ᠣᠢᠷ᠎ᠠ᠎ᠶᠢᠨ ᠵᠢᠯ᠎ᠡᠴᠡ᠂ ᠤᠯᠠᠭᠠᠨᠬᠠᠳᠠ ᠬᠤᠳᠠ᠎ᠶᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠰᠢ᠎ᠶᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠰᠤᠨ᠎ᠤ ᠡᠬᠢ ᠰᠤᠷᠪᠤᠯᠵᠢ᠎ᠶᠢᠨ ᠣᠷᠣᠨ᠎ᠤ ᠣᠷᠴᠢᠨ ᠲᠣᠭᠣᠷᠢᠨ᠎ᠤ ᠬᠢᠨᠠᠯᠲᠠ ᠬᠠᠮᠢᠶᠠᠷᠤᠯᠲᠠ᠎ᠶᠢ ᠦᠷᠭᠦᠯᠵᠢᠯᠡᠨ ᠴᠢᠩᠭᠠᠳᠬᠠᠵᠤ᠂ ᠤᠰᠤᠨ᠎ᠤ ᠡᠬᠢ ᠰᠤᠷᠪᠤᠯᠵᠢ᠎ᠶᠢᠨ ᠣᠷᠣᠨ᠎ᠤ ᠬᠠᠮᠠᠭᠠᠯᠠᠯᠲᠠ᠎ᠶᠢᠨ ᠣᠷᠣᠨ᠎ᠤ ᠵᠢᠷᠤᠮᠵᠢᠭ᠍ᠰᠠᠨ ᠪᠦᠲᠦᠭᠡᠨ ᠪᠠᠢᠭᠤᠯᠤᠯᠲᠠ᠎ᠶᠢ ᠴᠢᠩᠭ᠎ᠠ ᠠᠬᠢᠭᠤᠯᠵᠤ᠂ 《 ᠡᠬᠢ ᠡᠭᠦᠰᠦᠯ᠎ᠡᠴᠡ ᠨᠢ ᠴᠢᠩᠭ᠎ᠠ ᠡᠵᠡᠮᠳᠡᠬᠦ᠂ ᠶᠠᠪᠤᠴᠠ᠎ᠶᠢ ᠨᠢ ᠴᠢᠩᠭ᠎ᠠ ᠬᠠᠮᠢᠶᠠᠷᠬᠤ᠂ ᠲᠡᠭᠦᠰᠬᠡᠯ᠎ᠢ ᠨᠢ ᠴᠢᠩᠭ᠎ᠠ ᠪᠠᠲᠤᠯᠠᠬᠤ》 ᠪᠦᠬᠦ ᠶᠠᠪᠤᠴᠠ᠎ᠶᠢᠨ ᠬᠠᠮᠢᠶᠠᠷᠤᠯᠲᠠ᠎ᠶᠢᠨ ᠰᠢᠰᠲᠧᠮ᠎ᠢ ᠪᠠᠢᠭᠤᠯᠤᠨ ᠪᠦᠷᠢᠯᠳᠦᠭᠦᠯᠵᠡᠢ᠃ 2024 ᠣᠨ᠎ᠤ ᠡᠴᠦᠰ ᠪᠣᠯᠲᠠᠯ᠎ᠠ᠂ 《 ᠤᠯᠠᠭᠠᠨᠬᠠᠳᠠ ᠬᠣᠲᠠ᠎ᠶᠢᠨ ᠬᠣᠲᠠ ᠪᠠᠯᠭᠠᠰᠤᠨ᠎ᠤ ᠲᠥᠪᠯᠡᠷᠡᠩᠭᠦᠢ ᠮᠠᠶᠢᠭ᠋᠎ᠤᠨ ᠤᠤᠭᠤᠬᠤ ᠤᠰᠤᠨ᠎ᠤ ᠡᠬᠢ ᠰᠤᠷᠪᠤᠯᠵᠢ᠎ᠶᠢᠨ ᠣᠷᠣᠨ᠎ᠤ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠲᠥᠯᠦᠪᠵᠢᠭᠦᠯᠭᠡ ( 2016 ︱ 2025 ᠣᠨ ) 》᠎ᠳᠤ ᠲᠣᠳᠣᠷᠬᠠᠢᠯᠠᠭᠰᠠᠨ ᠤᠰᠤᠨ᠎ᠤ ᠴᠢᠨᠠᠷ᠎ᠤᠨ ᠪᠠᠢᠳᠠᠯ᠂ ᠬᠠᠮᠠᠭᠠᠯᠠᠯᠲᠠ᠎ᠶᠢᠨ ᠣᠷᠣᠨ᠎ᠤ ᠬᠤᠪᠢᠶᠠᠷᠢᠯᠠᠯ ᠪᠠ ᠬᠠᠮᠢᠶᠠᠷᠤᠯᠲᠠ᠂ ᠬᠠᠮᠠᠭᠠᠯᠠᠯᠲᠠ᠎ᠶᠢᠨ ᠣᠷᠣᠨ᠎ᠤ ᠴᠡᠭᠴᠡᠯᠡᠨ ᠵᠠᠰᠠᠯᠲᠠ ᠂ ᠤᠰᠤᠨ᠎ᠤ ᠡᠬᠢ ᠰᠤᠷᠪᠤᠯᠵᠢ᠎ᠶᠢᠨ ᠣᠷᠣᠨ᠎ᠤ ᠬᠢᠨᠠᠨ ᠬᠠᠮᠢᠶᠠᠷᠤᠯᠲᠠ᠎ᠶᠢᠨ ᠴᠢᠳᠠᠪᠤᠷᠢ ᠵᠡᠷᠭᠡ ᠲᠠᠪᠤᠨ ᠲᠥᠷᠥᠯ᠎ᠦᠨ 16 ᠵᠦᠢᠯ᠎ᠦᠨ ᠭᠦᠢᠴᠡᠳᠬᠡᠯ ᠲᠣᠭ᠎ᠠ᠎ᠶᠢ ᠴᠥᠮ ᠤᠷᠢᠳᠴᠢᠯᠠᠨ ᠪᠡᠶᠡᠯᠡᠭᠦᠯᠵᠦ᠂ ᠤᠰᠤᠨ᠎ᠤ ᠡᠬᠢ ᠰᠤᠷᠪᠤᠯᠵᠢ᠎ᠶᠢᠨ ᠣᠷᠣᠨ᠎ᠤ ᠵᠢᠷᠤᠮᠵᠢᠭ᠍ᠰᠠᠨ ᠪᠦᠲᠦᠭᠡᠨ ᠪᠠᠢᠭᠤᠯᠤᠯᠲᠠ᠎ᠶᠢᠨ ᠬᠢᠷᠢ ᠲᠦᠪᠰᠢᠨ᠎ᠦ ᠶᠡᠷᠦᠩᠬᠡᠢᠯᠡᠭᠰᠡᠨ ᠦᠨᠡᠯᠡᠨ ᠵᠢᠱ᠌ᠢᠯᠲᠡ ᠰᠢᠯᠢᠳᠡᠭ᠎ᠢᠶᠡᠷ ᠦᠨᠡᠯᠡᠭᠳᠡᠪᠡ᠃
ᠤᠯᠠᠭᠠᠨᠬᠠᠳᠠ ᠬᠤᠳᠠ᠎ᠶᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠬᠤᠳᠠ ᠪᠠᠯᠭᠠᠰᠤᠨ᠎ᠤ ᠤᠰᠤᠨ᠎ᠤ ᠡᠬᠢ ᠰᠤᠷᠪᠤᠯᠵᠢ᠎ᠶᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠠᠵᠢᠯ᠎ᠢ ᠤᠰᠤᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠰᠢᠪᠲᠤᠯᠬᠤ ᠳᠠᠢᠯᠠᠯᠳᠤᠭᠠᠨ᠎ᠤ ᠪᠦᠬᠦᠶ᠋ᠢᠯᠡ ᠪᠠᠢᠷᠢᠰᠢᠭᠤᠯᠤᠯᠲᠠ᠎ᠳᠤ ᠣᠷᠣᠭᠤᠯᠤᠨ ᠪᠥᠬᠥ ᠬᠣᠲᠠ᠎ᠳᠤ ᠬᠣᠲᠠ᠎ᠶᠢᠨ ᠲᠠᠰ᠎ᠤᠨ ᠲᠥᠪᠯᠡᠷᠡᠩᠭᠦᠢ ᠮᠠᠶᠢᠭ᠋᠎ᠤᠨ ᠤᠤᠭᠤᠬᠤ ᠤᠰᠤᠨ᠎ᠤ ᠡᠬᠢ ᠰᠤᠷᠪᠤᠯᠵᠢ᠎ᠶᠢᠨ ᠬᠠᠮᠠᠭᠠᠯᠠᠯᠲᠠ᠎ᠶᠢᠨ ᠣᠷᠣᠨ᠎ᠢ 5᠂ ᠬᠣᠲᠠ ᠪᠠᠯᠭᠠᠰᠤᠨ᠎ᠤ ᠲᠠᠰ᠎ᠤᠨ ᠬᠠᠮᠠᠭᠠᠯᠠᠯᠲᠠ᠎ᠶᠢᠨ ᠣᠷᠣᠨ᠎ᠢ ᠨᠡᠶ᠋ᠢᠲᠡ 12 ᠵᠠᠭᠠᠭᠯᠠᠨ ᠲᠣᠭᠲᠠᠭᠠᠵᠤ᠂ ᠶᠡᠷᠦᠩᠬᠡᠢ ᠲᠠᠯᠠᠪᠠᠶ ᠨᠢ 161.84 ᠲᠡᠭᠰᠢ ᠳᠥᠷᠪᠡᠯᠵᠢᠨ ᠺᠢᠯᠣᠮᠧᠲᠷ᠎ᠲᠦ ᠬᠥᠷᠪᠡ᠃ ᠠᠷᠪᠠᠨ ᠵᠢᠯ ᠰᠢᠬᠠᠮ ᠦᠷᠭᠦᠯᠵᠢᠯᠡᠨ ᠪᠣᠭᠣᠮᠲᠠ ᠰᠢᠪᠲᠤᠯᠤᠯᠲᠠ ᠬᠢᠬᠦ᠎ᠪᠡᠷ ᠳᠠᠮᠵᠢᠭᠠᠳ᠂ ᠬᠣᠲᠠ ᠪᠠᠯᠭᠠᠰᠤᠨ᠎ᠤ ᠱᠠᠲᠤᠨ᠎ᠠᠴᠠ ᠳᠡᠭᠡᠭᠰᠢᠬᠢ ᠤᠰᠤᠨ ᠰᠤᠷᠪᠤᠯᠵᠢ᠎ᠶᠢᠨ ᠭᠠᠵᠠᠷ᠎ᠤᠨ ᠨᠢᠭᠡᠳᠦᠭᠡᠷ ᠳᠡᠰ᠎ᠤᠨ ᠬᠠᠮᠠᠭᠠᠯᠠᠯᠲᠠ᠎ᠶᠢᠨ ᠣᠷᠣᠨ᠎ᠤ ᠳᠣᠲᠣᠷᠠᠬᠢ ᠳᠦᠷᠢᠮ᠎ᠡᠴᠡ ᠵᠥᠷᠢᠴᠡᠭᠰᠡᠨ ᠪᠠᠷᠢᠯᠭ᠎ᠠ᠎ᠶᠢ ᠨᠢᠭᠡᠨᠲᠡ ᠪᠦᠬᠦᠨ᠎ᠢ ᠨᠤᠷᠠᠭᠠᠵᠤ᠂ ᠬᠠᠮᠠᠭᠠᠯᠠᠯᠲᠠ᠎ᠶᠢᠨ ᠣᠷᠣᠨ᠎ᠤ ᠳᠣᠲᠣᠷᠠᠬᠢ ᠭᠣᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ᠎ᠶᠢ ᠪᠦᠬᠦ ᠲᠠᠯ᠎ᠠ᠎ᠪᠠᠷ ᠴᠠᠭᠠᠵᠠᠯᠠᠪᠠ ;ᠬᠣᠶᠠᠳᠤᠭᠠᠷ ᠳᠡᠰ᠎ᠤᠨ ᠬᠠᠮᠠᠭᠠᠯᠠᠯᠲᠠ᠎ᠶᠢᠨ ᠣᠷᠣᠨ᠎ᠤ ᠳᠣᠲᠣᠷᠠᠬᠢ ᠮᠠᠯ ᠵᠢᠭᠦᠷᠲᠡᠨ ᠲᠡᠵᠢᠭᠡᠨ ᠦᠷᠡᠵᠢᠭᠦᠯᠬᠦ᠎ᠶᠢᠨ ᠬᠠᠶᠠᠭᠳᠠᠮᠠᠯ ᠪᠣᠳᠠᠰ᠎ᠢ ᠪᠥᠬᠥ ᠬᠡᠮᠵᠢᠶ᠎ᠡ᠎ᠪᠡᠷ ᠶᠡᠷᠦᠩᠬᠡᠢᠯᠡᠨ ᠠᠰᠢᠭ᠍ᠯᠠᠬᠤ᠎ᠶᠢ ᠪᠡᠶᠡᠯᠡᠭᠦᠯᠪᠡ ;ᠤᠰᠤᠨ᠎ᠤ ᠡᠬᠢ ᠰᠤᠷᠪᠤᠯᠵᠢ᠎ᠶᠢᠨ ᠬᠠᠮᠠᠭᠠᠯᠠᠯᠲᠠ᠎ᠶᠢᠨ ᠣᠷᠣᠨ᠎ᠤ ᠢᠯᠭᠠᠬᠤ ᠲᠡᠮᠳᠡᠭ᠎ᠢ ᠪᠠᠢᠷᠢᠯᠠᠭᠤᠯᠬᠤ᠂ ᠲᠤᠰᠠᠭᠠᠷᠯᠠᠵᠤ ᠰᠡᠷᠭᠡᠢᠯᠡᠨ ᠬᠠᠮᠠᠭᠠᠯᠠᠬᠤ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠂ ᠸᠢᠳᠢᠤ᠋᠎ᠪᠠᠷ ᠬᠢᠨᠠᠨ ᠡᠵᠡᠮᠳᠡᠬᠦ ᠪᠡᠯᠡᠳᠬᠡᠮᠵᠢ᠎ᠶᠢ ᠤᠭᠰᠠᠷᠠᠬᠤ ᠪᠦᠷᠬᠦᠴᠡ᠎ᠶᠢᠨ ᠨᠣᠷᠮ᠎ᠠ᠎ᠶᠢ ᠴᠥᠮ 100%᠎ᠳᠤ ᠬᠦᠷᠭᠡᠪᠡ;ᠤᠰᠤᠨ᠎ᠤ ᠡᠬᠢ ᠰᠤᠷᠪᠤᠯᠵᠢ᠎ᠶᠢᠨ ᠬᠠᠮᠠᠭᠠᠯᠠᠯᠲᠠ᠎ᠶᠢᠨ ᠣᠷᠣᠨ᠎ᠢ ᠬᠤᠪᠢᠶᠠᠷᠢᠯᠠᠬᠤ᠂ ᠲᠦᠭᠰᠢᠭᠦᠷᠢ᠎ᠶᠢᠨ ᠡᠬᠢ ᠰᠤᠷᠪᠤᠯᠵᠢ᠎ᠶᠢ ᠬᠠᠮᠢᠶᠠᠷᠬᠤ ᠂ ᠪᠠᠴᠢᠮ ᠪᠠᠢᠳᠠᠯ᠎ᠢ ᠠᠷᠭᠠᠴᠠᠬᠤ ᠪᠡᠯᠡᠳᠬᠡᠯ ᠲᠥᠰᠥᠯ᠎ᠢ ᠲᠣᠭᠲᠠᠭᠠᠬᠤ ᠵᠢᠴᠢ ᠲᠠᠩᠰᠠ ᠡᠪᠬᠡᠮᠡᠯ ᠪᠠᠶ᠋ᠢᠭᠤᠯᠬᠤ ᠠᠵᠢᠯ᠎ᠢ ᠨᠢᠭᠡᠨᠲᠡ ᠪᠦᠬᠦᠨ᠎ᠢ ᠪᠡᠶᠡᠯᠡᠭᠦᠯᠪᠡ᠃ ᠡᠭᠦᠨ᠎ᠳᠦ᠂ ᠭᠠᠵᠠᠷ ᠳᠣᠣᠷᠠᠬᠢ ᠤᠰᠤᠨ᠎ᠤ ᠬᠡᠯᠪᠡᠷᠢ᠎ᠶᠢᠨ ᠬᠣᠲᠠ᠎ᠶᠢᠨ ᠲᠥᠪᠯᠡᠷᠡᠩᠭᠦᠢ ᠮᠠᠶᠢᠭ᠋᠎ᠤᠨ ᠤᠤᠭᠤᠬᠤ ᠤᠰᠤᠨ᠎ᠤ ᠡᠬᠢ ᠰᠤᠷᠪᠤᠯᠵᠢ᠎ᠶᠢᠨ ᠤᠰᠤᠨ᠎ᠤ ᠴᠢᠨᠠᠷ᠎ᠤᠨ ᠪᠠᠷᠢᠮᠵᠢᠶ᠎ᠠ᠎ᠳᠤ ᠬᠦᠷᠦᠭᠰᠡᠨ ᠨᠣᠷᠮ᠎ᠠ 8 ᠵᠢᠯ ᠳᠠᠷᠠᠭᠠᠯᠠᠨ 100%᠎ᠳᠤ ᠬᠦᠷᠴᠦ᠂ ᠤᠯᠤᠰ᠎ᠤᠨ ᠰᠢᠯᠭᠠᠨ ᠬᠢᠨᠠᠬᠤ ᠭᠦᠢᠴᠡᠳᠬᠡᠯ ᠲᠣᠭ᠎ᠠ᠎ᠠᠴᠠ 19.6 ᠵᠠᠭᠤᠨ᠎ᠤ ᠨᠢᠭᠡᠴᠢ ᠳᠠᠪᠠᠪᠠ ;ᠬᠣᠲᠠ ᠪᠠᠯᠭᠠᠰᠤ᠎ᠶᠢᠨ ᠲᠠᠰ᠎ᠤᠨ ᠲᠥᠪᠯᠡᠷᠡᠩᠭᠦᠢ ᠮᠠᠶᠢᠭ᠋᠎ᠤᠨ ᠤᠤᠭᠤᠬᠤ ᠤᠰᠤᠨ᠎ᠤ ᠡᠬᠢ ᠰᠤᠷᠪᠤᠯᠵᠢ᠎ᠶᠢᠨ ᠭᠠᠵᠠᠷ᠎ᠤᠨ ᠰᠠᠭᠤᠷᠢ ᠥᠷᠲᠡᠭ᠎ᠦᠨ ᠨᠥᠯᠥᠭᠡ᠎ᠶᠢ ᠬᠠᠰᠤᠭᠰᠠᠨ᠎ᠤ ᠳᠠᠷᠠᠭ᠎ᠠ ᠪᠠᠷᠢᠮᠵᠢᠶ᠎ᠠ᠎ᠳᠤ ᠬᠦᠷᠦᠭᠰᠡᠨ ᠨᠣᠷᠮ᠎ᠠ᠎ᠶᠢ 100%᠎ᠪᠠᠷ ᠲᠣᠭᠲᠠᠭᠤᠨ ᠪᠠᠢᠯᠭᠠᠪᠠ᠃ ᠪᠥᠬᠥ ᠬᠣᠲᠠ᠎ᠶᠢᠨ 87 ᠰᠢᠶᠠᠩ ᠪᠠᠯᠭᠠᠰᠤ᠎ᠶᠢᠨ ᠲᠠᠰ᠎ᠤᠨ ᠤᠰᠤᠨ᠎ᠤ ᠡᠬᠢ ᠰᠤᠷᠪᠤᠯᠵᠢ᠎ᠶᠢᠨ ᠬᠠᠮᠠᠭᠠᠯᠠᠯᠲᠠ᠎ᠶᠢᠨ ᠣᠷᠣᠨ᠎ᠳᠤ ᠨᠢᠭᠡᠨᠲᠡ ᠵᠠᠭᠠᠭ ᠬᠠᠢᠵᠤ ᠪᠠᠷᠢᠮᠵᠢᠶ᠎ᠠ ᠲᠣᠭᠲᠠᠭᠠᠬᠤ᠎ᠶᠢ ᠪᠦᠬᠦᠨ᠎ᠢ ᠪᠡᠶᠡᠯᠡᠭᠦᠯᠵᠦ᠂ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈 ᠠᠷᠪᠠᠨ ᠳᠥᠷᠪᠡᠳᠦᠭᠡᠷ ᠲᠠᠪᠤᠨ ᠵᠢᠯ 〉᠎ᠤᠨ ᠭᠣᠣᠯᠳᠠᠯᠭ᠎ᠠ᠎ᠲᠠᠢ ᠰᠠᠪᠠ ᠭᠠᠵᠠᠷ᠎ᠤᠨ ᠤᠰᠤᠨ᠎ᠤ ᠠᠮᠢ ᠠᠬᠤᠢ᠎ᠶᠢᠨ ᠬᠠᠮᠠᠭᠠᠯᠠᠯᠲᠠ᠎ᠶᠢᠨ ᠲᠥᠯᠦᠪᠵᠢᠭᠦᠯᠭᠡ 》᠎ᠳᠡᠬᠢ ᠤᠤᠭᠤᠬᠤ ᠤᠰᠤᠨ᠎ᠤ ᠴᠢᠨᠠᠷ᠎ᠤᠨ ᠠᠮᠤᠷ ᠲᠦᠪᠰᠢᠨ᠎ᠦ ᠬᠢᠵᠠᠭᠠᠷᠲᠤ ᠪᠠᠲᠤᠯᠠᠭ᠎ᠠ᠎ᠶᠢᠨ ᠬᠠᠮᠢᠶ᠎ᠠ ᠪᠦᠬᠦᠢ ᠡᠭᠦᠷᠭᠡ ᠬᠠᠷᠠᠯᠲᠠ᠎ᠶᠢ ᠤᠷᠤᠭᠰᠢᠲᠠᠢ ᠪᠡᠶᠡᠯᠡᠭᠦᠯᠪᠡ᠃
ᠲᠠᠷᠠᠭᠠᠴᠢ᠎ᠶᠢᠨ ᠠᠯᠬᠤᠮ᠎ᠳᠤ᠂ ᠤᠯᠠᠭᠠᠨᠬᠠᠳᠠ ᠬᠣᠲᠠ᠎ᠶᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ ᠤᠤᠭᠤᠬᠤ ᠤᠰᠤᠨ᠎ᠤ ᠡᠬᠢ ᠰᠤᠷᠪᠤᠯᠵᠢ᠎ᠶᠢᠨ ᠣᠷᠣᠨ᠎ᠤ ᠬᠠᠮᠠᠭᠠᠯᠠᠯᠲᠠ᠎ᠶᠢᠨ ᠲᠥᠷᠥᠯ ᠵᠦᠢᠯ᠎ᠦᠨ ᠪᠡᠯᠡ ᠮᠥᠩᠭᠥ᠎ᠶᠢ ᠣᠯᠬᠤ᠎ᠪᠠᠷ ᠢᠳᠡᠪᠬᠢᠲᠡᠢ ᠴᠢᠷᠮᠠᠢᠵᠤ᠂ ᠭᠣᠣᠯᠳᠠᠯᠭ᠎ᠠ᠎ᠲᠠᠢ ᠤᠰᠤᠨ᠎ᠤ ᠡᠬᠢ ᠰᠤᠷᠪᠤᠯᠵᠢ᠎ᠶᠢᠨ ᠣᠷᠣᠨ᠎ᠤ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠨ ᠠᠬᠢᠭᠤᠯᠵᠤ᠂ ᠪᠡᠯᠡ ᠮᠥᠩᠭᠥ᠎ᠶᠢᠨ ᠣᠷᠣᠭᠤᠯᠤᠯᠲᠠ ᠬᠢᠭᠡᠳ ᠬᠠᠮᠠᠭᠠᠯᠠᠯᠲᠠ᠎ᠶᠢᠨ ᠡᠭᠦᠷᠭᠡ᠎ᠶᠢᠨ ᠵᠣᠬᠢᠴᠠᠯᠳᠤᠯ᠎ᠢ ᠦᠨᠡᠨ ᠬᠦ᠌ ᠪᠠᠲᠤᠯᠠᠵᠤ᠂ ᠪᠥᠬᠥ ᠬᠣᠲᠠ᠎ᠶᠢᠨ ᠤᠤᠭᠤᠬᠤ ᠤᠰᠤᠨ᠎ᠤ ᠡᠬᠢ ᠰᠤᠷᠪᠤᠯᠵᠢ᠎ᠶᠢᠨ ᠣᠷᠣᠨ᠎ᠤ ᠬᠠᠮᠠᠭᠠᠯᠠᠯᠲᠠ᠎ᠶᠢᠨ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠲᠡᠰ ᠳᠡᠪᠰᠢᠭᠦᠯᠬᠦ᠎ᠶᠢ ᠦᠷᠬᠦᠯᠵᠢᠯᠡᠨ ᠠᠬᠢᠭᠤᠯᠤᠨ᠎ᠠ᠃