ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠤᠵᠢ ᠬᠤᠲᠠ᠎ᠶᠢᠨ ᠮᠡᠳᠡᠭᠡ
ᠴᠦᠩᠴᠢᠩ᠎ᠦᠨ ᠳᠥᠷᠪᠡᠨ ᠰᠠᠯᠠᠭ᠎ᠠ ᠮᠥᠴᠢᠷ ᠬᠠᠮᠲᠤᠷᠠᠨ ᠠᠮᠢ ᠠᠬᠤᠶ᠎ᠶᠢᠨ ᠰᠣᠶᠣᠯ᠎ᠤᠨ ᠪᠠᠶ᠋ᠢᠭᠤᠯᠤᠯᠲᠠ᠎ᠶᠢ ᠠᠬᠢᠭᠤᠯᠵᠤ 10 ᠰᠣᠳᠣᠨ ᠠᠮᠢ ᠠᠬᠤᠶ᠎ᠶᠢᠨ ᠰᠣᠶᠣᠯ᠎ᠤᠨ ᠵᠢᠭᠰᠠᠭᠠᠯ᠎ᠤᠨ ᠭᠠᠵᠠᠷ᠎ᠢ ᠪᠠᠶ᠋ᠢᠭᠤᠯᠬᠤ᠎ᠪᠠᠷ ᠪᠣᠶ
ᠨᠡᠶ᠋ᠢᠲᠡᠯᠡᠭᠰᠡᠨ ᠴᠠᠭ᠄ 2025-08-15

      ᠠᠮᠢ ᠠᠬᠤᠶ᠎ᠶᠢᠨ ᠰᠣᠶᠣᠯ᠎ᠤᠨ ᠪᠠᠶ᠋ᠢᠭᠤᠯᠤᠯᠲᠠ᠎ᠶᠢ ᠤᠯᠠᠮ ᠨᠢᠭᠡ ᠠᠯᠬᠤᠮ ᠴᠢᠩᠭᠠᠳᠬᠠᠵᠤ᠂ ᠠᠮᠢ ᠠᠬᠤᠶ᠎ᠶᠢᠨ ᠰᠣᠶᠣᠯ᠎ᠤᠨ ᠰᠢᠰᠲ᠋ᠧᠮ᠎ᠢ ᠪᠠᠶ᠋ᠢᠭᠤᠯᠤᠨ ᠲᠡᠭᠦᠯᠳᠡᠷᠵᠢᠬᠦᠯᠬᠦ᠎ᠶᠢᠨ ᠲᠥᠯᠥᠭᠡ᠂ ᠣᠶ᠋ᠢᠷ᠎ᠠ᠎ᠳᠤ ᠴᠦᠩᠴᠢᠩ ᠬᠣᠲᠠ᠎ᠶᠢᠨ ᠠᠮᠢ ᠠᠬᠤᠶ ᠣᠷᠴᠢᠨ ᠲᠣᠭᠣᠷᠢᠨ᠎ᠤ ᠲᠣᠪᠴᠢᠶ᠎ᠠ᠂ ᠴᠦᠩᠴᠢᠩ ᠬᠣᠲᠠ᠎ᠶᠢᠨ ᠰᠣᠶᠣᠯ ᠪᠠ ᠵᠢᠭᠤᠯᠴᠢᠯᠠᠯ᠎ᠤᠨ ᠬᠥᠭᠵᠢᠭᠦᠯᠦᠯᠲᠡ᠎ᠶᠢᠨ ᠵᠥᠪᠯᠡᠯ᠂ ᠴᠦᠩᠴᠢᠩ ᠬᠣᠲᠠ᠎ᠶᠢᠨ ᠤᠳᠬ᠎ᠠ ᠵᠣᠬᠢᠶᠠᠯ ᠤᠷᠠᠯᠢᠭ᠋᠎ᠤᠨ ᠬᠢᠨ᠎ᠦ ᠬᠣᠯᠪᠣᠭᠠᠲᠤ ᠬᠤᠷᠠᠯ᠂ ᠴᠦᠩᠴᠢᠩ ᠬᠣᠲᠠ᠎ᠶᠢᠨ ᠵᠣᠬᠢᠶᠠᠯᠴᠢᠳ᠎ᠤᠨ ᠡᠪᠯᠡᠯ ᠬᠠᠮᠲᠤᠷᠠᠨ 《 ᠠᠮᠢ ᠠᠬᠤᠶ᠎ᠶᠢᠨ ᠰᠣᠶᠣᠯ᠎ᠤᠨ ᠪᠠᠶ᠋ᠢᠭᠤᠯᠤᠯᠲᠠ᠎ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠬᠡᠷᠡᠭᠵᠢᠭᠦᠯᠬᠦ ᠲᠥᠰᠦᠯ 》 ( ᠳᠣᠷᠣᠭᠰᠢ 《 ᠲᠥᠰᠦᠯ 》 ᠭᠡᠵᠦ ᠲᠣᠪᠴᠢᠯᠠᠨ᠎ᠠ )᠎ᠢ ᠳᠠᠷᠤᠮᠠᠯᠯᠠᠨ ᠲᠠᠷᠬᠠᠭᠠᠵᠤ᠂ ᠴᠦᠩᠴᠢᠩ᠎ᠦᠨ ᠠᠮᠢ ᠠᠬᠤᠶ᠎ᠶᠢᠨ ᠰᠣᠶᠣᠯ᠎ᠤᠨ ᠪᠠᠶ᠋ᠢᠭᠤᠯᠤᠯᠲᠠ᠎ᠳᠤ ᠲᠣᠳᠣᠷᠬᠠᠶ 《 ᠬᠡᠷᠡᠭᠵᠢᠭᠦᠯᠬᠦ ᠱᠤᠭᠤᠮ 》᠎ᠢ ᠵᠢᠷᠤᠭᠯᠠᠭᠰᠠᠨ ᠪᠠᠶ᠋ᠢᠨ᠎ᠠ᠃
