ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠤᠯᠠᠭᠠᠨᠬᠠᠳᠠ ᠬᠣᠲᠠ᠎ᠶᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠶᠡᠷᠦᠩᠬᠡᠢᠯᠡᠭᠰᠡᠨ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠠᠭᠠᠷ ᠮᠠᠨᠳᠠᠯ᠎ᠤᠨ ᠬᠢᠨᠠᠯᠲᠠ ᠲᠠᠯᠪᠢᠵᠤ ᠬᠠᠪᠰᠤᠷᠤᠨ ᠲᠡᠳᠬᠦᠬᠦ ᠠᠵᠢᠯ᠎ᠢ ᠯᠠᠪᠳᠠᠭᠤᠨ ᠪᠠᠲᠤᠲᠠᠢ ᠠᠬᠢᠭᠤᠯᠪᠠ
ᠨᠡᠶ᠋ᠢᠲᠡᠯᠡᠭᠰᠡᠨ ᠴᠠᠭ᠄ 2025-11-20

      ᠠᠭᠠᠷ ᠮᠠᠨᠳᠠᠯ᠎ᠤᠨ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢᠵᠢᠷᠠᠭᠤᠯᠵᠤ᠂ ᠬᠥᠬᠡ ᠣᠭᠲᠠᠷᠭᠤᠢ᠎ᠶᠢ ᠬᠠᠮᠠᠭᠠᠯᠠᠬᠤ ᠳᠠᠢᠯᠠᠯᠳᠤᠭᠠᠨ᠎ᠳᠦ ᠪᠦᠬᠦ ᠬᠦᠴᠦᠨ᠎ᠢᠶᠡᠷ᠎ᠢᠶᠡᠨ ᠢᠯᠠᠯᠲᠠ ᠣᠯᠬᠤ᠎ᠶᠢᠨ ᠲᠥᠯᠥᠭᠡ᠂ ᠨᠢᠭᠡᠳᠦᠯᠲᠡᠢ ᠪᠠᠢᠷᠢᠯᠠᠭᠤᠯᠤᠯᠲᠠ ᠶᠣᠰᠣᠭᠠᠷ᠂ ᠣᠢᠷ᠎ᠠ᠎ᠶᠢᠨ ᠬᠤᠭᠤᠴᠠᠭᠠᠨ᠎ᠳᠤ᠂ ᠤᠯᠠᠭᠠᠨᠬᠠᠳᠠ ᠬᠣᠲᠠ᠎ᠶᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠶᠡᠷᠦᠩᠬᠡᠢᠯᠡᠭᠰᠡᠨ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ 《 ᠬᠢᠨᠠᠯᠲᠠ ᠲᠠᠯᠪᠢᠵᠤ ᠡᠨᠧᠷᠭᠢ ᠣᠯᠭᠣᠬᠤ᠂ ᠬᠠᠪᠰᠤᠷᠤᠨ ᠲᠡᠳᠬᠦᠵᠦ ᠦᠷ᠎ᠡ ᠠᠰᠢᠭ᠋᠎ᠢ ᠨᠡᠮᠡᠭᠳᠡᠭᠦᠯᠬᠦ 》 