ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠤᠯᠠᠭᠠᠨᠬᠠᠳᠠ ᠬᠣᠲᠠ᠎ᠶᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ 《 ᠨᠢᠭᠡ ᠬᠦᠴᠦᠯᠡᠴᠡ ᠲᠦᠷᠪᠡᠨ ᠬᠥᠳᠡᠯᠭᠡᠭᠦᠷ 》 ᠎ᠦᠨ ᠤᠰᠤ ᠵᠠᠰᠠᠬᠤ ᠵᠠᠭᠪᠤᠷ᠎ᠢ ᠡᠬᠢᠯᠡᠭᠦᠯᠵᠦ ᠂ ᠬᠥᠬᠡᠮᠳᠦᠭ ᠤᠰᠤ ᠴᠡᠪᠡᠷ ᠤᠷᠤᠰᠬᠠᠯ᠎ᠢ ᠰᠠᠬᠢᠨ ᠬᠠᠮᠠᠭᠠᠯᠠᠪᠠ
ᠨᠡᠶ᠋ᠢᠲᠡᠯᠡᠭᠰᠡᠨ ᠴᠠᠭ᠄ 2025-11-20

      ᠰᠢ᠎ᠵᠢᠨ᠎ᠫᠢᠩ᠎ᠦᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ 《 ᠲᠠᠪᠤᠨ ᠶᠡᠬᠡ ᠡᠭᠦᠷᠭᠡ 》᠎ᠶᠢ ᠰᠠᠢᠲᠤᠷ ᠪᠡᠶᠡᠯᠡᠭᠦᠯᠵᠦ᠂ ᠳᠡᠭᠡᠳᠦ ᠱᠠᠲᠤᠨ᠎ᠤ ᠤᠰᠤᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠲᠤᠬᠠᠢ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠪᠦᠬᠦ ᠬᠤᠳᠠ᠎ᠶᠢᠨ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠢ ᠦᠨᠡᠨ ᠬᠦ᠌ ᠰᠠᠢᠵᠢᠷᠠᠭᠤᠯᠬᠤ᠎ᠶᠢᠨ ᠲᠥᠯᠥᠭᠡ᠂ ᠤᠯᠠᠭᠠᠨᠬᠠᠳᠠ ᠬᠤᠳᠠ᠎ᠶᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠢᠳᠡᠪᠬᠢᠲᠡᠢ ᠠᠵᠢᠯᠯᠠᠵᠤ᠂ ᠤᠰᠤᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠰᠢᠪᠲᠤᠯᠬᠤ ᠳᠠᠢᠯᠠᠯᠳᠤᠭᠠᠨ᠎ᠢ ᠭᠦᠨᠵᠡᠭᠡᠢ ᠰᠠᠢᠲᠤᠷ ᠬᠢᠵᠦ᠂ ᠪᠣᠳᠠᠲᠤ ᠠᠵᠢᠯᠯᠠᠭ᠎ᠠ᠎ᠪᠠᠷ᠎ᠢᠶᠠᠨ ᠬᠥᠬᠡᠮᠳᠦᠭ ᠲᠤᠩᠭᠠᠯᠠᠭ ᠤᠰᠤ᠎ᠶᠢ ᠰᠠᠬᠢᠨ ᠬᠠᠮᠠᠭᠠᠯᠠᠪᠠ᠃
      ᠡᠨᠡ ᠵᠢᠯ᠎ᠦᠨ ᠡᠬᠢᠨ᠎ᠳᠦ ᠮᠥᠰᠥ ᠴᠠᠰᠤ ᠬᠠᠢᠯᠵᠤ᠂ ᠠᠮᠢ ᠠᠬᠤᠢ᠎ᠶᠢᠨ ᠤᠰᠤ᠎ᠶᠢ ᠲᠣᠬᠢᠷᠠᠭᠤᠯᠤᠭᠰᠠᠨ᠎ᠠᠴᠠ ᠤᠰᠤᠨ᠎ᠤ ᠴᠢᠨᠠᠷ᠎ᠤᠨ ᠬᠡᠯᠪᠡᠯᠵᠡᠯ᠎ᠢ ᠠᠪᠴᠢᠷᠠᠪᠠ᠃ 3 ᠳ᠋ᠤᠭᠠᠷ ᠰᠠᠷ᠎ᠠ᠎ᠠᠴᠠ 4 ᠳ᠋ᠦ᠍ᠭᠡᠷ ᠰᠠᠷ᠎ᠠ ᠪᠣᠯᠲᠠᠯ᠎ᠠ᠂ ᠠᠭᠠᠷ᠎ᠤᠨ ᠳᠤᠯᠠᠭᠠᠨ ᠳᠡᠭᠡᠭᠰᠢᠯᠡᠵᠦ ᠴᠠᠰᠤ ᠬᠠᠢᠯᠵᠤ ᠤᠷᠤᠰᠬᠤ ᠪᠠ ᠪᠠᠷᠠᠭᠤᠨ ᠯᠢᠶᠣᠤᠾᠧ ᠭᠣᠣᠯ᠎ᠤᠨ ᠤᠰᠤ᠎ᠶᠢ ᠲᠣᠬᠢᠷᠠᠭᠤᠯᠬᠤ ᠵᠡᠷᠭᠡ ᠬᠦᠴᠦᠨ ᠵᠦᠢᠯ᠎ᠦᠨ ᠨᠥᠯᠥᠭᠡ᠎ᠡᠴᠡ ᠪᠣᠯᠵᠤ᠂ ᠤᠯᠠᠭᠠᠨᠬᠠᠳᠠ ᠬᠣᠲᠠ᠎ᠶᠢᠨ ᠬᠡᠰᠡᠭ ᠭᠣᠣᠯ ᠮᠥᠷᠡᠨ᠎ᠦ ᠤᠰᠤᠨ᠎ᠤ ᠴᠢᠨᠠᠷ᠎ᠲᠤ ᠬᠡᠯᠪᠡᠯᠵᠡᠯ ᠭᠠᠷᠴᠤ᠂ ᠬᠡᠰᠡᠭ ᠤᠯᠤᠰ᠎ᠤᠨ ᠬᠢᠨᠠᠯᠲᠠ᠎ᠶᠢᠨ ᠣᠭᠲᠣᠯᠣᠭᠠᠰᠤ᠎ᠳᠤ ᠪᠠᠷᠢᠮᠵᠢᠶ᠎ᠠ᠎ᠠᠴᠠ ᠬᠡᠲᠦᠷᠡᠭᠰᠡᠨ ᠪᠠᠢᠳᠠᠯ ᠢᠯᠡᠷᠡᠪᠡ᠃ ᠬᠦᠨᠳᠦ ᠬᠡᠴᠡᠭᠦᠦ ᠪᠠᠢᠳᠠᠯ᠎ᠤᠨ ᠡᠮᠦᠨ᠎ᠡ᠂ ᠤᠯᠠᠭᠠᠨᠬᠠᠳᠠ ᠬᠣᠲᠠ᠎ᠶᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠨᠠᠷᠢᠨ ᠣᠨᠣᠴᠠᠲᠠᠢ᠎ᠪᠠᠷ ᠲᠥᠷᠥ᠎ᠶᠢᠨ ᠪᠣᠳᠣᠯᠭ᠎ᠠ ᠬᠡᠷᠡᠭᠵᠢᠭᠦᠯᠵᠦ᠂ ᠣᠯᠠᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠨ᠂ 《 ᠨᠢᠭᠡ ᠬᠦᠴᠦᠯᠡᠴᠡ ᠲᠦᠷᠪᠡᠨ ᠬᠥᠳᠡᠯᠭᠡᠭᠦᠷ 》᠎ᠤᠨ ᠤᠰᠤ ᠵᠠᠰᠠᠬᠤ ᠵᠠᠭᠪᠤᠷ᠎ᠢ ᠡᠬᠢᠯᠡᠨ ᠬᠡᠷᠡᠭᠵᠢᠭᠦᠯᠪᠡ᠂ ᠲᠤᠬᠠᠢᠯᠠᠪᠠᠯ 《 ᠤᠰᠤᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠰᠢᠪᠲᠤᠯᠬᠤ ᠳᠠᠢᠯᠠᠯᠳᠤᠭᠠᠨ᠎ᠢ ᠰᠠᠢᠲᠤᠷ ᠬᠢᠬᠦ 》᠎ ᠪᠠᠷ ᠬᠦᠴᠦᠯᠡᠴᠡ ᠪᠣᠯᠭᠠᠵᠤ᠂ 《 ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠵᠢᠭ᠍ᠰᠠᠭᠠᠨ ᠪᠠᠢᠴᠠᠭᠠᠵᠤ ᠴᠡᠭᠴᠡᠯᠡᠨ ᠵᠠᠰᠠᠬᠤ᠂ ᠭᠣᠣᠯᠳᠠᠯᠭ᠎ᠠ᠎ᠲᠠᠢ ᠴᠠᠭ ᠬᠤᠭᠤᠴᠠᠭᠠᠨ᠎ᠤ ᠪᠣᠬᠢᠷᠲᠤᠯ᠎ᠢ ᠬᠠᠮᠢᠶᠠᠷᠤᠨ ᠡᠵᠡᠮᠳᠡᠬᠦ᠂ ᠤᠰᠤᠨ᠎ᠳᠤ ᠬᠣᠯᠪᠣᠭᠳᠠᠬᠤ ᠠᠵᠤ ᠠᠬᠤᠢᠯᠠᠯ᠎ᠤᠨ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠬᠤ 》᠎ᠪᠠᠷ ᠬᠥᠳᠡᠯᠭᠡᠭᠦᠷ ᠪᠣᠯᠭᠠᠵᠤ᠂ ᠤᠰᠤᠨ᠎ᠤ ᠣᠷᠴᠢᠨ ᠲᠣᠭᠣᠷᠢᠨ᠎ᠢ ᠶᠡᠷᠦᠩᠬᠡᠢᠯᠡᠨ ᠵᠠᠰᠠᠬᠤ᠎ᠶᠢ ᠰᠢᠰᠲᠧᠮ᠎ᠲᠠᠢ ᠲᠦᠯᠬᠢᠨ ᠠᠬᠢᠭᠤᠯᠵᠤ᠂ ᠰᠢᠯᠢᠳᠡᠭ ᠤᠰᠤᠨ ᠴᠣᠭᠴᠠ᠎ᠶᠢᠨ ᠬᠠᠷᠢᠴᠠᠯ ᠪᠠᠭᠤᠷᠠᠬᠤ ᠬᠠᠨᠳᠤᠰᠢ᠎ᠶᠢ ᠲᠤᠢᠯᠪᠤᠷᠢᠲᠠᠢ ᠬᠤᠪᠢᠷᠠᠭᠤᠯᠵᠤ᠂ ᠢᠯᠡᠳᠲᠡ ᠦᠷ᠎ᠡ ᠪᠦᠲᠦᠮᠵᠢ ᠣᠯᠵᠠᠢ᠃
      ᠨᠢᠭᠡ᠎ᠳᠦ᠂ ᠤᠷᠳᠤ ᠬᠤᠭᠤᠴᠠᠭᠠᠨ᠎ᠤ ᠪᠦᠲᠦᠮᠵᠢᠲᠡᠢ ᠬᠠᠮᠢᠶᠠᠷᠴᠤ ᠬᠠᠮᠠᠭᠠᠯᠠᠬᠤ ᠰᠢᠰᠲᠧᠮ᠎ᠢ ᠪᠠᠢᠭᠤᠯᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠎ᠶᠢ ᠴᠢᠩᠭᠠᠳᠬᠠᠪᠠ᠃ ᠤᠯᠤᠰ᠎ᠤᠨ ᠬᠢᠨᠠᠯᠲᠠ᠎ᠶᠢᠨ ᠣᠭᠲᠣᠯᠣᠭᠠᠰᠤ᠎ᠶᠢᠨ ᠤᠰᠤᠨ᠎ᠤ ᠴᠢᠨᠠᠷ᠎ᠢ ᠰᠠᠷ᠎ᠠ᠎ᠪᠠᠷ ᠰᠤᠳᠤᠯᠤᠨ ᠮᠠᠭᠠᠳᠯᠠᠵᠤ᠂ ᠤᠯᠠᠷᠢᠯ᠎ᠢᠶᠠᠷ ᠰᠡᠷᠡᠮᠵᠢᠯᠡᠭᠦᠯᠬᠦ ᠮᠡᠳᠡᠭᠡ ᠵᠠᠩᠭᠢ᠎ᠶᠢ ᠨᠡᠢᠲᠡᠯᠡᠵᠦ᠂ 《 ᠰᠠᠷ᠎ᠠ᠎ᠪᠠᠷ ᠵᠢᠭ᠍ᠰᠠᠭᠠᠨ ᠪᠠᠢᠴᠠᠭᠠᠬᠤ + ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ 》 ᠲᠣᠭᠲᠠᠴᠠ᠎ᠶᠢ ᠪᠠᠢᠭᠤᠯᠤᠨ᠂ ᠠᠰᠠᠭᠤᠳᠠᠯ᠎ᠢ ᠴᠠᠭ ᠲᠤᠬᠠᠢ ᠳ᠋ᠤᠨᠢ ᠢᠯᠡᠷᠡᠭᠦᠯᠵᠦ᠂ ᠠᠰᠠᠭᠤᠳᠠᠯ᠎ᠢ ᠰᠢᠢᠳᠪᠦᠷᠢᠯᠡᠬᠦ᠎ᠶᠢ ᠦᠨᠡᠨ ᠬᠦ᠌ ᠪᠠᠲᠤᠯᠠᠵᠤ᠂ ᠪᠣᠬᠢᠷᠲᠤᠯ᠎ᠤᠨ ᠳᠠᠯᠳᠠ ᠬᠡᠮ᠎ᠢ ᠴᠤᠬᠤᠶ᠋ᠢᠵᠤ ᠪᠠᠢᠭ᠎ᠠ ᠪᠠᠢᠳᠠᠯ ᠳ᠋ᠤᠨᠢ ᠰᠢᠢᠳᠪᠦᠷᠢᠯᠡᠨ᠎ᠡ᠃ ᠤᠰᠤᠨ᠎ᠳᠤ ᠬᠣᠯᠪᠣᠭᠳᠠᠭᠰᠠᠨ 104 ᠠᠵᠤ ᠠᠬᠤᠢᠯᠠᠯ᠎ᠢ ᠭᠣᠣᠯᠳᠠᠯᠭ᠎ᠠ᠎ᠲᠠᠢ ᠬᠢᠨᠠᠨ ᠬᠠᠮᠢᠶᠠᠷᠬᠤ ᠨᠢᠭᠡᠴᠢ ᠪᠣᠯᠭᠠᠬᠤ᠎ᠪᠠᠷ ᠲᠣᠭᠲᠠᠭᠠᠵᠤ᠂ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ ᠪᠣᠬᠢᠷ ᠤᠰᠤ᠎ᠶᠢ ᠬᠣᠷᠢᠶᠠᠨ ᠴᠤᠭᠯᠠᠭᠤᠯᠵᠤ ᠰᠢᠢᠳᠪᠦᠷᠢᠯᠡᠬᠦ ᠰᠢᠰᠲᠧᠮ᠎ᠦᠨ ᠵᠢᠷᠤᠮᠵᠢᠯ᠎ᠲᠠᠢ ᠠᠵᠢᠯᠯᠠᠬᠤ᠎ᠶᠢ ᠱᠠᠯᠠᠪᠳᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠢᠨᠠᠯᠲᠠ ᠲᠠᠯᠪᠢᠬᠤ ᠲᠠᠪᠴᠠᠩ᠎ᠳᠦ ᠴᠠᠭ ᠲᠤᠬᠠᠢ ᠳ᠋ᠤᠨᠢ ᠭᠤᠶᠤᠴᠢᠯᠠᠨ ᠮᠡᠳᠡᠭᠦᠯᠵᠦ ᠠᠰᠠᠭᠤᠳᠠᠯ᠎ᠢ ᠰᠢᠢᠳᠪᠦᠷᠢᠯᠡᠪᠡ᠃
      ᠬᠣᠶᠠᠷ᠎ᠲᠤ᠂ ᠰᠤᠳᠠᠯ ᠪᠠᠷᠢᠵᠤ ᠣᠨᠣᠰᠢᠯᠠᠨ ᠡᠪᠡᠳᠴᠢᠨ ᠳ᠋ᠦ᠍ᠨᠢ ᠲᠠᠭᠠᠷᠠᠭᠤᠯᠤᠨ ᠡᠮ ᠥᠭᠴᠦ ᠂ ᠴᠠᠰᠤ ᠬᠠᠢᠯᠬᠤ ᠬᠤᠭᠤᠴᠠᠭᠠᠨ᠎ᠤ ᠣᠯᠠᠨ ᠡᠬᠢᠲᠦ ᠪᠣᠬᠢᠷᠲᠤᠯ᠎ᠢ ᠴᠡᠪᠡᠷᠯᠡᠨ ᠴᠡᠭᠴᠡᠯᠡᠨ ᠵᠠᠰᠠᠬᠤ ᠠᠵᠢᠯ᠎ᠢ ᠥᠷᠨᠢᠭᠦᠯᠪᠡ᠃ 《 2025 ᠣᠨ᠎ᠤ ᠭᠣᠣᠯᠳᠠᠯᠭ᠎ᠠ᠎ᠲᠠᠢ ᠴᠠᠭ᠎ᠤᠨ ᠬᠡᠰᠡᠭ᠎ᠦᠨ ᠭᠠᠵᠠᠷ ᠳᠡᠭᠡᠷᠡᠬᠢ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠎ᠶᠢᠨ ᠠᠵᠢᠯ᠎ᠢ ᠴᠢᠩᠭᠠᠳᠬᠠᠬᠤ ᠲᠤᠬᠠᠢ ᠮᠡᠳᠡᠭᠳᠡᠯ 》᠎ᠢ ᠳᠠᠷᠤᠮᠠᠯᠯᠠᠨ ᠲᠠᠷᠬᠠᠭᠠᠵᠤ᠂ ᠤᠯᠠᠨ ᠰᠠᠯᠠᠭ᠎ᠠ ᠮᠥᠴᠢᠷ᠎ᠲᠠᠢ ᠬᠠᠮᠲᠤᠷᠠᠨ ᠴᠠᠰᠤ ᠬᠠᠢᠯᠬᠤ ᠬᠤᠭᠤᠴᠠᠭᠠᠨ᠎ᠤ ᠲᠤᠰᠬᠠᠢ ᠵᠠᠰᠠᠯᠲᠠ᠎ᠶᠢ ᠥᠷᠨᠢᠭᠦᠯᠵᠦ᠂ ᠭᠣᠣᠯ᠎ᠤᠨ ᠵᠠᠮ᠎ᠢ ᠨᠡᠢ᠍ᠢᠳᠡ 90 ᠭᠠᠷᠤᠢ ᠺᠢᠯᠣᠮᠧᠲᠷ᠂ ᠮᠠᠯ ᠵᠢᠭᠦᠷᠲᠡᠨ᠎ᠦ ᠢᠯᠭᠠᠳᠠᠰᠤᠨ ᠪᠣᠬᠢᠷᠲᠤᠯ ᠵᠢᠴᠢ ᠬᠣᠭ ᠨᠣᠪᠰᠢ᠎ᠶᠢ 8000 ᠭᠠᠷᠤᠢ ᠲᠣᠨ ᠴᠡᠪᠡᠷᠯᠡᠪᠡ᠃
      ᠭᠤᠷᠪᠠ᠎ᠳᠤ᠂ ᠨᠠᠷᠢᠯᠢᠭ᠋ ᠤᠨᠤᠪᠴᠢᠳᠠᠢ᠎ᠪᠠᠷ ᠡᠬᠢ ᠡᠭᠦᠰᠦᠯ᠎ᠢ ᠡᠷᠢᠵᠦ ᠰᠢᠨᠵᠢᠯᠡᠬᠦ ᠤᠬᠠᠭᠠᠨᠴᠢ᠎ᠪᠠᠷ ᠲᠦᠷᠦ᠎ᠶᠢᠨ ᠪᠣᠳᠣᠯᠭ᠎ᠠ᠎ᠶᠢ ᠬᠡᠷᠡᠭᠵᠢᠭᠦᠯᠵᠦ᠂ ᠪᠠᠷᠢᠮᠵᠢᠶ᠎ᠠ᠎ᠠᠴᠠ ᠬᠡᠲᠦᠷᠡᠭᠰᠡᠨ ᠣᠭᠲᠣᠯᠣᠭᠠᠰᠤ᠎ᠳᠦ ᠲᠤᠰᠬᠠᠢ ᠴᠡᠭᠴᠡᠯᠡᠨ ᠵᠠᠰᠠᠯᠲᠠ ᠬᠢᠪᠡ᠃ ᠬᠠᠢᠷᠰᠤ᠂ ᠰᠤᠪᠤᠷᠭ᠎ᠠ ᠰᠤᠮᠤ ᠵᠡᠷᠭᠡ ᠪᠠᠷᠢᠮᠵᠢᠶ᠎ᠠ᠎ᠠᠴᠠ ᠬᠡᠲᠦᠷᠡᠭᠰᠡᠨ ᠣᠭᠲᠣᠯᠣᠭᠠᠰᠤ᠎ᠳᠤ ᠴᠢᠭᠯᠡᠭᠦᠯᠦᠨ᠂ ᠬᠣᠰᠢᠭᠤ ᠰᠢᠶᠠᠨ᠎ᠤ ᠬᠤᠪᠢᠶᠠᠷᠢ ᠲᠣᠪᠴᠢᠶ᠎ᠠ᠎ᠲᠠᠢ ᠬᠠᠮᠲᠤᠷᠠᠨ 90 ᠬᠥᠮᠥᠨ ᠤᠳᠠᠭ᠎ᠠ ᠭᠠᠷᠭᠠᠵᠤ᠂ ᠠᠰᠠᠭᠤᠳᠠᠯ᠎ᠢ ᠪᠠᠢᠴᠠᠭᠠᠨ ᠲᠣᠳᠣᠯᠠᠬᠤ ᠠᠵᠢᠯ᠎ᠢ ᠥᠷᠨᠢᠭᠦᠯᠵᠦ᠂ ᠠᠰᠠᠭᠤᠳᠠᠯ᠎ᠤᠨ ᠨᠠᠷᠢᠨ ᠲᠠᠩᠰᠠ᠎ᠶᠢ ᠲᠣᠭᠲᠠᠭᠠᠵᠤ᠂ ᠴᠡᠭᠴᠡᠯᠡᠨ ᠰᠠᠢᠵᠢᠷᠠᠭᠤᠯᠬᠤ ᠠᠵᠢᠯ᠎ᠢ ᠵᠣᠬᠢᠶᠠᠨ ᠪᠠᠢᠭᠤᠯᠵᠤ ᠥᠷᠨᠢᠭᠦᠯᠪᠡ᠃ ᠬᠥᠮᠥᠨ᠎ᠦ ᠪᠤᠰᠤ ᠰᠢᠯᠲᠠᠭᠠᠨ᠎ᠠᠴᠠ ᠪᠣᠯᠵᠤ ᠪᠠᠷᠢᠮᠵᠢᠶ᠎ᠠ᠎ᠠᠴᠠ ᠬᠡᠲᠦᠷᠡᠭᠰᠡᠨ ᠶᠠᠪᠤᠳᠠᠯ᠎ᠳᠤ ᠤᠯᠤᠰ ᠣᠷᠣᠨ᠎ᠳᠤ ᠢᠳᠡᠪᠬᠢᠲᠡᠢ᠎ᠪᠡᠷ ᠭᠣᠮᠣᠳᠠᠯ ᠲᠣᠭᠠᠴᠢᠪᠠ᠃ ᠤᠤᠯ᠎ᠤᠨ ᠪᠠᠢᠭᠰᠠᠨ 266 ᠭᠣᠣᠯ᠎ᠳᠤ ᠪᠣᠬᠢᠷᠲᠤᠯ ᠭᠠᠳᠠᠭᠰᠢᠯᠠᠭᠤᠯᠬᠤ ᠠᠮᠠ᠎ᠶᠢ ᠴᠡᠭᠴᠡᠯᠡᠨ ᠵᠠᠰᠠᠬᠤ 《 ᠡᠷᠬᠢᠨ ᠬᠠᠷᠠᠬᠤ 》 ᠠᠵᠢᠯ ᠥᠷᠨᠢᠭᠦᠯᠵᠦ᠂ ᠠᠰᠠᠭᠤᠳᠠᠯ᠎ᠢ ᠴᠡᠭᠴᠡᠯᠡᠨ ᠰᠠᠢᠵᠢᠷᠠᠭᠤᠯᠤᠭᠰᠠᠨ ᠨᠤᠷᠮ᠎ᠠ 99.3%᠎ᠳᠤ ᠬᠦᠷᠴᠦ᠂ ᠰᠢᠨ᠎ᠡ᠎ᠪᠡᠷ ᠪᠠᠢᠴᠠᠭᠠᠵᠤ ᠭᠠᠷᠭᠠᠭᠰᠠᠨ 7 ᠬᠤᠳᠠ ᠪᠠᠯᠭᠠᠰᠤᠨ᠎ᠤ ᠪᠣᠷᠣᠭᠠᠨ ᠦᠶᠡᠷ᠎ᠦᠨ ᠤᠰᠤ ᠭᠠᠳᠠᠭᠰᠢᠯᠠᠭᠤᠯᠬᠤ ᠠᠮᠠ᠎ᠶᠢ ᠬᠢᠨᠠᠨ ᠬᠠᠮᠢᠶᠠᠷᠤᠯᠲᠠ᠎ᠳᠤ ᠣᠷᠣᠭᠤᠯᠵᠤ᠂ ᠭᠣᠣᠯ᠎ᠳᠤ ᠣᠷᠣᠬᠤ᠎ᠠᠴᠠ ᠡᠮᠦᠨᠡᠬᠢ ᠬᠠᠮᠤᠭ ᠰᠡᠭᠦᠯᠴᠢ᠎ᠶᠢᠨ ᠨᠡᠭᠡᠯᠡᠭᠡᠢ᠎ᠶᠢ ᠦᠨᠡᠨ ᠬᠦ᠌ ᠴᠢᠩᠭᠠᠷᠠᠭᠤᠯᠪᠠ᠃
      ᠳᠥᠷᠪᠡ᠎ᠳᠦ᠂ ᠶᠡᠷᠦᠩᠬᠡᠢ ᠬᠡᠮᠵᠢᠶ᠎ᠡ᠎ᠶᠢ ᠪᠠᠭᠠᠰᠬᠠᠬᠤ᠎ᠪᠠᠷ ᠤᠰᠤᠨ᠎ᠤ ᠣᠷᠴᠢᠨ ᠲᠣᠭᠣᠷᠢᠨ᠎ᠢ ᠰᠠᠢᠵᠢᠷᠠᠭᠤᠯᠬᠤ᠎ᠶᠢ ᠠᠬᠢᠭᠤᠯᠵᠤ᠂ ᠬᠠᠮᠵᠢᠯᠴᠠᠨ ᠦᠷ᠎ᠡ ᠠᠰᠢᠭ᠋᠎ᠢ ᠨᠡᠮᠡᠭᠳᠡᠭᠦᠯᠬᠦ᠎ᠪᠡᠷ ᠬᠥᠬᠡᠮᠳᠦᠭ ᠤᠰᠤᠨ᠎ᠤ ᠰᠠᠭᠤᠷᠢ᠎ᠶᠢ ᠪᠡᠬᠢᠵᠢᠭᠦᠯᠪᠡ᠃ ᠤᠰᠤᠨ᠎ᠤ ᠭᠣᠣᠯ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ ᠭᠣᠣᠯᠳᠠᠯᠭ᠎ᠠ᠎ᠲᠠᠢ ᠢᠨᠵᠧᠨᠧᠷᠢᠩ᠎ᠢ ᠬᠡᠷᠡᠭᠵᠢᠭᠦᠯᠬᠦ᠎ᠶᠢ ᠲᠦᠯᠬᠢᠨ ᠠᠬᠢᠭᠤᠯᠵᠤ᠂ 《 ᠤᠰᠤᠨ᠎ᠤ ᠭᠣᠣᠯ ᠪᠣᠬᠢᠷᠲᠤᠯ ᠪᠣᠳᠠᠰ᠎ᠤᠨ ᠶᠡᠷᠦᠩᠬᠡᠢ ᠬᠡᠮᠵᠢᠶ᠎ᠡ᠎ᠶᠢ ᠪᠠᠭᠠᠰᠬᠠᠬᠤ ᠠᠵᠢᠯ᠎ᠢ ᠰᠠᠢᠲᠤᠷ ᠬᠢᠬᠦ ᠲᠤᠬᠠᠢ ᠮᠡᠳᠡᠭᠳᠡᠯ 》᠎ᠢ ᠳᠠᠷᠤᠮᠠᠯᠯᠠᠨ ᠲᠠᠷᠬᠠᠭᠠᠵᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ ᠲᠥᠷᠥᠯ ᠵᠦᠢᠯᠡᠰ᠎ᠢ ᠲᠦᠯᠬᠢᠨ ᠠᠬᠢᠭᠤᠯᠵᠤ᠂ ᠤᠯᠤᠰ᠎ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ ᠰᠢᠰᠲᠧᠮ᠎ᠢ ᠴᠠᠭ ᠲᠤᠬᠠᠢ ᠳ᠋ᠤᠨᠢ ᠲᠠᠭᠯᠠᠨ ᠮᠡᠳᠡᠭᠦᠯᠵᠡᠢ᠃ ᠣᠳᠣᠬᠠᠨ᠎ᠳᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ 13 ᠲᠥᠷᠥᠯ ᠵᠦᠢᠯᠡᠰ᠎ᠢ ᠳᠡᠭᠡᠭᠰᠢ ᠮᠡᠳᠡᠭᠦᠯᠬᠦ᠎ᠪᠡᠷ ᠲᠥᠯᠥᠪᠯᠡᠵᠦ ᠪᠠᠢᠨ᠎ᠠ᠂ ᠵᠢᠱ᠌ᠢᠯᠲᠡ᠎ᠪᠡᠷ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ᠎ᠳᠤ 1925.8 ᠲᠣᠨ᠂ ᠰᠢᠪᠲᠦᠷᠲᠦ ᠠᠽᠣᠲ 185.09 ᠲᠣᠨ ᠬᠡᠷᠡᠭᠰᠡᠵᠦ᠂ ᠰᠢᠨ᠎ᠡ᠎ᠪᠡᠷ ᠪᠠᠶ᠋ᠢᠭᠤᠯᠬᠤ ᠲᠥᠷᠥᠯ ᠵᠦᠢᠯᠡᠰ᠎ᠲᠦ ᠶᠡᠷᠦᠩᠬᠡᠢ ᠬᠡᠮᠵᠢᠶᠡᠨ᠎ᠦ ᠣᠷᠣᠨ ᠵᠠᠢ ᠭᠠᠷᠭᠠᠵᠤ ᠥᠭᠭᠦᠨ᠎ᠡ᠃ ᠪᠣᠬᠢᠷᠲᠤᠯ᠎ᠢ ᠡᠬᠢ ᠡᠭᠦᠰᠦᠯ᠎ᠡᠴᠡ ᠨᠢ ᠡᠵᠡᠮᠳᠡᠬᠦ᠂ ᠰᠢᠰᠲᠧᠮ᠎ᠲᠠᠢ ᠵᠠᠰᠠᠬᠤ᠎ᠪᠠᠷ ᠭᠠᠷᠳᠠᠴᠠ ᠪᠣᠯᠭᠠᠵᠤ᠂ ᠴᠡᠩᠭᠡᠭ ᠤᠰᠤᠨ᠎ᠤ ᠰᠠᠭᠤᠷᠢ᠎ᠶᠢ ᠦᠷᠭᠦᠯᠵᠢᠯᠡᠨ ᠪᠡᠬᠢᠵᠢᠭᠦᠯᠵᠦ᠂ ᠭᠣᠣᠯ ᠮᠥᠷᠡᠨ ᠨᠢᠭᠡᠪᠦᠷᠢ᠎ᠶᠢ ᠴᠥᠮ ᠠᠷᠠᠳ᠎ᠤᠨ ᠠᠮᠢᠳᠤᠷᠠᠯ᠎ᠢ ᠰᠢᠮᠡᠵᠢᠭᠦᠯᠬᠦ ᠠᠮᠢ ᠠᠬᠤᠢ᠎ᠶᠢᠨ ᠬᠣᠯᠪᠣᠭᠠᠰᠤ ᠪᠣᠯᠭᠠᠨ᠎ᠠ᠃
      ᠬᠠᠭᠠᠰ ᠵᠢᠯ᠎ᠦᠨ ᠴᠢᠷᠮᠠᠢᠯᠭ᠎ᠠ᠎ᠪᠠᠷ ᠳᠠᠮᠵᠢᠭᠠᠳ᠂ ᠪᠥᠬᠥ ᠬᠣᠲᠠ᠎ᠶᠢᠨ ᠤᠰᠤᠨ᠎ᠤ ᠴᠢᠨᠠᠷ᠎ᠤᠨ ᠰᠠᠢᠵᠢᠷᠠᠯᠲᠠ ᠢᠯᠡᠳᠲᠡ ᠦᠷ᠎ᠡ ᠪᠦᠲᠦᠮᠵᠢ ᠣᠯᠵᠤ᠂ ᠤᠰᠤᠨ᠎ᠤ ᠠᠮᠢ ᠠᠬᠤᠢ᠎ᠶᠢᠨ ᠬᠠᠯᠬᠠᠪᠴᠢ ᠨᠠᠩ ᠪᠠᠲᠤ ᠪᠡᠬᠢ ᠪᠣᠯᠪᠠ᠃ 9 ᠳ᠋ᠦ᠍ᠭᠡᠷ ᠰᠠᠷ᠎ᠠ᠎ᠶᠢᠨ ᠰᠡᠭᠦᠯᠴᠢ ᠪᠣᠯᠲᠠᠯ᠎ᠠ᠂ ᠤᠯᠤᠰ᠎ᠤᠨ ᠬᠢᠨᠠᠨ ᠬᠡᠮᠵᠢᠭᠰᠡᠨ ᠲᠣᠭ᠎ᠠ ᠪᠠᠷᠢᠮᠲᠠ᠎ᠶᠢᠨ ᠬᠠᠷᠢᠭᠤ ᠲᠤᠰᠬᠠᠯ᠎ᠠᠴᠠ ᠦᠵᠡᠪᠡᠯ᠂ ᠮᠠᠨ᠎ᠤ ᠬᠣᠲᠠ᠎ᠶᠢᠨ ᠭᠠᠵᠠᠷ ᠳᠡᠭᠡᠷᠡᠬᠢ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ ᠢᠯᠡᠳᠲᠡ ᠳᠡᠭᠡᠭᠰᠢᠯᠡᠪᠡ ᠄ ᠰᠢᠯᠢᠳᠡᠭ ᠤᠰᠤᠨ ᠴᠣᠭᠴᠠ᠎ᠶᠢᠨ ᠬᠠᠷᠢᠴᠠᠯ 4 ᠳ᠋ᠦ᠍ᠭᠡᠷ ᠰᠠᠷ᠎ᠠ᠎ᠳᠤ 65.2% ᠪᠠᠢᠭᠰᠠᠨ᠎ᠠᠴᠠ᠎ᠪᠠᠨ 82.6% ᠪᠣᠯᠣᠨ ᠳᠡᠭᠡᠭᠰᠢᠯᠡᠵᠦ᠂ 17.4 ᠵᠠᠭᠤᠨ᠎ᠤ ᠨᠢᠭᠡᠴᠢ ᠳᠡᠭᠡᠭᠰᠢᠯᠡᠵᠦ᠂ ᠱᠠᠲᠤᠴᠢ ᠴᠢᠨᠠᠷᠲᠠᠢ᠎ᠪᠠᠷ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠢᠨᠠᠨ ᠰᠢᠯᠭᠠᠬᠤ ᠬᠠᠷᠠᠯᠲᠠ᠎ᠠᠴᠠ 11.8 ᠵᠠᠭᠤᠨ᠎ᠤ ᠨᠢᠭᠡᠴᠢ ᠳᠠᠪᠠᠭᠤᠯᠢᠭ᠋ ᠪᠣᠯᠪᠠ ;ᠮᠠᠭᠤ V ᠲᠥᠷᠥᠯ᠎ᠦᠨ ᠤᠰᠤᠨ ᠴᠣᠭᠴᠠ᠎ᠶᠢᠨ ᠬᠠᠷᠢᠴᠠᠯ 4 ᠳ᠋ᠦ᠍ᠭᠡᠷ ᠰᠠᠷ᠎ᠠ᠎ᠳᠤ 8.7% ᠪᠠᠢᠭᠰᠠᠨ᠎ᠠᠴᠠ᠎ᠪᠠᠨ ᠪᠠᠭᠤᠷᠠᠭᠠᠳ 0% ᠪᠣᠯᠵᠤ ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠢᠨᠠᠨ ᠰᠢᠯᠭᠠᠬᠤ ᠬᠠᠷᠠᠯᠲᠠ᠎ᠠᠴᠠ 8.3 ᠵᠠᠭᠤᠨ᠎ᠤ ᠨᠢᠭᠡᠴᠢ ᠳᠠᠪᠠᠭᠤᠯᠢᠭ᠋ ᠪᠣᠯᠪᠠ ; ᠰᠢᠷᠠᠮᠥᠢᠨ ᠭᠣᠣᠯ ᠨᠢ ᠪᠠᠷᠠᠭᠤᠨ ᠯᠢᠶᠣᠤᠾᠧ ᠭᠣᠣᠯ᠎ᠤᠨ ᠴᠢᠬᠤᠯᠠ ᠡᠬᠢ ᠰᠤᠷᠪᠤᠯᠵᠢ ᠪᠣᠯᠤᠭᠰᠠᠨ᠎ᠤ ᠬᠤᠪᠢ᠎ᠳᠤ᠂ ᠲᠡᠭᠦᠨ᠎ᠦ ᠳᠡᠭᠡᠷᠡᠬᠢ ᠬᠠᠢᠷᠰᠤ᠎ᠶᠢᠨ ᠣᠭᠲᠣᠯᠣᠭᠠᠰᠤ᠎ᠶᠢᠨ ᠤᠰᠤᠨ᠎ᠤ ᠴᠢᠨᠠᠷ ᠨᠢ ᠮᠠᠭᠤ V ᠲᠥᠷᠥᠯ᠎ᠡᠴᠡ᠎ᠪᠡᠨ ᠳᠡᠭᠡᠭᠰᠢᠯᠡᠭᠡᠳ V ᠲᠥᠷᠥᠯ᠎ᠳᠦ ᠬᠦᠷᠦᠭᠰᠡᠨ ᠪᠠᠢᠨ᠎ᠠ᠃