      ᠠᠮᠢ ᠠᠬᠤᠶ᠎ᠶᠢᠨ ᠰᠣᠶᠣᠯ ᠪᠣᠯ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠶ᠋ᠢᠭᠡᠮ ᠵᠢᠷᠤᠮ᠎ᠤᠨ ᠰᠣᠶᠣᠯ᠎ᠤᠨ ᠴᠢᠬᠤᠯᠠ ᠬᠡᠰᠡᠭ ᠮᠥᠨ᠂ ᠠᠮᠢ ᠠᠬᠤᠶ᠎ᠶᠢᠨ ᠰᠣᠶᠣᠯ᠎ᠢ ᠶᠡᠬᠡ᠎ᠪᠡᠷ ᠪᠠᠳᠠᠷᠠᠭᠤᠯᠬᠤ ᠪᠣᠯ ᠠᠮᠢ ᠠᠬᠤᠶ᠎ᠶᠢᠨ ᠪᠣᠯᠪᠠᠰᠤᠨ᠎ᠤ ᠪᠠᠶ᠋ᠢᠭᠤᠯᠤᠯᠲᠠ᠎ᠶᠢ ᠲᠦᠯᠬᠢᠨ ᠠᠬᠢᠭᠤᠯᠬᠤ᠎ᠶᠢᠨ ᠳᠣᠲᠣᠭᠠᠳᠤ ᠱᠠᠭᠠᠷᠳᠠᠯᠭ᠎ᠠ ᠮᠥᠨ᠃ ᠲᠣᠰ ᠤᠳᠠᠭᠠᠨ᠎ᠤ 《 ᠲᠥᠰᠦᠯ 》᠎ᠢ ᠨᠡᠶ᠋ᠢᠲᠡᠯᠡᠭᠰᠡᠨ ᠨᠢ ᠤᠯᠤᠰ᠎ᠤᠨ ᠳᠥᠷᠪᠡᠨ ᠶᠠᠮᠤᠨ ᠬᠣᠷᠢᠶ᠎ᠠ᠎ᠶᠢᠨ 《 ᠠᠮᠢ ᠠᠬᠤᠶ᠎ᠶᠢᠨ ᠰᠣᠶᠣᠯ᠎ᠤᠨ ᠪᠠᠶ᠋ᠢᠭᠤᠯᠤᠯᠲᠠ᠎ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠵᠢᠯᠣᠭᠣᠳᠬᠤ ᠰᠠᠨᠠᠯ 》᠎ᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠠᠮᠢ ᠠᠬᠤᠶ᠎ᠶᠢᠨ ᠰᠣᠶᠣᠯ᠎ᠢ ᠰᠤᠳᠤᠯᠤᠨ ᠵᠠᠯᠭᠠᠮᠵᠢᠯᠠᠬᠤ᠂ ᠤᠯᠠᠮᠵᠢᠯᠠᠨ ᠳᠡᠯᠭᠡᠷᠡᠭᠦᠯᠬᠦ ᠪᠠ ᠤᠯᠠᠷᠢᠭᠤᠯᠬᠤ᠎ᠶᠢ ᠳᠥᠯᠭᠢᠨ ᠠᠬᠢᠭᠤᠯᠬᠤ᠎ᠶᠢᠨ ᠲᠥᠯᠥᠭᠡ ᠶᠤᠮ᠃
      《 ᠲᠥᠰᠦᠯ 》 ᠳ᠋ᠤ᠌᠂ 2027 ᠣᠨ ᠪᠣᠯᠬᠤ᠎ᠳᠤ᠂ ᠴᠦᠩᠴᠢᠩ 2 ᠪᠡᠯᠭᠡ ᠳᠡᠮᠳᠡᠭ᠎ᠦᠨ ᠴᠢᠨᠠᠷᠲᠠᠢ ᠠᠮᠢ ᠠᠬᠤᠢ᠎ᠶᠢᠨ ᠰᠣᠶᠣᠯ᠎ᠤᠨ ᠤᠨᠤᠯ᠎ᠤᠨ ᠰᠤᠳᠤᠯᠭᠠᠨ᠎ᠤ ᠦᠷ᠎ᠡ ᠪᠦᠲᠦᠭᠡᠯ᠎ᠢ ᠪᠦᠷᠢᠯᠳᠦᠭᠦᠯᠵᠦ᠂ 10 ᠰᠣᠳᠣᠨ ᠠᠮᠢ ᠠᠬᠤᠢ᠎ᠶᠢᠨ ᠰᠣᠶᠣᠯ᠎ᠤᠨ ᠵᠢᠭᠰᠠᠭᠠᠯ᠎ᠤᠨ ᠭᠠᠵᠠᠷ᠎ᠢ ᠪᠠᠶ᠋ᠢᠭᠤᠯᠵᠤ᠂ 3 ᠴᠢᠨᠠᠷ ᠰᠠᠶ᠋ᠢᠲᠠᠢ ᠠᠮᠢ ᠠᠬᠤᠢ᠎ᠶᠢᠨ ᠤᠳᠬ᠎ᠠ ᠤᠷᠠᠯᠢᠭ᠋᠎ᠤᠨ ᠪᠦᠲᠦᠭᠡᠯ᠎ᠢ ᠪᠦᠳᠦᠭᠡᠵᠦ᠂ 2 ᠵᠤᠷᠪᠤᠰ ᠠᠮᠢ ᠠᠬᠤᠢ᠎ᠶᠢᠨ ᠰᠣᠶᠣᠯ ᠵᠢᠭᠤᠯᠴᠢᠯᠠᠯ᠎ᠤᠨ ᠰᠣᠳᠣᠨ ᠱᠤᠭᠤᠮ᠎ᠢ ᠭᠠᠷᠭᠠᠨ᠎ᠠ᠃ 2030 ᠣᠨ ᠪᠣᠯᠬᠤ᠎ᠳᠤ᠂ ᠨᠢᠭᠡ ᠪᠦᠯᠦᠭ ᠪᠡᠯᠭᠡ ᠲᠡᠮᠳᠡᠭ᠎ᠦᠨ ᠴᠢᠨᠠᠷᠲᠠᠶ ᠠᠮᠢ ᠠᠬᠤᠶ᠎ᠶᠢᠨ ᠰᠣᠶᠣᠯ᠎ᠤᠨ ᠣᠨᠣᠯ᠎ᠤᠨ ᠰᠤᠳᠤᠯᠭᠠᠨ᠎ᠤ ᠦᠷ᠎ᠡ ᠪᠦᠲᠦᠭᠡᠯ᠎ᠢ ᠪᠣᠶ ᠪᠣᠯᠭᠠᠵᠤ᠂ ᠨᠢᠭᠡ ᠪᠦᠯᠦᠭ ᠣᠯᠠᠨ ᠶᠠᠩᠵᠤ᠎ᠶᠢᠨ ᠠᠮᠢ ᠠᠬᠤᠶ᠎ᠶᠢᠨ ᠰᠣᠶᠣᠯ᠎ᠤᠨ ᠵᠢᠭᠰᠠᠭᠠᠯ᠎ᠤᠨ ᠭᠠᠵᠠᠷ᠎ᠢ ᠪᠣᠶ ᠪᠣᠯᠭᠠᠵᠤ᠂ ᠨᠢᠭᠡ ᠪᠦᠯᠦᠭ ᠴᠢᠨᠠᠷ ᠰᠠᠶ᠋ᠢᠲᠠᠶ ᠠᠮᠢ ᠠᠬᠤᠶ᠎ᠶᠢᠨ ᠤᠳᠬ᠎ᠠ ᠤᠷᠠᠯᠢᠭ᠋᠎ᠤᠨ ᠪᠦᠲᠦᠭᠡᠯ᠎ᠢ ᠪᠦᠳᠦᠭᠡᠵᠦ᠂ ᠨᠢᠭᠡ ᠪᠦᠯᠦᠭ ᠠᠮᠢ ᠠᠬᠤᠶ᠎ᠶᠢᠨ ᠰᠣᠶᠣᠯ᠎ᠤᠨ ᠤᠨᠴᠠᠯᠢᠭᠳᠤ ᠵᠢᠭᠤᠯᠴᠢᠯᠠᠯ᠎ᠤᠨ ᠰᠣᠳᠣᠨ ᠵᠠᠮ ᠱᠤᠭᠤᠮ᠎ᠢ ᠨᠡᠭᠡᠭᠡᠨ ᠭᠠᠷᠭᠠᠵᠤ᠂ ᠠᠮᠢ ᠠᠬᠤᠶ᠎ᠶᠢᠨ ᠰᠣᠶᠣᠯ᠎ᠤᠨ ᠪᠦᠲᠦᠭᠡᠭᠳᠡᠬᠦᠨ ᠪᠠ ᠦᠶ᠋ᠯᠡᠴᠢᠯᠡᠭᠡ᠎ᠶᠢ ᠨᠠᠩ ᠪᠠᠶᠠᠯᠢᠭᠵᠢᠭᠤᠯᠤᠨ᠎ᠠ᠃ 2035 ᠣᠨ ᠪᠣᠯᠬᠤ᠎ᠳᠤ᠂ ᠠᠮᠢ ᠠᠬᠤᠢ᠎ᠶᠢᠨ ᠰᠣᠶᠣᠯ᠎ᠤᠨ ᠪᠠᠶ᠋ᠢᠭᠤᠯᠤᠯᠲᠠ᠂ ᠬᠠᠮᠢᠶᠠᠷᠤᠯᠲᠠ ᠪᠠ ᠳᠠᠮᠵᠢᠭᠤᠯᠭ᠎ᠠ᠎ᠶᠢᠨ ᠪᠠᠶ᠋ᠢᠭᠤᠯᠤᠮᠵᠢ ᠲᠣᠭᠲᠠᠴᠠ᠎ᠶᠢ ᠦᠷᠭᠦᠯᠵᠢᠯᠡᠨ ᠲᠡᠭᠦᠯᠳᠡᠷᠵᠢᠭᠦᠯᠵᠦ᠂ ᠠᠮᠢ ᠠᠬᠤᠢ᠎ᠶᠢᠨ ᠦᠷᠳᠡᠭ᠎ᠦᠨ ᠦᠵᠡᠯᠲᠡ᠎ᠪᠡᠷ ᠪᠠᠷᠢᠮᠵᠢᠶ᠎ᠠ ᠪᠣᠯᠭᠠᠭᠰᠠᠨ ᠠᠮᠢ ᠠᠬᠤᠢ᠎ᠶᠢᠨ ᠰᠣᠶᠣᠯ᠎ᠤᠨ ᠰᠢᠰᠲ᠋ᠧᠮ᠎ᠢ ᠠᠯᠬᠤᠮ ᠠᠯᠬᠤᠮ᠎ᠢᠶᠠᠷ ᠲᠡᠭᠦᠯᠳᠡᠷᠵᠢᠭᠦᠯᠵᠦ᠂ ᠠᠮᠢ ᠠᠬᠤᠢ᠎ᠶᠢᠨ ᠰᠣᠶᠣᠯ᠎ᠤᠨ ᠠᠵᠤ ᠠᠬᠤᠢ ᠨᠡᠶ᠋ᠢᠭᠡᠮ᠎ᠦᠨ ᠬᠥᠭᠵᠢᠯᠲᠡ᠎ᠳᠦ ᠦᠵᠡᠭᠦᠯᠬᠦ ᠳᠡᠮᠵᠢᠯᠭᠡ᠎ᠶᠢ ᠨᠡᠩ ᠬᠦᠴᠦᠲᠡᠢ ᠪᠣᠯᠭᠠᠵᠤ᠂ ᠪᠣᠬᠢᠷᠲᠤᠯ ᠦᠭᠡᠢ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠬᠡᠯᠪᠡᠷᠢ᠎ᠶᠢ ᠥᠷᠭᠡᠨ᠎ᠢᠶᠡᠷ ᠪᠦᠷᠢᠯᠳᠦᠭᠦᠯᠵᠦ᠂ ᠠᠮᠢ ᠠᠬᠤᠢ᠎ᠶᠢᠨ ᠪᠣᠯᠪᠠᠰᠤᠨ᠎ᠤ ᠳᠡᠯᠡᠬᠡᠢ᠎ᠳᠡᠬᠢ ᠤᠯᠠᠮᠵᠢᠯᠠᠬᠤ ᠬᠦᠴᠦᠨ ᠪᠠ ᠨᠥᠯᠥᠭᠡᠯᠡᠬᠦ ᠬᠦᠴᠦᠨ᠎ᠢ ᠢᠯᠡᠳᠲᠡ ᠳᠡᠭᠡᠭᠰᠢᠯᠡᠭᠦᠯᠦᠨ᠎ᠡ᠃
      ᠳᠡᠭᠡᠷ᠎ᠡ ᠳᠤᠷᠠᠳᠤᠭᠰᠠᠨ ᠬᠠᠷᠠᠯᠲᠠ᠎ᠶᠢ ᠪᠡᠶᠡᠯᠡᠭᠦᠯᠬᠦ᠎ᠶᠢᠨ ᠲᠥᠯᠥᠭᠡ᠂ 《 ᠲᠥᠰᠦᠯ 》 ᠨᠢ ᠣᠨᠣᠯ᠎ᠤᠨ ᠰᠤᠳᠤᠯᠭᠠᠨ᠂ ᠵᠢᠭᠰᠠᠭᠠᠯ᠎ᠤᠨ ᠭᠠᠵᠠᠷ᠎ᠤᠨ ᠴᠣᠭᠴᠠᠯᠠᠯᠲᠠ᠂ ᠤᠳᠬ᠎ᠠ ᠤᠷᠠᠯᠢᠭ᠋᠎ᠤᠨ ᠵᠣᠬᠢᠶᠠᠨ ᠪᠦᠲᠦᠭᠡᠯᠭᠡ᠂ ᠰᠣᠶᠣᠯ ᠵᠢᠭᠤᠯᠴᠢᠯᠠᠯ᠎ᠢ ᠠᠭᠤᠰᠤᠯᠴᠠᠭᠤᠯᠬᠤ ᠳᠥᠷᠪᠡᠨ ᠶᠡᠬᠡ ᠬᠡᠮᠵᠢᠯ᠎ᠳᠦ ᠠᠩᠬᠠᠷᠤᠯ᠎ᠢᠶᠠᠨ ᠲᠥᠪᠯᠡᠷᠡᠭᠦᠯᠦᠨ 16 ᠵᠦᠶ᠋ᠯ᠎ᠦᠨ ᠪᠣᠳᠠᠲᠠᠶ ᠠᠷᠭ᠎ᠠ ᠬᠡᠮᠵᠢᠶ᠎ᠡ᠎ᠶᠢ ᠳᠤᠷᠠᠳᠤᠨ ᠭᠠᠷᠭᠠᠪᠠ᠃
      ᠤᠨᠤᠯ᠎ᠤᠨ ᠰᠤᠳᠤᠯᠭᠠᠨ᠎ᠤ ᠲᠠᠯ᠎ᠠ᠎ᠪᠠᠷ᠂ ᠴᠦᠩᠴᠢᠩ᠎ᠦᠨ ᠬᠢᠨ ᠠᠮᠢ ᠠᠬᠤᠢ᠎ᠶᠢᠨ ᠤᠨᠤᠯ᠎ᠤᠨ ᠰᠠᠭᠤᠷᠢ᠎ᠶᠢ ᠪᠡᠬᠢᠵᠢᠭᠦᠯᠵᠦ᠂ ᠠᠮᠢ ᠠᠬᠤᠢ᠎ᠶᠢᠨ ᠰᠣᠶᠣᠯ᠎ᠤᠨ ᠬᠦᠬᠡ ᠭᠠᠳᠠᠷᠳᠤ ᠪᠢᠴᠢᠭ ᠨᠡᠶ᠋ᠢᠲᠡᠯᠡᠬᠦ᠂ ᠠᠮᠢ ᠠᠬᠤᠢ᠎ᠶᠢᠨ ᠪᠣᠯᠪᠠᠰᠤᠨ᠎ᠤ ᠳᠠᠮᠵᠢᠭᠤᠯᠭ᠎ᠠ᠎ᠶᠢᠨ ᠰᠤᠳᠤᠯᠭᠠᠨ᠎ᠤ ᠲᠥᠪ᠎ᠢ ᠰᠠᠶ᠋ᠢᠲᠤᠷ ᠪᠠᠶ᠋ᠢᠭᠤᠯᠬᠤ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ᠂ ᠰᠢ᠎ᠶᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠰᠡᠳᠬᠢᠯ ᠵᠢᠷᠦᠬᠡᠨ᠎ᠳᠦ ᠬᠠᠳᠠᠩᠰᠢᠭᠤᠯᠬᠤ᠎ᠶᠢ ᠠᠬᠢᠭᠤᠯᠤᠨ᠎ᠠ᠃ ᠪᠣᠳᠠᠲᠠᠶ᠎ᠪᠠᠷ ᠬᠡᠯᠡᠪᠡᠯ᠂ ᠶᠡᠬᠡ ᠳᠡᠭᠡᠳᠦ ᠰᠤᠷᠭᠠᠭᠤᠯᠢ ᠪᠣᠯᠤᠨ ᠰᠤᠳᠤᠯᠭᠠᠨ᠎ᠤ ᠪᠠᠶ᠋ᠢᠭᠤᠯᠤᠮᠵᠢ᠎ᠶᠢᠨ ᠠᠮᠢ ᠠᠬᠤᠶ᠎ᠶᠢᠨ ᠰᠣᠶᠣᠯ᠎ᠤᠨ ᠰᠤᠳᠤᠯᠭᠠᠨ᠎ᠤ ᠰᠡᠳᠦᠪ᠎ᠦᠨ ᠰᠤᠳᠤᠯᠭᠠᠨ ᠥᠷᠨᠢᠭᠦᠯᠬᠦ᠎ᠶᠢ ᠳᠡᠮᠵᠢᠵᠦ᠂ ᠵᠢᠯ ᠪᠦᠷᠢ ᠴᠦᠩᠴᠢᠩ᠎ᠦᠨ ᠠᠮᠢ ᠠᠬᠤᠶ᠎ᠶᠢᠨ ᠰᠣᠶᠣᠯ᠎ᠤᠨ ᠪᠠᠶ᠋ᠢᠭᠤᠯᠤᠯᠲᠠ᠎ᠶᠢᠨ ᠬᠥᠬᠡ ᠭᠠᠳᠠᠷᠳᠤ ᠪᠢᠴᠢᠭ᠎ᠢ ᠨᠡᠢᠳᠡᠯᠡᠨ᠎ᠡ; ᠠᠮᠢ ᠠᠬᠤᠶ᠎ᠶᠢᠨ ᠪᠣᠯᠪᠠᠰᠤᠨ᠎ᠤ ᠤᠯᠠᠮᠵᠢᠯᠠᠨ ᠳᠡᠯᠭᠡᠷᠡᠭᠦᠯᠬᠦ ᠰᠤᠳᠤᠯᠭᠠᠨ᠎ᠤ ᠲᠥᠪ᠎ᠦᠨ ᠠᠵᠢᠯ᠎ᠤᠨ ᠲᠣᠭᠲᠠᠴᠠ᠎ᠶᠢ ᠲᠡᠭᠦᠯᠳᠡᠷᠵᠢᠭᠦᠯᠵᠦ᠂ ᠠᠮᠢ ᠠᠬᠤᠶ᠎ᠶᠢᠨ ᠪᠣᠯᠪᠠᠰᠤᠨ᠎ᠤ ᠤᠯᠠᠮᠵᠢᠯᠠᠨ ᠳᠡᠯᠭᠡᠷᠡᠭᠦᠯᠬᠦ ᠢᠯᠡᠳᠬᠡᠭᠴᠢ ᠲᠣᠭ᠎ᠠ᠂ ᠠᠮᠢ ᠠᠬᠤᠶ᠎ᠶᠢᠨ ᠰᠣᠶᠣᠯ᠎ᠢ ᠳᠡᠯᠭᠡᠷᠡᠭᠦᠯᠬᠦ ᠪᠠ ᠤᠯᠠᠮᠵᠢᠯᠠᠨ ᠳᠡᠯᠭᠡᠷᠡᠭᠦᠯᠬᠦ ᠵᠡᠷᠭᠡ ᠰᠤᠳᠤᠯᠭᠠᠨ᠎ᠤ ᠦᠷ᠎ᠡ ᠪᠦᠲᠦᠭᠡᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠨᠡᠢᠳᠡᠯᠡᠨ᠎ᠡ᠃
      ᠠᠮᠢ ᠠᠬᠤᠶ᠎ᠶᠢᠨ ᠰᠣᠶᠣᠯ᠎ᠤᠨ ᠵᠢᠭᠰᠠᠭᠠᠯ᠎ᠤᠨ ᠭᠠᠵᠠᠷ᠎ᠢ ᠪᠠᠶ᠋ᠢᠭᠤᠯᠬᠤ ᠪᠣᠯ ᠲᠣᠰ ᠤᠳᠠᠭᠠᠨ᠎ᠤ ᠲᠥᠰᠦᠯ᠎ᠦᠨ ᠭᠣᠥᠯᠳᠠᠯᠭ᠎ᠠ᠎ᠶᠢᠨ ᠨᠢᠭᠡ ᠪᠣᠯᠣᠨ᠎ᠠ᠃ ᠴᠦᠩᠴᠢᠩ᠎ᠦᠨ ᠬᠢᠨ ᠮᠦᠽᠧᠢ᠎ᠶᠢᠨ ᠠᠮᠢ ᠠᠬᠤᠢ᠎ᠶᠢᠨ ᠰᠣᠶᠣᠯ᠎ᠤᠨ ᠰᠢᠨ᠎ᠡ ᠵᠢᠭᠰᠠᠭᠠᠯ᠎ᠤᠨ ᠭᠠᠵᠠᠷ᠂ ᠠᠮᠢ ᠠᠬᠤᠢ᠎ᠶᠢᠨ ᠰᠣᠶᠣᠯ᠎ᠤᠨ ᠦᠢᠯᠡᠳᠦᠯᠭᠡ᠎ᠶᠢᠨ ᠰᠢᠨ᠎ᠡ ᠲᠠᠯᠠᠪᠤᠷ ᠵᠡᠷᠭᠡ ᠤᠯᠠᠨ ᠲᠦᠷᠦᠯ᠎ᠦᠨ ᠵᠢᠭᠰᠠᠭᠠᠯ᠎ᠤᠨ ᠭᠠᠵᠠᠷ᠎ᠢ ᠪᠠᠶ᠋ᠢᠭᠤᠯᠵᠤ᠂ ᠠᠮᠢ ᠠᠬᠤᠢ᠎ᠶᠢᠨ ᠰᠣᠶᠣᠯ᠎ᠤᠨ ᠪᠡᠶᠡᠴᠢᠯᠡᠨ ᠣᠶ᠋ᠢᠯᠠᠭᠠᠬᠤ ᠣᠷᠣᠨ ᠵᠠᠢ᠎ᠶᠢ ᠥᠷᠭᠡᠳᠬᠡᠨ᠎ᠡ᠃ ᠢᠷᠡᠭᠡᠳᠦᠶ᠎ᠳᠦ᠂ ᠬᠣᠲᠠ᠎ᠶᠢᠨ ᠠᠷᠠᠳ ᠠᠮᠢ ᠠᠬᠤᠶ᠎ᠶᠢᠨ ᠰᠣᠶᠣᠯ᠎ᠤᠨ ᠭᠣᠥᠯ ᠰᠡᠳᠦᠪᠲᠦ ᠴᠡᠴᠡᠷᠯᠢᠭ᠂ ᠳᠡᠯᠡᠬᠡᠶ᠎ᠶᠢᠨ ᠥᠪ᠎ᠦᠨ ᠳᠣᠲᠣᠷᠠᠬᠢ ᠠᠮᠢ ᠠᠬᠤᠶ᠎ᠶᠢᠨ ᠰᠣᠶᠣᠯ᠎ᠤᠨ ᠵᠢᠭᠰᠠᠭᠠᠯ᠎ᠤᠨ ᠭᠠᠵᠠᠷ᠂ ᠠᠮᠢ ᠠᠬᠤᠶ᠎ᠶᠢᠨ ᠰᠣᠶᠣᠯ᠎ᠤᠨ ᠣᠷᠣᠨ ᠵᠠᠶ ᠵᠡᠷᠭᠡ ᠭᠠᠵᠠᠷ᠎ᠲᠤ ᠠᠮᠢ ᠠᠬᠤᠶ᠎ᠶᠢᠨ ᠰᠣᠶᠣᠯ᠎ᠤᠨ ᠷᠢᠳᠢ ᠰᠢᠳᠢ᠎ᠶᠢ ᠣᠶ᠋ᠢᠷ᠎ᠠ ᠵᠠᠶ᠎ᠠᠴᠠ ᠣᠶ᠋ᠢᠯᠠᠭᠠᠬᠤ ᠪᠣᠯᠤᠮᠵᠢ᠎ᠲᠠᠢ ᠪᠠᠶ᠋ᠢᠨ᠎ᠠ᠃
      ᠴᠢᠨᠠᠷ ᠰᠠᠶ᠋ᠢᠲᠠᠢ ᠠᠮᠢ ᠠᠬᠤᠢ᠎ᠶᠢᠨ ᠤᠳᠬ᠎ᠠ ᠤᠷᠠᠯᠢᠭ᠋᠎ᠤᠨ ᠪᠦᠲᠦᠭᠡᠯ᠎ᠢ ᠵᠣᠬᠢᠶᠠᠨ ᠪᠦᠲᠦᠭᠡᠬᠦ ᠲᠠᠯ᠎ᠠ᠎ᠪᠠᠷ᠂ ᠴᠦᠩᠴᠢᠩ᠎ᠦᠨ ᠬᠢᠨ ᠨᠢᠭᠡ ᠪᠦᠯᠦᠭ ᠠᠮᠢ ᠠᠬᠤᠢ᠎ᠶᠢᠨ ᠤᠳᠬ᠎ᠠ ᠤᠷᠠᠯᠢᠭ᠋᠎ᠤᠨ ᠪᠦᠲᠦᠭᠡᠯ᠎ᠢ ᠰᠣᠩᠭᠣᠨ ᠰᠢᠯᠭᠠᠷᠠᠭᠤᠯᠵᠤ᠂ ᠬᠠᠮᠤᠭ᠎ᠤᠨ ᠭᠤᠶᠤ ᠠᠮᠢ ᠠᠬᠤᠢ᠎ᠶᠢᠨ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠬᠥᠮᠦᠰ᠎ᠢ ᠰᠣᠩᠭᠣᠨ ᠰᠢᠯᠭᠠᠷᠠᠭᠤᠯᠵᠤ᠂ ᠠᠮᠢ ᠠᠬᠤᠢ᠎ᠶᠢᠨ ᠪᠣᠯᠪᠠᠰᠤᠨ᠎ᠤ ᠪᠠᠶ᠋ᠢᠭᠤᠯᠤᠯᠲᠠ᠎ᠶᠢᠨ ᠦᠷ᠎ᠡ ᠪᠦᠲᠦᠮᠵᠢ᠎ᠶᠢ ᠠᠮᠢᠳᠤᠯᠢᠭ᠋᠎ᠢᠶᠠᠷ ᠢᠯᠡᠷᠡᠭᠦᠯᠬᠦ ᠪᠣᠯᠤᠨ᠎ᠠ᠃ ᠡᠭᠦᠨ᠎ᠦ ᠬᠠᠮᠲᠤ᠂ 《 ᠬᠣᠷᠢᠨ ᠳᠥᠷᠪᠡᠨ ᠴᠠᠭ ᠤᠯᠠᠷᠢᠯ 》 ᠵᠡᠷᠭᠡ ᠠᠮᠢ ᠠᠬᠤᠶ᠎ᠶᠢᠨ ᠰᠣᠶᠣᠯ᠎ᠤᠨ ᠨᠠᠷᠠᠲᠤ ᠲᠥᠷᠥᠯ ᠲᠡᠮᠳᠡᠭ᠎ᠦᠨ ᠠᠵᠢᠯᠯᠠᠭ᠎ᠠ᠎ᠶᠢ ᠭᠦᠨᠵᠡᠭᠡᠶ᠋ᠢᠷᠡᠭᠦᠯᠵᠦ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠶ᠋ᠯᠡᠳᠬᠡᠯ᠎ᠦᠨ ᠭᠠᠵᠠᠷ᠎ᠢ ᠪᠥᠲᠥᠭᠡᠨ ᠪᠠᠶ᠋ᠢᠭᠤᠯᠵᠤ᠂ ᠰᠢᠨ᠎ᠡ᠎ᠪᠡᠷ ᠮᠠᠨᠳᠤᠭᠰᠠᠨ ᠤᠳᠬ᠎ᠠ ᠤᠷᠠᠯᠢᠭ᠋᠎ᠤᠨ ᠲᠥᠷᠥᠯ ᠬᠡᠯᠪᠡᠷᠢ᠎ᠶᠢᠨ ᠠᠮᠢ ᠠᠬᠤᠶ᠎ᠶᠢᠨ ᠪᠣᠯᠪᠠᠰᠤᠨ᠎ᠤ ᠬᠦᠷᠢᠶᠡᠨ᠎ᠳᠦ ᠦᠶ᠋ᠯᠡᠴᠢᠯᠡᠬᠦ᠎ᠶᠢ ᠠᠬᠢᠭᠤᠯᠤᠨ᠎ᠠ᠃
      ᠠᠮᠢ ᠠᠬᠤᠢ᠎ᠶᠢᠨ ᠰᠣᠶᠣᠯ᠎ᠤᠨ ᠤᠨᠴᠠᠯᠢᠬ᠍ᠳᠤ ᠵᠢᠭᠤᠯᠴᠢᠯᠠᠯ᠎ᠤᠨ ᠰᠣᠳᠣᠨ ᠵᠠᠮ ᠱᠤᠭᠤᠮ᠎ᠢ ᠭᠠᠷᠭᠠᠬᠤ ᠲᠠᠯ᠎ᠠ᠎ᠪᠠᠷ᠂ ᠴᠦᠩᠴᠢᠩ ᠬᠥᠬᠡᠮᠥ᠋ᠷᠡᠨ᠂ ᠵᠢᠶᠠ ᠯᠢᠩ ᠵᠢᠶᠠᠩ ᠮᠥᠷᠡᠨ ᠵᠡᠷᠭᠡ ᠠᠮᠢ ᠠᠬᠤᠢ᠎ᠶᠢᠨ ᠵᠢᠭᠤᠯᠴᠢᠯᠠᠯ᠎ᠤᠨ ᠨᠣᠭᠣᠭᠠᠨ ᠵᠠᠮ ᠪᠣᠯᠤᠨ ᠠᠭᠤᠯᠠᠨ ᠬᠤᠳᠠ᠎ᠶᠢᠨ ᠶᠠᠪᠠᠭᠠᠨ ᠵᠠᠮ᠎ᠳᠤ ᠲᠦᠰᠢᠭᠯᠡᠵᠦ᠂ ᠠᠮᠢ ᠠᠬᠤᠢ᠎ᠶᠢᠨ ᠵᠢᠭᠤᠯᠴᠢᠯᠠᠯ᠎ᠤᠨ ᠰᠣᠳᠣᠨ ᠵᠠᠮ ᠱᠤᠭᠤᠮ᠎ᠢ ᠪᠣᠶ᠋ᠢᠵᠢᠭᠤᠯᠤᠨ ᠴᠣᠭᠴᠠᠯᠠᠬᠤ᠎ᠪᠠᠷ ᠪᠤᠢ᠃ ᠡᠭᠦᠨ᠎ᠡᠴᠡ ᠭᠠᠳᠠᠨ᠎ᠠ᠂ ᠡᠯ᠎ᠡ ᠭᠠᠵᠠᠷ᠎ᠤᠨ ᠬᠢᠨ᠎ᠦ ᠬᠥᠳᠡᠭᠡ ᠲᠣᠰᠬᠣᠨ᠎ᠤ ᠵᠢᠭᠤᠯᠴᠢᠯᠠᠯ᠎ᠤᠨ ᠰᠣᠳᠣᠨ ᠵᠠᠮ ᠱᠤᠭᠤᠮ᠎ᠢ ᠪᠣᠶ᠋ᠢᠵᠢᠭᠤᠯᠬᠤ᠎ᠶᠢ ᠵᠣᠷᠢᠭᠵᠢᠭᠤᠯᠵᠤ᠂ ᠦᠵᠡᠰᠬᠦᠯᠡᠩᠲᠦ ᠰᠠᠶ᠋ᠢᠬᠠᠨ ᠬᠥᠳᠡᠭᠡ ᠲᠣᠰᠬᠣᠨ᠎ᠤ ᠠᠮᠢ ᠠᠬᠤᠢ᠎ᠶᠢᠨ ᠰᠣᠶᠣᠯ᠎ᠢ ᠪᠡᠶᠡᠴᠢᠯᠡᠨ ᠣᠶ᠋ᠢᠯᠠᠭᠠᠬᠤ ᠵᠠᠮ ᠱᠤᠭᠤᠮ᠎ᠢ ᠪᠠᠶ᠋ᠢᠭᠤᠯᠵᠤ᠂ ᠦᠵᠡᠰᠬᠦᠯᠡᠩᠲᠦ ᠰᠠᠶ᠋ᠢᠬᠠᠨ ᠭᠣᠣᠯ ᠮᠥᠷᠡᠨ ᠨᠠᠭᠤᠷ ᠴᠥᠭᠥᠷᠥᠮ᠎ᠦᠨ ᠠᠮᠢ ᠠᠬᠤᠢ᠎ᠶᠢᠨ ᠰᠣᠶᠣᠯ᠎ᠤᠨ ᠵᠢᠭᠤᠯᠴᠢᠯᠠᠯ᠎ᠤᠨ ᠰᠣᠳᠣᠨ ᠵᠠᠮ ᠱᠤᠭᠤᠮ᠎ᠢ ᠰᠢᠯᠭᠠᠷᠠᠭᠤᠯᠵᠤ᠂ ᠵᠤᠭᠠᠴᠠᠭᠰᠠᠳ᠎ᠲᠤ ᠦᠵᠡᠰᠬᠦᠯᠡᠩᠲᠦ ᠰᠠᠶ᠋ᠢᠬᠠᠨ ᠦᠵᠡᠮᠵᠢ᠎ᠶᠢ ᠰᠣᠨᠢᠷᠬᠠᠭᠤᠯᠬᠤ᠎ᠶᠢᠨ ᠬᠠᠮᠲᠤ ᠠᠮᠢ ᠠᠬᠤᠢ᠎ᠶᠢᠨ ᠰᠣᠶᠣᠯ᠎ᠤᠨ ᠠᠭᠤᠯᠤᠭᠳᠠᠬᠤᠨ᠎ᠢ ᠣᠶ᠋ᠢᠯᠠᠭᠠᠭᠤᠯᠤᠨ᠎ᠠ᠃
      《 ᠲᠥᠰᠦᠯ 》᠎ᠳᠤ ᠪᠠᠰᠠ ᠴᠢᠳᠠᠪᠤᠷᠢᠲᠠᠨ᠎ᠢ ᠬᠥᠮᠦᠵᠢᠭᠦᠯᠬᠦ᠂ ᠨᠡᠶ᠋ᠢᠭᠡᠮ᠎ᠦᠨ ᠪᠠᠯᠠ ᠮᠥᠩᠭᠥ᠎ᠶᠢᠨ ᠠᠮᠢ ᠠᠬᠤᠶ᠎ᠶᠢᠨ ᠰᠣᠶᠣᠯ᠎ᠤᠨ ᠪᠠᠶ᠋ᠢᠭᠤᠯᠤᠯᠲᠠ᠎ᠳᠤ ᠣᠷᠣᠯᠴᠠᠬᠤ᠎ᠶᠢ ᠵᠣᠷᠢᠭᠵᠢᠭᠤᠯᠤᠨ ᠬᠥᠲᠥᠯᠦᠨ ᠵᠢᠯᠣᠭᠣᠳᠬᠤ ᠵᠡᠷᠭᠡ ᠲᠠᠯ᠎ᠠ᠎ᠪᠠᠷ ᠪᠠᠲᠤᠯᠠᠭ᠎ᠠ᠎ᠶᠢ ᠴᠢᠩᠭᠠᠳᠬᠠᠵᠤ᠂ ᠠᠮᠢ ᠠᠬᠤᠶ᠎ᠶᠢᠨ ᠰᠣᠶᠣᠯ᠎ᠤᠨ ᠪᠠᠶ᠋ᠢᠭᠤᠯᠤᠯᠲᠠ᠎ᠶᠢᠨ ᠲᠤᠷᠰᠢᠯᠲᠠ ᠪᠠ ᠦᠷ᠎ᠡ ᠪᠦᠲᠦᠮᠵᠢ᠎ᠶᠢ ᠦᠨᠡᠯᠡᠨ ᠵᠢᠱ᠌ᠢᠬᠦ ᠠᠵᠢᠯ᠎ᠢ ᠥᠷᠨᠢᠭᠦᠯᠵᠦ᠂ ᠠᠮᠢ ᠠᠬᠤᠶ᠎ᠶᠢᠨ ᠰᠣᠶᠣᠯ᠎ᠤᠨ ᠪᠠᠶ᠋ᠢᠭᠤᠯᠤᠯᠲᠠ᠎ᠶᠢᠨ ᠨᠡᠶ᠋ᠢᠲᠡᠯᠢᠭ ᠬᠡᠷᠡᠭ᠎ᠦᠨ ᠵᠢᠱ᠌ᠢᠶ᠎ᠡ᠎ᠶᠢ ᠴᠤᠭᠯᠠᠭᠤᠯᠵᠤ᠂ ᠠᠮᠢ ᠠᠬᠤᠶ᠎ᠶᠢᠨ ᠰᠣᠶᠣᠯ᠎ᠤᠨ ᠪᠠᠶ᠋ᠢᠭᠤᠯᠤᠯᠲᠠ᠎ᠶᠢᠨ ᠥᠯᠢᠭᠡᠷ ᠳᠠᠭᠤᠷᠢᠶᠠᠯ᠎ᠢ ᠪᠣᠶ ᠪᠣᠯᠭᠠᠵᠤ᠂ ᠡᠯ᠎ᠡ ᠭᠠᠵᠠᠷ᠎ᠤᠨ ᠠᠮᠢ ᠠᠬᠤᠶ᠎ᠶᠢᠨ ᠰᠣᠶᠣᠯ᠎ᠤᠨ ᠬᠥᠭᠵᠢᠯᠲᠡ᠎ᠶᠢ ᠬᠥᠲᠥᠯᠦᠨ ᠳᠠᠭᠠᠭᠤᠯᠬᠤ ᠪᠠ ᠳᠠᠶ᠋ᠢᠴᠢᠯᠠᠬᠤ ᠬᠡᠷᠡᠭᠲᠡᠶ ᠭᠡᠵᠦ ᠴᠢᠬᠤᠯᠠᠴᠢᠯᠠᠵᠠᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号