᠷᠭ᠋ᠠᠭᠤᠯᠢ᠎ᠲᠠᠢ ᠬᠠᠮᠲᠤᠷᠠᠨ 《ᠪᠣᠬᠢᠷᠳᠤᠯ ᠦᠭᠡᠢ ᠬᠤᠳᠠ》 ᠭᠣᠣᠯ ᠰᠡᠳᠦᠪᠲᠦ ᠰᠤᠳᠤᠯᠤᠨ ᠰᠤᠷᠤᠯᠴᠠᠬᠤ ᠠᠵᠢᠯᠯᠠᠭ᠎ᠠ ᠥᠷᠨᠢᠭᠦᠯᠵᠡᠢ
ᠨᠡᠶ᠋ᠢᠲᠡᠯᠡᠭᠰᠡᠨ ᠴᠠᠭ᠄ 2025-05-09

      ᠡᠨᠡ ᠵᠢᠯ᠂ ᠾᠧᠪᠧᠢ ᠵᠢᠨ ᠰᠢᠶᠦ᠋ᠩ ᠠᠨ ᠰᠢᠨ᠎ᠡ ᠲᠣᠭᠣᠷᠢᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠪᠡᠭᠡᠵᠢᠩ ᠶᠡᠬᠡ ᠰᠤᠷᠭ᠋ᠠᠭᠤᠯᠢ᠎ᠲᠠᠢ ᠬᠠᠮᠲᠤᠷᠠᠨ 《ᠪᠣᠬᠢᠷᠳᠤᠯ ᠦᠭᠡᠢ ᠬᠤᠳᠠ》 ᠵᠢᠨ ᠭᠣᠣᠯ ᠰᠡᠳᠦᠪᠲᠦ ᠰᠤᠳᠤᠯᠤᠨ ᠰᠤᠷᠤᠯᠴᠠᠬᠤ ᠠᠵᠢᠯᠯᠠᠭ᠎ᠠ ᠵᠢ ᠭᠦᠨᠵᠡᠭᠡᠢ᠌ᠷᠡᠭᠦᠯᠵᠦ᠂ 《ᠰᠢᠶᠦ᠋ᠩ ᠠᠨ᠎ᠤ ᠪᠣᠬᠢᠷᠳᠤᠯ ᠦᠭᠡᠢ ᠬᠤᠳᠠ ᠬᠢᠭᠡᠳ ᠢᠷᠡᠭᠡᠳᠦᠢ ᠵᠢᠨ ᠰᠢᠨᠵᠢᠯᠡᠬᠦ ᠤᠬᠠᠭ᠋ᠠᠨ ᠮᠡᠷᠭᠡᠵᠢᠯ》᠎ᠤᠨ ᠬᠢᠴᠢᠶᠡᠯ᠎ᠤᠨ ᠰᠢᠰᠲ᠋ᠧᠮ᠎ᠢ ᠠᠮᠵᠢᠯᠲᠠ᠎ᠲᠠᠢ ᠪᠠᠢ᠌ᠭᠤᠯᠪᠠ᠃ ᠲᠣᠰ ᠤᠳᠠᠭ᠋ᠠᠨ᠎ᠤ ᠬᠢᠴᠢᠶᠡᠯ᠎ᠨᠢ 《ᠣᠨᠣᠯ᠎ᠤᠨ ᠵᠢᠭ᠋ᠠᠨ ᠰᠤᠷᠭ᠋ᠠᠯᠲᠠ — ᠲᠤᠬᠠᠢ ᠵᠢᠨ ᠭᠠᠵᠠᠷ᠎ᠲᠤᠨᠢ ᠰᠤᠳᠤᠯᠤᠨ ᠰᠤᠷᠤᠯᠴᠠᠬᠤ — ᠲᠤᠰᠬᠠᠢ ᠰᠡᠳᠦᠪ ᠵᠶ᠋ᠡᠷ ᠰᠤᠳᠤᠯᠤᠨ ᠶᠠᠷᠢᠯᠴᠠᠬᠤ》 ᠭᠤᠷᠪᠠ ᠵᠢ ᠨᠢᠭᠡ ᠴᠣᠭᠴᠠᠵᠢᠭᠤᠯᠤᠭᠰᠠᠨ ᠵᠢᠭ᠋ᠠᠨ ᠰᠤᠷᠭ᠋ᠠᠯᠲᠠ ᠵᠢᠨ ᠵᠠᠭᠪᠤᠷ ᠵᠶ᠋ᠠᠷ ᠳᠠᠮᠵᠢᠭᠤᠯᠤᠨ᠂ ᠰᠤᠷᠤᠭᠴᠢᠳ᠎ᠢ ᠬᠥᠲᠥᠯᠥᠨ ᠵᠢᠯᠤᠭᠣᠳᠴᠤ ᠪᠠᠢ᠌ᠭ᠋ᠠᠳ ᠬᠥᠮᠥᠨ ᠨᠡᠢ᠌ᠭᠡᠮ᠎ᠤᠨ ᠭᠠᠵᠠᠷ ᠵᠦᠢ ᠬᠢᠭᠡᠳ ᠬᠣᠲᠠ ᠵᠢᠨ ᠲᠥᠯᠦᠪᠵᠢᠭᠦᠯᠭᠡ᠂ ᠠᠵᠤ ᠦᠢ᠍ᠯᠡᠰ᠎ᠤᠨ ᠠᠮᠢ ᠠᠬᠤᠢ ᠬᠢᠭᠡᠳ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠂ ᠪᠣᠬᠢᠷᠲᠤᠯ ᠦᠭᠡᠢ ᠣᠶᠤᠨᠴᠢ ᠮᠡᠷᠭᠡᠵᠢᠯ ᠵᠡᠷᠭᠡ ᠣᠯᠠᠨ ᠲᠥᠷᠥᠯ᠎ᠤᠨ ᠰᠢᠨᠵᠢᠯᠡᠭᠡᠨ᠎ᠤ ᠬᠠᠷᠠᠭ᠋ᠠᠰᠤ᠎ᠠᠴᠠ ᠢᠷᠡᠭᠡᠳᠦᠢ ᠵᠢᠨ ᠬᠣᠲᠠ ᠵᠢᠨ ᠦᠷᠭᠦᠯᠵᠢᠯᠡᠬᠦ ᠬᠥᠭᠵᠢᠯᠲᠡ ᠵᠢᠨ ᠠᠷᠭ᠎ᠠ ᠵᠠᠮ᠎ᠢ ᠬᠠᠢ᠌ᠨ ᠰᠦᠪᠡᠭᠴᠢᠯᠡᠨ᠎ᠡ᠃
      ᠣᠨᠣᠯ᠎ᠤᠨ ᠵᠢᠭ᠋ᠠᠨ ᠰᠤᠷᠭ᠋ᠠᠯᠲᠠ ᠵᠢᠨ ᠭᠣᠭᠴᠣᠭ᠎ᠠ᠎ᠳᠤ᠂ ᠰᠤᠳᠤᠯᠤᠨ ᠰᠤᠷᠤᠯᠴᠠᠬᠤ ᠬᠢᠴᠢᠶᠡᠯ᠎ᠳᠤ 4 ᠲᠤᠰᠬᠠᠢ ᠮᠡᠷᠭᠡᠵᠢᠯᠲᠡᠨ ᠫᠷᠤᠹᠧᠰᠰᠤᠷ᠎ᠢ ᠤᠷᠢᠵᠤ ᠰᠢᠷᠢᠰ ᠲᠤᠰᠬᠠᠢ ᠰᠡᠳᠦᠪᠲᠦ ᠬᠢᠴᠢᠶᠡᠯᠯᠡᠭᠡ ᠵᠢ ᠥᠷᠨᠢᠭᠦᠯᠪᠡ᠂ ᠬᠢᠴᠢᠶᠡᠯᠯᠡᠬᠦ ᠠᠭᠤᠯᠭ᠎ᠠ᠎ᠳᠤ᠄ ᠪᠥᠬᠥ ᠪᠥᠮᠪᠥᠷᠴᠡᠭ᠎ᠤᠨ ᠬᠠᠶᠠᠭᠳᠠᠮᠠᠯ ᠪᠣᠳᠠᠰ᠎ᠢ ᠥᠯᠥ ᠬᠠᠶᠠᠬᠤ ᠬᠥᠳᠡᠯᠭᠡᠭᠡᠨ᠎ᠤ ᠣᠢ᠌ᠯᠠᠭ᠋ᠠᠭᠳᠠᠬᠤᠨ ᠬᠢᠭᠡᠳ ᠦᠢ᠍ᠯᠡᠳᠦᠯᠭᠡ᠂ ᠳᠤᠮᠳᠠᠳᠤ ᠤᠯᠤᠰ᠎ᠤᠨ ᠬᠣᠲᠠ ᠵᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠬᠠᠮᠢᠶᠠᠷᠤᠯᠲᠠ ᠵᠢᠨ ᠡᠴᠦᠰ᠎ᠤᠨ ᠵᠠᠰᠠᠯᠲᠠ᠎ᠠᠴᠠ ᠣᠷᠴᠢᠯ ᠠᠵᠤ ᠠᠬᠤᠢ ᠵᠢᠨ ᠬᠡᠯᠪᠡᠷᠢ᠎ᠪᠠᠨ ᠬᠤᠪᠢᠷᠠᠭᠤᠯᠤᠭᠰᠠᠨ ᠶᠠᠪᠤᠴᠠ ᠵᠡᠷᠭᠡ ᠠᠭᠤᠯᠭ᠎ᠠ ᠪᠠᠭᠲᠠᠨ᠎ᠠ᠃
      ᠲᠤᠬᠠᠢ ᠵᠢᠨ ᠭᠠᠵᠠᠷ᠎ᠲᠤᠨᠢ ᠰᠤᠳᠤᠯᠤᠨ ᠰᠤᠷᠤᠯᠴᠠᠬᠤ᠎ᠳᠠᠭᠠᠨ ᠰᠢᠶᠦ᠋ᠩ ᠠᠨ ᠰᠢᠨ᠎ᠡ ᠲᠣᠭᠣᠷᠢᠭ᠎ᠤᠨ 《ᠪᠣᠬᠢᠷᠳᠤᠯ ᠦᠭᠡᠢ ᠤᠬᠠᠭᠤᠯᠭ᠎ᠠ ᠬᠥᠮᠦᠵᠢᠯ᠎ᠤᠨ ᠰᠠᠭᠤᠷᠢᠨ ᠭᠠᠵᠠᠷ》 《ᠪᠣᠬᠢᠷᠳᠤᠯ ᠦᠭᠡᠢ ᠪᠠᠢ᠌ᠭᠤᠯᠭ᠎ᠠ》 《ᠪᠣᠬᠢᠷᠳᠤᠯ ᠦᠭᠡᠢ ᠰᠤᠷᠭ᠋ᠠᠭᠤᠯᠢ》 ᠵᠢᠨ ᠪᠦᠲᠦᠭᠡᠨ ᠪᠠᠢ᠌ᠭᠤᠯᠤᠯᠲᠠ ᠵᠢᠨ ᠦᠷ᠎ᠡ ᠪᠦᠲᠦᠮᠵᠢ᠎ᠪᠠᠷ ᠲᠦᠰᠢᠭ ᠪᠣᠯᠭ᠋ᠠᠵᠤ᠂ ᠪᠡᠭᠡᠵᠢᠩ ᠶᠡᠬᠡ ᠰᠤᠷᠭ᠋ᠠᠭᠤᠯᠢ ᠵᠢᠨ 24 ᠪᠠᠭᠰᠢ ᠰᠤᠷᠤᠭᠴᠢ ᠰᠢᠶᠦ᠋ᠩ ᠠᠨ ᠰᠢᠨ᠎ᠡ ᠲᠣᠭᠣᠷᠢᠭ᠎ᠤᠨ ᠲᠥᠯᠦᠪᠵᠢᠭᠦᠯᠭᠡ ᠵᠢᠨ ᠦᠵᠡᠰᠬᠦᠯᠡᠩ᠎ᠤᠨ ᠣᠷᠳᠣᠨ᠂ ᠾᠧᠪᠧᠢ ᠵᠢᠨ ᠰᠢᠶᠦ᠋ᠩ ᠠᠨ ᠭᠤᠸᠠᠩ ᠳ᠋ᠠ ᠠᠮᠢ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ ᠵᠡᠷᠭᠡ ᠭᠣᠣᠯ ᠴᠡᠭ ᠵᠶ᠋ᠡᠷ ᠲᠣᠭᠣᠷᠢᠨ ᠦᠵᠡᠵᠦ᠂ ᠽᠠᠨ ᠭᠠᠩ ᠬᠡᠰᠡᠭ ᠲᠣᠭᠣᠷᠢᠭ᠎ᠤᠨ 《ᠶᠢᠨ ᠹᠠᠨ》᠂ 《ᠰᠢᠩ ᠴᠢᠩ》 ᠵᠡᠷᠭᠡ 《ᠪᠣᠬᠢᠷᠳᠤᠯ ᠦᠭᠡᠢ ᠨᠡᠢ᠌ᠭᠡᠮ ᠲᠣᠭᠣᠷᠢᠭ》᠎ᠢ ᠰᠤᠷᠪᠤᠯᠵᠢᠯᠠᠵᠤ᠂ ᠰᠤᠳᠤᠯᠤᠨ ᠰᠤᠷᠤᠯᠴᠠᠬᠤ ᠬᠢᠴᠢᠶᠡᠯ᠎ᠳᠤ 《ᠪᠣᠬᠢᠷᠳᠤᠯ ᠦᠭᠡᠢ ᠣᠢ᠌ᠯᠠᠭ᠋ᠠᠭᠳᠠᠬᠤᠨ》᠎ᠢ ᠭᠦᠨᠵᠡᠭᠡᠢ᠌ᠷᠡᠭᠦᠯᠵᠦ᠂ ᠠᠵᠤ ᠠᠬᠤᠢ᠌ᠯᠠᠯ ᠳᠡᠭᠡᠳᠦ ᠰᠤᠷᠭ᠋ᠠᠭᠤᠯᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠭᠦᠨ ᠠᠭᠤᠰᠤᠯᠴᠠᠯ᠎ᠢ ᠠᠬᠢᠭᠤᠯᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠬᠠᠩᠵᠧᠦ ᠬᠤᠲᠠ ᠵᠢᠨ ᠬᠠᠢ ᠴᠤᠤ ᠭᠣᠮ᠎ᠤᠨ ᠬᠢᠵᠠᠭ᠋ᠠᠷᠲᠤ ᠺᠣᠮᠫᠠᠨᠢ ᠪᠣᠬᠢᠷᠲᠤᠯ᠎ᠢ ᠪᠠᠭ᠋ᠠᠰᠬᠠᠵᠤ ᠨᠡᠭᠦᠷᠡᠰᠦᠲᠥ᠋ᠷᠥᠭᠴᠢ ᠵᠢ ᠪᠠᠭ᠋ᠠᠰᠬᠠᠬᠤ ᠬᠠᠮᠵᠢᠯᠴᠠᠭ᠋ᠠᠨ᠎ᠤ ᠢᠨᠵᠧᠨᠧᠷᠢᠩ᠎ᠢ ᠬᠠᠢ᠌ᠨ ᠰᠦᠪᠡᠭᠴᠢᠯᠡᠪᠡ
ᠵᠢᠶᠠᠩᠰᠤ ᠮᠤᠵᠢ ᠵᠢᠨ᠎ᠲᠠᠢ ᠵᠧᠦ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠥᠪ ᠵᠶ᠋ᠡᠷ ᠭᠣᠣᠯᠯᠠᠭᠤᠯᠤᠭᠰᠠᠨ 《VOCs ᠰᠦᠮᠠ ᠰᠠᠪᠠ ᠵᠢᠨ ᠬᠢᠨᠠᠨ ᠬᠡᠮᠵᠢᠯᠲᠡ ᠵᠢᠨ ᠣᠶᠤᠨᠴᠢ ᠶᠠᠰᠤ ᠴᠢᠨᠠᠷ᠎ᠤᠨ ᠡᠵᠡᠮᠳᠡᠯ᠎ᠤᠨ ᠬᠠᠮᠢᠶᠠᠷᠤᠯᠲᠠ ᠵᠢᠨ ᠰᠢᠰᠲ᠋ᠧᠮ᠎ᠤᠨ ᠰᠤᠳᠤᠯᠤᠨ ᠨᠡᠭᠡᠭᠡᠯᠲᠡ ᠪᠠ ᠬᠡᠷᠡᠭᠯᠡᠯᠲᠡ》 ᠵᠢᠨ ᠲᠥᠷᠥᠯ ᠵᠦᠢ᠍ᠯ᠎ᠨᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠦᠨᠡᠯᠡᠯᠲᠡ ᠵᠢ ᠠᠮᠵᠢᠯᠲᠠᠲᠠᠢ ᠥᠩᠭᠡᠷᠡᠪᠡ
ᠣᠷᠴᠢᠨ ᠲᠣᠭᠣᠷᠢᠨ᠎ᠤ ᠲᠤᠰᠬᠠᠶ ᠮᠡᠷᠭᠡᠵᠢᠯᠲᠡᠨ ᠱᠠᠩᠬᠠᠢ᠎ᠳᠤ ᠴᠤᠭᠯᠠᠷᠠᠵᠤ᠂ ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠵᠢ ᠬᠤᠪᠢᠷᠠᠭᠤᠯᠬᠤ ᠪᠠ ᠰᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠤ ᠬᠥᠭᠵᠢᠯᠲᠡ ᠵᠢ ᠬᠥᠲᠥᠯᠦᠨ ᠳᠠᠭ᠋ᠠᠭᠤᠯᠬᠤ ᠲᠤᠬᠠᠶ ᠰᠤᠳᠤᠯᠤᠨ ᠶᠠᠷᠢᠯᠴᠠᠪᠠ
ᠬᠠᠶ᠋ᠢᠨᠠᠨ ᠮᠤᠵᠢ ᠠᠮᠢ ᠠᠬᠤᠶ ᠣᠷᠴᠢᠨ ᠲᠣᠭᠣᠷᠢᠨ᠎ᠤ ᠵᠠᠰᠠᠭ ᠵᠠᠬᠢᠷᠭ᠋ᠠᠨ᠎ᠤ ᠬᠠᠥᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠥᠷᠨᠢᠭᠦᠯᠪᠡ
ᠭᠤᠸᠠᠩᠰᠢ ᠮᠤᠵᠢ ᠬᠦᠨᠳᠦ ᠲᠡᠮᠦᠷᠯᠢᠭ᠎ᠤᠨ ᠭᠣᠣᠯᠳᠠᠯᠭ᠎ᠠ᠎ᠲᠠᠢ ᠠᠵᠢᠯ ᠲᠦᠷᠦᠯ᠎ᠤᠨ ᠠᠵᠤ ᠠᠬᠤᠶ᠋ᠢᠯᠠᠯ᠎ᠢ ᠪᠠᠶ᠋ᠢᠴᠠᠭ᠋ᠠᠵᠤ ᠴᠡᠭᠴᠡᠯᠡᠨ ᠵᠠᠰᠠᠬᠤ ᠠᠵᠢᠯ᠎ᠢ ᠥᠷᠨᠢᠭᠦᠯᠪᠡ
 
             蒙ICP备05000248号