ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠬᠥᠬᠡᠬᠣᠲᠠ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠠᠬᠢ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠢᠨᠵᠧᠨᠧᠷᠢᠩ᠎ᠢ ᠢᠳᠡᠪᠬᠢᠲᠡᠢ ᠠᠬᠢᠭᠤᠯᠵᠤ ᠪᠤᠢ
ᠨᠡᠶ᠋ᠢᠲᠡᠯᠡᠭᠰᠡᠨ ᠴᠠᠭ᠄ 2024-04-12

      ᠨᠢᠭᠡ᠎ᠳᠤ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠰᠢᠰᠲ᠋ᠧᠮ᠎ᠲᠠᠢ᠎ᠪᠠᠷ ᠵᠠᠰᠠᠬᠤ ᠵᠢ ᠨᠢᠭᠡᠳᠦᠯᠲᠡᠢ ᠲᠥᠯᠥᠪᠯᠡᠪᠡ᠃ ᠥᠪᠥᠷ ᠮᠣᠩᠭᠣᠯ᠎ᠤᠨ ᠬᠠᠲᠤᠨ ᠭᠣᠣᠯ᠎ᠤᠨ ᠭᠣᠣᠯᠳᠠᠯᠭ᠎ᠠ᠎ᠲᠠᠢ ᠠᠮᠢ ᠠᠬᠤᠢ ᠵᠢᠨ ᠣᠷᠣᠨ᠎ᠤ ᠶᠡᠬᠡ ᠲᠦᠷᠭᠡᠨ ᠭᠣᠣᠯ᠎ᠤᠨ ᠰᠠᠪᠠ ᠭᠠᠵᠠᠷ᠎ᠤᠨ ᠠᠭᠤᠯᠠ ᠤᠰᠤ ᠣᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠵᠠᠰᠠᠨ ᠰᠡᠷᠭᠦᠭᠡᠬᠦ ᠵᠢ ᠬᠡᠷᠡᠭᠵᠢᠭᠦᠯᠵᠦ᠂ ᠤᠯᠠᠭ᠋ᠠᠨᠴᠠᠪ ᠬᠣᠲᠠ᠎ᠲᠠᠢ ᠬᠠᠮᠲᠤᠷᠠᠨ ᠠᠭᠤᠯᠠ ᠤᠰᠤ ᠣᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠵᠠᠰᠠᠨ ᠰᠡᠷᠭᠦᠭᠡᠬᠦ ᠢᠨᠵᠧᠨᠧᠷᠢᠩ᠎ᠢ ᠭᠤᠶᠤᠴᠢᠯᠠᠨ ᠮᠡᠳᠡᠭᠦᠯᠵᠦ᠂ ᠶᠡᠬᠡ ᠲᠦᠷᠭᠡᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠰᠢᠰᠲ᠋ᠧᠮ᠎ᠤᠨ ᠤᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ᠎ᠢ ᠳᠡᠭᠡᠭᠰᠢᠯᠡᠭᠦᠯᠦᠨ᠂ ᠣᠳᠣᠬᠠᠨ᠎ᠳᠤ ᠲᠥᠷᠥᠯ ᠵᠦᠢ᠍ᠯ᠎ᠤᠨ ᠬᠡᠷᠡᠭᠵᠢᠭᠦᠯᠬᠦ ᠲᠥᠰᠥᠯ᠎ᠤᠨ ᠪᠣᠷᠣ ᠲᠥᠯᠥᠪ᠎ᠢ ᠨᠢᠭᠡᠨᠲᠡ ᠨᠠᠢ᠌ᠷᠠᠭᠤᠯᠤᠨ ᠵᠣᠬᠢᠶᠠᠵᠤ ᠳᠠᠭᠤᠰᠬᠠᠪᠠ᠃

      ᠬᠣᠶᠠᠷ᠎ᠲᠤ᠂ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠬᠤᠳᠠ ᠵᠢ ᠡᠭᠦᠳᠦᠨ ᠪᠠᠢ᠌ᠭᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠳᠡᠭᠡᠭᠰᠢᠯᠡᠭᠦᠯᠪᠡ᠃ 《ᠬᠥᠬᠡᠬᠣᠲᠠ ᠵᠢᠨ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠬᠣᠲᠠ ᠵᠢ ᠪᠡᠬᠢᠵᠢᠭᠦᠯᠦᠨ ᠳᠡᠭᠡᠭᠰᠢᠯᠡᠭᠦᠯᠬᠦ ᠵᠢᠨ ᠬᠡᠷᠡᠭᠵᠢᠭᠦᠯᠬᠦ ᠲᠥᠰᠥᠯ (2023 — 2025 ᠣᠨ)》᠎ᠢ ᠨᠠᠢ᠌ᠳᠠᠪᠤᠷᠢᠵᠢᠭᠤᠯᠵᠤ᠂ 37 ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ᠂ 76 ᠵᠦᠢ᠍ᠯ᠎ᠤᠨ ᠭᠣᠣᠯᠳᠠᠯᠭ᠎ᠠ᠎ᠲᠠᠢ ᠲᠥᠷᠥᠯ ᠵᠦᠢ᠍ᠯ᠂ 36 ᠵᠦᠢ᠍ᠯ᠎ᠤᠨ ᠡᠭᠦᠳᠦᠨ ᠪᠠᠢ᠌ᠭᠤᠯᠬᠤ ᠭᠦᠢ᠍ᠴᠡᠳᠬᠡᠯ ᠲᠣᠭ᠎ᠠ ᠵᠢᠨ 23 ᠵᠦᠢ᠍ᠯ᠎ᠢ ᠪᠠᠷᠢᠮᠵᠢᠶ᠎ᠠ᠎ᠳᠤ ᠬᠦᠷᠭᠡᠵᠦ᠂ 13 ᠵᠦᠢ᠍ᠯ᠎ᠢ ᠲᠣᠭᠲᠠᠭᠤᠨ ᠵᠶ᠋ᠠᠷ ᠳᠡᠭᠡᠭᠰᠢᠯᠡᠭᠦᠯᠪᠡ; ᠬᠣᠲᠣᠩ ᠲᠣᠭᠣᠷᠢᠭ᠎ᠢ ᠥᠪᠡᠷᠲᠡᠭᠡᠨ ᠵᠠᠰᠠᠬᠤ ᠣᠷᠣᠨ᠎ᠤ ᠲᠡᠰ᠎ᠤᠨ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ》 ᠭᠡᠬᠦ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ ᠭᠠᠵᠠᠷ ᠵᠶ᠋ᠠᠷ ᠨᠡᠷᠡᠶ᠋ᠢᠳᠪᠡ; ᠲᠦᠮᠡᠳ ᠵᠡᠭᠦᠨ ᠬᠣᠰᠢᠭᠤ᠂ ᠰᠠᠢ᠌ᠬᠠᠨ ᠲᠣᠭᠣᠷᠢᠭ᠎ᠨᠢ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠲᠣᠭᠣᠷᠢᠭ ᠵᠶ᠋ᠠᠷ ᠨᠡᠷᠡᠢ᠌ᠳᠦᠭᠳᠡᠪᠡ᠃

      ᠭᠤᠷᠪᠠ᠎ᠳᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠭᠦᠨᠵᠡᠭᠡᠢ ᠰᠠᠶ᠋ᠢᠲᠤᠷ ᠬᠢᠪᠡ᠃ ᠤᠮᠠᠷᠠᠲᠤ ᠣᠷᠣᠨ᠎ᠤ ᠡᠪᠦᠯ᠎ᠤᠨ ᠤᠯᠠᠷᠢᠯ᠎ᠤᠨ ᠪᠦᠷᠢᠨ ᠠᠷᠢᠭᠤᠨ ᠴᠡᠪᠡᠷ ᠳᠤᠯᠠᠭ᠋ᠠᠯᠭ᠎ᠠ ᠵᠢᠨ ᠬᠣᠲᠠ ᠵᠢᠨ ᠲᠥᠷᠥᠯ ᠵᠦᠢ᠍ᠯ᠎ᠢ ᠢᠳᠡᠪᠬᠢᠲᠡᠢ᠎ᠪᠠᠷ ᠠᠬᠢᠭᠤᠯᠵᠤ᠂ ᠠᠷᠢᠭᠤᠨ ᠴᠡᠪᠡᠷ ᠳᠤᠯᠠᠭ᠋ᠠᠯᠭ᠎ᠠ ᠵᠢᠨ ᠥᠭᠡᠷᠡᠴᠢᠯᠡᠯᠲᠡ ᠵᠢᠨ 5.98 ᠲᠦᠮᠡᠨ ᠡᠷᠦᠬᠡ ᠵᠢ ᠪᠥᠬᠥ ᠲᠠᠯ᠎ᠠ᠎ᠪᠠᠷ ᠪᠡᠶᠡᠯᠡᠭᠦᠯᠵᠦ᠂ ᠳ᠋ᠠ ᠲᠠᠩ᠎ᠤᠨ ᠲᠣᠭᠲᠠᠬᠤ ᠴᠠᠬᠢᠯᠭ᠋ᠠᠨ᠎ᠤ ᠦᠢ᠍ᠯᠡᠳᠪᠦᠷᠢ ᠵᠢᠨ ᠣᠷᠳᠣ ᠬᠤᠭᠤᠴᠠᠭ᠋ᠠᠨ᠎ᠤ ᠢᠯᠴᠢ ᠬᠠᠩᠭ᠋ᠠᠬᠤ ᠬᠣᠭᠣᠯᠠᠢ ᠵᠢᠨ ᠲᠣᠣᠷ᠎ᠤᠨ ᠢᠨᠵᠧᠨᠧᠷᠢᠩ᠂ ᠵᠢᠨ ᠱᠠᠨ ᠢᠯᠴᠢ ᠵᠢᠨ ᠴᠠᠬᠢᠯᠭ᠋ᠠᠨ᠎ᠤ ᠦᠢ᠍ᠯᠡᠳᠪᠦᠷᠢ ᠵᠢᠨ ᠬᠣᠶᠠᠳᠤᠭ᠋ᠠᠷ ᠬᠤᠭᠤᠴᠠᠭ᠋ᠠᠨ᠎ᠤ ᠢᠵᠢ ᠪᠦᠷᠢᠳᠦᠭᠰᠡᠨ ᠢᠯᠴᠢ ᠬᠠᠩᠭ᠋ᠠᠬᠤ ᠬᠣᠭᠣᠯᠠᠢ ᠵᠢᠨ ᠲᠣᠣᠷ᠎ᠤᠨ ᠢᠨᠵᠧᠨᠧᠷᠢᠩ᠎ᠢ ᠠᠰᠢᠭᠯᠠᠯᠲᠠ᠎ᠳᠤ ᠣᠷᠣᠭᠤᠯᠵᠤ᠂ ᠢᠯᠴᠢ ᠴᠠᠬᠢᠯᠭ᠋ᠠᠨ᠎ᠤ ᠬᠣᠯᠪᠤᠭ᠋ᠠᠯᠠᠨ ᠦᠢ᠍ᠯᠡᠳᠪᠦᠷᠢᠯᠡᠬᠦ ᠢᠯᠴᠢ ᠬᠠᠩᠭ᠋ᠠᠬᠤ ᠴᠢᠳᠠᠪᠤᠷᠢ ᠵᠢ 4000 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ᠎ᠪᠠᠷ ᠨᠡᠮᠡᠭᠳᠡᠭᠦᠯᠪᠡ᠃ ᠬᠠᠲᠤᠨ ᠭᠣᠣᠯ᠎ᠤᠨ ᠰᠠᠪᠠ ᠭᠠᠵᠠᠷ᠎ᠤᠨ ᠭᠣᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠵᠢ ᠴᠡᠭᠴᠡᠯᠡᠨ ᠵᠠᠰᠠᠬᠤ ᠠᠵᠢᠯ᠎ᠢ ᠠᠬᠢᠭᠤᠯᠵᠤ᠂ ᠭᠣᠣᠯ ᠤᠷᠤᠭᠤ ᠪᠣᠬᠢᠷᠲᠤᠯ ᠭᠠᠳᠠᠭᠰᠢᠯᠠᠭᠤᠯᠬᠤ 289 ᠠᠮᠠ ᠵᠢᠨ 《ᠨᠢᠭᠡ ᠠᠮᠠ ᠨᠢᠭᠡ ᠠᠷᠭ᠎ᠠ ᠪᠣᠳᠣᠯᠭ᠎ᠠ》 ᠵᠢ ᠲᠥᠷᠥᠯ ᠬᠤᠪᠢᠶᠠᠨ ᠴᠡᠭᠴᠡᠯᠡᠨ ᠵᠠᠰᠠᠬᠤ ᠡᠭᠦᠷᠭᠡ ᠵᠢ ᠪᠡᠶᠡᠯᠡᠭᠦᠯᠵᠦ᠂ ᠪᠠᠭ᠎ᠠ ᠲᠦᠷᠭᠡᠨ ᠭᠣᠣᠯ᠎ᠤᠨ ᠲᠦᠮᠡᠳ ᠵᠡᠭᠦᠨ ᠬᠣᠰᠢᠭᠤᠨ᠎ᠤ ᠬᠡᠰᠡᠭ᠎ᠤᠨ ᠠᠮᠢ ᠠᠬᠤᠢ ᠵᠢ ᠴᠡᠪᠡᠷᠰᠢᠭᠦᠯᠬᠦ ᠢᠨᠵᠧᠨᠧᠷᠢᠩ᠂ ᠬᠠᠢ ᠯᠢᠦ ᠤᠰᠤᠨ ᠴᠥᠭᠥᠷᠥᠮ᠎ᠤᠨ ᠨᠤᠭᠤ ᠭᠠᠵᠠᠷ᠎ᠢ ᠴᠡᠪᠡᠷᠰᠢᠭᠦᠯᠬᠦ ᠢᠨᠵᠧᠨᠧᠷᠢᠩ᠎ᠢ ᠠᠰᠢᠭᠯᠠᠯᠲᠠ᠎ᠳᠤ ᠣᠷᠣᠭᠤᠯᠵᠤ᠂ ᠣᠳᠣᠬᠠᠨ᠎ᠳᠤ ᠶᠠᠭ ᠣᠷᠣᠨ ᠪᠦᠰᠡ ᠵᠢᠨ ᠳᠠᠬᠢᠯᠲᠠ ᠤᠰᠤ ᠵᠢ ᠡᠷᠭᠢᠯᠳᠦᠭᠦᠯᠦᠨ ᠠᠰᠢᠭᠯᠠᠬᠤ ᠲᠤᠷᠰᠢᠯᠲᠠ ᠵᠢᠨ ᠴᠡᠭ᠎ᠤᠨ ᠪᠦᠲᠦᠭᠡᠨ ᠪᠠᠢ᠌ᠭᠤᠯᠤᠯᠲᠠ ᠵᠢ ᠥᠷᠨᠢᠭᠦᠯᠵᠦ᠂ 9610.4 ᠲᠦᠮᠡᠨ ᠲᠥᠭᠥᠷᠢᠭ᠎ᠤᠨ ᠪᠡᠯᠡ ᠮᠥᠩᠭᠥᠨ᠎ᠤ ᠳᠡᠮᠵᠢᠯᠭᠡ ᠣᠯᠵᠤ᠂ ᠰᠢᠨ᠎ᠡ ᠪᠠᠢ᠌ᠰᠢᠩ᠎ᠤᠨ ᠪᠣᠬᠢᠷ ᠤᠰᠤ ᠵᠢ ᠰᠢᠢ᠍ᠳᠪᠦᠷᠢᠯᠡᠬᠦ ᠦᠢ᠍ᠯᠡᠳᠪᠦᠷᠢ ᠵᠢᠨ ᠰᠡᠬᠦᠯ᠎ᠤᠨ ᠤᠰᠤ ᠵᠢ ᠴᠡᠪᠡᠷᠰᠢᠭᠦᠯᠬᠦ ᠢᠨᠵᠧᠨᠧᠷᠢᠩ᠂ ᠰᠠᠢ᠌ᠬᠠᠨ ᠲᠣᠭᠣᠷᠢᠭ᠎ᠤᠨ ᠶᠡᠬᠡ ᠲᠦᠷᠭᠡᠨ ᠭᠣᠣᠯ (ᠵᠡᠭᠦᠨ ᠬᠤᠳᠠ ᠳᠤᠭᠤᠢ᠌ᠯᠠᠭᠰᠠᠨ ᠵᠠᠮ᠎ᠠᠴᠠ ᠬᠣᠷᠴᠢᠨ ᠵᠠᠮ ᠬᠦᠷᠬᠦ)᠎ᠤᠨ ᠠᠮᠢ ᠠᠬᠤᠢ ᠵᠢ ᠰᠡᠷᠭᠦᠭᠡᠬᠦ ᠢᠨᠵᠧᠨᠧᠷᠢᠩ᠎ᠢ ᠬᠡᠷᠡᠭᠵᠢᠭᠦᠯᠬᠦ ᠵᠢ ᠠᠬᠢᠭᠤᠯᠪᠠ᠃ ᠬᠥᠬᠡᠬᠣᠲᠠ ᠵᠢᠨ ᠵᠢᠨ ᠱᠠᠨ ᠬᠦᠷᠢᠶᠡᠯᠡᠩ ᠲᠣᠭᠣᠷᠢᠭ᠎ᠤᠨ ᠭᠠᠵᠠᠷ ᠳᠣᠣᠷᠠᠬᠢ ᠤᠰᠤᠨ᠎ᠤ ᠣᠷᠴᠢᠨ ᠲᠣᠭᠣᠷᠢᠨ᠎ᠢ ᠬᠠᠮᠢᠶᠠᠷᠤᠨ ᠡᠵᠡᠮᠳᠡᠵᠦ ᠵᠠᠰᠠᠨ ᠰᠡᠷᠭᠦᠭᠡᠬᠦ ᠲᠤᠷᠰᠢᠯᠲᠠ ᠵᠢᠨ ᠴᠡᠭ᠎ᠢ ᠥᠷᠨᠢᠭᠦᠯᠵᠦ᠂ 《ᠬᠥᠬᠡᠬᠣᠲᠠ ᠵᠢᠨ ᠵᠢᠨ ᠱᠠᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠤᠨ ᠭᠠᠵᠠᠷ ᠳᠣᠣᠷᠠᠬᠢ ᠤᠰᠤᠨ᠎ᠤ ᠪᠣᠬᠢᠷᠲᠤᠯ᠎ᠢ ᠬᠠᠮᠢᠶᠠᠷᠤᠨ ᠡᠵᠡᠮᠳᠡᠵᠦ ᠵᠠᠰᠠᠨ ᠰᠡᠷᠭᠦᠭᠡᠬᠦ ᠲᠤᠷᠰᠢᠯᠲᠠ ᠵᠢᠨ ᠴᠡᠭ᠎ᠤᠨ ᠠᠵᠢᠯ᠎ᠤᠨ ᠲᠥᠰᠥᠯ》᠎ᠢ ᠲᠣᠭᠲᠠᠭ᠋ᠠᠵᠤ᠂ ᠨᠢᠭᠡᠨᠲᠡ ᠬᠦᠷᠢᠶᠡᠯᠡᠩ ᠲᠣᠭᠣᠷᠢᠭ᠎ᠤᠨ ᠭᠠᠵᠠᠷ ᠳᠣᠣᠷᠠᠬᠢ ᠤᠰᠤᠨ᠎ᠤ ᠣᠷᠴᠢᠨ ᠲᠣᠭᠣᠷᠢᠨ᠎ᠤ ᠨᠠᠷᠢᠨ ᠪᠠᠢ᠌ᠴᠠᠭ᠋ᠠᠯᠲᠠ ᠵᠢᠴᠢ ᠲᠦᠭᠰᠢᠭᠦᠷᠢ ᠵᠢ ᠦᠨᠡᠯᠡᠨ ᠵᠢᠱ᠌ᠢᠬᠦ ᠲᠥᠷᠥᠯ ᠵᠦᠢ᠍ᠯ᠎ᠤᠨ ᠠᠵᠢᠯ᠎ᠤᠨ ᠬᠡᠮᠵᠢᠶ᠎ᠡ ᠵᠢᠨ 95% ᠵᠢ ᠪᠡᠶᠡᠯᠡᠭᠦᠯᠪᠡ᠃

      ᠳᠥᠷᠪᠡ᠎ᠳᠤ᠂ ᠪᠦᠬᠦ ᠣᠷᠣᠨ ᠪᠦᠰᠡ᠎ᠪᠠᠷ ᠵᠶ᠋ᠡᠨ 《ᠬᠠᠶᠠᠭᠳᠠᠮᠠᠯ ᠪᠣᠳᠠᠰ ᠦᠭᠡᠢ ᠬᠤᠳᠠ》 ᠵᠢᠨ ᠴᠢᠨᠠᠷ ᠰᠠᠢ᠌ᠲᠠᠢ ᠪᠦᠲᠦᠭᠡᠨ ᠪᠠᠢ᠌ᠭᠤᠯᠤᠯᠲᠠ ᠵᠢ ᠠᠬᠢᠭᠤᠯᠪᠠ᠃ ᠨᠢᠭᠡᠨᠲᠡ 32 ᠭᠣᠣᠯᠳᠠᠯᠭ᠎ᠠ᠎ᠲᠠᠢ ᠲᠥᠷᠥᠯ ᠵᠦᠢ᠍ᠯ᠎ᠢ ᠪᠡᠶᠡᠯᠡᠭᠦᠯᠬᠦ ᠵᠢ ᠠᠬᠢᠭᠤᠯᠵᠤ᠂ ᠶᠡᠷᠦᠩᠬᠡᠢ ᠪᠡᠯᠡ ᠣᠷᠣᠭᠤᠯᠤᠯᠲᠠ᠎ᠨᠢ 31.4 ᠳ᠋ᠦᠩᠰᠢᠭᠤᠷ ᠲᠥᠭᠥᠷᠢᠭ᠎ᠲᠤ ᠬᠦᠷᠴᠦ᠂ ᠬᠣᠶᠠᠷ ᠪᠦᠯᠦᠭ 58 《ᠬᠠᠶᠠᠭᠳᠠᠮᠠᠯ ᠦᠭᠡᠢ ᠡᠰ》᠎ᠢ ᠡᠭᠦᠳᠦᠨ ᠪᠠᠢ᠌ᠭᠤᠯᠬᠤ ᠨᠡᠷᠡᠰ᠎ᠢ ᠨᠡᠢ᠌ᠲᠡᠯᠡᠪᠡ᠃ ᠣᠲᠣ ᠶᠠᠭ 25 ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠶᠡᠷᠦᠩᠬᠡᠢ᠌ᠯᠡᠨ ᠠᠰᠢᠭᠯᠠᠬᠤ ᠲᠥᠷᠥᠯ ᠵᠦᠢ᠍ᠯ᠎ᠢ ᠲᠥᠯᠥᠪᠵᠢᠭᠦᠯᠦᠨ ᠬᠡᠷᠡᠭᠵᠢᠭᠦᠯᠵᠦ᠂ ᠬᠥᠬᠡᠬᠣᠲᠠ ᠵᠢᠨ ᠨᠤᠨᠳᠠᠭ ᠨᠡᠭᠦᠷᠡᠰᠦᠨ᠎ᠤ ᠦᠨᠡᠰᠦ ᠵᠢ ᠠᠰᠢᠭᠯᠠᠨ ᠬᠥᠷᠥᠰᠥ ᠰᠢᠷᠣᠢ ᠵᠢᠨ ᠢᠳᠡᠭᠳᠡᠯ ᠭᠣᠣ ᠭᠠᠩᠭ᠎ᠠ ᠵᠢᠨ ᠠᠮᠢ ᠠᠬᠤᠢ ᠵᠢ ᠵᠠᠰᠠᠨ ᠰᠡᠷᠭᠦᠭᠡᠬᠦ ᠬᠡᠷᠡᠭᠵᠢᠭᠦᠯᠬᠦ ᠲᠥᠰᠥᠯ᠂ ᠬᠥᠬᠡᠬᠣᠲᠠ ᠵᠢᠨ ᠨᠤᠨᠳᠠᠭ ᠨᠡᠭᠦᠷᠡᠰᠦᠨ᠎ᠤ ᠦᠨᠡᠰᠦ ᠵᠢ ᠬᠤᠵᠢᠷᠯᠢᠭ ᠭᠠᠵᠠᠷ᠎ᠢ ᠰᠠᠢ᠌ᠵᠢᠷᠠᠭᠤᠯᠬᠤ ᠬᠡᠷᠡᠭᠵᠢᠭᠦᠯᠬᠦ ᠲᠥᠰᠥᠯ᠎ᠢ ᠲᠣᠭᠲᠠᠭ᠋ᠠᠵᠤ᠂ ᠨᠤᠨᠳᠠᠭ ᠨᠡᠭᠦᠷᠡᠰᠦᠨ᠎ᠤ ᠦᠨᠡᠰᠦ ᠵᠢ ᠬᠤᠵᠢᠷᠯᠢᠭ ᠭᠠᠵᠠᠷ᠎ᠢ ᠰᠠᠢ᠌ᠵᠢᠷᠠᠭᠤᠯᠬᠤ ᠲᠤᠷᠰᠢᠯᠲᠠ ᠵᠢᠨ ᠴᠡᠭ᠎ᠤᠨ ᠲᠥᠷᠥᠯ ᠵᠦᠢ᠍ᠯ᠎ᠢ ᠨᠠᠢ᠌ᠳᠠᠪᠤᠷᠢᠵᠢᠭᠤᠯᠬᠤ ᠵᠢ ᠠᠬᠢᠭᠤᠯᠵᠤ ᠪᠠᠢ᠌ᠨ᠎ᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠬᠥᠬᠡᠬᠣᠲᠠ ᠬᠣᠶᠠᠳᠤᠭ᠋ᠠᠷ ᠪᠦᠯᠦᠭ᠎ᠤᠨ ᠣᠷᠣᠨ ᠪᠦᠰᠡ ᠵᠢᠨ ᠳᠠᠬᠢᠯᠲᠠ ᠤᠰᠤ ᠵᠢ ᠡᠷᠬᠢᠯᠳᠦᠬᠦᠯᠦᠨ ᠠᠰᠢᠭᠯᠠᠬᠤ ᠲᠤᠷᠰᠢᠯᠲᠠ ᠵᠢᠨ ᠬᠣᠲᠠ ᠵᠢᠨ ᠨᠡᠷᠡᠰ᠎ᠲᠤ ᠠᠮᠵᠢᠯᠲᠠ᠎ᠲᠠᠢ ᠰᠣᠩᠭᠣᠭᠳᠠᠪᠠ
ᠬᠡᠯᠪᠡᠷᠢᠴᠢ ᠦᠵᠡᠯ᠎ᠢ ᠦᠷᠭᠦᠯᠵᠢᠯᠡᠨ ᠬᠦᠴᠦᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠬᠦᠯᠢᠶᠡᠰᠦ ᠵᠢ ᠰᠤᠯᠠᠷᠠᠭᠤᠯᠵᠤ ᠳᠠᠷᠤᠭ᠋ᠠᠰᠤ ᠵᠢ ᠬᠥᠩᠭᠡᠷᠡᠭᠦᠯᠦᠨ᠎ᠡ
ᠤᠯᠠᠭ᠋ᠠᠨᠬᠠᠳᠠ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ 《ᠬᠠᠮ ᠠᠷᠭ᠎ᠠ》 ᠠᠪᠴᠤ ᠰᠠᠴᠤᠷᠠᠭ᠎ᠤᠨ ᠠᠮᠤᠷ ᠲᠦᠪᠰᠢᠨ᠎ᠤ ᠬᠢᠨᠠᠨ ᠵᠥᠪᠰᠢᠶᠡᠷᠡᠯ᠎ᠤᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠪᠠᠷᠢᠮᠵᠢᠶᠠᠵᠢᠭᠤᠯᠤᠯᠲᠠ ᠵᠢᠨ ᠮᠡᠷᠭᠡᠵᠢᠯ᠎ᠤᠨ ᠵᠥᠪᠯᠡᠯ᠎ᠤᠨ ᠬᠤᠭᠤᠴᠠᠭ᠎ᠠ ᠰᠣᠯᠢᠬᠤ ᠬᠤᠷᠠᠯ ᠬᠥᠬᠡᠬᠣᠲᠠ᠎ᠳᠤ ᠬᠤᠷᠠᠯᠳᠤᠪᠠ
ᠤᠯᠠᠭ᠋ᠠᠨᠬᠠᠳᠠ ᠬᠣᠲᠠ ᠬᠢᠭᠡᠳ ᠴᠧᠩᠳᠧ ᠬᠣᠲᠠ ᠬᠠᠮᠲᠤᠷᠠᠨ ᠨᠢᠭᠡᠳᠦᠭᠡᠷ ᠤᠯᠠᠷᠢᠯ᠎ᠤᠨ ᠵᠠᠭ᠋ᠠᠭ ᠠᠯᠤᠰᠯᠠᠭᠰᠠᠨ ᠣᠭᠲᠣᠯᠣᠭ᠋ᠠᠰᠤ ᠵᠢᠨ ᠤᠰᠤᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠠᠵᠢᠯ᠎ᠢ ᠥᠷᠨᠢᠭᠦᠯᠪᠡ
 
             蒙ICP备05000248号