ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠤᠵᠢ ᠬᠤᠲᠠ᠎ᠶᠢᠨ ᠮᠡᠳᠡᠭᠡ
ᠵᠢᠶᠠᠩᠰᠤ ᠮᠤᠵᠢ ᠵᠢᠨ᠎ᠲᠠᠢ ᠵᠧᠦ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠥᠪ ᠵᠶ᠋ᠡᠷ ᠭᠣᠣᠯᠯᠠᠭᠤᠯᠤᠭᠰᠠᠨ 《VOCs ᠰᠦᠮᠠ ᠰᠠᠪᠠ ᠵᠢᠨ ᠬᠢᠨᠠᠨ ᠬᠡᠮᠵᠢᠯᠲᠡ ᠵᠢᠨ ᠣᠶᠤᠨᠴᠢ ᠶᠠᠰᠤ ᠴᠢᠨᠠᠷ᠎ᠤᠨ ᠡᠵᠡᠮᠳᠡᠯ᠎ᠤᠨ ᠬᠠᠮᠢᠶᠠᠷᠤᠯᠲᠠ ᠵᠢᠨ ᠰᠢᠰᠲ᠋ᠧᠮ᠎ᠤᠨ ᠰᠤᠳᠤᠯᠤᠨ ᠨᠡᠭᠡᠭᠡᠯᠲᠡ ᠪᠠ ᠬᠡᠷᠡᠭᠯᠡᠯᠲᠡ》 ᠵᠢᠨ ᠲᠥᠷᠥᠯ ᠵᠦᠢ᠍ᠯ᠎ᠨᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠦᠨᠡᠯᠡᠯᠲᠡ ᠵᠢ ᠠᠮᠵᠢᠯᠲᠠᠲᠠᠢ ᠥᠩᠭᠡᠷᠡᠪᠡ
ᠨᠡᠶ᠋ᠢᠲᠡᠯᠡᠭᠰᠡᠨ ᠴᠠᠭ᠄ 2025-05-15

      ᠣᠢ᠌ᠷ᠎ᠠ᠎ᠳᠤ᠂ ᠵᠢᠶᠠᠩᠰᠤ ᠮᠤᠵᠢ ᠵᠢᠨ᠎ᠲᠠᠢ ᠵᠧᠦ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠥᠪ᠎ᠠᠴᠠ ᠭᠣᠣᠯᠯᠠᠨ ᠤᠳᠤᠷᠢᠳᠤᠭᠰᠠᠨ 《VOCs ᠰᠦᠮᠠ ᠰᠠᠪᠠ ᠵᠢᠨ ᠬᠢᠨᠠᠨ ᠬᠡᠮᠵᠢᠯᠲᠡ ᠵᠢᠨ ᠣᠶᠤᠨᠴᠢ ᠶᠠᠰᠤ ᠴᠢᠨᠠᠷ᠎ᠤᠨ ᠡᠵᠡᠮᠳᠡᠯ᠎ᠤᠨ ᠬᠠᠮᠢᠶᠠᠷᠤᠯᠲᠠ ᠵᠢᠨ ᠰᠢᠰᠲ᠋ᠧᠮ᠎ᠤᠨ ᠰᠤᠳᠤᠯᠤᠨ ᠨᠡᠭᠡᠭᠡᠯᠲᠡ ᠪᠠ ᠬᠡᠷᠡᠭᠯᠡᠯᠲᠡ》 ᠵᠢᠨ ᠲᠥᠷᠥᠯ ᠵᠦᠢ᠍ᠯ᠎ᠨᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠦᠨᠡᠯᠡᠯᠲᠡ ᠵᠢ ᠠᠮᠵᠢᠯᠲᠠᠲᠠᠢ ᠥᠩᠭᠡᠷᠡᠭᠡᠭᠰᠡᠨ ᠪᠠᠢ᠌ᠨ᠎ᠠ᠃ ᠦᠨᠡᠯᠡᠬᠦ ᠺᠣᠮᠢᠰ᠎ᠠᠴᠠ᠂ ᠲᠣᠰ ᠰᠢᠰᠲ᠋ᠧᠮ᠎ᠨᠢ VOCs ᠬᠢᠨᠠᠨ ᠬᠡᠮᠵᠢᠯᠲᠡ ᠵᠢ ᠪᠥᠬᠥ ᠶᠠᠪᠤᠴᠠ ᠵᠢᠨ ᠣᠶᠤᠨᠴᠢ ᠴᠢᠨᠠᠷ᠎ᠤᠨ ᠡᠵᠡᠮᠳᠡᠯ᠎ᠤᠨ ᠬᠠᠮᠢᠶᠠᠷᠤᠯᠲᠠ ᠵᠢ ᠪᠡᠶᠡᠯᠡᠭᠦᠯᠵᠦ᠂ ᠪᠦᠬᠦᠯᠢ ᠴᠣᠭᠴᠠ᠎ᠪᠠᠷ ᠵᠶ᠋ᠠᠨ ᠤᠯᠤᠰ᠎ᠤᠨ ᠳᠣᠲᠣᠭ᠋ᠠᠳᠤ ᠵᠢᠨ ᠲᠡᠷᠢᠭᠦᠨ᠎ᠤ ᠬᠢᠷᠢ ᠲᠦᠪᠰᠢᠨ᠎ᠳᠤ ᠬᠦᠷᠭᠡᠵᠦ᠂ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠬᠦᠷᠢᠶᠡᠨ᠎ᠳᠠᠬᠢ ᠲᠤᠭ᠋ᠠᠴᠢᠯᠠᠯᠳᠠ᠂ ᠣᠶᠤᠨᠴᠢᠯᠠᠯᠲᠠ ᠵᠢ ᠬᠥᠲᠥᠯᠥᠨ ᠵᠢᠯᠤᠭᠣᠳᠴᠤ ᠪᠠᠢ᠌ᠭ᠋ᠠᠳ ᠰᠢᠨ᠎ᠡ ᠥᠨᠳᠥᠷᠴᠡ ᠲᠡᠢ᠌ᠰᠢ ᠤᠷᠤᠭᠰᠢᠯᠠᠭᠤᠯᠤᠨ᠎ᠠ ᠭᠡᠵᠦ ᠰᠠᠨᠠᠯ ᠨᠢᠭᠡᠲᠡᠢ ᠮᠠᠭ᠋ᠠᠳᠯᠠᠨ ᠲᠣᠭᠲᠠᠭ᠋ᠠᠪᠠ᠃
      ᠳᠡᠭᠳᠡᠮᠡᠬᠡᠢ ᠴᠢᠨᠠᠷᠲᠠᠢ ᠣᠷᠭ᠋ᠠᠨᠢᠭ ᠪᠣᠳᠠᠰ (VOCs)᠎ᠨᠢ ᠪᠣᠬᠢᠷ ᠮᠠᠨᠠᠨ᠂ PM2.5 ᠪᠣᠯᠣᠨ ᠣᠽᠣᠨ ᠵᠡᠷᠭᠡ ᠣᠷᠴᠢᠨ ᠲᠣᠭᠣᠷᠢᠨ᠎ᠤ ᠠᠰᠠᠭᠤᠳᠠᠯ᠎ᠲᠠᠢ ᠰᠠᠯᠵᠤ ᠪᠣᠯᠣᠰᠢ ᠦᠭᠡᠢ ᠨᠢᠭᠲᠠ ᠬᠠᠷᠢᠴᠠᠭ᠎ᠠ᠎ᠲᠠᠢ ᠪᠠᠢ᠌ᠳᠠᠭ᠃ ᠭᠡᠪᠡᠴᠦ ᠲᠡᠭᠦᠨ᠎ᠤ ᠲᠥᠷᠥᠯ ᠵᠦᠢ᠍ᠯ᠎ᠨᠢ ᠣᠯᠠᠨ᠂ ᠨᠠᠢ᠌ᠷᠠᠯᠭ᠎ᠠ᠎ᠨᠢ ᠣᠯᠠᠨ᠂ ᠰᠠᠭᠤᠷᠢ ᠡᠳ᠋᠎ᠤᠨ ᠬᠠᠷᠰᠢᠯᠠᠯ᠎ᠨᠢ ᠶᠡᠬᠡ ᠤᠴᠢᠷ᠎ᠠᠴᠠ ᠴᠢᠨᠠᠷ ᠪᠠ ᠬᠡᠮᠵᠢᠶ᠎ᠡ ᠵᠢ᠎ᠨᠢ ᠲᠣᠭᠲᠠᠭ᠋ᠠᠵᠤ ᠪᠠᠢ᠌ᠴᠠᠭ᠋ᠠᠨ ᠬᠡᠮᠵᠢᠬᠦ᠎ᠳᠤ ᠮᠠᠰᠢ ᠬᠦᠴᠢᠷᠲᠡᠢ ᠪᠠᠢ᠌ᠳᠠᠭ᠃
      《VOC ᠬᠢᠨᠠᠨ ᠬᠡᠮᠵᠢᠬᠦ ᠠᠵᠢᠯ᠎ᠨᠢ ᠲᠤᠬᠠᠢ ᠵᠢᠨ ᠭᠠᠵᠠᠷ᠎ᠤᠨ ᠣᠷᠴᠢᠨ ᠲᠣᠭᠣᠷᠢᠨ᠎ᠤ ᠴᠢᠭᠢᠭ᠎ᠤᠨ ᠬᠡᠮᠵᠢᠶ᠎ᠡ᠂ ᠦᠯᠢᠭᠡᠷ ᠡᠳ᠋᠎ᠢ ᠲᠡᠭᠡᠭᠡᠪᠦᠷᠢᠯᠡᠬᠦ ᠶᠠᠪᠤᠴᠠ ᠵᠢᠨ ᠳᠤᠯᠠᠭ᠋ᠠᠨ᠎ᠤ ᠬᠡᠮᠵᠢᠶ᠎ᠡ᠂ ᠲᠤᠷᠰᠢᠯᠲᠠ ᠵᠢᠨ ᠵᠠᠳᠠᠯᠤᠯᠲᠠ ᠵᠢᠨ ᠶᠠᠪᠤᠴᠠ ᠵᠢᠨ ᠴᠡᠪᠡᠷᠴᠡ ᠵᠢᠨ ᠬᠡᠮᠵᠢᠶ᠎ᠡ ᠵᠡᠷᠭᠡ ᠬᠦᠴᠦᠨ ᠵᠦᠢ᠍ᠯ᠎ᠤᠨ ᠨᠥᠯᠥᠭᠡ ᠵᠢ ᠮᠠᠰᠢ ᠶᠡᠬᠡ ᠬᠦᠷᠳᠡᠳᠡᠭ᠂ ᠶᠠᠮᠠᠷᠪᠠ ᠬᠦᠴᠦᠨ ᠵᠦᠢ᠍ᠯ᠎ᠨᠢ ᠴᠥᠮ ᠦᠯᠢᠭᠡᠷ ᠡᠳ᠋᠎ᠢ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢᠨ ᠣᠨᠣᠪᠴᠢᠲᠤ ᠴᠢᠨᠠᠷ᠎ᠢ ᠨᠥᠯᠥᠭᠡᠯᠡᠳᠡᠭ ᠶᠤᠮ》 ᠭᠡᠵᠦ ᠵᠢᠶᠠᠩᠰᠤ ᠮᠤᠵᠢ ᠵᠢᠨ᠎ᠲᠠᠢ ᠵᠧᠦ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠥᠪ᠎ᠤᠨ ᠳᠡᠭᠡᠳᠦ ᠵᠡᠷᠭᠡ ᠵᠢᠨ ᠢᠨᠵᠧᠨᠧᠷ ᠮᠠᠤ ᠬᠤᠢ ᠲᠠᠢ᠌ᠯᠪᠤᠷᠢᠯᠠᠪᠠ᠃ ᠡᠭᠦᠨ᠎ᠠᠴᠠ ᠭᠠᠳᠠᠨ᠎ᠠ᠂ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢᠨ ᠬᠡᠮᠵᠢᠶ᠎ᠡ ᠶᠡᠬᠡ᠂ ᠶᠡᠬᠡ ᠬᠡᠮᠵᠢᠶᠡᠨ᠎ᠤ ᠲᠣᠭ᠎ᠠ ᠪᠠᠷᠢᠮᠲᠠ ᠵᠢ ᠵᠥᠪᠬᠡᠨ ᠬᠥᠮᠥᠨ᠎ᠤ ᠬᠦᠴᠦ᠎ᠪᠠᠷ ᠨᠢᠭᠡ ᠨᠢᠭᠡ᠎ᠪᠠᠷ ᠬᠠᠷᠭᠤᠭᠤᠯᠬᠤ᠂ ᠡᠮᠬᠢᠳᠬᠡᠬᠦ ᠪᠠ ᠵᠠᠳᠠᠯᠬᠤ᠎ᠳᠤ ᠲᠦᠰᠢᠭᠯᠡᠵᠦ᠂ ᠠᠵᠢᠯᠲᠠᠳ ᠶᠡᠬᠡ ᠬᠡᠮᠵᠢᠶᠡᠨ᠎ᠤ ᠴᠠᠭ ᠪᠠ ᠣᠶᠤᠨ ᠴᠢᠳᠠᠯ ᠵᠶ᠋ᠠᠨ ᠵᠠᠷᠤᠴᠠᠭᠤᠯᠵᠤ᠂ ᠲᠣᠭ᠎ᠠ ᠪᠠᠷᠢᠮᠲᠠ ᠵᠢ ᠴᠤᠭᠯᠠᠭᠤᠯᠬᠤ᠎ᠠᠴᠠ ᠠᠪᠤᠭ᠋ᠠᠳ ᠡᠴᠦᠰ᠎ᠲᠡᠭᠡᠨ ᠪᠦᠲᠦᠮᠵᠢᠲᠡᠶ ᠵᠠᠳᠠᠯᠤᠯᠲᠠ ᠵᠢᠨ ᠦᠷ᠎ᠡ ᠳ᠋ᠦᠩ᠎ᠢ ᠣᠯᠬᠤ ᠬᠡᠷᠡᠭᠲᠡᠢ᠂ ᠳᠤᠮᠳᠠ᠎ᠨᠢ ᠣᠷᠳᠣ ᠬᠤᠭᠤᠴᠠᠭ᠎ᠠ ᠵᠢ ᠥᠩᠭᠡᠷᠡᠭᠡᠬᠦ ᠬᠡᠷᠡᠭᠲᠡᠢ᠂ ᠡᠢ᠌ᠮᠦ᠎ᠠᠴᠠ ᠠᠰᠠᠭᠤᠳᠠᠯ᠎ᠢ ᠴᠠᠭ ᠲᠤᠬᠠᠢ᠎ᠳᠤᠨᠢ ᠰᠡᠷᠡᠵᠦ ᠮᠡᠳᠡᠬᠦ ᠪᠠ ᠰᠢᠢ᠍ᠳᠪᠦᠷᠢᠯᠡᠬᠦ ᠵᠢᠨ ᠠᠷᠭ᠎ᠠ ᠦᠭᠡᠢ ᠪᠣᠯᠭ᠋ᠠᠵᠤ ᠮᠡᠳᠡᠨ᠎ᠡ᠃ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢᠨ ᠲᠥᠯᠥᠭᠡᠯᠡᠬᠦ ᠴᠢᠨᠠᠷ᠂ ᠣᠨᠣᠪᠴᠢᠲᠤ ᠴᠢᠨᠠᠷ᠂ ᠪᠦᠲᠦᠮᠵᠢᠲᠦ ᠴᠢᠨᠠᠷ᠎ᠢ ᠳᠡᠭᠡᠭᠰᠢᠯᠡᠭᠦᠯᠬᠦ ᠵᠢᠨ ᠲᠥᠯᠥᠭᠡ᠂ 2023 ᠣᠨ᠎ᠤ 4 ᠰᠠᠷ᠎ᠠ᠎ᠳᠤ᠂ ᠵᠢᠶᠠᠩᠰᠤ ᠮᠤᠵᠢ ᠵᠢᠨ᠎ᠲᠠᠢ ᠵᠧᠦ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠥᠪ᠎ᠤᠨ᠎ᠬᠢᠨ ᠬᠠᠮᠢᠶ᠎ᠠ ᠪᠦᠬᠦᠢ ᠮᠡᠷᠭᠡᠵᠢᠯ᠎ᠤᠨ ᠪᠦᠯᠬᠦᠮ᠎ᠲᠠᠢ ᠬᠠᠮᠲᠤᠷᠠᠨ᠂ VOCs ᠰᠦᠮᠠ ᠰᠠᠪᠠ ᠵᠢᠨ ᠬᠢᠨᠠᠨ ᠬᠡᠮᠵᠢᠯᠲᠡ ᠵᠢᠨ ᠣᠶᠤᠨᠴᠢ ᠶᠠᠰᠤ ᠴᠢᠨᠠᠷ᠎ᠤᠨ ᠡᠵᠡᠮᠳᠡᠯ᠎ᠤᠨ ᠬᠠᠮᠢᠶᠠᠷᠤᠯᠲᠠ ᠵᠢᠨ ᠰᠢᠰᠲ᠋ᠧᠮ᠎ᠢ ᠰᠤᠳᠤᠯᠤᠨ ᠨᠡᠭᠡᠭᠡᠬᠦ ᠠᠵᠢᠯ᠎ᠢ ᠥᠷᠨᠢᠭᠦᠯᠪᠡ᠃ ᠬᠣᠶᠠᠷ ᠵᠢᠯ᠎ᠤᠨ ᠬᠤᠭᠤᠴᠠᠭ᠋ᠠᠨ᠎ᠳᠤ᠂ ᠲᠤᠰᠬᠠᠢ ᠮᠡᠷᠭᠡᠵᠢᠯᠲᠡᠨ᠎ᠤ ᠪᠦᠯᠬᠦᠮ᠎ᠨᠢ ᠡᠭᠦᠷᠭᠡ ᠵᠢᠨ ᠶᠠᠪᠤᠴᠠ ᠵᠢᠨ ᠲᠠᠰ ᠢᠯᠭ᠋ᠠᠯ᠎ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠱᠠᠲᠤ ᠦᠶ᠎ᠡ ᠵᠢᠨ ᠣᠷᠣᠯᠠᠬᠤ ᠲᠡᠮᠳᠡᠭ᠎ᠤᠨ ᠪᠤᠳᠤᠬᠤ ᠠᠷᠭ᠎ᠠ ᠵᠢ ᠰᠢᠯᠢᠳᠡᠭᠵᠢᠭᠦᠯᠦᠨ᠂ ᠠᠰᠠᠭᠤᠳᠠᠯ ᠳᠠᠷᠠᠭ᠋ᠠᠯᠠᠨ ᠪᠡᠷᠬᠡ ᠰᠡᠳᠦᠪ᠎ᠢ ᠰᠢᠢ᠍ᠳᠪᠦᠷᠢᠯᠡᠪᠡ᠃ ᠵᠢᠶᠠᠩᠰᠤ ᠮᠤᠵᠢ ᠵᠢᠨ᠎ᠲᠠᠢ ᠵᠧᠦ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠥᠪ᠎ᠤᠨ ᠳᠡᠭᠡᠳᠦ ᠵᠡᠷᠭᠡ ᠵᠢᠨ ᠢᠨᠵᠧᠨᠧᠷ ᠰᠦ ᠸᠸᠨ ᠫᠧᠩ ᠲᠠᠨᠢᠯᠴᠠᠭᠤᠯᠬᠤ᠎ᠳᠠᠭᠠᠨ᠂ ᠬᠡᠳᠦᠨ ᠵᠠᠭᠤᠨ ᠤᠳᠠᠭ᠋ᠠᠨ᠎ᠤ ᠰᠢᠯᠭ᠋ᠠᠨ ᠪᠠᠢ᠌ᠴᠠᠭ᠋ᠠᠯᠲᠠ᠂ ᠰᠢᠯᠢᠳᠡᠭᠵᠢᠭᠦᠯᠦᠯᠲᠡ᠎ᠪᠠᠷ ᠳᠡᠮᠵᠢᠨ᠂ ᠨᠢᠳᠤᠨᠤᠨ᠎ᠤ ᠵᠢᠯ᠎ᠤᠨ ᠡᠴᠦᠰ ᠪᠣᠯᠬᠤ᠎ᠳᠤ᠂ ᠰᠢᠰᠲ᠋ᠧᠮ᠎ᠢ ᠡᠴᠦᠰ᠎ᠲᠡᠭᠡᠨ ᠠᠮᠵᠢᠯᠲᠠᠲᠠᠢ ᠰᠤᠳᠤᠯᠤᠨ ᠨᠡᠭᠡᠭᠡᠭᠰᠡᠨ ᠪᠠᠢ᠌ᠨ᠎ᠠ᠃ 《ᠡᠨᠡ ᠬᠦ᠌ VOCs  ᠰᠦᠮᠠ ᠰᠠᠪᠠ ᠵᠢᠨ ᠬᠢᠨᠠᠨ ᠬᠡᠮᠵᠢᠬᠦ ᠣᠶᠤᠨᠴᠢ ᠴᠢᠨᠠᠷ᠎ᠤᠨ ᠡᠵᠡᠮᠳᠡᠯ᠎ᠤᠨ ᠬᠠᠮᠢᠶᠠᠷᠤᠯᠲᠠ ᠵᠢᠨ ᠰᠢᠰᠲ᠋ᠧᠮ ᠪᠣᠯ ᠲᠤᠭ᠋ᠠᠴᠢᠯᠠᠯᠳᠠ ᠵᠢᠨ ᠬᠡᠯᠪᠡᠷᠢ ᠵᠢ ᠬᠤᠪᠢᠷᠠᠭᠤᠯᠬᠤ ᠵᠢ ᠠᠬᠢᠭᠤᠯᠬᠤ ᠬᠡᠷᠡᠭᠯᠡᠭᠡᠨ᠎ᠤ ᠴᠢᠨᠠᠷᠲᠠᠢ ᠮᠡᠷᠭᠡᠵᠢᠯ᠎ᠤᠨ ᠪᠠᠭ᠋ᠠᠵᠢ ᠪᠣᠯᠣᠨ᠎ᠠ᠂ ᠲᠡᠷᠡ᠎ᠨᠢ ᠶᠡᠬᠡ ᠬᠡᠮᠵᠢᠶᠡᠨ᠎ᠤ ᠲᠣᠭ᠎ᠠ ᠪᠠᠷᠢᠮᠲᠠ ᠵᠢ 〈ᠬᠢᠨᠠᠨ ᠬᠡᠮᠵᠢᠭᠰᠡᠨ ᠦᠷ᠎ᠡ ᠳ᠋ᠦᠩ〉᠎ᠠᠴᠠ 〈ᠰᠢᠢ᠍ᠳᠪᠦᠷᠢᠲᠦ ᠪᠣᠳᠣᠯᠭ᠎ᠠ ᠵᠢᠨ ᠡᠳ᠋ ᠬᠥᠷᠥᠩᠭᠡ〉 ᠪᠣᠯᠭ᠋ᠠᠨ ᠬᠤᠪᠢᠷᠠᠭᠤᠯᠵᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ᠂ ᠠᠮᠢ ᠠᠬᠤᠢ ᠵᠢ ᠬᠠᠮᠠᠭ᠋ᠠᠯᠠᠬᠤ᠂ ᠪᠠᠴᠢᠮ ᠪᠠᠢ᠌ᠳᠠᠯ᠎ᠢ ᠠᠷᠭ᠋ᠠᠴᠠᠬᠤ ᠵᠢ ᠴᠤᠤᠷᠢᠶᠠᠲᠤᠨ ᠳᠠᠭ᠋ᠠᠬᠤ ᠵᠡᠷᠭᠡ ᠬᠦᠷᠢᠶᠡᠨ᠎ᠳᠤ ᠣᠷᠣᠯᠠᠭᠤᠯᠵᠤ ᠪᠣᠯᠣᠰᠢ ᠦᠭᠡᠢ ᠦᠢ᠍ᠯᠡᠳᠦᠯ ᠦᠵᠡᠭᠦᠯᠬᠦ ᠪᠣᠯᠣᠨ᠎ᠠ》 ᠭᠡᠵᠡᠢ᠃
      ᠲᠣᠰ ᠰᠢᠰᠲ᠋ᠧᠮ᠎ᠨᠢ ᠮᠠᠰᠢ ᠴᠢᠩᠭ᠎ᠠ ᠪᠣᠳᠠᠲᠤ ᠬᠡᠷᠡᠭᠯᠡᠭᠡᠨ᠎ᠤ ᠠᠴᠢ ᠬᠣᠯᠪᠣᠭᠳᠠᠯ᠎ᠲᠠᠢ ᠶᠤᠮ᠃ ᠤᠤᠯ᠎ᠨᠢ VOC ᠵᠢᠨ ᠥᠯᠢᠭᠡᠷ ᠡᠳ᠋᠎ᠢ ᠴᠤᠭᠯᠠᠭᠤᠯᠬᠤ ᠦᠶ᠎ᠡ᠎ᠳᠤ᠂ ᠥᠯᠢᠭᠡᠷ ᠡᠳ᠋᠎ᠤᠨ ᠶᠠᠪᠤᠴᠠ ᠵᠢᠨ ᠮᠡᠳᠡᠭᠡ ᠵᠠᠩᠭᠢ᠎ᠨᠢ ᠪᠦᠷᠢᠨ ᠪᠤᠰᠤ᠂ ᠶᠠᠪᠤᠴᠠ ᠵᠢᠨ ᠮᠡᠳᠡᠭᠡ ᠵᠠᠩᠭᠢ ᠵᠢ ᠡᠷᠢᠵᠦ ᠮᠥᠷᠳᠡᠬᠦ᠎ᠳᠤ ᠬᠦᠴᠢᠷᠲᠡᠢ᠂ ᠥᠯᠢᠭᠡᠷ ᠡᠳ᠋᠎ᠠᠴᠠ ᠵᠠᠳᠠᠯᠤᠯᠲᠠ ᠬᠢᠬᠦ ᠬᠦᠷᠲᠡᠯᠡᠬᠢ ᠶᠠᠪᠤᠴᠠ ᠵᠢᠨ ᠨᠡᠪᠲᠡᠷᠡᠯᠴᠡᠬᠦ ᠦᠶᠡᠯᠡᠯ᠎ᠨᠢ ᠣᠷᠳᠣ᠂ ᠵᠠᠳᠠᠯᠤᠯᠲᠠ ᠬᠢᠬᠦ ᠣᠷᠭᠢᠯ ᠦᠶ᠎ᠡ ᠵᠢᠨ ᠣᠨᠴᠠ ᠵᠠᠷᠢᠮ ᠥᠯᠢᠭᠡᠷ ᠡᠳ᠋᠎ᠤᠨ ᠬᠤᠭᠤᠴᠠᠭ᠎ᠠ ᠬᠡᠲᠦᠷᠡᠭᠰᠡᠨ ᠪᠠ ᠦᠷ᠎ᠡ ᠳ᠋ᠦᠩ᠎ᠤᠨ ᠲᠣᠭ᠎ᠠ ᠪᠠᠷᠢᠮᠲᠠ ᠵᠢᠨ ᠠᠰᠢᠭᠯᠠᠯᠲᠠ ᠵᠢᠨ ᠨᠣᠷᠮ᠎ᠠ᠎ᠨᠢ ᠥᠨᠳᠥᠷ ᠪᠢᠰᠢ ᠵᠡᠷᠭᠡ ᠠᠰᠠᠭᠤᠳᠠᠯ᠎ᠳᠤ ᠲᠤᠯᠭ᠋ᠠᠷᠠᠳᠠᠭ᠃ ᠢᠯᠠᠩᠭᠤᠶ᠎ᠠ ᠲᠣᠭ᠎ᠠ ᠪᠠᠷᠢᠮᠲᠠ ᠵᠢᠨ ᠬᠡᠪ᠎ᠤᠨ ᠪᠤᠰᠤ ᠪᠠᠢ᠌ᠳᠠᠯ ᠪᠤᠶᠤ ᠶᠠᠰᠤ ᠴᠢᠨᠠᠷ᠎ᠤᠨ ᠠᠰᠠᠭᠤᠳᠠᠯ ᠭᠠᠷᠬᠤ ᠦᠶ᠎ᠡ᠎ᠳᠤ᠂ ᠠᠰᠠᠭᠤᠳᠠᠯ᠎ᠤᠨ ᠡᠭᠦᠰᠦᠭᠰᠡᠨ ᠭᠣᠭᠴᠣᠭ᠎ᠠ ᠪᠠ ᠰᠢᠯᠲᠠᠭ᠋ᠠᠨ᠎ᠢ ᠣᠨᠣᠪᠴᠢᠲᠠᠶ ᠮᠥᠷᠳᠡᠬᠦ ᠵᠢᠨ ᠠᠷᠭ᠎ᠠ ᠦᠭᠡᠢ ᠪᠠᠢ᠌ᠳᠠᠭ᠃
      ᠭᠡᠬᠦ᠎ᠳᠡᠭᠡᠨ VOCs ᠰᠦᠮᠠ ᠰᠠᠪᠠ ᠵᠢᠨ ᠬᠢᠨᠠᠨ ᠬᠡᠮᠵᠢᠬᠦ ᠣᠶᠤᠨᠴᠢ ᠴᠢᠨᠠᠷ᠎ᠤᠨ ᠡᠵᠡᠮᠳᠡᠯ᠎ᠤᠨ ᠬᠠᠮᠢᠶᠠᠷᠤᠯᠲᠠ ᠵᠢᠨ ᠰᠢᠰᠲ᠋ᠧᠮ᠎ᠨᠢ ᠪᠥᠬᠥ ᠶᠠᠪᠤᠴᠠ ᠵᠢᠨ ᠮᠡᠳᠡᠭᠡ ᠵᠠᠩᠭᠢ ᠵᠢ ᠠᠦ᠋ᠲ᠋ᠣ᠋ ᠲᠡᠮᠳᠡᠭᠯᠡᠵᠦ᠂ ᠣᠶᠤᠨᠴᠢ ᠦᠨᠡᠯᠡᠯᠲᠡ ᠵᠢ ᠨᠠᠷᠢᠯᠢᠭ ᠣᠨᠣᠴᠠᠲᠠᠢ᠎ᠪᠠᠷ ᠮᠥᠷᠳᠡᠵᠦ ᠪᠣᠯᠣᠨ᠎ᠠ; ᠲᠤᠬᠠᠢ ᠵᠢᠨ ᠴᠠᠭ᠎ᠤᠨ ᠲᠣᠮᠣ ᠳ᠋ᠠᠢ᠌ᠲ᠋ᠠ᠎ᠳᠤ ᠲᠦᠰᠢᠭᠯᠡᠨ᠂ ᠡᠯ᠎ᠡ ᠭᠣᠭᠴᠣᠭ᠎ᠠ ᠵᠢᠨ ᠰᠠᠯᠠᠭ᠎ᠠ ᠮᠥᠴᠢᠷ᠎ᠤᠨ ᠴᠠᠭ ᠲᠤᠬᠠᠢ᠎ᠳᠤᠨᠢ ᠥᠨᠳᠥᠷ ᠪᠦᠲᠦᠮᠵᠢᠲᠡᠶ ᠨᠡᠪᠲᠡᠷᠡᠯᠴᠡᠬᠦ ᠵᠢ ᠪᠡᠶᠡᠯᠡᠭᠦᠯᠦᠨ᠎ᠡ; ᠵᠠᠳᠠᠯᠤᠨ ᠰᠢᠨᠵᠢᠯᠡᠬᠦ ᠲᠠᠰ ᠳᠠᠷᠠᠭ᠋ᠠᠯᠠᠯ᠎ᠢ ᠰᠢᠯᠢᠳᠡᠭᠵᠢᠭᠦᠯᠵᠦ᠂ ᠥᠯᠢᠭᠡᠷ ᠡᠳ᠋᠎ᠤᠨ ᠲᠣᠭ᠎ᠠ ᠪᠠᠷᠢᠮᠲᠠ ᠵᠢᠨ ᠬᠦᠴᠦᠨ᠎ᠲᠠᠢ ᠪᠠᠢ᠌ᠬᠤ ᠵᠢ ᠦᠨᠡᠨ ᠬᠦ᠌  ᠪᠠᠲᠤᠯᠠᠨ᠎ᠠ᠃
      4 ᠰᠠᠷ᠎ᠠ ᠵᠢᠨ 9᠎ᠤ ᠡᠳᠦᠷ᠂ ᠠᠵᠢᠯᠲᠠᠳ VOC ᠲᠤᠰᠬᠠᠢ ᠬᠢᠨᠠᠨ ᠬᠡᠮᠵᠢᠬᠦ ᠡᠭᠦᠷᠭᠡ ᠵᠢᠨ ᠳᠤᠮᠳᠠ᠂ ᠠᠵᠤ ᠦᠢ᠍ᠯᠡᠳᠪᠦᠷᠢ ᠲᠥᠪᠯᠡᠷᠡᠭᠰᠡᠨ ᠣᠷᠣᠨ᠎ᠤ ᠡᠷᠬᠢᠨ ᠲᠣᠭᠣᠷᠢᠨ᠎ᠳᠤ ᠨᠡᠶ᠋ᠢᠲᠡ 30 ᠴᠡᠭ ᠭᠠᠷᠭ᠋ᠠᠵᠤ᠂ 90 ᠭᠠᠷᠤᠢ ᠥᠯᠢᠭᠡᠷ ᠡᠳ᠋ ᠴᠤᠭᠯᠠᠭᠤᠯᠵᠤ᠂ ᠬᠢᠨᠠᠨ ᠬᠡᠮᠵᠢᠭᠰᠡᠨ ᠲᠣᠭ᠎ᠠ ᠪᠠᠷᠢᠮᠲᠠ 1 ᠲᠦᠮᠡ ᠵᠢ ᠳᠠᠪᠠᠭᠰᠠᠨ ᠪᠠᠢ᠌ᠨ᠎ᠠ᠃ 《ᠡᠢ᠌ᠮᠦ ᠮᠤᠨᠳᠠᠭ ᠶᠡᠬᠡ ᠲᠣᠭ᠎ᠠ ᠪᠠᠷᠢᠮᠲᠠ ᠵᠢᠨ ᠬᠡᠮᠵᠢᠶ᠎ᠡ ᠵᠢ ᠤᠤᠯ᠎ᠤᠨ ᠲᠣᠭ᠎ᠠ ᠪᠠᠷᠢᠮᠲᠠ ᠵᠢᠨ ᠰᠢᠢ᠍ᠳᠪᠦᠷᠢᠯᠡᠯᠲᠡ᠎ᠪᠠᠷ ᠠᠳᠠᠭ ᠪᠠᠭ᠎ᠠ᠎ᠳᠠᠭᠠᠨ ᠨᠢᠭᠡ ᠭᠠᠷᠠᠭ᠎ᠤᠨ ᠳᠠᠷᠠᠭ᠎ᠠ ᠰᠠᠶᠢ ᠪᠡᠶᠡᠯᠡᠭᠦᠯᠵᠦ ᠪᠠᠢ᠌ᠵᠠᠢ᠂ ᠡᠨᠡ ᠤᠳᠠᠭ᠎ᠠ VOCs ᠰᠦᠮᠠ ᠰᠠᠪᠠ ᠵᠢ ᠬᠡᠷᠡᠭᠯᠡᠨ ᠣᠶᠤᠨᠴᠢ ᠴᠢᠨᠠᠷ᠎ᠤᠨ ᠡᠵᠡᠮᠳᠡᠯ᠎ᠤᠨ ᠬᠠᠮᠢᠶᠠᠷᠤᠯᠲᠠ ᠵᠢᠨ ᠰᠢᠰᠲ᠋ᠧᠮ ᠎ᠢ ᠬᠢᠨᠠᠨ ᠬᠡᠮᠵᠢᠬᠦ᠎ᠳᠤ ᠨᠢᠭᠡᠬᠡᠨ ᠡᠳᠦᠷ᠎ᠤᠨ ᠳᠣᠲᠣᠷ᠎ᠠ ᠠᠳᠠᠯᠢ ᠪᠤᠰᠤ ᠴᠡᠭ᠎ᠤᠨ ᠲᠣᠭ᠎ᠠ ᠪᠠᠷᠢᠮᠲᠠ ᠵᠢᠨ ᠵᠠᠳᠠᠯᠤᠯᠲᠠ ᠭᠠᠷᠴᠤ᠂ ᠵᠠᠳᠠᠯᠤᠯᠲᠠ ᠵᠢᠨ ᠴᠠᠭ᠎ᠢ ᠶᠡᠬᠡ᠎ᠪᠠᠷ ᠠᠷᠪᠢᠯᠠᠵᠠᠢ》 ᠭᠡᠵᠦ ᠮᠠᠤ ᠬᠤᠢ ᠲᠠᠨᠢᠯᠴᠠᠭᠤᠯᠪᠠ᠃
      ᠣᠳᠣᠬᠠᠨ᠎ᠳᠤ᠂ ᠡᠨᠡ ᠬᠦ᠌ ᠰᠢᠰᠲ᠋ᠧᠮ᠎ᠢ ᠶᠠᠭ ᠮᠤᠵᠢ ᠵᠢᠨ ᠳᠣᠲᠣᠨ᠎ᠠ ᠭᠠᠳᠠᠨᠠᠬᠢ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠬᠢᠨᠠᠨ ᠬᠡᠮᠵᠢᠬᠦ ᠪᠠᠢ᠌ᠭᠤᠯᠤᠮᠵᠢ ᠵᠢᠴᠢ ᠨᠡᠢ᠌ᠭᠡᠮᠴᠢᠯᠡᠭᠰᠡᠨ ᠰᠢᠯᠭ᠋ᠠᠨ ᠪᠠᠢ᠌ᠴᠠᠭ᠋ᠠᠬᠤ ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ᠎ᠳᠤ ᠬᠡᠷᠡᠭᠯᠡᠵᠦ ᠪᠠᠢ᠌ᠨ᠎ᠠ᠂ ᠡᠨᠡ ᠬᠦ᠌ ᠰᠢᠰᠲ᠋ᠧᠮ᠎ᠢ ᠣᠷᠣᠭᠤᠯᠤᠨ ᠠᠪᠴᠢᠷᠠᠬᠤ᠎ᠪᠠᠷ ᠳᠠᠮᠵᠢᠭᠤᠯᠤᠨ᠂ ᠠᠵᠢᠯᠲᠠᠨ᠎ᠤ ᠠᠵᠢᠯᠯᠠᠭ᠎ᠠ ᠵᠢ ᠵᠢᠷᠤᠮᠵᠢᠭᠤᠯᠵᠤ᠂ ᠬᠥᠳᠡᠯᠮᠦᠷᠢ ᠵᠢᠨ ᠡᠷᠴᠢᠮ᠎ᠢ ᠪᠠᠭᠤᠷᠠᠭᠤᠯᠤᠨ᠂ ᠲᠤᠷᠰᠢᠯᠲᠠ ᠵᠢᠨ ᠲᠠᠰᠤᠭ᠎ᠤᠨ ᠬᠢᠨᠠᠨ ᠰᠢᠯᠭ᠋ᠠᠬᠤ ᠦᠷ᠎ᠡ ᠪᠦᠲᠦᠮᠵᠢ ᠪᠠ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠵᠦ᠂ ᠨᠡᠯᠢᠶᠡᠳ ᠰᠠᠢ᠌ᠨ ᠣᠷᠴᠢᠨ ᠲᠣᠭᠣᠷᠢᠨ᠎ᠤ ᠦᠷ᠎ᠡ ᠠᠰᠢᠭ᠎ᠢ ᠪᠣᠶ ᠪᠣᠯᠭ᠋ᠠᠭᠰᠠᠨ ᠪᠠᠢ᠌ᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠣᠷᠴᠢᠨ ᠲᠣᠭᠣᠷᠢᠨ᠎ᠤ ᠲᠤᠰᠬᠠᠶ ᠮᠡᠷᠭᠡᠵᠢᠯᠲᠡᠨ ᠱᠠᠩᠬᠠᠢ᠎ᠳᠤ ᠴᠤᠭᠯᠠᠷᠠᠵᠤ᠂ ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠵᠢ ᠬᠤᠪᠢᠷᠠᠭᠤᠯᠬᠤ ᠪᠠ ᠰᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠤ ᠬᠥᠭᠵᠢᠯᠲᠡ ᠵᠢ ᠬᠥᠲᠥᠯᠦᠨ ᠳᠠᠭ᠋ᠠᠭᠤᠯᠬᠤ ᠲᠤᠬᠠᠶ ᠰᠤᠳᠤᠯᠤᠨ ᠶᠠᠷᠢᠯᠴᠠᠪᠠ
ᠬᠠᠶ᠋ᠢᠨᠠᠨ ᠮᠤᠵᠢ ᠠᠮᠢ ᠠᠬᠤᠶ ᠣᠷᠴᠢᠨ ᠲᠣᠭᠣᠷᠢᠨ᠎ᠤ ᠵᠠᠰᠠᠭ ᠵᠠᠬᠢᠷᠭ᠋ᠠᠨ᠎ᠤ ᠬᠠᠥᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠥᠷᠨᠢᠭᠦᠯᠪᠡ
ᠭᠤᠸᠠᠩᠰᠢ ᠮᠤᠵᠢ ᠬᠦᠨᠳᠦ ᠲᠡᠮᠦᠷᠯᠢᠭ᠎ᠤᠨ ᠭᠣᠣᠯᠳᠠᠯᠭ᠎ᠠ᠎ᠲᠠᠢ ᠠᠵᠢᠯ ᠲᠦᠷᠦᠯ᠎ᠤᠨ ᠠᠵᠤ ᠠᠬᠤᠶ᠋ᠢᠯᠠᠯ᠎ᠢ ᠪᠠᠶ᠋ᠢᠴᠠᠭ᠋ᠠᠵᠤ ᠴᠡᠭᠴᠡᠯᠡᠨ ᠵᠠᠰᠠᠬᠤ ᠠᠵᠢᠯ᠎ᠢ ᠥᠷᠨᠢᠭᠦᠯᠪᠡ
ᠴᠦᠩᠴᠢᠩ ᠬᠤᠳᠠ ᠡᠯ᠎ᠡ ᠭᠠᠵᠠᠷ᠎ᠤᠨ ᠲᠤᠰᠬᠠᠶ ᠮᠡᠷᠭᠡᠵᠢᠯᠲᠡᠨ᠎ᠢ ᠤᠷᠢᠵᠤ᠂ ᠤᠰᠤᠨ᠎ᠤ ᠣᠷᠴᠢᠨ ᠲᠣᠭᠣᠷᠢᠨ᠎ᠢ ᠬᠠᠮᠠᠭ᠋ᠠᠯᠠᠬᠤ᠎ᠳᠤ ᠠᠷᠭ᠎ᠠ ᠥᠭᠴᠦ ᠪᠣᠢ
ᠵᠧᠵᠢᠶᠠᠩ ᠮᠤᠵᠢ ᠵᠢᠨ ᠨᠠᠮ᠎ᠤᠨ ᠬᠣᠷᠢᠶᠠᠨ᠎ᠤ ᠪᠠᠶ᠋ᠢᠩᠭᠤ ᠵᠢᠨ ᠬᠣᠷᠢᠶ᠎ᠠ ᠵᠢᠨ ᠬᠤᠷᠠᠯ ᠬᠤᠷᠠᠯᠳᠤᠭᠤᠯᠵᠤ᠂ ᠬᠤᠨᠠᠨ᠎ᠤ ᠰᠢᠶᠠ ᠰᠠᠢ ᠬᠤ᠌ ᠨᠠᠭᠤᠷ᠎ᠢ ᠴᠡᠭᠴᠡᠯᠡᠨ ᠵᠠᠰᠠᠭᠰᠠᠨ ᠪᠠᠢ᠌ᠳᠠᠯ᠎ᠤᠨ ᠲᠤᠬᠠᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠤᠯᠠᠮᠵᠢᠯᠠᠨ ᠰᠤᠷᠤᠯᠴᠠᠵᠠᠢ
 
             蒙ICP备05000248号