      ᠶᠡᠷᠦᠩᠬᠡᠢ ᠱᠦᠵᠢ ᠰᠢ᠎ᠶᠢᠨ ᠫᠢᠩ᠂ 《 ᠤᠰᠤ ᠪᠣᠯ ᠣᠷᠣᠰᠢᠨ ᠲᠣᠭᠲᠠᠨᠢᠬᠤ᠎ᠶᠢᠨ ᠦᠨᠳᠦᠰᠦ᠂ ᠪᠣᠯᠪᠠᠰᠤᠨ᠎ᠤ ᠡᠬᠢ ᠰᠤᠷᠪᠤᠯᠵᠢ ᠮᠥᠨ᠂ ᠤᠰᠤᠨ᠎ᠤ ᠠᠮᠤᠷ ᠲᠦᠪᠰᠢᠨ ᠪᠣᠯ ᠤᠯᠤᠰ ᠣᠷᠣᠨ᠎ᠤ ᠥᠨᠢ ᠤᠳᠠᠭᠠᠨ ᠠᠮᠤᠷ ᠲᠦᠪᠰᠢᠨ ᠪᠠᠢᠬᠤ᠎ᠳᠤ ᠬᠣᠯᠪᠣᠭᠳᠠᠬᠤ ᠶᠡᠬᠡ ᠶᠠᠪᠤᠳᠠᠯ ᠮᠥᠨ᠂ ᠤᠰᠤ ᠵᠠᠰᠠᠬᠤ ᠵᠠᠮ ᠪᠣᠯ ᠤᠯᠤᠰ᠎ᠢ ᠵᠠᠰᠠᠬᠤ ᠴᠢᠬᠤᠯᠠ ᠵᠠᠮ ᠮᠥᠨ 》 ᠭᠡᠵᠦ ᠴᠢᠬᠤᠯᠠᠴᠢᠯᠠᠭᠰᠠᠨ ᠪᠠᠢᠳᠠᠭ᠃ ᠳᠠᠷᠠᠭᠠᠴᠢ᠎ᠶᠢᠨ ᠠᠯᠬᠤᠮ᠎ᠳᠤ᠂ ᠤᠯᠠᠭᠠᠨᠬᠠᠳᠠ ᠬᠤᠳᠠ᠎ᠶᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠰᠢ᠎ᠵᠢᠨ᠎ᠫᠢᠩ᠎ᠦᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠦᠷᠭᠦᠯᠵᠢᠯᠡᠨ ᠭᠦᠨᠵᠡᠭᠡᠢ ᠲᠤᠭᠤᠰᠢᠯᠠᠭᠤᠯᠵᠤ᠂ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ ᠬᠠᠷᠠᠯᠲᠠ᠎ᠶᠢ ᠲᠣᠭᠲᠠᠭᠠᠵᠤ᠂ ᠤᠰᠤᠨ᠎ᠤ ᠣᠷᠴᠢᠨ ᠲᠣᠭᠣᠷᠢᠨ᠎ᠢ ᠵᠠᠰᠠᠬᠤ ᠦᠷ᠎ᠡ ᠪᠦᠲᠦᠮᠵᠢ᠎ᠶᠢ ᠦᠷᠭᠦᠯᠵᠢᠯᠡᠨ ᠪᠡᠬᠢᠵᠢᠭᠦᠯᠵᠦ᠂ ᠦᠵᠡᠰᠬᠦᠯᠡᠩᠲᠦ ᠰᠠᠢᠬᠠᠨ ᠭᠣᠣᠯ ᠮᠥᠷᠡᠨ ᠨᠠᠭᠤᠷ ᠴᠥᠭᠥᠷᠥᠮ᠎ᠦᠨ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠨᠡᠩ ᠥᠨᠳᠥᠷ ᠪᠠᠷᠢᠮᠵᠢᠶ᠎ᠠ᠎ᠪᠠᠷ ᠤᠰᠤᠨ᠎ᠤ ᠪᠣᠬᠢᠷᠲᠤᠯ᠎ᠢ ᠰᠡᠷᠭᠡᠢᠯᠡᠨ ᠵᠠᠰᠠᠬᠤ᠎ᠶᠢ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠬᠦ᠎ᠳᠦ ᠰᠢᠨ᠎ᠡ ᠪᠥᠭᠡᠳ ᠨᠡᠩ ᠶᠡᠬᠡ ᠬᠤᠪᠢ ᠨᠡᠮᠡᠷᠢ ᠦᠵᠡᠭᠦᠯᠦᠨ᠎ᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号