ᠬᠣᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠳᠥᠷᠪᠡᠳᠦᠭᠡᠷ ᠪᠦᠭᠦᠳᠡ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠲᠠᠪᠤᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠢ᠌ᠷᠡᠭᠦᠯᠦᠭᠰᠡᠨ ᠦᠷ᠎ᠡ ᠪᠦᠲᠦᠭᠡᠯ᠎ᠢ ᠦᠷᠭᠦᠯᠵᠢᠯᠡᠨ ᠪᠠᠲᠤᠳᠬᠠᠬᠤ ᠵᠢᠨ ᠲᠥᠯᠥᠭᠡ᠂ 2 ᠰᠠᠷ᠎ᠠ ᠵᠢᠨ 12᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠰᠡᠷᠡᠮᠵᠢᠯᠡᠭᠦᠯᠬᠦ ᠬᠥᠮᠦᠵᠢᠯ᠎ᠤᠨ ᠶᠡᠬᠡ ᠬᠤᠷᠠᠯ ᠬᠤᠷᠠᠯᠳᠤᠭᠤᠯᠵᠤ᠂ ᠰᠡᠷᠡᠮᠵᠢᠯᠡᠭᠦᠯᠬᠦ ᠬᠥᠮᠦᠵᠢᠯ᠎ᠤᠨ ᠹᠢᠯᠢᠮ 《ᠰᠡᠷᠡᠮᠵᠢ ᠵᠢᠨ ᠬᠤᠩᠬᠤ》 ᠵᠢ ᠲᠥᠪᠯᠡᠷᠡᠭᠦᠯᠦᠨ ᠰᠣᠨᠢᠷᠬᠠᠪᠠ᠃
ᠲᠤᠰ ᠹᠢᠯᠢᠮ᠎ᠨᠢ ᠣᠢ᠌ᠷ᠎ᠠ ᠵᠢᠨ ᠵᠢᠯ᠎ᠤᠳ᠎ᠲᠤ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ ᠵᠥᠪᠯᠡᠯ᠎ᠤᠨ ᠪᠠᠢ᠌ᠴᠠᠭ᠋ᠠᠨ ᠰᠢᠢ᠍ᠳᠪᠦᠷᠢᠯᠡᠭᠰᠡᠨ ᠨᠠᠮ᠎ᠤᠨ ᠭᠡᠰᠢᠭᠦᠨ ᠤᠳᠤᠷᠢᠳᠬᠤ ᠺᠠᠳ᠋ᠷ᠎ᠤᠨ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠬᠦᠨᠳᠦ ᠨᠣᠴᠢᠲᠠᠢ ᠵᠥᠷᠢᠴᠡᠭᠰᠡᠨ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢᠨ ᠲᠣᠭᠣᠷᠢᠨ᠎ᠳᠤ᠂ ᠬᠡᠷᠡᠭ ᠵᠶ᠋ᠡᠷ ᠰᠠᠬᠢᠯᠭ᠎ᠠ ᠪᠠᠲᠤ ᠵᠢ ᠲᠠᠢ᠌ᠯᠪᠤᠷᠢᠯᠠᠵᠤ᠂ ᠬᠡᠷᠡᠭ ᠵᠶ᠋ᠡᠷ ᠬᠠᠤᠯᠢ ᠴᠠᠭ᠋ᠠᠵᠠ ᠵᠢ ᠲᠠᠢ᠌ᠯᠪᠤᠷᠢᠯᠠᠵᠤ᠂ ᠲᠤᠬᠠᠢ ᠵᠢᠨ ᠲᠠᠯᠠᠪᠤᠷ᠎ᠲᠤ ᠪᠠᠢ᠌ᠭᠰᠠᠨ ᠺᠠᠳ᠋ᠷᠴᠤᠳ᠎ᠲᠤ ᠨᠢᠭᠡᠨ ᠠᠮᠢᠳᠤᠯᠢᠭ ᠪᠥᠭᠡᠳ ᠭᠦᠨ ᠭᠦᠨᠵᠡᠭᠡᠢ ᠴᠢᠬᠡᠴᠢ ᠵᠠᠰᠠᠭ᠎ᠤᠨ ᠬᠥᠮᠦᠵᠢᠯ᠎ᠤᠨ ᠬᠢᠴᠢᠶᠡᠯ ᠣᠷᠣᠵᠤ᠂ ᠺᠠᠳ᠋ᠷᠴᠤᠳ᠎ᠤᠨ ᠦᠵᠡᠯ ᠰᠠᠨᠠᠭ᠎ᠠ ᠪᠣᠯᠣᠨ ᠰᠦᠭ ᠰᠦᠨᠡᠰᠦ ᠵᠢ ᠲᠤᠢ᠌ᠯ᠎ᠤᠨ ᠶᠡᠬᠡ᠎ᠪᠠᠷ ᠭᠦᠨᠳᠡᠭᠰᠡᠨ ᠪᠠᠢ᠌ᠨ᠎ᠠ᠃ ᠤᠯᠠᠨ ᠵᠶ᠋ᠠᠷ ᠵᠶ᠋ᠠᠨ᠂ ᠬᠦᠰᠡᠯᠡᠩ ᠢᠲᠡᠭᠡᠯ ᠪᠢᠰᠢᠷᠡᠯ ᠵᠶ᠋ᠡᠨ ᠪᠠᠲᠤᠳᠬᠠᠵᠤ᠂ ᠰᠠᠬᠢᠯᠭ᠎ᠠ ᠪᠠᠲᠤ ᠶᠣᠰᠣ ᠳᠦᠷᠢᠮ᠎ᠢ ᠴᠢᠩᠭ᠎ᠠ ᠰᠠᠬᠢᠵᠤ᠂ ᠡᠷᠬᠡ ᠵᠢ ᠪᠢᠰᠢᠷᠡᠨ ᠵᠢᠷᠦᠬᠡᠰᠢᠶᠡᠬᠦ ᠰᠡᠳᠬᠢᠯᠭᠡ᠎ᠪᠠᠨ ᠴᠠᠭ ᠢᠮᠠᠭᠲᠠ ᠪᠠᠷᠢᠮᠲᠠᠯᠠᠵᠤ᠂ ᠡᠷᠬᠡ᠎ᠪᠠᠨ ᠴᠢᠩᠭ᠎ᠠ ᠬᠡᠷᠡᠭᠯᠡᠬᠦ᠂ ᠪᠡᠶ᠎ᠡ᠎ᠪᠠᠨ ᠴᠢᠩᠭ᠎ᠠ ᠵᠠᠰᠠᠬᠤ᠂ ᠪᠡᠶ᠎ᠡ᠎ᠪᠠᠨ ᠴᠢᠩᠭ᠎ᠠ ᠱᠠᠭ᠋ᠠᠷᠳᠠᠬᠤ ᠵᠢ ᠦᠨᠡᠨ ᠬᠦ᠌ ᠪᠡᠶᠡᠯᠡᠭᠦᠯᠬᠦ ᠬᠡᠷᠡᠭᠲᠡᠢ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃ ᠡᠭᠦᠨ᠎ᠤ ᠵᠡᠷᠭᠡᠴᠡᠭᠡᠪᠡᠷ᠂ ᠥᠪᠡᠷ᠎ᠢ᠎ᠪᠠᠨ ᠦᠨᠡᠨ ᠬᠦ᠌ ᠲᠠᠨᠢᠨ ᠣᠢ᠌ᠯᠠᠭ᠋ᠠᠵᠤ᠂ ᠬᠡᠷᠡᠭ ᠵᠶ᠋ᠡᠷ ᠲᠣᠯᠢ ᠪᠣᠯᠭ᠋ᠠᠨ᠂ ᠡᠰᠡᠷᠭᠦ ᠲᠠᠯ᠎ᠠ ᠵᠢᠨ ᠨᠡᠢ᠌ᠲᠡᠯᠢᠭ ᠵᠢᠱ᠌ᠢᠶ᠎ᠡ᠎ᠠᠴᠠ ᠬᠦᠨᠳᠦ ᠨᠣᠴᠢᠲᠠᠢ ᠰᠤᠷᠭ᠋ᠠᠮᠵᠢ ᠠᠪᠴᠤ᠂ ᠠᠷᠢᠭᠤᠨ ᠴᠢᠬᠡᠴᠢ᠎ᠪᠠᠷ ᠪᠡᠶ᠎ᠡ᠎ᠪᠠᠨ ᠪᠠᠷᠢᠬᠤ ᠰᠡᠷᠡᠮᠵᠢ ᠵᠢᠨ ᠳᠣᠬᠢᠶ᠎ᠠ ᠵᠢ ᠴᠠᠭ ᠢᠮᠠᠭᠲᠠ ᠳᠤᠤᠭ᠋ᠠᠷᠭ᠋ᠠᠵᠤ᠂ ᠦᠵᠡᠯ ᠰᠠᠨᠠᠭ᠋ᠠᠨ᠎ᠤ ᠲᠠᠯ᠎ᠠ᠎ᠪᠠᠷ ᠢᠯᠵᠢᠷᠡᠯ᠎ᠢ ᠡᠰᠡᠷᠭᠦᠴᠡᠨ ᠬᠤᠪᠢᠷᠠᠬᠤ ᠵᠢ ᠰᠡᠷᠭᠡᠢ᠌ᠯᠡᠬᠦ ᠪᠠᠲᠤ ᠪᠡᠬᠢ ᠰᠡᠷᠭᠡᠢ᠌ᠯᠡᠯᠲᠡ ᠵᠢᠨ ᠱᠤᠭᠤᠮ᠎ᠢ ᠪᠠᠲᠤ ᠴᠣᠭᠴᠠᠯᠠᠬᠤ ᠬᠡᠷᠡᠭᠲᠡᠶ ᠭᠡᠵᠡᠢ᠃
ᠭᠡᠷ᠎ᠲᠡᠭᠡᠨ ᠪᠠᠢ᠌ᠭ᠎ᠠ ᠲᠢᠩᠬᠢᠮ᠎ᠤᠨ ᠤᠳᠤᠷᠢᠳᠤᠯᠭ᠎ᠠ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠪᠦᠬᠦ ᠺᠠᠳ᠋ᠷ᠂ ᠲᠢᠩᠬᠢᠮ᠎ᠤᠨ ᠪᠠᠢ᠌ᠭᠤᠯᠭ᠎ᠠ ᠵᠢᠨ ᠪᠦᠬᠦ ᠺᠠᠳ᠋ᠷ᠂ ᠲᠢᠩᠬᠢᠮ᠎ᠤᠨ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠰᠠᠯᠠᠭ᠋ᠠᠨ᠎ᠤ ᠲᠡᠰ᠎ᠠᠴᠠ ᠳᠡᠭᠡᠭᠰᠢᠬᠢ 190 ᠭᠠᠷᠤᠢ ᠺᠠᠳ᠋ᠷ ᠰᠡᠷᠡᠮᠵᠢᠯᠡᠭᠦᠯᠬᠦ ᠬᠥᠮᠦᠵᠢᠯ᠎ᠳᠤ ᠣᠷᠣᠯᠴᠠᠪᠠ᠃