ᠣᠢᠯᠠᠭᠠᠭᠳᠠᠬᠤᠨ᠎ᠳᠤ ᠰᠠᠭᠤᠷᠢᠯᠠᠨ᠂ ᠲᠤᠰᠬᠠᠢ ᠮᠡᠷᠭᠡᠵᠢᠯ᠎ᠦᠨ ᠬᠦᠴᠦᠨ᠎ᠢ ᠵᠣᠬᠢᠶᠠᠨ ᠪᠠᠢᠭᠤᠯᠤᠨ ᠠᠭᠠᠷ ᠮᠠᠨᠳᠠᠯ᠎ᠤᠨ ᠬᠢᠨᠠᠯᠲᠠ ᠲᠠᠯᠪᠢᠵᠤ ᠬᠠᠪᠰᠤᠷᠤᠨ ᠲᠡᠳᠬᠦᠬᠦ ᠲᠤᠰᠬᠠᠢ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ᠎ᠤ ᠪᠠᠢᠴᠠᠭᠠᠯᠲᠠ᠎ᠳᠤ ᠬᠣᠲᠠ᠎ᠶᠢᠨ ᠳᠣᠲᠣᠷᠠᠬᠢ ᠬᠣᠰᠢᠭᠤ ᠰᠢᠶᠠᠨ ᠲᠣᠭᠣᠷᠢᠭ᠋᠎ᠤᠨ ᠬᠠᠷᠢᠯᠴᠠᠨ ᠪᠠᠢᠴᠠᠭᠠᠬᠤ ᠬᠡᠯᠪᠡᠷᠢ᠎ᠶᠢ ᠠᠪᠴᠤ᠂ ᠨᠠᠷᠢᠯᠢᠭ᠋ ᠣᠨᠣᠴᠠᠲᠠᠢ ᠦᠢᠯᠡᠴᠢᠯᠡᠭᠡ᠎ᠪᠡᠷ ᠰᠢᠲᠠᠮᠠᠬᠠᠢ ᠬᠡᠢ᠎ᠶᠢ ᠵᠠᠰᠠᠬᠤ ᠬᠦᠴᠢᠷ ᠠᠰᠠᠭᠤᠳᠠᠯ᠎ᠢ ᠰᠢᠢᠳᠪᠦᠷᠢᠯᠡᠵᠦ᠂ ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠠᠵᠢᠯ᠎ᠤᠨ ᠭᠦᠨᠵᠡᠭᠡᠢᠷᠡᠨ ᠪᠣᠳᠠᠲᠠᠢᠵᠢᠬᠤ᠎ᠶᠢ ᠲᠦᠯᠬᠢᠨ ᠠᠬᠢᠭᠤᠯᠪᠠ᠃
      ᠠᠵᠢᠯᠯᠠᠭ᠎ᠠ ᠨᠢ ᠠᠵᠤ ᠦᠢᠯᠡᠳᠪᠦᠷᠢ᠎ᠶᠢᠨ ᠡᠬᠢ ᠰᠤᠷᠪᠤᠯᠵᠢ᠂ ᠲᠣᠭᠣᠰᠣᠨ᠎ᠤ ᠡᠬᠢ ᠰᠤᠷᠪᠤᠯᠵᠢ᠂ ᠰᠢᠯᠵᠢᠮᠡᠯ ᠮᠡᠳᠡᠭᠡ ᠬᠣᠯᠪᠣᠭᠠᠨ᠎ᠤ ᠡᠬᠢ ᠰᠤᠷᠪᠤᠯᠵᠢ ᠵᠡᠷᠭᠡ ᠭᠣᠣᠯᠳᠠᠯᠭ᠎ᠠ᠎ᠲᠠᠢ ᠬᠦᠷᠢᠶ᠎ᠡ᠎ᠪᠡᠷ ᠭᠣᠣᠯᠯᠠᠭᠤᠯᠵᠤ᠂ ᠬᠣᠰᠢᠭᠤ ᠰᠢᠶᠠᠨ ( ᠲᠣᠭᠣᠷᠢᠭ᠋ )᠎ᠤ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠭᠣᠣᠯᠯᠠᠭ᠍ᠴᠢ ᠬᠦᠴᠦᠨ᠎ᠢ ᠲᠠᠲᠠᠵᠤ᠂ ᠠᠭᠠᠷ ᠮᠠᠨᠳᠠᠯ᠎ᠤᠨ ᠬᠢᠨᠠᠯᠲᠠ ᠲᠠᠯᠪᠢᠵᠤ ᠬᠠᠪᠰᠤᠷᠤᠨ ᠲᠡᠳᠬᠦᠬᠦ ᠳᠤᠭᠤᠢᠯᠠᠩ᠎ᠢ ᠵᠣᠬᠢᠶᠠᠨ ᠪᠠᠢᠭᠤᠯᠵᠤ᠂ ᠠᠵᠤ ᠠᠬᠤᠢᠯᠠᠯ᠎ᠤᠨ ᠦᠢᠯᠡᠳᠪᠦᠷᠢᠯᠡᠯ᠎ᠦᠨ ᠨᠢᠭᠡᠳᠦᠭᠡᠷ ᠹᠷᠣᠨᠲ᠎ᠲᠤ ᠭᠦᠨᠵᠡᠭᠡᠢᠷᠡᠭᠦᠯᠪᠡ᠃ ᠬᠠᠪᠰᠤᠷᠤᠨ ᠲᠡᠳᠬᠦᠬᠦ ᠶᠠᠪᠤᠴᠠ᠎ᠳᠤ᠂ ᠬᠠᠤᠯᠢ ᠬᠡᠷᠡᠭᠵᠢᠭᠦᠯᠬᠦ ᠠᠵᠢᠯᠲᠠᠨ ᠬᠠᠶᠠᠭᠳᠠᠮᠠᠯ ᠬᠡᠢ ᠭᠠᠳᠠᠭᠰᠢᠯᠠᠭᠤᠯᠬᠤ᠂ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠲᠥᠬᠦᠭᠡᠷᠦᠮᠵᠢ᠎ᠶᠢᠨ ᠠᠵᠢᠯᠯᠠᠭᠠᠨ᠂ ᠡᠬᠡ ᠳᠠᠩᠰᠠ᠎ᠶᠢᠨ ᠲᠡᠮᠳᠡᠭᠯᠡᠯ ᠵᠡᠷᠭᠡ ᠪᠠᠢᠳᠠᠯ᠎ᠢ ᠴᠢᠩᠭ᠎ᠠ ᠬᠢᠨᠠᠨ ᠪᠠᠢᠴᠠᠭᠠᠵᠤ ᠂ ᠪᠠᠷᠢᠮᠵᠢᠶ᠎ᠠ᠎ᠠᠴᠠ ᠬᠡᠲᠦᠷᠡᠭᠦᠯᠦᠨ ᠭᠠᠳᠠᠭᠰᠢᠯᠠᠭᠤᠯᠬᠤ᠂ ᠲᠥᠬᠦᠭᠡᠷᠦᠮᠵᠢ᠎ᠶᠢ ᠳᠣᠣᠷ᠎ᠠ ᠠᠰᠢᠭ᠍ᠯᠠᠮᠵᠢ᠎ᠲᠠᠢ᠎ᠪᠠᠷ ᠠᠵᠢᠯᠯᠠᠭᠤᠯᠬᠤ ᠵᠡᠷᠭᠡ ᠠᠰᠠᠭᠤᠳᠠᠯ᠎ᠢ ᠨᠠᠷᠢᠯᠢᠭ᠋ ᠣᠨᠣᠴᠠᠲᠠᠢ᠎ᠪᠠᠷ ᠢᠯᠭᠠᠨ ᠲᠠᠨᠢᠵᠤ᠂ ᠠᠵᠤ ᠠᠬᠤᠢᠯᠠᠯ᠎ᠤᠨ ᠠᠭᠤᠷ ᠠᠮᠢᠰᠬᠤᠯ᠎ᠤᠨ ᠡᠪᠡᠷᠰᠢᠶᠡᠯ᠎ᠢ ᠵᠠᠰᠠᠬᠤ ᠪᠠ ᠬᠦᠴᠢᠷ ᠠᠰᠠᠭᠤᠳᠠᠯ᠎ᠳᠤ ᠴᠢᠭᠯᠡᠭᠦᠯᠦᠨ᠂ ᠣᠷᠴᠢᠨ ᠲᠣᠭᠣᠷᠢᠨ᠎ᠢ ᠬᠠᠮᠠᠭᠠᠯᠠᠬᠤ ᠬᠠᠮᠤᠭ᠎ᠤᠨ ᠰᠢᠨ᠎ᠡ ᠲᠦᠷᠦ᠎ᠶᠢᠨ ᠪᠣᠳᠣᠯᠭ᠎ᠠ᠎ᠶᠢ ᠲᠤᠬᠠᠢ᠎ᠶᠢᠨ ᠲᠠᠯᠠᠪᠤᠷ ᠲᠤᠨᠢ ᠲᠠᠢᠯᠪᠤᠷᠢᠯᠠᠨ ᠥᠭᠴᠦ᠂ ᠬᠠᠶᠠᠭᠳᠠᠮᠠᠯ ᠬᠡᠢ᠎ᠶᠢ ᠵᠠᠰᠠᠬᠤ ᠮᠡᠷᠭᠡᠵᠢᠯ᠎ᠦᠨ ᠬᠡᠯᠪᠡᠷᠢ ᠰᠣᠩᠭᠣᠯᠲᠠ᠂ ᠡᠨᠧᠷᠭᠢ ᠠᠷᠪᠢᠯᠠᠵᠤ ᠬᠣᠷᠣᠭᠳᠠᠯ᠎ᠢ ᠪᠠᠭᠠᠰᠬᠠᠬᠤ ᠥᠭᠡᠷᠡᠴᠢᠯᠡᠯᠲᠡ ᠵᠡᠷᠭᠡ ᠲᠤᠰᠬᠠᠢ ᠮᠡᠷᠭᠡᠵᠢᠯ᠎ᠦᠨ ᠰᠠᠨᠠᠯ ᠰᠠᠨᠠᠭᠤᠯᠭ᠎ᠠ ᠬᠠᠩᠭᠠᠵᠤ᠂ ᠠᠵᠤ ᠠᠬᠤᠢᠯᠠᠯ᠎ᠢ ᠵᠢᠯᠣᠭᠣᠳᠤᠨ ᠴᠡᠭᠴᠡᠯᠡᠨ ᠰᠠᠢᠵᠢᠷᠠᠭᠤᠯᠬᠤ ᠲᠥᠰᠥᠯ ᠲᠣᠭᠲᠠᠭᠠᠯᠭᠠᠵᠤ᠂ ᠠᠵᠤ ᠠᠬᠤᠢᠯᠠᠯ᠎ᠤᠨ ᠣᠷᠴᠢᠨ ᠲᠣᠭᠣᠷᠢᠨ᠎ᠢ ᠬᠠᠮᠠᠭᠠᠯᠠᠬᠤ ᠵᠠᠰᠠᠯᠲᠠ᠎ᠶᠢᠨ ᠬᠢᠷᠢ ᠲᠦᠪᠰᠢᠨ᠎ᠢᠶᠡᠨ ᠳᠡᠭᠡᠭᠰᠢᠯᠡᠭᠦᠯᠬᠦ᠎ᠳᠦ ᠬᠦᠴᠦᠨ ᠨᠡᠮᠡᠷᠢᠯᠡᠪᠡ᠃
      ᠬᠢᠨᠠᠯᠲᠠ ᠲᠠᠯᠪᠢᠵᠤ ᠬᠠᠪᠰᠤᠷᠤᠨ ᠲᠡᠳᠬᠦᠬᠦ ᠳᠤᠭᠤᠢᠯᠠᠩ᠎ᠤᠨ ᠬᠢᠨ ᠭᠣᠣᠯᠳᠠᠯᠭ᠎ᠠ᠎ᠲᠠᠢ ᠴᠠᠭ᠂ ᠭᠣᠣᠯᠳᠠᠯᠭ᠎ᠠ᠎ᠲᠠᠢ ᠣᠷᠣᠨ ᠪᠦᠰᠡ᠂ ᠭᠣᠣᠯᠳᠠᠯᠭ᠎ᠠ᠎ᠲᠠᠢ ᠠᠵᠢᠯ ᠲᠦᠷᠦᠯ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠤᠨᠢᠨ ᠳᠡᠭᠡᠷ᠎ᠡ ᠨᠢ ᠬᠦᠴᠦᠯᠡᠵᠦ᠂ ᠬᠠᠨᠳᠤᠯᠭ᠎ᠠ᠎ᠲᠠᠢ᠎ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ᠎ᠶᠢᠨ ᠬᠠᠮᠲᠤ ᠠᠵᠤ ᠠᠬᠤᠢᠯᠠᠯ᠎ᠤᠨ ᠪᠣᠬᠢᠷᠲᠤᠯ ᠦᠭᠡᠢ᠎ᠪᠡᠷ ᠬᠡᠯᠪᠡᠷᠢ᠎ᠪᠡᠨ ᠬᠤᠪᠢᠷᠠᠭᠤᠯᠬᠤ᠎ᠶᠢ ᠪᠦᠬᠦ ᠬᠦᠴᠦᠨ᠎ᠢᠶᠡᠷ᠎ᠢᠶᠡᠨ ᠳᠡᠮᠵᠢᠵᠦ᠂ ᠲᠡᠭᠷᠢ ᠨᠢ ᠨᠡᠩ ᠴᠡᠯᠮᠡᠭ᠂ ᠠᠭᠠᠷ ᠨᠢ ᠨᠡᠩ ᠴᠡᠪᠡᠷ ᠲᠤᠩᠭᠠᠯᠠᠭ ᠠᠮᠢ ᠠᠬᠤᠢ᠎ᠶᠢᠨ ᠭᠡᠷ ᠣᠷᠣᠨ᠎ᠢ ᠪᠦᠲᠦᠭᠡᠨ ᠪᠠᠶ᠋ᠢᠭᠤᠯᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号