ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠨᠠᠮ᠎ᠤᠨ ᠬᠣᠷᠢᠶ᠎ᠠ 2024 ᠣᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠱᠦᠵᠢ ᠵᠢᠨ ᠨᠠᠮ᠎ᠤᠨ ᠪᠠᠢ᠌ᠭᠤᠯᠤᠯᠲᠠ ᠵᠢ ᠠᠳᠬᠤᠭᠰᠠᠨ ᠲᠤᠰᠢᠶᠠᠯ᠎ᠤᠨ ᠮᠡᠳᠡᠭᠦᠯᠦᠯᠲᠡ ᠵᠢ ᠦᠨᠡᠯᠡᠬᠦ ᠬᠤᠷᠠᠯ ᠬᠤᠷᠠᠯᠳᠤᠭᠤᠯᠵᠤ᠂ ᠶᠡᠷᠦᠩᠬᠡᠢ ᠥᠷᠲᠡᠭᠡ ᠵᠢᠨ ᠰᠢᠰᠲ᠋ᠧᠮ᠎ᠤᠨ 18 ᠨᠠᠮ᠎ᠤᠨ ᠡᠭᠦᠷ᠎ᠤᠨ ᠱᠦᠵᠢ ᠲᠤᠰᠢᠶᠠᠯ᠎ᠤᠨ ᠮᠡᠳᠡᠭᠦᠯᠦᠯᠲᠡ ᠬᠢᠵᠦ᠂ ᠪᠠᠭ᠎ᠤᠨ ᠪᠦᠷᠢᠯᠳᠦᠬᠦᠨ ᠨᠠᠷ ᠲᠣᠰ ᠲᠣᠰ ᠦᠨᠡᠯᠡᠯᠲᠡ ᠬᠢᠭᠰᠡᠨ ᠪᠥᠭᠡᠳ ᠲᠤᠬᠠᠢ ᠵᠢᠨ ᠲᠠᠯᠠᠪᠤᠷ᠎ᠲᠤ ᠠᠷᠠᠳᠴᠢᠯᠠᠯ ᠵᠶ᠋ᠠᠷ ᠦᠨᠡᠯᠡᠯᠲᠡ ᠬᠢᠭᠰᠡᠨ ᠪᠠᠢ᠌ᠨ᠎ᠠ᠃
ᠬᠤᠷᠠᠯ᠎ᠠᠴᠠ᠂ ᠨᠢᠭᠡ᠎ᠳᠤ᠂ ᠤᠯᠤᠰ ᠲᠥᠷᠥ ᠵᠢᠨ ᠪᠠᠢ᠌ᠭᠤᠯᠤᠯᠲᠠ ᠵᠢ ᠲᠤᠪᠤᠢ᠍ᠢ᠍ᠯᠭ᠋ᠠᠵᠦ᠂ ᠤᠯᠤᠰ ᠲᠥᠷᠥ ᠵᠢᠨ ᠨᠢᠭᠡᠳᠦᠯᠲᠡᠢ ᠵᠢᠯᠣᠭᠣᠳᠤᠯᠭ᠎ᠠ ᠵᠢ ᠴᠢᠩᠭ᠋ᠠᠳᠬᠠᠵᠤ᠂ ᠭᠣᠣᠯᠳᠠᠯᠭ᠎ᠠ᠎ᠲᠠᠢ ᠠᠵᠢᠯ ᠡᠭᠦᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠠᠮ᠎ᠤᠨ ᠭᠡᠰᠢᠭᠦᠨ ᠺᠠᠳ᠋ᠷᠴᠤᠳ᠎ᠤᠨ ᠰᠤᠷᠤᠯᠴᠠᠯᠭ᠎ᠠ ᠬᠥᠮᠦᠵᠢᠯ᠎ᠢ ᠦᠷᠭᠦᠯᠵᠢᠯᠡᠨ ᠭᠦᠨᠵᠡᠭᠡᠢ᠌ᠷᠡᠭᠦᠯᠵᠦ᠂ ᠶᠡᠷᠦᠩᠬᠡᠢ ᠥᠷᠲᠡᠭᠡ ᠵᠢᠨ ᠰᠢᠰᠲ᠋ᠧᠮ᠎ᠤᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠬᠣᠶᠠᠷ᠎ᠲᠤ᠂ ᠦᠨᠳᠦᠰᠦᠨ ᠱᠠᠲᠤᠨ᠎ᠤ ᠰᠠᠭᠤᠷᠢ ᠵᠢ ᠪᠡᠬᠢᠵᠢᠭᠦᠯᠵᠦ᠂ ᠪᠠᠲᠤ ᠴᠢᠩᠭ᠎ᠠ ᠪᠡᠬᠢᠯᠡᠯᠲᠡ ᠵᠢᠨ 《ᠵᠢᠱ᠌ᠢᠶᠡᠴᠢ》 ᠨᠠᠮ᠎ᠤᠨ ᠡᠭᠦᠷ᠎ᠢ ᠢᠳᠡᠪᠬᠢᠲᠡᠢ ᠴᠣᠭᠴᠠᠯᠠᠵᠤ᠂ ᠠᠵᠢᠯ᠎ᠤᠨ ᠰᠡᠳᠬᠢᠴᠡ᠎ᠪᠠᠨ ᠨᠠᠷᠢᠯᠢᠭᠵᠢᠭᠤᠯᠵᠤ᠂ ᠠᠵᠢᠯ᠎ᠤᠨ ᠬᠢᠯᠠᠰ ᠴᠡᠭ᠎ᠢ ᠪᠣᠯᠪᠠᠰᠤᠷᠠᠭᠤᠯᠵᠤ᠂ ᠣᠨᠴᠠᠯᠢᠭᠲᠤ ᠨᠠᠮ᠎ᠤᠨ ᠪᠠᠢ᠌ᠭᠤᠯᠤᠯᠲᠠ ᠵᠢᠨ ᠳᠦᠷᠦᠯ ᠲᠡᠮᠳᠡᠭ᠎ᠢ ᠬᠦᠴᠦᠯᠡᠨ ᠡᠭᠦᠳᠴᠦ᠂ ᠲᠣᠯᠢ ᠪᠣᠯᠭ᠋ᠠᠨ ᠰᠤᠷᠤᠯᠴᠠᠭᠤᠰᠢᠲᠠᠢ ᠨᠠᠮ᠎ᠤᠨ ᠪᠠᠢ᠌ᠭᠤᠯᠤᠯᠲᠠ ᠵᠢᠨ ᠣᠨᠴᠠᠯᠢᠭᠲᠤ ᠰᠢᠨ᠎ᠡ ᠵᠢ ᠡᠭᠦᠳᠦᠭᠰᠡᠨ ᠵᠢᠱ᠌ᠢᠶ᠎ᠡ ᠵᠢ ᠪᠦᠷᠢᠯᠳᠦᠭᠦᠯᠵᠦ᠂ ᠨᠠᠮ᠎ᠤᠨ ᠡᠭᠦᠷ᠎ᠤᠨ ᠤᠯᠤᠰ ᠲᠥᠷᠥ ᠵᠢᠨ ᠴᠢᠳᠠᠪᠬᠢ ᠪᠣᠯᠣᠨ ᠵᠣᠬᠢᠶᠠᠨ ᠪᠠᠢ᠌ᠭᠤᠯᠤᠯᠲᠠ ᠵᠢᠨ ᠴᠢᠳᠠᠪᠬᠢ ᠵᠢ ᠳᠡᠭᠡᠭᠰᠢᠯᠡᠭᠦᠯᠬᠦ ᠬᠡᠷᠡᠭᠲᠡᠢ᠃ ᠭᠤᠷᠪᠠ᠎ᠳᠤ᠂ ᠦᠷᠭᠦᠯᠵᠢᠯᠡᠨ ᠶᠡᠬᠡ ᠲᠠᠯ᠎ᠠ᠎ᠳᠤ ᠦᠢ᠍ᠯᠡᠴᠢᠯᠡᠵᠦ᠂ ᠭᠣᠣᠯ ᠠᠵᠢᠯ᠎ᠲᠠᠢ ᠨᠢᠭᠲᠠ ᠤᠶᠠᠯᠳᠤᠭᠤᠯᠤᠨ ᠨᠠᠮ᠎ᠤᠨ ᠪᠠᠢ᠌ᠭᠤᠯᠤᠯᠲᠠ ᠵᠢ ᠠᠳᠬᠤᠵᠤ᠂ ᠤᠶᠠᠯᠳᠤᠯ᠎ᠤᠨ ᠴᠡᠭ᠎ᠢ ᠣᠨᠣᠪᠴᠢᠲᠠᠢ ᠡᠷᠢᠵᠦ᠂ ᠨᠠᠮ᠎ᠤᠨ ᠪᠠᠢ᠌ᠭᠤᠯᠤᠯᠲᠠ ᠵᠢᠨ ᠵᠢᠯᠣᠭᠣᠳᠤᠯᠭ᠎ᠠ ᠵᠢ ᠲᠤᠬᠠᠢ᠌ᠯᠠᠭᠰᠠᠨ ᠠᠵᠢᠯ᠎ᠤᠨ ᠪᠦᠬᠦ ᠶᠠᠪᠤᠴᠠ᠎ᠳᠤ ᠲᠤᠭᠤᠰᠢᠯᠠᠭᠤᠯᠵᠤ᠂ ᠨᠠᠮ᠎ᠤᠨ ᠪᠠᠢ᠌ᠭᠤᠯᠤᠯᠲᠠ᠎ᠪᠠᠷ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ᠃ ᠳᠥᠷᠪᠡ᠎ᠳᠤ ᠰᠤᠷᠲᠠᠯ᠎ᠢ ᠲᠥᠪ ᠪᠣᠯᠭ᠋ᠠᠨ ᠰᠠᠬᠢᠯᠭ᠎ᠠ ᠪᠠᠲᠤ ᠵᠢ ᠴᠢᠩᠳᠠᠯᠠᠬᠤ ᠵᠢ ᠦᠷᠭᠦᠯᠵᠢᠯᠡᠨ ᠴᠢᠩᠭ᠋ᠠᠳᠬᠠᠵᠤ᠂ ᠰᠠᠬᠢᠯᠭ᠎ᠠ ᠪᠠᠲᠤ ᠵᠢᠨ ᠪᠠᠢ᠌ᠭᠤᠯᠤᠯᠲᠠ ᠵᠢ ᠨᠠᠮ᠎ᠤᠨ ᠪᠠᠢ᠌ᠭᠤᠯᠤᠯᠲᠠ ᠵᠢᠨ ᠠᠭᠤᠤ ᠶᠡᠬᠡ ᠰᠢᠨ᠎ᠡ ᠢᠨᠵᠧᠨᠧᠷᠢᠩ᠎ᠢ ᠲᠦᠯᠬᠢᠨ ᠠᠬᠢᠭᠤᠯᠬᠤ ᠵᠢᠨ ᠡᠬᠢᠨ᠎ᠠᠴᠠ ᠠᠪᠤᠭ᠋ᠠᠳ ᠠᠳᠠᠭ᠎ᠲᠤ ᠬᠦᠷᠲᠡᠯ᠎ᠡ ᠲᠤᠭᠤᠰᠢᠯᠠᠭᠤᠯᠵᠤ᠂ ᠠᠵᠢᠯ ᠬᠢᠵᠦ ᠦᠢ᠍ᠯᠡᠰ ᠪᠣᠰᠬᠠᠬᠤ ᠰᠠᠢ᠍ᠢ᠍ᠨ ᠰᠠᠢ᠌ᠬᠠᠨ ᠠᠭᠤᠷ ᠠᠮᠢᠰᠬᠤᠯ᠎ᠢ ᠪᠤᠢ ᠪᠣᠯᠭ᠋ᠠᠬᠤ ᠬᠡᠷᠡᠭᠲᠡᠶ ᠭᠡᠵᠦ ᠴᠢᠬᠤᠯᠠᠴᠢᠯᠠᠪᠠ᠃
ᠬᠢᠨᠠᠨ ᠬᠡᠮᠵᠢᠬᠦ ᠶᠡᠷᠦᠩᠬᠡᠢ ᠥᠷᠲᠡᠭᠡ ᠵᠢᠨ ᠨᠠᠮ᠎ᠤᠨ ᠬᠣᠷᠢᠶ᠎ᠠ ᠵᠢᠨ ᠤᠳᠤᠷᠢᠳᠬᠤ ᠪᠠᠭ᠎ᠤᠨ ᠪᠦᠷᠢᠯᠳᠦᠬᠦᠨ᠂ ᠡᠯ᠎ᠡ ᠨᠠᠮ᠎ᠤᠨ ᠡᠭᠦᠷ᠎ᠤᠨ ᠱᠦᠵᠢ᠂ ᠵᠥᠪᠯᠡᠯᠭᠡᠨ᠎ᠤ ᠭᠡᠰᠢᠭᠦᠳ ᠬᠤᠷᠠᠯ᠎ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠪᠠᠢ᠌ᠭᠤᠯᠭ᠎ᠠ ᠵᠢᠨ ᠨᠠᠮ᠎ᠤᠨ ᠬᠣᠷᠢᠶ᠎ᠠ ᠵᠢᠨ ᠲᠤᠰᠬᠠᠢ ᠲᠤᠰᠢᠶᠠᠯᠲᠤ ᠳᠡᠳ᠋ ᠱᠦᠵᠢ ᠯᠢ ᠤᠤ ᠨᠥᠬᠥᠷ ᠬᠤᠷᠠᠯ᠎ᠳᠤ ᠣᠷᠣᠯᠴᠠᠨ ᠵᠢᠭ᠋ᠠᠨ ᠵᠢᠯᠣᠭᠣᠳᠪᠠ᠃