1 ᠰᠠᠷ᠎ᠠ ᠵᠢᠨ 2᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠪᠠᠢ᠌ᠭᠤᠯᠭ᠎ᠠ ᠵᠢᠨ ᠠᠵᠢᠯᠴᠢᠨ᠎ᠤ ᠡᠪᠯᠡᠯ ᠬᠣᠶᠠᠳᠤᠭ᠋ᠠᠷ ᠬᠤᠭᠤᠴᠠᠭ᠋ᠠᠨ᠎ᠤ ᠠᠵᠢᠯᠴᠢᠨ᠎ᠤ ᠡᠪᠯᠡᠯ᠎ᠤᠨ ᠭᠡᠰᠢᠭᠦᠳ᠎ᠤᠨ ᠶᠡᠬᠡ ᠬᠤᠷᠠᠯ ᠬᠤᠷᠠᠯᠳᠤᠭᠤᠯᠵᠤ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠵᠣᠣ ᠱ᠌ᠢ ᠳ᠋ᠧ᠂ ᠹᠠᠨ ᠮᠢᠩ ᠱ᠌ᠢ᠂ ᠸᠠᠩ ᠢ ᠯᠢᠩ᠂ ᠲᠢᠩᠬᠢᠮ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ ᠫᠧᠢ ᠳ᠋ᠡ ᠱ᠌ᠢ ᠬᠤᠷᠠᠯ᠎ᠳᠤ ᠣᠷᠣᠯᠴᠠᠪᠠ᠃ ᠳᠡᠭᠡᠷ᠎ᠡ ᠬᠤᠭᠤᠴᠠᠭ᠋ᠠᠨ᠎ᠤ ᠪᠠᠢ᠌ᠭᠤᠯᠭ᠎ᠠ ᠵᠢᠨ ᠠᠵᠢᠯᠴᠢᠨ᠎ᠤ ᠡᠪᠯᠡᠯ᠎ᠤᠨ ᠭᠡᠰᠢᠭᠦᠨ ᠪᠠᠢ ᠳ᠋ᠦᠩ ᠮᠧᠢ ᠬᠤᠷᠠᠯ᠎ᠢ ᠡᠷᠬᠢᠯᠡᠪᠡ᠃
ᠶᠡᠬᠡ ᠬᠤᠷᠠᠯ᠎ᠠᠴᠠ ᠯᠢ ᠤᠤ ᠨᠥᠬᠥᠷ᠎ᠤᠨ ᠠᠩᠬᠠᠳᠤᠭ᠋ᠠᠷ ᠬᠤᠭᠤᠴᠠᠭ᠋ᠠᠨ᠎ᠤ ᠲᠢᠩᠬᠢᠮ᠎ᠤᠨ ᠪᠠᠢ᠌ᠭᠤᠯᠭ᠎ᠠ ᠵᠢᠨ ᠠᠵᠢᠯᠴᠢᠨ᠎ᠤ ᠡᠪᠯᠡᠯ᠎ᠤᠨ ᠺᠣᠮᠢᠰ᠎ᠤᠨ ᠡᠮᠦᠨ᠎ᠡ᠎ᠠᠴᠠ ᠬᠢᠭᠰᠡᠨ ᠠᠵᠢᠯ᠎ᠤᠨ ᠢᠯᠡᠳᠬᠡᠯ᠎ᠢ ᠪᠠᠲᠤᠯᠠᠵᠤ᠂ ᠨᠡᠷ᠎ᠡ᠎ᠪᠠᠨ ᠪᠢᠴᠢᠬᠦ ᠦᠭᠡᠢ᠎ᠪᠠᠷ ᠰᠣᠩᠭᠣᠭᠤᠯᠢ ᠵᠢᠨ ᠪᠢᠯᠧᠲ ᠥᠭᠬᠦ ᠠᠷᠭ᠎ᠠ ᠬᠡᠯᠪᠡᠷᠢ᠎ᠪᠠᠷ ᠬᠣᠶᠠᠳᠤᠭ᠋ᠠᠷ ᠬᠤᠭᠤᠴᠠᠭ᠋ᠠᠨ᠎ᠤ ᠪᠠᠢ᠌ᠭᠤᠯᠭ᠎ᠠ ᠵᠢᠨ ᠠᠵᠢᠯᠴᠢᠨ᠎ᠤ ᠡᠪᠯᠡᠯ᠎ᠤᠨ ᠺᠣᠮᠢᠰ᠎ᠤᠨ ᠭᠡᠰᠢᠭᠦᠨ᠎ᠢ ᠰᠣᠩᠭᠣᠵᠤ ᠭᠠᠷᠭ᠋ᠠᠪᠠ᠃
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠲᠢᠩᠬᠢᠮ᠎ᠤᠨ ᠳᠠᠷᠤᠭ᠎ᠠ ᠵᠤᠤ ᠱ᠌ᠢ᠎ᠳᠤ ᠶᠠᠷᠢᠶᠠᠨ᠎ᠳᠠᠭᠠᠨ᠂ ᠨᠢᠭᠡ᠎ᠳᠤ᠂ ᠨᠠᠮ᠎ᠤᠨ ᠠᠵᠢᠯᠴᠢᠨ᠎ᠤ ᠡᠪᠯᠡᠯ᠎ᠳᠠᠬᠢ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠵᠤ᠂ ᠰᠢᠨ᠎ᠡ ᠴᠠᠭ ᠦᠶ᠎ᠡ ᠵᠢᠨ ᠪᠠᠢ᠌ᠭᠤᠯᠭ᠎ᠠ ᠵᠢᠨ ᠠᠵᠢᠯᠴᠢᠨ᠎ᠤ ᠡᠪᠯᠡᠯ᠎ᠤᠨ ᠰᠢᠨ᠎ᠡ ᠡᠭᠦᠷᠭᠡ ᠵᠢ ᠰᠠᠨᠠᠭ᠋ᠠᠴᠢᠯᠠᠭ᠎ᠠ᠎ᠠᠴᠠ᠎ᠪᠠᠨ ᠡᠭᠦᠷᠭᠡᠯᠡᠬᠦ ᠬᠡᠷᠡᠭᠲᠡᠢ᠃ ᠪᠠᠢ᠌ᠭᠤᠯᠭ᠎ᠠ ᠵᠢᠨ ᠠᠵᠢᠯᠴᠢᠨ᠎ᠤ ᠡᠪᠯᠡᠯ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠣᠶᠤᠨ ᠰᠠᠨᠠᠭ᠎ᠠ᠎ᠪᠠᠨ ᠨᠢᠭᠲᠠᠷᠠᠭᠤᠯᠵᠤ ᠰᠦᠭ ᠰᠦᠨᠡᠰᠦ᠎ᠪᠠᠨ ᠱᠤᠭᠤᠵᠤ᠂ ᠰᠢᠨ᠎ᠡ ᠴᠠᠭ ᠦᠶ᠎ᠡ ᠵᠢᠨ ᠠᠵᠢᠯᠲᠠᠨ ᠠᠵᠢᠯᠴᠢᠨ᠎ᠤ ᠦᠵᠡᠯ ᠰᠠᠨᠠᠭ᠎ᠠ ᠤᠯᠤᠰ ᠲᠥᠷᠥ ᠵᠢᠨ ᠠᠵᠢᠯ᠎ᠢ ᠴᠢᠩᠭ᠋ᠠᠳᠬᠠᠨ ᠰᠠᠢ᠌ᠵᠢᠷᠠᠭᠤᠯᠵᠤ᠂ ᠬᠥᠳᠡᠯᠮᠦᠷᠢ ᠵᠢᠨ ᠵᠢᠱ᠌ᠢᠶᠡᠴᠢ ᠵᠢᠨ ᠵᠣᠷᠢᠭ ᠰᠠᠨᠠᠭ᠎ᠠ᠂ ᠬᠥᠳᠡᠯᠮᠦᠷᠢ ᠵᠢᠨ ᠵᠣᠷᠢᠭ ᠰᠠᠨᠠᠭ᠎ᠠ᠂ ᠤᠷᠠᠨ ᠲᠠᠷᠬᠠᠨ᠎ᠤ ᠵᠣᠷᠢᠭ ᠰᠠᠨᠠᠭ᠎ᠠ ᠵᠢ ᠶᠡᠬᠡᠪᠡᠷ ᠪᠠᠳᠠᠷᠠᠭᠤᠯᠵᠤ᠂ ᠺᠠᠳ᠋ᠷ ᠠᠵᠢᠯᠲᠠᠨ ᠠᠵᠢᠯᠴᠢᠨ᠎ᠢ ᠬᠥᠮᠥᠵᠢᠭᠦᠯᠦᠨ ᠬᠥᠲᠥᠯᠥᠨ ᠵᠢᠯᠤᠭᠣᠳᠴᠤ ᠪᠠᠶ᠋ᠢᠭ᠋ᠠᠳ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠦᠢ᠍ᠯᠡᠳᠦᠯᠭᠡᠵᠢᠭᠦᠯᠵᠦ᠂ ᠵᠣᠷᠢᠭᠲᠠᠢ᠎ᠪᠠᠷ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠵᠦ᠂ ᠠᠵᠢᠯᠴᠢ ᠬᠢᠴᠢᠶᠡᠩᠭᠦᠢ᠎ᠪᠠᠷ ᠦᠢ᠍ᠯᠡᠰ ᠵᠶ᠋ᠡᠨ ᠳᠡᠭᠡᠳᠦᠯᠡᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ᠃ ᠬᠣᠶᠠᠷ᠎ᠲᠤ᠂ ᠪᠦᠬᠦ ᠰᠡᠳᠬᠢᠯ ᠪᠦᠬᠦ ᠵᠣᠷᠢᠭ ᠵᠶ᠋ᠠᠷ ᠵᠶ᠋ᠠᠨ ᠡᠷᠬᠡ᠎ᠪᠠᠨ ᠬᠠᠮᠠᠭ᠋ᠠᠯᠠᠬᠤ ᠦᠢ᠍ᠯᠡᠴᠢᠯᠡᠭᠡᠨ᠎ᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠺᠠᠳ᠋ᠷ ᠠᠵᠢᠯᠲᠠᠨ᠎ᠤ ᠬᠦᠷᠲᠡᠮᠵᠢ ᠵᠢᠨ ᠲᠥᠷᠥᠭᠳᠡᠯ ᠵᠣᠯ ᠵᠢᠷᠭ᠋ᠠᠯᠲᠤ ᠲᠥᠷᠥᠭᠳᠡᠯ ᠠᠮᠤᠷ ᠲᠦᠪᠰᠢᠨ᠎ᠤ ᠲᠥᠷᠥᠭᠳᠡᠯ᠎ᠢ ᠦᠨᠡᠨ ᠬᠦ᠌ ᠳᠡᠭᠡᠭᠰᠢᠯᠡᠭᠦᠯᠬᠦ ᠬᠡᠷᠡᠭᠲᠡᠢ᠃ ᠺᠠᠳ᠋ᠷ ᠠᠵᠢᠯᠲᠠᠨ ᠠᠵᠢᠯᠴᠢᠨ᠎ᠤ ᠬᠠᠮᠤᠭ᠎ᠠᠴᠠ ᠢᠯᠡᠭᠦᠦ ᠰᠡᠳᠬᠢᠯ ᠲᠠᠯᠪᠢᠵᠤ ᠪᠠᠢ᠌ᠭ᠎ᠠ᠂ ᠬᠠᠮᠤᠭ᠎ᠤᠨ ᠰᠢᠭᠤᠳ᠂ ᠬᠠᠮᠤᠭ᠎ᠤᠨ ᠪᠣᠳᠠᠲᠠᠢ ᠠᠰᠢᠭ ᠲᠤᠰᠠᠲᠠᠢ ᠠᠵᠢᠯ᠎ᠢ ᠨᠡᠩ ᠨᠠᠢ᠌ᠳᠠᠪᠤᠷᠢᠲᠠᠢ᠂ ᠨᠡᠩ ᠪᠣᠳᠠᠲᠠᠢ ᠬᠢᠬᠦ ᠬᠡᠷᠡᠭᠲᠡᠶ᠃ ᠠᠵᠢᠯᠲᠠᠨ ᠠᠵᠢᠯᠴᠢᠨ᠎ᠢ ᠬᠥᠲᠥᠯᠥᠨ ᠳᠠᠭ᠋ᠠᠭᠤᠯᠬᠤ᠂ ᠠᠵᠢᠯᠲᠠᠨ ᠠᠵᠢᠯᠴᠢᠨ᠎ᠢ ᠬᠥᠮᠥᠵᠢᠭᠦᠯᠬᠦ᠂ ᠠᠵᠢᠯᠲᠠᠨ ᠠᠵᠢᠯᠴᠢᠨ᠎ᠢ ᠬᠠᠪᠰᠤᠷᠬᠤ ᠠᠵᠢᠯ᠎ᠢ ᠢᠯᠡᠭᠦᠬᠡᠨ ᠬᠢᠵᠦ᠂ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠵᠢ ᠪᠠᠳᠠᠷᠠᠭᠤᠯᠬᠤ᠂ ᠠᠵᠢᠯᠲᠠᠨ ᠠᠵᠢᠯᠴᠢᠨ᠎ᠤ ᠬᠡᠪ ᠪᠣᠯᠪᠠᠰᠤᠷᠠᠯ᠎ᠢ ᠳᠡᠭᠡᠭᠰᠢᠯᠡᠭᠦᠯᠬᠦ᠂ ᠪᠣᠳᠠᠭ᠋ᠠᠯᠢ ᠪᠡᠶ᠎ᠡ ᠵᠢᠨ ᠪᠦᠬᠦ ᠲᠠᠯ᠎ᠠ ᠵᠢᠨ ᠬᠥᠭᠵᠢᠯᠲᠡ ᠵᠢ ᠠᠬᠢᠭᠤᠯᠬᠤ ᠠᠵᠢᠯ᠎ᠢ ᠢᠯᠡᠭᠦᠬᠡᠨ ᠬᠢᠵᠦ᠂ ᠦᠵᠡᠯ ᠰᠠᠨᠠᠭ᠎ᠠ᠎ᠪᠠᠨ ᠨᠢᠭᠡᠳᠬᠡᠬᠦ᠂ ᠬᠥᠮᠥᠰ᠎ᠤᠨ ᠰᠡᠳᠬᠢᠯ᠎ᠢ ᠨᠢᠭᠲᠠᠷᠠᠭᠤᠯᠬᠤ᠂ ᠵᠥᠷᠢᠴᠡᠯ᠎ᠢ ᠨᠠᠮᠳᠠᠭᠤᠯᠬᠤ᠂ ᠬᠠᠶ᠋ᠢᠷ᠎ᠠ ᠰᠡᠳᠬᠢᠯᠭᠡ᠎ᠪᠠᠨ ᠵᠤᠵᠠᠭ᠋ᠠᠳᠬᠠᠬᠤ᠂ ᠬᠥᠳᠡᠯᠭᠡᠬᠦ ᠬᠦᠴᠦᠨ᠎ᠢ ᠬᠥᠭᠵᠢᠭᠡᠬᠦ ᠠᠵᠢᠯ᠎ᠢ ᠢᠯᠡᠭᠦᠬᠡᠨ ᠬᠢᠵᠦ᠂ ᠺᠠᠳ᠋ᠷ ᠠᠵᠢᠯᠲᠠᠨ ᠠᠵᠢᠯᠴᠢᠨ᠎ᠤ ᠠᠵᠢᠯ ᠬᠢᠵᠦ ᠦᠢ᠍ᠯᠡᠰ ᠴᠣᠭᠴᠠᠯᠠᠬᠤ᠎ᠳᠤ ᠬᠦᠷᠲᠡᠮᠵᠢ ᠵᠢᠨ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ ᠪᠠ ᠠᠮᠤᠷ ᠲᠦᠪᠰᠢᠨ᠎ᠤ ᠲᠥᠷᠥᠭᠳᠡᠯ᠎ᠲᠠᠢ ᠠᠵᠢᠯ᠎ᠤᠨ ᠣᠷᠴᠢᠨ ᠨᠥᠬᠥᠴᠡᠯ᠎ᠢ ᠪᠤᠢ ᠪᠣᠯᠭ᠋ᠠᠵᠤ ᠥᠭᠬᠦ ᠬᠡᠷᠡᠭᠲᠡᠶ᠃ ᠭᠤᠷᠪᠠ᠎ᠳᠤ᠂ ᠠᠵᠢᠯᠴᠢᠨ᠎ᠤ ᠡᠪᠯᠡᠯ᠎ᠤᠨ ᠲᠤᠰ ᠪᠡᠶ᠎ᠡ ᠵᠢᠨ ᠪᠠᠢ᠌ᠭᠤᠯᠤᠯᠲᠠ ᠵᠢ ᠭᠦᠨᠵᠡᠭᠡᠢ᠌ᠷᠡᠭᠦᠯᠵᠦ᠂ ᠬᠥᠭᠥᠷᠭᠡ ᠬᠣᠯᠪᠣᠭ᠋ᠠᠰᠤ ᠵᠢᠨ ᠦᠢ᠍ᠯᠡᠳᠦᠯ ᠵᠶ᠋ᠠᠨ ᠪᠦᠲᠦᠮᠵᠢᠲᠡᠢ ᠪᠠᠳᠠᠷᠠᠭᠤᠯᠬᠤ ᠬᠡᠷᠡᠭᠲᠡᠢ᠃ ᠰᠢᠨ᠎ᠡ ᠴᠠᠭ ᠦᠶ᠎ᠡ ᠵᠢᠨ ᠠᠵᠢᠯᠴᠢᠨ᠎ᠤ ᠡᠪᠯᠡᠯ᠎ᠤᠨ ᠠᠵᠢᠯ᠎ᠤᠨ ᠣᠨᠴᠠᠯᠢᠭ ᠪᠠ ᠵᠢᠮ᠎ᠡ ᠶᠣᠰᠣ ᠵᠢ ᠭᠦᠨᠵᠡᠭᠡᠢ ᠲᠠᠨᠢᠵᠤ᠂ ᠠᠵᠢᠯᠴᠢᠨ᠎ᠤ ᠡᠪᠯᠡᠯ᠎ᠤᠨ ᠬᠠᠮᠢᠶᠠᠷᠤᠯᠲᠠ ᠵᠢᠨ ᠵᠠᠭᠪᠤᠷ᠂ ᠠᠵᠢᠯᠯᠠᠭ᠋ᠠᠨ᠎ᠤ ᠲᠣᠭᠲᠠᠴᠠ᠂ ᠠᠵᠢᠯᠯᠠᠬᠤ ᠠᠷᠭ᠎ᠠ ᠵᠢ ᠰᠠᠢ᠌ᠵᠢᠷᠠᠭᠤᠯᠬᠤ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠠᠵᠢᠯᠴᠢᠨ᠎ᠤ ᠡᠪᠯᠡᠯ᠎ᠤᠨ ᠠᠵᠢᠯ᠎ᠤᠨ ᠴᠢᠳᠠᠪᠤᠷᠢ ᠪᠠ ᠲᠦᠪᠰᠢᠨ᠎ᠤ ᠦᠷᠭᠦᠯᠵᠢᠯᠡᠨ ᠳᠡᠭᠡᠭᠰᠢᠯᠡᠬᠦ ᠵᠢ ᠠᠬᠢᠭᠤᠯᠬᠤ ᠬᠡᠷᠡᠭᠲᠡᠢ᠃ ᠠᠵᠢᠯᠴᠢᠨ᠎ᠤ ᠡᠪᠯᠡᠯ᠎ᠤᠨ ᠺᠠᠳ᠋ᠷᠴᠤᠳ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠠᠵᠢᠯ᠎ᠤᠨ ᠴᠢᠳᠠᠪᠤᠷᠢ᠎ᠪᠠᠨ ᠳᠡᠭᠡᠭᠰᠢᠯᠡᠭᠦᠯᠵᠦ᠂ ᠡᠯ᠎ᠡ ᠱᠠᠲᠤᠨ᠎ᠤ ᠠᠵᠢᠯᠴᠢᠨ᠎ᠤ ᠡᠪᠯᠡᠯ᠎ᠤᠨ ᠵᠣᠬᠢᠶᠠᠨ ᠪᠠᠢ᠌ᠭᠤᠯᠤᠯᠲᠠ ᠵᠢ ᠺᠠᠳ᠋ᠷ ᠠᠵᠢᠯᠲᠠᠨ ᠠᠵᠢᠯᠴᠢᠨ᠎ᠤ ᠰᠡᠳᠬᠢᠯ ᠬᠠᠨᠤᠮᠵᠢᠲᠠᠢ ᠠᠵᠢᠯᠲᠠᠨ ᠠᠵᠢᠯᠴᠢᠨ᠎ᠤ ᠭᠡᠷ ᠪᠣᠯᠭ᠋ᠠᠨ ᠪᠠᠢ᠌ᠭᠤᠯᠬᠤ᠎ᠪᠠᠷ ᠴᠢᠷᠮᠠᠢ᠌ᠵᠤ᠂ ᠠᠵᠢᠯᠴᠢᠨ᠎ᠤ ᠡᠪᠯᠡᠯ᠎ᠤᠨ ᠪᠤᠢ ᠪᠦᠬᠦᠢ ᠺᠠᠳ᠋ᠷᠴᠤᠳ᠎ᠢ ᠺᠠᠳ᠋ᠷ ᠠᠵᠢᠯᠲᠠᠨ ᠠᠵᠢᠯᠴᠢᠨ᠎ᠤ ᠢᠲᠡᠭᠡᠯᠲᠡᠢ ᠳᠣᠲᠣᠨᠣ ᠬᠥᠮᠥᠨ ᠪᠣᠯᠭ᠋ᠠᠬᠤ ᠬᠡᠷᠡᠭᠲᠡᠶ᠃
ᠬᠤᠷᠠᠯ᠎ᠤᠨ ᠳᠠᠷᠠᠭ᠎ᠠ᠂ ᠬᠣᠶᠠᠳᠤᠭ᠋ᠠᠷ ᠬᠤᠭᠤᠴᠠᠭ᠋ᠠᠨ᠎ᠤ ᠪᠠᠢ᠌ᠭᠤᠯᠭ᠎ᠠ ᠵᠢᠨ ᠠᠵᠢᠯᠴᠢᠨ᠎ᠤ ᠡᠪᠯᠡᠯ᠎ᠤᠨ ᠺᠣᠮᠢᠰ ᠠᠩᠬᠠᠳᠤᠭ᠋ᠠᠷ ᠬᠤᠷᠠᠯᠳᠤᠭ᠋ᠠᠨ᠎ᠢ ᠬᠤᠷᠠᠯᠳᠤᠭᠤᠯᠵᠤ᠂ ᠠᠵᠢᠯᠴᠢᠨ᠎ᠤ ᠡᠪᠯᠡᠯ᠎ᠤᠨ ᠲᠡᠷᠢᠭᠦᠯᠡᠭᠴᠢ ᠵᠢ ᠰᠣᠩᠭᠣᠨ ᠭᠠᠷᠭ᠋ᠠᠭᠰᠠᠨ ᠪᠥᠭᠡᠳ ᠭᠡᠰᠢᠭᠦᠳ᠎ᠤᠨ ᠠᠵᠢᠯ᠎ᠤᠨ ᠬᠤᠪᠢᠶᠠᠷᠢᠯᠠᠯ᠎ᠢ ᠲᠣᠳᠣᠷᠬᠠᠢ᠌ᠯᠠᠪᠠ᠃