ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠮᠣᠩᠭᠣᠯ ᠬᠡᠯᠡ ᠰᠣᠷᠣᠶ᠎ᠠ
ᠪᠣᠬᠢᠷᠳᠠᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠤᠵᠢ ᠬᠤᠲᠠ᠎ᠶᠢᠨ ᠮᠡᠳᠡᠭᠡ
ᠵᠧᠵᠢᠶᠠᠩ ᠮᠤᠵᠢ᠎ᠶ᠋ᠢᠨ ᠯᠢ ᠱᠦᠢ ᠬᠤᠳᠠ᠎ᠶ᠋ᠢᠨ ᠰᠥᠩ ᠶᠠᠩ ᠱᠢᠶᠠᠨ 《ᠭᠤᠷᠪᠠ᠎ᠶ᠋ᠢ ᠨᠢᠭᠡ ᠴᠤᠬ᠍ᠴᠠᠵᠢᠭᠤᠯᠤᠭ᠍ᠰᠠᠨ》 ᠳᠠᠬᠢᠯᠲᠠ ᠡᠬᠢ ᠪᠠᠶᠠᠯᠢᠭ᠎ᠢ ᠬᠤᠷᠢᠶᠠᠨ ᠠᠪᠬᠤ ᠱᠢᠰᠲ᠋ᠧᠮ᠎ᠢ ᠪᠦᠬᠦ᠌ ᠬᠦᠴᠦᠨ᠎ᠢᠶᠠᠷ᠎ᠢᠶᠠᠨ ᠪᠠᠢᠭᠤᠯᠤᠨ᠎ᠠ
ᠨᠡᠶ᠋ᠢᠲᠡᠯᠡᠭᠰᠡᠨ ᠴᠠᠭ᠄ 2025-07-22

    《ᠬᠠᠶᠠᠭ᠍ᠳᠠᠮᠠᠯ ᠥᠬᠡᠶ ᠬᠤᠲᠠ》 ᠎ᠶ᠋ᠢᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠱᠢᠶᠠᠨ᠎ᠤ ᠬᠡᠪᠴᠢᠶᠡᠨ᠎ᠤ ᠡᠬᠢ ᠪᠠᠶᠠᠯᠢᠭ᠎ᠢ ᠬᠤᠷᠢᠶᠠᠨ ᠠᠪᠴᠤ᠌ ᠠᠱᠢᠭ᠍ᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠣᠢᠷ᠎ᠠ᠎ᠶ᠋ᠢᠨ ᠵᠢᠯ᠎ᠤᠳ᠎ᠲᠤ᠌᠂ ᠰᠥᠩ ᠶᠠᠩ ᠱᠢᠶᠠᠨ ᠦᠵᠦ᠍ ᠲᠦᠯᠦᠪᠯᠡᠭᠡ᠂ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠪᠠ ᠠᠵᠤ ᠦᠶ᠋ᠯᠡᠰ᠎ᠤᠨ ᠠᠭᠤᠰᠤᠯᠴᠠᠯ᠎ᠢᠶᠠᠷ ᠳᠠᠮᠵᠢᠭᠤᠯᠤᠨ᠂ ᠪᠥᠬᠦ᠌ ᠴᠠᠷᠠᠭ᠎ᠠ᠎ᠶ᠋ᠢ ᠬᠠᠮᠤᠷᠤᠭ᠍ᠰᠠᠨ ᠳᠠᠬᠢᠯᠲᠠ ᠡᠬᠢ ᠪᠠᠶᠠᠯᠢᠭ᠎ᠢ ᠬᠤᠷᠢᠶᠠᠨ ᠠᠪᠬᠤ ᠰᠦᠯᠵᠢᠶᠡᠨ᠎ᠤ ᠱᠢᠰᠲ᠋ᠧᠮ᠎ᠢ ᠪᠠᠢᠭᠤᠯᠵᠤ᠂ 《ᠰᠠᠭᠤᠷᠢ ᠬᠤᠷᠢᠶᠠᠨ ᠠᠪᠬᠤ — ᠳᠠᠮᠵᠢᠭᠤᠯᠤᠨ ᠱᠢᠶ᠋ᠳᠪᠦᠷᠢᠯᠡᠬᠦ᠌ — ᠥᠨᠳᠥᠷ ᠥᠷᠲᠡᠭ᠌ᠲᠦ ᠠᠱᠢᠭ᠍ᠯᠠᠯᠲᠠ》 ᠎ᠶ᠋ᠢᠨ ᠪᠢᠲᠡᠭᠦᠦ ᠴᠠᠭᠠᠷᠢᠭ᠎ᠤᠨ ᠬᠡᠯᠬᠢᠶ᠎ᠡ᠎ᠶ᠋ᠢ ᠠᠯᠬᠤᠮ ᠠᠯᠬᠤᠮ᠎ᠢᠶᠠᠷ ᠪᠣᠶ ᠪᠣᠯᠭᠠᠪᠠ᠃
    ᠨᠢᠭᠡ᠎ᠳᠤ᠂ ᠰᠠᠭᠤᠷᠢ ᠬᠤᠷᠢᠶᠠᠨ ᠠᠪᠬᠤ ᠥᠷᠲᠡᠭᠡ ᠴᠡᠭ᠎ᠤᠨ ᠪᠠᠢᠷᠢᠯᠠᠭᠤᠯᠤᠯᠲᠠ᠎ᠶ᠋ᠢ ᠲᠡᠭᠦᠯᠳᠡᠷᠵᠢᠭᠦᠯᠦᠨ᠎ᠡ᠃ ᠲᠠᠷᠢᠶᠠᠯᠠᠩ᠎ᠤᠨ ᠬᠠᠶᠠᠭ᠍ᠳᠠᠮᠠᠯ ᠪᠣᠳᠠᠰ᠎ᠢ ᠬᠤᠷᠢᠶᠠᠨ ᠠᠪᠴᠤ᠌ ᠬᠠᠳᠠᠭᠠᠯᠠᠬᠤ ᠲᠡᠭᠡᠭᠡᠪᠦᠷᠢᠯᠡᠬᠦ᠌ ᠴᠢᠳᠠᠪᠤᠷᠢ᠎ᠶ᠋ᠢ ᠲᠠᠰᠤᠷᠠᠯᠲᠠ ᠦᠭᠡᠢ ᠴᠢᠩᠭᠠᠷᠠᠭᠤᠯᠵᠤ᠂ ᠣᠳᠣᠬᠠᠨ᠎ᠳᠤ ᠪᠦᠬᠦ᠌ ᠱᠢᠶᠠᠨ᠎ᠤ 203 ᠵᠠᠰᠠᠭ ᠵᠠᠬᠢᠷᠭᠠᠨ᠎ᠤ ᠲᠣᠰᠭᠤᠨ᠎ᠳᠤ ᠴᠥᠮ ᠡᠰᠢ ᠰᠦᠷᠡᠯ᠎ᠢ ᠲᠦᠷ ᠴᠠᠭ ᠬᠠᠳᠠᠭᠠᠯᠠᠵᠤ ᠲᠡᠭᠡᠭᠡᠪᠦᠷᠢᠯᠡᠬᠦ᠌ ᠲᠣᠣᠷ ᠴᠡᠭ ᠭᠠᠷᠭᠠᠬᠤ᠎ᠶ᠋ᠢᠨ ᠬᠠᠮᠲᠤ ᠱᠢᠶᠠᠩ ᠰᠢ ᠪᠠᠯᠭᠠᠰᠤ᠂ ᠶᠧ ᠼᠦᠨ ᠱᠢᠶᠠᠩ᠎ᠤᠨ 2 ᠣᠷᠣᠨ ᠪᠦᠰᠡ᠎ᠶ᠋ᠢᠨ ᠴᠢᠨᠠᠷᠲᠠᠶ ᠬᠤᠷᠢᠶᠠᠨ ᠠᠪᠴᠤ᠌ ᠬᠠᠳᠠᠭᠠᠯᠠᠬᠤ ᠲᠥᠪ ᠪᠠ 6 ᠲᠣᠰᠭᠤᠨ᠎ᠤ ᠳᠡᠰ᠎ᠤᠨ ᠬᠤᠷᠢᠶᠠᠨ ᠠᠪᠴᠤ᠌ ᠬᠠᠳᠠᠭᠠᠯᠠᠬᠤ ᠲᠣᠣᠷ ᠴᠡᠭ᠎ᠢ ᠪᠠᠢᠭᠤᠯᠵᠤ᠂ ᠡᠰᠢ ᠰᠦᠷᠡᠯ ᠵᠡᠷᠭᠡ ᠲᠠᠷᠢᠶᠠᠯᠠᠩ᠎ᠤᠨ ᠬᠠᠶᠠᠭ᠍ᠳᠠᠮᠠᠯ ᠪᠣᠳᠠᠰ᠎ᠢ ᠲᠥᠪᠯᠡᠷᠡᠭᠦᠯᠦᠨ ᠬᠤᠷᠢᠶᠠᠨ ᠠᠪᠬᠤ᠎ᠶ᠋ᠢ ᠪᠡᠶᠡᠯᠡᠭᠦᠯᠵᠡᠶ᠃ ᠵᠠᠰᠠᠭ᠎ᠤᠨ ᠣᠷᠳᠣᠨ᠎ᠠᠴᠠ ᠲᠣᠣᠷ ᠴᠡᠭ᠎ᠤᠨ ᠡᠵᠡᠩᠨᠡᠯᠲᠡ᠎ᠳᠤ ᠡᠳ᠋᠎ᠤᠨ ᠵᠠᠰᠠᠭ᠎ᠤᠨ ᠨᠥᠬᠦᠪᠥᠷᠢ ᠥᠭ᠌ᠴᠦ᠂ ᠡᠰᠢ ᠰᠦᠷᠡᠯ᠎ᠢ ᠲᠠᠷᠢᠶᠠᠨ᠎ᠠᠴᠠ ᠰᠠᠯᠭᠠᠵᠤ ᠴᠡᠪᠡᠷᠯᠡᠨ ᠵᠥᠭᠡᠭᠡᠪᠦᠷᠢᠯᠡᠬᠦ᠌᠎ᠶ᠋ᠢ ᠠᠬᠢᠭᠤᠯᠤᠨ᠎ᠠ᠃
    ᠬᠤᠶᠠᠷ᠎ᠲᠤ᠌᠂ ᠳᠠᠮᠵᠢᠭᠤᠯᠤᠨ ᠱᠢᠶ᠋ᠳᠪᠦᠷᠢᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠳᠠᠬᠢᠯᠲᠠ ᠡᠬᠢ ᠪᠠᠶᠠᠯᠢᠭ᠎ᠢ ᠢᠯᠭᠠᠬᠤ ᠲᠥᠪ ᠪᠠ ᠠᠷᠠᠯᠵᠢᠶᠠᠯᠠᠬᠤ ᠵᠠᠬ᠎ᠠ ᠳᠡᠯᠭᠡᠭᠦᠷ᠎ᠢᠶᠠᠷ ᠭᠤᠥᠯ ᠪᠣᠯᠭᠠᠵᠤ᠂ ᠡᠭᠡᠭᠦᠯᠦᠨ ᠬᠤᠷᠢᠶᠠᠭ᠍ᠰᠠᠨ ᠪᠣᠳᠠᠰ᠎ᠢ ᠲᠥᠷᠥᠯ ᠬᠤᠪᠢᠶᠠᠨ ᠱᠢᠶ᠋ᠳᠪᠦᠷᠢᠯᠡᠨ᠎ᠡ᠃ ᠠᠵᠤ ᠦᠶ᠋ᠯᠡᠳᠪᠦᠷᠢ᠎ᠶ᠋ᠢᠨ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠤᠨ ᠲᠠᠯ᠎ᠠ᠎ᠪᠠᠷ᠂ VOCs ᠎ᠤᠨ ᠵᠠᠰᠠᠯᠲᠠ᠎ᠶ᠋ᠢᠨ 《ᠨᠣᠭᠤᠭᠠᠨ ᠠᠷᠠᠯ》 ᠎ᠤᠨ ᠲᠥᠷᠥᠯ ᠵᠦᠶ᠋ᠯ᠎ᠢ ᠪᠠᠢᠭᠤᠯᠵᠤ᠂ ᠵᠢᠯ᠎ᠳᠤ 4 ᠲᠦᠮᠡᠨ ᠲᠣᠨ ᠬᠠᠶᠠᠭ᠍ᠳᠠᠮᠠᠯ ᠢᠳᠡᠪᠬᠢᠵᠢᠭᠦᠯᠦᠭ᠌ᠰᠡᠨ ᠨᠡᠭᠦᠷᠡᠰᠦ᠎ᠶ᠋ᠢ ᠳᠠᠬᠢᠨ ᠪᠣᠶ ᠪᠣᠯᠭᠠᠵᠤ᠂ ᠠᠵᠤ ᠠᠬᠤᠢᠯᠠᠯ᠎ᠤᠨ ᠬᠠᠶᠠᠭ᠍ᠳᠠᠮᠠᠯ ᠬᠡᠶ᠎ᠶ᠋ᠢ ᠵᠠᠰᠠᠬᠤ᠎ᠳᠤ ᠦᠶ᠋ᠯᠡᠴᠢᠯᠡᠨ᠎ᠡ; ᠪᠠᠷᠢᠯᠭ᠎ᠠ᠎ᠶ᠋ᠢᠨ ᠬᠤᠭ ᠨᠣᠪᠰᠢ᠎ᠶ᠋ᠢᠨ ᠲᠠᠯ᠎ᠠ᠎ᠪᠠᠷ᠂ ᠢᠯᠭᠠᠨ ᠰᠠᠯᠭᠠᠬᠤ ᠲᠥᠪ᠎ᠲᠤ ᠪᠠᠯᠠ ᠣᠷᠣᠭᠤᠯᠤᠨ ᠪᠥᠲᠥᠭᠡᠨ ᠪᠠᠢᠭᠤᠯᠵᠤ᠂ ᠢᠯᠭᠠᠨ ᠰᠠᠯᠭᠠᠬᠤ ᠲᠥᠪ᠎ᠢᠶᠠᠷ ᠳᠠᠮᠵᠢᠭᠤᠯᠤᠨ ᠪᠠᠷᠢᠯᠭ᠎ᠠ᠎ᠶ᠋ᠢᠨ ᠵᠠᠰᠠᠯ᠎ᠤᠨ ᠬᠤᠭ ᠨᠣᠪᠰᠢ᠎ᠶ᠋ᠢ ᠵᠠᠳᠠᠯᠵᠤ᠂ ᠲᠡᠮᠦᠷᠯᠢᠭ᠂ ᠰᠦᠯᠢᠶᠣᠣ ᠵᠡᠷᠭᠡ ᠡᠭᠡᠭᠦᠯᠦᠨ ᠬᠤᠷᠢᠶᠠᠵᠤ ᠪᠣᠯᠬᠤ ᠪᠣᠳᠠᠰ᠎ᠢ ᠰᠠᠯᠭᠠᠵᠤ᠂ ᠦᠯᠡᠳᠡᠭ᠌ᠳᠡᠯ ᠬᠤᠭ ᠱᠢᠷᠣᠶ᠎ᠶ᠋ᠢ ᠡᠬᠢ ᠪᠠᠶᠠᠯᠢᠭ᠍ᠵᠢᠭᠤᠯᠤᠨ ᠦᠶ᠋ᠯᠡᠳᠪᠦᠷᠢᠯᠡᠬᠦ᠌ ᠱᠤᠭᠤᠮ᠎ᠳᠤ ᠣᠷᠣᠭᠤᠯᠤᠨ᠎ᠠ᠃
    ᠭᠤᠷᠪᠠ᠎ᠳᠤ᠂ ᠬᠠᠶᠠᠭ᠍ᠳᠠᠮᠠᠯ᠎ᠢ ᠡᠷᠳᠡᠨᠢ ᠪᠣᠯᠭᠠᠬᠤ ᠲᠥᠷᠥᠯ ᠵᠦᠶ᠋ᠯ᠎ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠤᠨ᠎ᠠ᠃ 2024 ᠣᠨ᠎ᠳᠤ ᠪᠡᠯᠡ ᠣᠷᠣᠭᠤᠯᠤᠨ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠤᠨ ᠡᠬᠢ ᠪᠠᠶᠠᠯᠢᠭ᠎ᠢ ᠣᠷᠴᠢᠯᠳᠤᠭᠤᠯᠤᠨ ᠠᠱᠢᠭ᠍ᠯᠠᠬᠤ ᠶᠡᠷᠦᠩᠬᠡᠢᠯᠡᠭ᠌ᠰᠡᠨ ᠴᠣᠭ᠍ᠴᠠ᠎ᠶ᠋ᠢ ᠪᠦᠳᠦᠭᠡᠨ ᠪᠠᠢᠭᠤᠯᠵᠤ᠂ ᠵᠢᠯ᠎ᠤᠨ ᠱᠢᠢᠳᠪᠦᠷᠢᠯᠡᠬᠦ᠌ ᠴᠢᠳᠠᠪᠤᠷᠢ᠎ᠨᠢ 60 ᠲᠦᠮᠡᠨ ᠲᠣᠨ᠎ᠳᠤ ᠬᠦᠷᠴᠦ᠍᠂ ᠣᠳᠣᠬᠠᠨ᠎ᠳᠤ ᠪᠠᠷᠢᠯᠭ᠎ᠠ᠎ᠶ᠋ᠢᠨ ᠠᠬᠢᠴᠠ᠎ᠨᠢ ᠪᠠᠷᠤᠭ 35% ᠎ᠳᠤ ᠬᠦᠷᠴᠡᠢ᠃ ᠲᠥᠷᠥᠯ ᠵᠦᠶ᠋ᠯ ᠪᠠᠢᠭᠤᠯᠤᠭ᠍ᠳᠠᠭ᠍ᠰᠠᠨ᠎ᠤ ᠳᠠᠷᠠᠭ᠎ᠠ᠂ ᠵᠢᠱ᠌ᠢᠯᠲᠡ᠎ᠪᠠᠷ ᠵᠢᠯ᠎ᠳᠤ 11 ᠲᠦᠮᠡᠨ ᠲᠣᠨ ᠳᠠᠬᠢᠯᠲᠠ ᠶᠠᠰᠤᠨ ᠮᠠᠲ᠋ᠧᠷᠢᠶᠠᠯ᠂ 40 ᠲᠦᠮᠡᠨ ᠪᠣᠰᠤᠭ᠎ᠠ ᠳᠥᠷᠪᠡᠯᠵᠢᠨ ᠮᠧᠲᠷ᠎ᠤᠨ ᠪᠣᠬᠢᠷᠲᠤᠯ ᠥᠬᠡᠶ ᠸᠠᠭᠠᠷ᠎ᠤᠨ ᠮᠥᠬᠦᠯᠢᠭ᠌ᠲᠦ ᠪᠠᠷᠢᠯᠭ᠎ᠠ᠎ᠶ᠋ᠢᠨ ᠮᠠᠲ᠋ᠧᠷᠢᠶᠠᠯ᠎ᠢ ᠦᠶ᠋ᠯᠡᠳᠪᠦᠷᠢᠯᠡᠵᠦ᠍᠂ ᠡᠬᠢ ᠪᠠᠶᠠᠯᠢᠭ᠍ᠵᠢᠭᠤᠯᠤᠨ ᠡᠷᠭᠢᠯᠳᠦᠭᠦᠯᠦᠨ ᠠᠱᠢᠭ᠍ᠯᠠᠬᠤ ᠨᠣᠷᠮ᠎ᠠ᠎ᠶ᠋ᠢ 100% ᠎ᠳᠤ ᠣᠢᠷᠠᠲᠤᠭᠤᠯᠵᠤ᠂ ᠱᠢᠶᠠᠨ᠎ᠤ ᠬᠡᠪᠴᠢᠶᠡᠨ᠎ᠤ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠢ ᠡᠬᠢ ᠪᠠᠶᠠᠯᠢᠭ᠍ᠵᠢᠭᠤᠯᠤᠨ ᠠᠱᠢᠭ᠍ᠯᠠᠬᠤ ᠨᠣᠷᠮ᠎ᠠ᠎ᠶ᠋ᠢ ᠶᠡᠭᠡ᠎ᠪᠠᠷ ᠳᠡᠭᠡᠭ᠌ᠰᠢᠯᠡᠭᠦᠯᠦᠨ᠎ᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号