ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠤᠵᠢ ᠬᠤᠲᠠ᠎ᠶᠢᠨ ᠮᠡᠳᠡᠭᠡ
ᠬᠠᠢᠺᠧᠦ ᠰᠦᠯᠢᠶᠥᠦ᠎ᠶᠢ ᠴᠠᠭᠠᠵᠠᠯᠠᠬᠤ ᠪᠣᠭᠣᠮᠲᠠ ᠰᠢᠪᠲᠤᠯᠬᠤ ᠳᠠᠢᠯᠠᠯᠳᠤᠭᠠᠨ᠎ᠤ ᠬᠦᠴᠦᠲᠡᠢ ᠠᠷᠭ᠎ᠠ ᠬᠡᠮᠵᠢᠶ᠎ᠡ ᠠᠪᠤᠪᠠ᠄ ᠤᠯᠠᠨ ᠰᠠᠯᠠᠭ᠎ᠠ ᠮᠥᠴᠢᠷ ᠬᠣᠯᠪᠤᠭᠠᠯᠠᠨ ᠬᠥᠳᠡᠯᠦᠯᠴᠡᠵᠦ ᠭᠠᠷᠠᠮ᠎ᠳᠤ 2570 ᠬᠠᠢᠷᠴᠠᠭ ᠴᠠᠭᠠᠵᠠ᠎ᠲᠠᠢ ᠡᠳ᠋ ᠪᠣᠳᠠᠰ᠎ᠢ ᠣᠯᠵᠠᠯᠠᠪᠠ
ᠨᠡᠶ᠋ᠢᠲᠡᠯᠡᠭᠰᠡᠨ ᠴᠠᠭ᠄ 2026-01-20

      ᠪᠦᠬᠦ ᠮᠤᠵᠢ᠎ᠶᠢᠨ ᠰᠦᠯᠢᠶᠥᠦ᠎ᠶᠢ ᠴᠠᠭᠠᠵᠠᠯᠠᠬᠤ ᠭᠣᠣᠯᠳᠠᠯᠭ᠎ᠠ᠎ᠲᠠᠢ ᠭᠣᠭᠴᠣᠭ᠎ᠠ᠎ᠶᠢᠨ ᠲᠤᠰᠬᠠᠢ ᠴᠣᠬᠢᠯᠲᠠ ᠥᠭᠬᠦ ᠪᠣᠭᠣᠮᠲᠠ ᠰᠢᠪᠲᠤᠯᠬᠤ ᠳᠠᠢᠯᠠᠯᠳᠤᠭᠠᠨ᠎ᠢ ᠡᠬᠢᠯᠡᠭᠦᠯᠵᠦ᠂ ᠬᠠᠢᠺᠧᠦ ᠬᠣᠲᠠ᠎ᠶᠢᠨ ᠬᠢᠨ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠦ᠂ ᠪᠦᠬᠦ ᠬᠦᠴᠦᠨ᠎ᠢᠶᠡᠷ᠎ᠢᠶᠡᠨ ᠴᠢᠷᠮᠠᠢᠵᠤ᠂ 1 ᠰᠠᠷ᠎ᠠ᠎ᠶᠢᠨ 13᠎ᠤ ᠥᠷᠯᠥᠭᠡ᠂ ᠬᠠᠢᠺᠧᠦ ᠬᠤᠳᠠ᠎ᠶᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠂ ᠬᠤᠳᠠ᠎ᠶᠢᠨ ᠵᠠᠮ ᠬᠠᠷᠢᠯᠴᠠᠭ᠎ᠠ ᠭᠠᠷᠠᠮ ᠠᠭᠠᠷ᠎ᠤᠨ ᠠᠶᠠᠯᠠᠯ᠎ᠤᠨ ᠲᠣᠪᠴᠢᠶ᠎ᠠ᠂ ᠬᠤᠳᠠ᠎ᠶᠢᠨ ᠶᠡᠷᠦᠩᠬᠡᠢᠯᠡᠭᠰᠡᠨ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠲᠣᠪᠴᠢᠶ᠎ᠠ᠂ ᠮᠤᠵᠢ᠎ᠶᠢᠨ ᠳᠣᠲᠣᠭᠠᠳᠤ᠎ᠶᠢ ᠬᠠᠮᠠᠭᠠᠯᠠᠬᠤ ᠲᠢᠩᠬᠢᠮ᠎ᠦᠨ ᠰᠢᠶᠠᠩᠭᠠᠩ ᠠᠭᠠᠷ᠎ᠤᠨ ᠠᠶᠠᠯᠠᠯ᠎ᠤᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ ᠵᠡᠷᠭᠡ ᠤᠯᠠᠨ ᠰᠠᠯᠠᠭ᠎ᠠ ᠮᠥᠴᠢᠷ ᠬᠣᠯᠪᠤᠭᠠᠯᠠᠨ ᠬᠥᠳᠡᠯᠦᠯᠴᠡᠵᠦ᠂ ᠰᠢᠨ᠎ᠡ ᠲᠠᠯᠠᠢ᠎ᠶᠢᠨ ᠭᠠᠷᠠᠮ᠎ᠳᠤ ᠤᠷᠢᠳ ᠬᠣᠵᠢᠳ ᠲᠣᠭᠲᠠᠭᠠᠯ᠎ᠠᠴᠠ ᠵᠥᠷᠢᠴᠡᠨ ᠴᠠᠭᠠᠵᠠ᠎ᠠᠴᠠ ᠵᠥᠷᠢᠴᠡᠭᠰᠡᠨ ᠰᠦᠯᠢᠶᠥᠦ ᠪᠦᠲᠦᠭᠡᠭᠳᠡᠬᠦᠨ ᠵᠥᠭᠡᠭᠡᠪᠦᠷᠢᠯᠡᠭᠰᠡᠨ 3 ᠮᠠᠰᠢᠨ ᠲᠡᠷᠭᠡ᠎ᠶᠢ ᠪᠠᠢᠴᠠᠭᠠᠨ ᠭᠠᠷᠭᠠᠵᠤ᠂ ᠴᠠᠭᠠᠵᠠ᠎ᠠᠴᠠ ᠵᠥᠷᠢᠴᠡᠭᠰᠡᠨ 2570 ᠬᠠᠢᠷᠴᠠᠭ ᠰᠦᠯᠢᠶᠥᠦ ᠪᠦᠲᠦᠭᠡᠭᠳᠡᠬᠦᠨ᠎ᠢ ᠪᠠᠢᠴᠠᠭᠠᠨ ᠬᠤᠷᠢᠶᠠᠵᠤ᠂ ᠨᠢᠭᠡ ᠤᠳᠠᠭ᠎ᠠ᠎ᠶᠢᠨ ᠴᠢᠨᠠᠷᠲᠠᠢ ᠵᠠᠳᠠᠷᠠᠭᠤᠯᠵᠤ ᠪᠣᠯᠣᠰᠢ ᠦᠭᠡᠢ ᠰᠦᠯᠢᠶᠥᠦ ᠪᠦᠲᠦᠭᠡᠭᠳᠡᠬᠦᠨ᠎ᠦ ᠠᠷᠠᠯ᠎ᠤᠨ ᠭᠠᠳᠠᠨ᠎ᠠ᠎ᠠᠴᠠ ᠣᠷᠣᠭᠤᠯᠬᠤ ᠠᠩᠬᠠᠨ᠎ᠤ ᠪᠣᠭᠣᠮᠲᠠ᠎ᠶᠢ ᠴᠢᠩᠭ᠎ᠠ ᠰᠠᠬᠢᠪᠠ᠃
      ᠲᠣᠰ ᠤᠳᠠᠭᠠᠨ᠎ᠤ ᠠᠵᠢᠯᠯᠠᠭ᠎ᠠ᠎ᠳᠤ᠂ ᠡᠯ᠎ᠡ ᠰᠠᠯᠠᠭ᠎ᠠ ᠮᠥᠴᠢᠷ᠎ᠦᠨ ᠬᠢᠨ ᠨᠢᠭ᠍ᠲᠠ ᠬᠠᠮᠵᠢᠯᠴᠠᠵᠤ᠂ ᠴᠢᠶᠥ᠋ᠩᠵᠸᠤ ᠬᠣᠭᠣᠯᠠᠢ᠎ᠶᠢᠨ ᠰᠦᠯᠢᠶᠥᠦ᠎ᠶᠢ ᠴᠠᠭᠠᠵᠠᠯᠠᠬᠤ ᠬᠠᠮᠲᠤᠷᠠᠭᠰᠠᠨ ᠬᠢᠨᠠᠨ ᠬᠠᠮᠢᠶᠠᠷᠤᠯᠲᠠ᠎ᠶᠢᠨ ᠬᠠᠤᠯᠢ ᠬᠡᠷᠡᠭᠵᠢᠭᠦᠯᠬᠦ ᠣᠷᠳᠣ᠌ ᠬᠤᠭᠤᠴᠠᠭᠠᠨ᠎ᠤ ᠪᠦᠲᠦᠮᠵᠢᠲᠡᠶ ᠲᠣᠭᠲᠠᠴᠠ ᠪᠠ ᠮᠤᠵᠢ ᠬᠣᠲᠠ ᠬᠣᠶᠠᠷ ᠱᠠᠲᠤᠨ᠎ᠤ ᠬᠠᠮᠵᠢᠯᠴᠠᠬᠤ ᠳᠠᠪᠠᠭᠤᠯᠢᠭ᠋᠎ᠢ ᠭᠦᠢᠴᠡᠳ ᠪᠠᠳᠠᠷᠠᠭᠤᠯᠪᠠ᠃ 《 ᠰᠦᠪᠡᠭᠴᠢ + ᠵᠢᠭ᠍ᠰᠠᠭᠠᠨ ᠪᠠᠢᠴᠠᠭᠠᠬᠤ 》᠎ᠶᠢ ᠵᠡᠷᠭᠡ᠎ᠪᠡᠷ ᠬᠦᠴᠦᠯᠡᠬᠦ ᠠᠷᠭ᠎ᠠ ᠬᠡᠯᠪᠡᠷᠢ᠎ᠪᠡᠷ᠂ ᠰᠢᠨ᠎ᠡ ᠲᠡᠯᠡᠶ᠎ᠶᠢᠨ ᠭᠠᠷᠠᠮ᠎ᠳᠤ ᠰᠦᠪᠡᠭᠴᠢ᠎ᠳᠦ ᠨᠠᠷᠢᠯᠢᠭ᠋ ᠣᠨᠣᠴᠠᠲᠠᠢ᠎ᠪᠠᠷ ᠴᠣᠬᠢᠯᠲᠠ ᠥᠭᠬᠦ ᠪᠠ ᠲᠡᠷᠭᠡ ᠬᠥᠰᠬᠡ᠎ᠳᠦ ᠭᠡᠨᠡᠳᠲᠡ᠎ᠶᠢᠨ ᠪᠠᠢᠴᠠᠭᠠᠯᠲᠠ ᠬᠢᠵᠦ᠂ ᠴᠠᠭᠠᠵᠠᠲᠠᠢ ᠰᠦᠯᠢᠶᠥᠦ ᠪᠦᠲᠦᠭᠡᠭᠳᠡᠬᠦᠨ᠎ᠢ ᠪᠦᠬᠦᠯᠢ ᠲᠡᠷᠭᠡ᠎ᠪᠡᠷ ᠲᠡᠭᠡᠭᠡᠪᠦᠷᠢᠯᠡᠭᠰᠡᠨ 3 ᠲᠡᠷᠭᠡ᠎ᠶᠢ ᠨᠢᠭᠡ ᠯᠡ ᠳᠡᠭᠡᠷ᠎ᠡ ᠪᠠᠢᠴᠠᠭᠠᠨ ᠭᠠᠷᠭᠠᠵᠤ᠂ ᠬᠡᠷᠡᠭ᠎ᠢ ᠨᠢᠭᠡᠨᠲᠡ ᠬᠠᠢᠺᠧᠦ ᠬᠣᠲᠠ᠎ᠶᠢᠨ ᠶᠡᠷᠦᠩᠬᠡᠢᠯᠡᠭᠰᠡᠨ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠲᠣᠪᠴᠢᠶ᠎ᠠ᠎ᠳᠤ ᠲᠤᠰᠢᠶᠠᠨ ᠰᠢᠢᠳᠪᠦᠷᠢᠯᠡᠭᠦᠯᠪᠡ᠃
      ᠲᠤᠰ ᠤᠳᠠᠭ᠎ᠠ᠎ᠶᠢᠨ ᠭᠠᠷᠠᠮ᠎ᠤᠨ ᠰᠦᠯᠢᠶᠥᠦ᠎ᠶᠢ ᠴᠠᠭᠠᠵᠠᠯᠠᠬᠤ ᠬᠠᠮᠲᠤᠷᠠᠭᠰᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠨᠢ ᠬᠠᠢᠺᠧᠦ ᠬᠤᠳᠠ᠎ᠶᠢᠨ ᠰᠦᠯᠢᠶᠥᠦ᠎ᠶᠢ ᠴᠠᠭᠠᠵᠠᠯᠠᠬᠤ ᠭᠣᠣᠯᠳᠠᠯᠭ᠎ᠠ᠎ᠲᠠᠢ ᠭᠣᠭᠴᠣᠭ᠎ᠠ᠎ᠶᠢᠨ ᠲᠤᠰᠬᠠᠢ ᠴᠣᠬᠢᠯᠲᠠ ᠥᠭᠬᠦ ᠪᠣᠭᠣᠮᠲᠠ ᠰᠢᠪᠲᠤᠯᠬᠤ ᠳᠠᠢᠯᠠᠯᠳᠤᠭᠠᠨ᠎ᠢ ᠭᠦᠨᠵᠡᠭᠡᠢ ᠰᠠᠢᠲᠤᠷ ᠬᠢᠬᠦ ᠡᠷᠡᠰ ᠵᠣᠷᠢᠭ᠋᠎ᠢ ᠭᠦᠢᠴᠡᠳ ᠢᠯᠡᠷᠡᠭᠦᠯᠵᠦ᠂ ᠰᠦᠯᠢᠶᠥᠦ᠎ᠶᠢ ᠴᠠᠭᠠᠵᠠᠯᠠᠬᠤ ᠭᠣᠣᠯᠳᠠᠯᠭ᠎ᠠ᠎ᠲᠠᠢ ᠭᠣᠭᠴᠣᠭ᠎ᠠ᠎ᠶᠢᠨ ᠬᠠᠤᠯᠢ ᠲᠣᠭᠲᠠᠭᠠᠯ᠎ᠠᠴᠠ ᠵᠥᠷᠢᠴᠡᠭᠰᠡᠨ ᠠᠵᠢᠯᠯᠠᠭ᠎ᠠ᠎ᠳᠤ 《 ᠥᠴᠥᠬᠡᠨ ᠴᠦ᠍ ᠢᠯᠳᠠᠷ ᠬᠠᠶᠠᠬᠤ ᠦᠭᠡᠢ 》 ᠣᠪᠣᠷ᠎ᠢ ᠭᠦᠢᠴᠡᠳ ᠢᠯᠡᠷᠡᠭᠦᠯᠵᠡᠢ᠃ ᠵᠠᠯᠭᠠᠭᠠᠳ ᠬᠠᠢᠺᠧᠦ ᠬᠤᠳᠠ᠎ᠶᠢᠨ ᠬᠢᠨ ᠤᠯᠠᠨ ᠰᠠᠯᠠᠭ᠎ᠠ ᠮᠥᠴᠢᠷ᠎ᠦᠨ ᠬᠠᠮᠲᠤᠷᠠᠯᠴᠠᠭ᠎ᠠ᠎ᠶᠢ ᠦᠷᠭᠦᠯᠵᠢᠯᠡᠨ ᠴᠢᠩᠭᠠᠳᠬᠠᠵᠤ᠂ ᠦᠢᠯᠡᠳᠪᠦᠷᠢᠯᠡᠯ᠂ ᠲᠡᠭᠡᠭᠡᠪᠦᠷᠢ᠂ ᠬᠠᠳᠠᠭᠠᠯᠠᠯᠲᠠ᠂ ᠪᠣᠷᠤᠯᠠᠭᠤᠯᠭ᠎ᠠ᠎ᠶᠢᠨ ᠪᠦᠬᠦ ᠬᠡᠯᠬᠢᠶ᠎ᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂  《 ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ᠎ᠳᠤ ᠵᠡᠷᠭᠡ᠎ᠪᠡᠷ ᠴᠣᠬᠢᠯᠲᠠ ᠥᠭᠬᠦ 》 ᠶ᠋ᠢ ᠭᠦᠨᠵᠡᠭᠡᠢᠷᠡᠭᠦᠯᠵᠦ᠂ ᠬᠣᠷᠢᠭ᠎ᠠ ᠴᠠᠭᠠᠵᠠ᠎ᠠᠴᠠ ᠵᠥᠷᠢᠴᠡᠭᠰᠡᠨ ᠰᠦᠯᠢᠶᠥᠦ ᠪᠦᠲᠦᠭᠡᠭᠳᠡᠬᠦᠨ᠎ᠦ ᠭᠦᠢᠯᠭᠡᠭᠡᠨ᠎ᠦ ᠵᠠᠮ᠎ᠢ ᠡᠷᠡᠰ ᠲᠠᠰᠤᠯᠵᠤ᠂ ᠨᠡᠭᠦᠷᠡᠰᠦᠲᠥ᠋ᠷᠥᠭᠴᠢ ᠪᠠᠭ᠎ᠠ ᠪᠣᠬᠢᠷᠲᠤᠯ ᠦᠭᠡᠢ ᠠᠮᠢ ᠠᠬᠤᠢ᠎ᠶᠢᠨ ᠬᠤᠳᠠ᠎ᠶᠢ ᠪᠦᠲᠦᠭᠡᠨ ᠪᠠᠶ᠋ᠢᠭᠤᠯᠬᠤ᠂ ᠬᠠᠢᠨᠠᠨ᠎ᠤ ᠴᠢᠯᠦᠭᠡᠲᠦ ᠠᠷᠠᠯᠵᠢᠶᠠᠨ᠎ᠤ ᠭᠠᠷᠠᠮ᠎ᠤᠨ ᠭᠣᠣᠯ ᠬᠥᠲᠥᠯᠥᠨ ᠳᠠᠭᠠᠭᠤᠯᠬᠤ ᠲᠣᠭᠣᠷᠢᠭ᠋᠎ᠢ ᠪᠦᠲᠦᠭᠡᠨ ᠪᠠᠶ᠋ᠢᠭᠤᠯᠬᠤ᠎ᠳᠤ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠬᠦ ᠪᠣᠯᠣᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号