ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠤᠵᠢ ᠬᠤᠲᠠ᠎ᠶᠢᠨ ᠮᠡᠳᠡᠭᠡ
ᠭᠤᠸᠠᠩᠰᠢ᠎ᠶ᠋ᠢᠨ ᠱᠠᠨ ᠫᠢᠩ ᠲᠣᠰᠭᠤᠨ 《ᠴᠠᠢ᠎ᠶ᠋ᠢᠨ ᠰᠣᠶᠣᠯ᠎ᠤᠨ ᠵᠢᠭᠤᠯᠴᠢᠯᠠᠯ》 ᠎ᠤᠨ ᠱᠢᠨ᠎ᠡ ᠵᠠᠮ᠎ᠳᠤ ᠣᠷᠣᠵᠤ ᠴᠠᠢ᠎ᠶ᠋ᠢᠨ ᠠᠵᠤ ᠦᠢᠯᠡᠰ᠎ᠢ ᠶᠠᠳᠠᠭᠤ᠎ᠠᠴᠠ ᠠᠩᠭᠢᠵᠢᠷᠠᠨ ᠴᠢᠨᠡᠭᠡᠯᠢᠭ᠌ᠵᠢᠬᠦ᠌ 《ᠠᠯᠳᠠᠨ ᠲᠦᠯᠬᠢᠭᠦᠷ》 ᠪᠣᠯᠭᠠᠵᠠᠢ
ᠨᠡᠶ᠋ᠢᠲᠡᠯᠡᠭᠰᠡᠨ ᠴᠠᠭ᠄ 2025-07-15

    《ᠰᠠᠢᠨ ᠴᠠᠶ ᠪᠣᠯ ᠰᠠᠢᠨ ᠠᠮᠢ ᠠᠬᠤᠶ᠎ᠠᠴᠠ ᠰᠠᠯᠵᠤ ᠴᠢᠳᠠᠬᠤ ᠦᠭᠡᠶ ᠶᠤᠮ᠃ ᠪᠢᠳᠡ ᠴᠠᠶ᠎ᠶ᠋ᠢᠨ ᠦᠢᠯᠡᠰ᠎ᠢ ᠬᠥᠭ᠌ᠵᠢᠭᠦᠯᠬᠦ᠌᠎ᠳᠡᠭᠡᠨ ᠴᠠᠶ᠎ᠶ᠋ᠢᠨ ᠮᠣᠳᠣᠨ᠎ᠤ ᠤᠤᠯ᠎ᠤᠨ ᠠᠮᠢ ᠠᠬᠤᠶ ᠣᠷᠴᠢᠨ ᠲᠣᠭᠤᠷᠢᠨ᠎ᠢ ᠬᠠᠮᠠᠭᠠᠯᠠᠬᠤ᠎ᠶ᠋ᠢ ᠲᠦᠢᠯ᠎ᠢᠶᠠᠷ ᠴᠢᠬᠤᠯᠠᠴᠢᠯᠠᠳᠠᠭ》᠃ ᠣᠢᠷ᠎ᠠ᠎ᠳᠤ᠂ ᠭᠤᠸᠠᠩᠰᠢ᠎ᠶ᠋ᠢᠨ ᠵᠤᠸᠠᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠤ ᠦᠵᠸᠦ ᠬᠤᠲᠠ᠎ᠶ᠋ᠢᠨ ᠼᠠᠩ ᠡᠸ᠋ ᠱᠢᠶᠠᠨ᠎ᠤ ᠯᠢᠦ ᠪᠦᠦ ᠪᠠᠯᠭᠠᠰᠤᠨ᠎ᠤ ᠱᠠᠨ ᠫᠢᠩ ᠲᠣᠰᠭᠤᠨ᠎ᠳᠤ᠂ ᠲᠣᠰᠭᠤᠨ᠎ᠤ ᠨᠠᠮ᠎ᠤᠨ ᠡᠭᠦᠷ᠎ᠤᠨ ᠱᠦᠵᠢ᠂ ᠲᠣᠰᠭᠤᠨ᠎ᠤ ᠠᠷᠠᠳ᠎ᠤᠨ ᠵᠥᠪᠯᠡᠯ᠎ᠤᠨ ᠡᠷᠬᠢᠯᠡᠭ᠌ᠴᠢ ᠵᠦ᠍ ᠱᠢᠤᠸᠠᠢ ᠯᠠᠨ ᠴᠠᠶ ᠪᠦᠷᠢᠬᠦ᠌᠎ᠶ᠋ᠢᠨ ᠳᠠᠭᠠᠸ᠋ ᠰᠤᠷᠪᠤᠯᠵᠢᠯᠠᠭ᠍ᠴᠢ᠎ᠳᠤ ᠯᠢᠦ ᠪᠦᠦ ᠴᠠᠶ᠎ᠶ᠋ᠢᠨ ᠰᠣᠶᠣᠯ᠎ᠢ ᠬᠡᠷᠬᠢᠨ ᠤᠯᠠᠮᠵᠢᠯᠠᠨ ᠵᠠᠯᠭᠠᠮᠵᠢᠯᠠᠵᠤ᠂ 《ᠨᠠᠮ᠎ᠤᠨ ᠡᠭᠦᠷ + ᠬᠤᠷᠱᠢᠶ᠎ᠠ + ᠲᠠᠷᠢᠶᠠᠴᠢᠨ ᠡᠷᠦᠬᠡ》 ᠎ᠶ᠋ᠢᠨ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠵᠠᠭ᠍ᠪᠤᠷ᠎ᠢ ᠬᠡᠷᠬᠢᠨ ᠪᠠᠢᠭᠤᠯᠤᠭ᠍ᠰᠠᠨ ᠥᠯᠢᠭᠡᠷ᠎ᠢ ᠶᠠᠷᠢᠵᠤ ᠥᠭ᠌ᠪᠡ᠃
    ᠯᠢᠦ ᠪᠦᠦ ᠪᠠᠯᠭᠠᠰᠤ᠎ᠠᠴᠠ ᠱᠠᠨ ᠫᠢᠩ ᠲᠣᠰᠭᠤᠨ ᠬᠦᠷᠲᠡᠯ᠎ᠡ ᠪᠠᠷᠤᠭ 15 ᠺᠢᠯᠣᠮᠧᠲᠷ᠎ᠤᠨ ᠠᠭᠤᠯᠠᠨ ᠵᠠᠮ᠎ᠳᠤ᠂ ᠵᠠᠮ ᠳᠠᠭᠠᠤ ᠦᠵᠡᠮᠵᠢ ᠲᠡᠭᠦᠯᠳᠡᠷ ᠠᠭᠤᠯᠠ ᠤᠰᠤ᠂ ᠴᠡᠪᠡᠷ ᠲᠤᠩᠭᠠᠯᠠᠭ ᠠᠭᠤᠷ ᠠᠮᠢᠰᠭᠤᠯ᠎ᠲᠠᠢ᠃ ᠱᠠᠨ ᠫᠢᠩ ᠲᠣᠰᠭᠤᠨ᠎ᠳᠤ ᠬᠦᠷᠦᠭ᠌ᠰᠡᠨ᠎ᠤ ᠳᠠᠷᠠᠭ᠎ᠠ᠂ ᠡᠷᠬᠢᠨ ᠲᠣᠭᠤᠷᠢᠨ ᠮᠢᠩᠭᠠᠨ ᠮᠧᠲᠷ ᠱᠢᠬᠠᠮ ᠲᠡᠯᠡᠶ᠎ᠶ᠋ᠢᠨ ᠲᠦᠪᠱᠢᠨ᠎ᠠᠴᠠ ᠳᠡᠭᠡᠭ᠌ᠰᠢ ᠡᠷᠭᠦᠭ᠌ᠳᠡᠭ᠌ᠰᠡᠨ ᠴᠠᠶ᠎ᠶ᠋ᠢᠨ ᠠᠭᠤᠯᠠᠨ᠎ᠳᠤ ᠬᠦᠷᠴᠦ᠍ ᠦᠵᠡᠬᠦ᠌᠎ᠳᠤ ᠯᠢᠦ ᠪᠦᠦ ᠴᠠᠶ᠎ᠶ᠋ᠢᠨ ᠮᠣᠳᠣ ᠳᠠᠪᠬᠤᠷ ᠳᠠᠪᠬᠤᠷ ᠲᠠᠪᠬᠤᠷᠯᠠᠨ ᠬᠠᠷᠠᠭ᠍ᠳᠠᠨ᠎ᠠ᠃
    ᠵᠦ᠍ ᠱᠢᠤᠸᠠᠢ ᠯᠠᠨ ᠪᠣᠯ ᠭᠤᠸᠠᠩᠰᠢ᠎ᠶ᠋ᠢᠨ ᠯᠢᠦ ᠪᠦᠦ ᠴᠠᠶ ᠬᠢᠬᠦ᠌ ᠮᠡᠷᠭᠡᠵᠢᠯ᠎ᠤᠨ ᠤᠳᠤᠮᠱᠢᠯ᠎ᠤᠨ ᠪᠤᠰᠤ ᠵᠠᠯᠭᠠᠮᠵᠢᠯᠠᠭ᠍ᠴᠢ ᠶᠤᠮ᠃ ᠲᠡᠷᠡ ᠰᠤᠷᠪᠤᠯᠵᠢᠯᠠᠭ᠍ᠴᠢ᠎ᠳᠤ ᠬᠡᠯᠡᠬᠦ᠌᠎ᠳᠡᠭᠡᠨ᠂ ᠱᠠᠨ ᠫᠢᠩ ᠲᠣᠰᠭᠤᠨ ᠲᠡᠯᠡᠶ᠎ᠶ᠋ᠢᠨ ᠲᠦᠪᠱᠢᠨ᠎ᠠᠴᠠ 600 ᠮᠧᠲᠷ᠎ᠠᠴᠠ ᠳᠡᠭᠡᠭ᠌ᠰᠢ ᠡᠷᠭᠦᠭ᠌ᠳᠡᠵᠦ᠍᠂ ᠥᠨᠳᠥᠷ ᠠᠭᠤᠯᠠ᠎ᠶ᠋ᠢᠨ ᠡᠭᠦᠯᠡ ᠮᠠᠨᠠᠨ᠎ᠤ ᠪᠦᠰᠡ᠎ᠳᠤ ᠣᠷᠣᠱᠢᠵᠤ᠂ ᠴᠠᠶ ᠳᠠᠷᠢᠬᠤ ᠪᠠᠢᠭᠠᠯᠢ᠎ᠶ᠋ᠢᠨ ᠣᠷᠴᠢᠨ ᠠᠬᠤᠶ ᠣᠯᠠᠨ᠎ᠠᠴᠠ ᠣᠨᠴᠠᠭᠠᠶ ᠪᠠᠢᠳᠠᠭ ᠪᠥᠭᠡᠳ ᠯᠢᠦ ᠪᠦᠦ ᠴᠠᠶ᠎ᠶ᠋ᠢᠨ ᠭᠤᠥᠯ ᠲᠠᠷᠢᠮᠠᠯ᠎ᠤᠨ ᠣᠷᠣᠨ ᠪᠣᠯᠤᠨ᠎ᠠ᠃ ᠭᠡᠪᠡᠴᠦ᠍ ᠥᠩᠭᠡᠷᠡᠭ᠌ᠰᠡᠨ᠎ᠳᠤ ᠠᠭᠤᠯᠠ ᠤᠯᠠᠨ ᠭᠠᠵᠠᠷ ᠪᠠᠭ᠎ᠠ᠂ ᠵᠠᠮ ᠬᠠᠷᠢᠯᠴᠠᠭ᠎ᠠ ᠪᠤᠢᠳᠠ ᠪᠥᠭ᠌ᠯᠡᠭᠦᠦ᠂ ᠨᠢᠭᠡ ᠦᠶ᠎ᠡ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠶᠠᠳᠠᠭᠤ ᠬᠦᠴᠢᠷᠳᠡᠯᠲᠡᠢ ᠲᠣᠰᠭᠤᠨ ᠪᠠᠢᠵᠠᠢ᠃
    ᠱᠠᠨ ᠫᠢᠩ ᠲᠣᠰᠭᠤᠨ᠎ᠳᠤ ᠯᠢᠦ ᠪᠦᠦ ᠴᠠᠢ ᠲᠠᠷᠢᠭᠠᠳ ᠨᠢᠭᠡᠨᠲᠡ ᠮᠢᠩᠭᠠᠨ ᠵᠢᠯ᠎ᠤᠨ ᠲᠡᠦᠬᠡ᠎ᠲᠠᠢ ᠪᠣᠯᠤᠭ᠍ᠰᠠᠨ ᠪᠣᠯᠪᠠᠴᠤ᠌ ᠵᠥᠪᠬᠡᠨ ᠴᠠᠢ ᠲᠠᠷᠢᠬᠤ᠎ᠳᠤ ᠲᠦᠱᠢᠭ᠌ᠯᠡᠭ᠌ᠰᠡᠨ᠎ᠠᠴᠠ ᠲᠣᠰᠭᠤᠨ᠎ᠤ ᠠᠷᠠᠳ᠎ᠤᠨ ᠣᠷᠣᠯᠭ᠎ᠠ᠎ᠶ᠋ᠢᠨ ᠢᠷᠡᠯᠲᠡ ᠪᠠᠰᠠ ᠯᠠ ᠲᠠᠩ ᠴᠤᠯᠭᠤᠢ ᠪᠠᠢᠭ᠍ᠰᠠᠭᠠᠷ ᠪᠠᠢᠪᠠ᠃ ᠵᠦ᠍ ᠱᠢᠤᠸᠠᠢ ᠯᠠᠨ 2008 ᠣᠨ᠎ᠳᠤ ᠲᠣᠰᠭᠤᠨ᠎ᠤ ᠨᠠᠮ᠎ᠤᠨ ᠡᠭᠦᠷ᠎ᠤᠨ ᠱᠦᠵᠢ᠎ᠪᠠᠷ ᠰᠣᠩᠭᠤᠭ᠍ᠳᠠᠭ᠍ᠰᠠᠨ᠎ᠤ ᠲᠠᠷᠠᠭ᠎ᠠ᠂ ᠲᠣᠰᠭᠤᠨ᠎ᠤ ᠠᠷᠠᠳ᠎ᠤᠨ ᠠᠮᠢᠳᠤᠷᠠᠯ᠎ᠤᠨ ᠣᠷᠣᠯᠭ᠎ᠠ᠎ᠶ᠋ᠢ ᠬᠡᠷᠬᠢᠨ ᠨᠡᠮᠡᠭ᠌ᠳᠡᠬᠦᠯᠬᠦ᠌ ᠲᠤᠬᠠᠢ ᠬᠠᠮᠤᠭ᠎ᠠᠴᠠ ᠰᠡᠳᠭᠢᠯ ᠵᠣᠪᠠᠵᠤ ᠪᠠᠢᠯ᠎ᠠ᠃ ᠮᠢᠩᠭᠠᠨ ᠣᠨ᠎ᠤ ᠲᠡᠤᠬᠡ᠎ᠲᠠᠢ ᠯᠢᠦ ᠪᠤᠤ ᠴᠠᠶ᠎ᠶ᠋ᠢ ᠤᠯᠠᠮᠵᠢᠯᠠᠨ ᠵᠠᠯᠭᠠᠮᠵᠢᠯᠠᠬᠤ᠎ᠳᠤ ᠡᠷᠬᠡᠪᠰᠢ ᠨᠢᠭᠡᠨ ᠢᠵᠢ ᠥᠨᠳᠥᠷ ᠪᠠᠷᠢᠮᠵᠢᠶᠠᠲᠤ ᠭᠠᠷ ᠤᠷᠠᠯᠠᠯ᠎ᠢ ᠡᠵᠡᠮᠱᠢᠭ᠌ᠰᠡᠨ ᠪᠠᠢᠬᠤ ᠬᠡᠷᠡᠭ᠌ᠲᠡᠢ᠃ ᠭᠡᠪᠡᠴᠦ᠍ ᠱᠠᠨ ᠫᠢᠩ ᠲᠣᠰᠭᠤᠨ᠎ᠤ ᠠᠢᠯ ᠡᠷᠦᠬᠡ᠎ᠶ᠋ᠢᠨ ᠭᠠᠷ ᠤᠷᠠᠯᠠᠯ᠎ᠨᠢ ᠬᠠᠷᠢᠨ ᠨᠢᠭᠡᠳᠦᠯᠲᠡᠶ ᠪᠢᠰᠢ ᠪᠠᠢᠵᠤ᠂ ᠴᠠᠶ᠎ᠶ᠋ᠢᠨ ᠶᠠᠰᠤ ᠴᠢᠨᠠᠷ᠎ᠨᠢ ᠠᠳᠠᠯᠢ ᠥᠬᠡᠶ ᠪᠠᠢᠪᠠ᠃ ᠢᠩᠭᠢᠭᠡᠳ ᠲᠡᠷᠡ ᠲᠣᠰᠭᠤᠨ᠎ᠳᠠᠭᠠᠨ 《ᠴᠠᠢ᠎ᠶ᠋ᠢᠨ ᠬᠦᠷᠢᠶᠡᠯᠡᠩ᠎ᠤᠨ ᠬᠢᠴᠢᠶᠡᠯ᠎ᠤᠨ ᠲᠠᠩᠬᠢᠮ》 ᠡᠷᠬᠢᠯᠡᠵᠤ᠂ ᠳᠡᠭᠡᠳᠦᠰ᠎ᠠᠴᠠ ᠤᠯᠠᠮᠵᠢᠯᠠᠭ᠍ᠰᠠᠨ ᠴᠠᠢ ᠬᠢᠬᠦ᠌ ᠤᠷ᠎ᠠ ᠮᠡᠷᠭᠡᠵᠢᠯ᠎ᠢ ᠦᠨ᠎ᠡ ᠲᠥᠯᠥᠪᠦᠷᠢ ᠦᠭᠡᠢ᠎ᠪᠠᠷ ᠤᠯᠠᠮᠵᠢᠯᠠᠵᠤ᠂ 30 ᠭᠠᠷᠤᠶ ᠲᠤᠰᠭᠠᠶ ᠮᠡᠷᠭᠡᠵᠢᠯ᠎ᠤᠨ ᠴᠠᠢ ᠦᠢᠯᠡᠳᠦᠭ᠌ᠴᠢ ᠪᠠ ᠮᠢᠩᠭ᠎ᠠ ᠱᠢᠬᠠᠮ ᠠᠵᠢᠯᠯᠠᠭ᠍ᠴᠢ᠎ᠶ᠋ᠢ ᠬᠥᠮᠦᠵᠢᠭᠦᠯᠦᠨ᠂ ᠭᠠᠷ ᠤᠷᠠᠯᠠᠯ᠎ᠤᠨ ᠪᠠᠷᠢᠮᠵᠢᠶ᠎ᠠ᠎ᠶ᠋ᠢ ᠨᠢᠭᠡᠳᠭᠡᠵᠦ᠍᠂ ᠴᠠᠢ᠎ᠶ᠋ᠢᠨ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠪᠡ᠃
    ᠲᠡᠷᠡ ᠪᠠᠰᠠ ᠭᠠᠵᠠᠷ ᠪᠣᠯᠭᠠᠨ᠎ᠳᠤ ᠪᠡᠯᠡ ᠮᠥᠩᠭᠦ᠌ ᠤᠯᠬᠤ᠎ᠪᠠᠷ ᠴᠢᠷᠮᠠᠢᠵᠤ᠂ ᠲᠣᠰᠭᠤᠨ᠎ᠤ ᠠᠷᠠᠳ᠎ᠢᠶᠠᠨ ᠳᠠᠭᠠᠭᠤᠯᠤᠨ ᠴᠠᠢ ᠲᠠᠷᠢᠵᠤ᠂ 《ᠱᠠᠨ ᠫᠢᠩ᠎ᠤᠨ᠎ᠤᠨ ᠶᠣᠣ ᠦᠨᠳᠦᠰᠦᠳᠡᠨ᠎ᠤ ᠯᠢᠦ ᠪᠤᠤ ᠴᠠᠢ》 ᠵᠡᠷᠭᠡ ᠲᠦᠷᠦᠯ ᠲᠡᠮᠳᠡᠭ᠎ᠢ ᠡᠭᠦᠳᠴᠦ᠍᠂ ᠬᠤᠷᠱᠢᠶ᠎ᠠ᠎ᠶ᠋ᠢᠨ ᠨᠢᠭᠡᠳᠦᠯᠲᠡᠢ ᠬᠠᠮᠢᠶᠠᠷᠤᠯᠲᠠ᠎ᠪᠠᠷ ᠳᠠᠮᠵᠢᠭᠤᠯᠵᠤ᠂ ᠪᠦᠲᠦᠭᠡᠭ᠌ᠳᠡᠬᠦᠨ᠎ᠤ ᠪᠣᠬᠢᠷᠲᠤᠯ ᠦᠭᠡᠢ ᠣᠷᠭᠠᠨᠢᠭ ᠪᠠᠢᠬᠤ᠎ᠶ᠋ᠢ ᠪᠠᠲᠤᠯᠠᠵᠤ᠂ ᠥᠨᠳᠥᠷ ᠠᠭᠤᠯᠠ᠎ᠶ᠋ᠢᠨ ᠴᠠᠢ᠎ᠶ᠋ᠢᠨ 《ᠠᠩᠬᠢᠯᠤᠮ᠎ᠠ ᠰᠠᠢᠬᠠᠨ ᠦᠨᠦᠷ ᠬᠠᠩᠬᠤᠯᠤᠭ᠍ᠰᠠᠨ》 ᠣᠨᠴᠠᠯᠢᠭ᠎ᠢ ᠪᠠᠳᠠᠷᠠᠭᠤᠯᠵᠤ᠂ ᠱᠠᠨ ᠫᠢᠩ ᠲᠣᠰᠭᠤᠨ᠎ᠢ ᠠᠯᠬᠤᠮ ᠠᠯᠬᠤᠮ᠎ᠢᠶᠠᠷ ᠴᠢᠨᠡᠭᠡᠯᠢᠭ᠌ᠵᠢᠯ᠎ᠤᠨ ᠵᠠᠮ᠎ᠢᠶᠠᠷ ᠵᠠᠮᠨᠠᠭᠤᠯᠪᠠ᠃
    ᠴᠠᠢ᠎ᠶ᠋ᠢᠨ ᠦᠢᠯᠡᠰ ᠬᠥᠭ᠌ᠵᠢᠪᠡ᠂ ᠵᠦ᠍ ᠱᠢᠤᠸᠠᠢ ᠯᠠᠨ ᠬᠠᠷᠠᠴᠠ᠎ᠪᠠᠨ ᠨᠡᠩ ᠬᠤᠯᠠ ᠲᠠᠯᠪᠢᠵᠤ᠂ 《ᠠᠮᠢ ᠠᠬᠤᠢ +》 ᠎ᠶ᠋ᠢᠨ ᠦᠢᠯᠡᠰ᠎ᠢ ᠪᠦᠲᠦᠭᠡᠬᠦ᠌᠎ᠪᠠᠷ ᠵᠣᠷᠢᠭ ᠱᠢᠭᠤᠳᠴᠤ᠌᠂ 《ᠴᠠᠢ᠎ᠶ᠋ᠢᠨ ᠰᠣᠶᠣᠯ᠎ᠤᠨ ᠵᠢᠭᠤᠯᠴᠢᠯᠠᠯ》 ᠎ᠤᠨ ᠱᠢᠨ᠎ᠡ ᠵᠠᠮ᠎ᠢ ᠨᠡᠭᠡᠭᠡᠵᠡᠢ᠃ ᠤᠢ᠍ᠢᠷ᠎ᠠ᠎ᠶ᠋ᠢᠨ ᠵᠢᠯ᠎ᠤᠳ᠎ᠲᠤ᠌᠂ ᠲᠡᠷᠡ ᠶᠣᠣ ᠦᠨᠳᠦᠰᠦᠲᠡᠨ᠎ᠤ ᠰᠣᠶᠣᠯ ᠤᠷᠠᠯᠢᠭ᠎ᠤᠨ ᠠᠩᠬᠢ᠎ᠶ᠋ᠢ ᠵᠣᠬᠢᠶᠠᠨ ᠪᠠᠢᠭᠤᠯᠵᠤ᠂ ᠫᠠᠨ ᠸᠠᠩ᠎ᠤᠨ ᠪᠥᠵᠢᠭ᠂ ᠬᠤᠸᠠ ᠪᠤᠭᠤ᠎ᠶ᠋ᠢᠨ ᠪᠥᠵᠢᠭ᠂ ᠨᠤᠲᠤᠭ᠎ᠤᠨ ᠳᠠᠭᠤᠤ᠎ᠪᠠᠷ ᠴᠠᠢ᠎ᠶ᠋ᠢᠨ ᠠᠭᠤᠯᠠ᠎ᠶ᠋ᠢ ᠴᠤᠤᠷᠢᠶᠠᠲᠤᠭᠤᠯᠪᠠ; ᠭᠡᠷ ᠪᠠᠭᠤᠳᠠᠯ ᠪᠣᠯᠤᠨ ᠴᠠᠢ᠎ᠶ᠋ᠢᠨ ᠬᠦᠷᠢᠶᠡᠯᠡᠩ᠎ᠨᠢ ᠥᠩᠭᠡ ᠪᠦᠷᠢ᠎ᠶ᠋ᠢᠨ ᠥᠩᠭᠡ ᠦᠵᠡᠮᠵᠢ᠎ᠲᠠᠢ᠃ ᠵᠤᠭᠠᠴᠠᠭ᠍ᠰᠠᠳ ᠨᠡᠷ᠎ᠡ᠎ᠶ᠋ᠢ ᠰᠣᠨᠣᠰᠤᠭᠠᠳ ᠠᠢᠯᠴᠢᠯᠠᠬᠤ᠎ᠪᠠᠷ ᠢᠷᠡᠵᠦ᠍᠂ ᠴᠠᠢ ᠤᠤᠭᠤᠵᠤ᠂ ᠪᠥᠵᠢᠭ ᠰᠣᠨᠢᠷᠬᠠᠵᠤ᠂ ᠭᠡᠷ ᠪᠠᠭᠤᠳᠠᠯ᠎ᠳᠤ ᠰᠠᠭᠤᠵᠤ᠂ ᠡᠨᠡ ᠬᠦ᠌ ᠦᠵᠡᠰᠭᠦᠯᠡᠩᠲᠦ ᠰᠠᠢᠬᠠᠨ ᠶᠣᠣ ᠦᠨᠳᠦᠰᠦᠲᠡᠨ᠎ᠤ ᠲᠣᠰᠭᠤᠨ᠎ᠢ ᠭᠠᠢᠬᠠᠨ ᠰᠣᠨᠢᠷᠬᠠᠵᠤ ᠮᠠᠭ᠍ᠳᠠᠨ ᠰᠠᠢᠱᠢᠶᠠᠨ᠎ᠠ᠃
    ᠡᠳᠦᠭᠡ᠂ ᠱᠠᠨ ᠫᠢᠩ ᠲᠣᠰᠭᠤᠨ᠎ᠤ ᠴᠠᠢ᠎ᠶ᠋ᠢᠨ ᠬᠦᠷᠢᠶᠡᠯᠡᠩ᠎ᠤᠨ ᠲᠠᠯᠠᠪᠠᠢ 3000 ᠭᠠᠷᠤᠢ ᠮᠦ᠍᠎ᠳᠤ ᠬᠦᠷᠴᠦ᠍᠂ ᠲᠣᠰᠭᠤᠨ᠎ᠤ ᠠᠷᠠᠳ᠎ᠤᠨ ᠬᠥᠮᠦᠨ ᠳᠤᠮᠳᠠᠴᠢ᠎ᠶ᠋ᠢᠨ ᠵᠢᠯ᠎ᠤᠨ ᠣᠷᠣᠯᠭ᠎ᠠ ᠪᠠᠷᠤᠭ 2.5 ᠲᠦᠮᠡᠨ ᠲᠥᠭᠦᠷᠢᠭ᠎ᠲᠤ ᠬᠦᠷᠴᠦ᠍᠂ ᠴᠠᠢ᠎ᠶ᠋ᠢᠨ ᠦᠢᠯᠡᠰ᠎ᠢ ᠶᠠᠳᠠᠭᠤ᠎ᠠᠴᠠ ᠠᠩᠭᠢᠵᠢᠷᠠᠨ ᠴᠢᠨᠡᠭᠡᠯᠢᠭ᠌ᠵᠢᠬᠦ᠌ 《ᠠᠯᠳᠠᠨ ᠲᠦᠯᠬᠢᠭᠦᠷ》 ᠪᠣᠯᠭᠠᠭ᠍ᠰᠠᠨ ᠪᠠᠢᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号