ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠬᠥᠬᠡᠬᠣᠲᠠ ᠵᠢᠨ ᠬᠤᠪᠢᠶᠠᠷᠢ ᠥᠷᠲᠡᠭᠡ ᠤᠷᠢᠳᠴᠢᠯᠠᠨ ᠲᠥᠯᠥᠪᠵᠢᠭᠦᠯᠵᠦ ᠡᠷᠲᠡ ᠪᠠᠢ᠌ᠷᠢᠯᠠᠭᠤᠯᠤᠨ ᠨᠠᠷᠢᠯᠢᠭ ᠣᠨᠣᠴᠠᠲᠠᠢ᠎ᠪᠠᠷ ᠬᠦᠴᠦᠯᠡᠨ ᠨᠠᠢ᠌ᠳᠠᠪᠤᠷᠢᠵᠢᠭᠤᠯᠤᠯᠲᠠ ᠵᠢ ᠠᠳᠬᠤᠵᠤ ᠪᠣᠢ
ᠨᠡᠶ᠋ᠢᠲᠡᠯᠡᠭᠰᠡᠨ ᠴᠠᠭ᠄ 2025-03-26

      2025 ᠣᠨ᠎ᠤ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ ᠲᠥᠷᠥᠯ ᠵᠦᠢ᠍ᠯ᠎ᠢ ᠥᠷᠭᠡᠳᠬᠡᠨ ᠬᠢᠨᠠᠨ ᠲᠣᠭᠲᠠᠭ᠋ᠠᠬᠤ ᠵᠢᠴᠢ ᠦᠨᠡᠮᠯᠡᠯ᠎ᠲᠠᠢ᠎ᠪᠠᠷ ᠠᠵᠢᠯ᠎ᠤᠨ ᠪᠠᠶ᠋ᠢᠷᠢ᠎ᠳᠤ ᠭᠠᠷᠬᠤ ᠵᠢ ᠬᠢᠨᠠᠨ ᠰᠢᠯᠭ᠋ᠠᠬᠤ ᠠᠵᠢᠯ᠎ᠢ ᠰᠠᠶ᠋ᠢᠲᠤᠷ ᠬᠢᠬᠦ ᠵᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠬᠥᠬᠡᠬᠣᠲᠠ ᠵᠢᠨ ᠬᠤᠪᠢᠶᠠᠷᠢ ᠥᠷᠲᠡᠭᠡ ᠵᠢᠨ ᠤᠳᠤᠷᠢᠳᠤᠯᠭ᠎ᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠨᠠᠷᠢᠨ ᠬᠢᠨᠠᠮᠠᠭ᠋ᠠᠢ ᠠᠷᠭ᠎ᠠ ᠰᠦᠪᠡᠭᠴᠢᠯᠡᠵᠦ᠂ 2 ᠰᠠᠷ᠎ᠠ ᠵᠢᠨ 27᠎ᠤ ᠡᠳᠦᠷ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ ᠵᠢᠴᠢ ᠦᠨᠡᠮᠯᠡᠯ᠎ᠲᠠᠢ᠎ᠪᠠᠷ ᠠᠵᠢᠯ᠎ᠤᠨ ᠪᠠᠶ᠋ᠢᠷᠢ᠎ᠳᠤ ᠭᠠᠷᠬᠤ ᠵᠢ ᠬᠢᠨᠠᠨ ᠰᠢᠯᠭ᠋ᠠᠬᠤ ᠠᠵᠢᠯ᠎ᠢ ᠠᠬᠢᠭᠤᠯᠬᠤ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠬᠤ ᠵᠢᠨ ᠬᠠᠮᠲᠤ ᠭᠤᠷᠪᠠᠨ ᠲᠠᠯ᠎ᠠ᠎ᠪᠠᠷ ᠡᠯ᠎ᠡ ᠵᠦᠢ᠍ᠯ᠎ᠤᠨ ᠪᠡᠯᠡᠳᠬᠡᠯ ᠠᠵᠢᠯ᠎ᠳᠤ ᠨᠢᠭᠡᠳᠦᠯᠲᠡᠢ ᠲᠣᠬᠢᠷᠠᠭᠤᠯᠤᠯᠲᠠ ᠬᠢᠪᠡ᠃
      ᠨᠢᠭᠡ᠎ᠳᠤ᠂ ᠤᠷᠢᠳᠴᠢᠯᠠᠨ ᠲᠥᠯᠥᠪᠵᠢᠭᠦᠯᠵᠦ ᠡᠷᠲᠡ ᠪᠠᠢ᠌ᠷᠢᠯᠠᠭᠤᠯᠤᠨ᠎ᠠ᠃ ᠡᠯ᠎ᠡ ᠰᠠᠯᠠᠭ᠎ᠠ ᠲᠠᠰᠤᠭ᠎ᠨᠢ ᠠᠵᠢᠯ᠎ᠤᠨ ᠪᠣᠳᠠᠲᠠᠢ ᠬᠡᠷᠡᠭᠴᠡᠭᠡ ᠱᠠᠭ᠋ᠠᠷᠳᠠᠯᠭ᠎ᠠ᠎ᠠᠴᠠ᠎ᠪᠠᠨ ᠡᠭᠦᠰᠴᠦ᠂ ᠣᠲᠣ ᠵᠢᠨ ᠪᠠᠢ᠌ᠭ᠎ᠠ ᠬᠢᠷᠢ ᠬᠡᠮ ᠵᠢᠴᠢ ᠠᠵᠢᠯᠲᠠᠨ᠎ᠤ ᠦᠨᠡᠮᠯᠡᠯ᠎ᠲᠠᠢ ᠪᠠᠶ᠋ᠢᠬᠤ ᠡᠰᠡᠬᠦ ᠪᠠᠶ᠋ᠢᠳᠠᠯ᠎ᠢ ᠪᠥᠬᠥ ᠲᠠᠯ᠎ᠠ᠎ᠪᠠᠷ ᠨᠠᠷᠢᠨ ᠨᠢᠮᠪᠠᠢ ᠪᠦᠷᠢᠳᠬᠡᠬᠦ ᠬᠡᠷᠡᠭᠲᠡᠶ᠃ ᠮᠡᠳᠡᠭᠦᠯᠬᠦ ᠪᠣᠯᠵᠣᠯᠲᠤ ᠲᠣᠭ᠎ᠠ᠂ ᠠᠷᠭ᠎ᠠ ᠵᠢ ᠡᠷᠲᠡᠬᠡᠨ ᠲᠣᠳᠣᠷᠬᠠᠢ᠌ᠯᠠᠵᠤ᠂ ᠬᠠᠮᠢᠶ᠎ᠠ ᠪᠦᠬᠦᠢ ᠦᠨᠡᠮᠯᠡᠯ᠎ᠲᠠᠢ ᠬᠥᠮᠥᠰ᠎ᠢ ᠲᠣᠭᠲᠠᠭ᠋ᠠᠨ᠂ ᠨᠢᠭᠡ ᠠᠵᠢᠯ᠎ᠤᠨ ᠪᠠᠶ᠋ᠢᠷᠢ᠎ᠳᠤ ᠬᠣᠣᠰ ᠦᠨᠡᠮᠯᠡᠯ᠎ᠲᠠᠢ ᠴᠢᠨᠠᠭᠰᠢᠯᠠᠪᠠᠯ ᠤᠯᠠᠨ ᠦᠨᠡᠮᠯᠡᠯ᠎ᠲᠠᠢ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠡᠭᠦᠨ᠎ᠤ ᠵᠡᠷᠭᠡ᠎ᠳᠤ᠂ ᠰᠢᠯᠭ᠋ᠠᠨ ᠪᠠᠲᠤᠯᠠᠬᠤ ᠠᠷᠭ᠎ᠠ ᠵᠢ ᠢᠳᠡᠪᠬᠢᠲᠡᠢ ᠪᠡᠯᠡᠳᠬᠡᠬᠦ ᠪᠠ ᠰᠢᠯᠭ᠋ᠠᠨ ᠬᠢᠨᠠᠬᠤ ᠮᠠᠲ᠋ᠧᠷᠢᠶᠠᠯ᠎ᠢ ᠥᠪᠡᠰᠦᠪᠡᠨ ᠮᠠᠭ᠋ᠠᠳᠯᠠᠨ ᠲᠣᠭᠲᠠᠭ᠋ᠠᠬᠤ ᠬᠡᠷᠡᠭᠲᠡᠶ᠃
      ᠬᠣᠶᠠᠷ᠎ᠲᠤ ᠵᠠᠩᠭᠢᠯᠠᠭ᠎ᠠ ᠵᠢᠨ ᠴᠡᠭ᠎ᠢ ᠨᠠᠷᠢᠯᠢᠭᠵᠢᠭᠤᠯᠵᠤ ᠠᠬᠢᠭᠤᠯᠤᠨ᠎ᠠ᠃ 《ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ ᠵᠢᠴᠢ ᠦᠨᠡᠮᠯᠡᠯ᠎ᠲᠠᠢ᠎ᠪᠠᠷ ᠠᠵᠢᠯ᠎ᠤᠨ ᠪᠠᠶ᠋ᠢᠷᠢ᠎ᠳᠤ ᠭᠠᠷᠬᠤ ᠠᠵᠢᠯ᠎ᠤᠨ ᠠᠬᠢᠴᠠ ᠵᠢᠨ ᠬᠦᠰᠦᠨᠦᠭᠲᠦ》 ᠵᠢ ᠨᠠᠢ᠌ᠷᠠᠭᠤᠯᠤᠨ ᠵᠣᠬᠢᠶᠠᠵᠤ᠂ ᠡᠯ᠎ᠡ ᠵᠦᠢ᠍ᠯ᠎ᠤᠨ ᠠᠵᠢᠯ᠎ᠢ ᠪᠡᠶᠡᠯᠡᠭᠦᠯᠬᠦ ᠴᠠᠭ ᠬᠤᠭᠤᠴᠠᠭ᠎ᠠ ᠵᠢᠨ ᠵᠠᠩᠭᠢᠯᠠᠭ᠎ᠠ ᠵᠢᠨ ᠴᠡᠭ᠎ᠢ ᠲᠣᠳᠣᠷᠬᠠᠢ᠌ᠯᠠᠵᠤ᠂ ᠲᠣᠰ ᠵᠢᠯ᠎ᠤᠨ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ ᠵᠢᠴᠢ ᠦᠨᠡᠮᠯᠡᠯ᠎ᠲᠠᠢ᠎ᠪᠠᠷ ᠠᠵᠢᠯ᠎ᠤᠨ ᠪᠠᠶ᠋ᠢᠷᠢ᠎ᠳᠤ ᠭᠠᠷᠬᠤ ᠠᠵᠢᠯ᠎ᠢ ᠯᠠᠪᠳᠠᠭᠤᠨ ᠪᠠᠲᠤᠲᠠᠢ ᠠᠬᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃
      ᠭᠤᠷᠪᠠ᠎ᠳᠤ᠂ ᠬᠠᠷᠢᠭᠤᠴᠠᠯᠭ᠎ᠠ ᠵᠢ ᠲᠣᠳᠣᠷᠬᠠᠢ᠌ᠯᠠᠵᠤ ᠨᠠᠢ᠌ᠳᠠᠪᠤᠷᠢᠵᠢᠭᠤᠯᠬᠤ ᠵᠢ ᠪᠠᠲᠤᠯᠠᠨ᠎ᠠ᠃ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ ᠪᠠ ᠦᠨᠡᠮᠯᠡᠯ᠎ᠲᠠᠢ᠎ᠪᠠᠷ ᠠᠵᠢᠯ᠎ᠤᠨ ᠪᠠᠶ᠋ᠢᠷᠢ᠎ᠳᠤ ᠭᠠᠷᠬᠤ ᠵᠢ ᠰᠢᠯᠭ᠋ᠠᠨ ᠬᠢᠨᠠᠬᠤ ᠲᠤᠰᠬᠠᠢ ᠠᠵᠢᠯ᠎ᠤᠨ ᠳᠤᠭᠤᠢ᠌ᠯᠠᠩ᠎ᠢ ᠪᠠᠢ᠌ᠭᠤᠯᠵᠤ᠂ ᠡᠯ᠎ᠡ ᠵᠦᠢ᠍ᠯ᠎ᠤᠨ ᠪᠡᠯᠡᠳᠬᠡᠯ ᠠᠵᠢᠯ᠎ᠤᠨ ᠪᠣᠳᠠᠲᠠᠢ ᠠᠭᠤᠯᠭ᠎ᠠ ᠵᠢ ᠲᠣᠳᠣᠷᠬᠠᠢ᠌ᠯᠠᠨ᠂ ᠡᠯ᠎ᠡ ᠰᠠᠯᠠᠭ᠎ᠠ ᠲᠠᠰᠤᠭ᠎ᠤᠨ ᠡᠭᠦᠷᠭᠡ ᠬᠠᠷᠢᠭᠤᠴᠠᠯᠭ᠎ᠠ ᠪᠠ ᠠᠵᠢᠯ᠎ᠤᠨ ᠬᠤᠪᠢᠶᠠᠷᠢᠯᠠᠯ᠎ᠢ ᠲᠣᠳᠣᠷᠬᠠᠢ᠌ᠯᠠᠵᠤ᠂ ᠡᠯ᠎ᠡ ᠵᠦᠢ᠍ᠯ᠎ᠤᠨ ᠪᠡᠯᠡᠳᠬᠡᠯ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠪᠣᠳᠠᠲᠠᠢ᠌ᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃
      ᠲᠠᠷᠠᠭ᠋ᠠᠴᠢ ᠵᠢᠨ ᠠᠯᠬᠤᠮ᠎ᠳᠤ᠂ ᠬᠥᠬᠡᠬᠣᠲᠠ ᠵᠢᠨ ᠬᠤᠪᠢᠶᠠᠷᠢ ᠥᠷᠲᠡᠭᠡ᠎ᠠᠴᠠ ᠲᠣᠰ ᠤᠳᠠᠭ᠋ᠠᠨ᠎ᠤ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ ᠵᠢᠴᠢ ᠦᠨᠡᠮᠯᠡᠯ᠎ᠲᠠᠢ᠎ᠪᠠᠷ ᠠᠵᠢᠯ᠎ᠤᠨ ᠪᠠᠶ᠋ᠢᠷᠢ᠎ᠳᠤ ᠭᠠᠷᠬᠤ ᠵᠢ ᠬᠢᠨᠠᠨ ᠰᠢᠯᠭ᠋ᠠᠬᠤ ᠠᠵᠢᠯ ᠵᠶ᠋ᠠᠷ ᠲᠣᠬᠢᠶᠠᠯ ᠪᠣᠯᠭ᠋ᠠᠵᠤ᠂ ᠬᠢᠨᠠᠨ ᠰᠢᠯᠭ᠋ᠠᠬᠤ ᠴᠢᠳᠠᠪᠤᠷᠢ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠢᠨᠠᠨ ᠰᠢᠯᠭ᠋ᠠᠬᠤ ᠠᠵᠢᠯᠯᠠᠭ᠎ᠠ᠎ᠪᠠᠨ ᠵᠢᠷᠤᠮᠵᠢᠭᠤᠯᠵᠤ᠂ ᠶᠠᠰᠤ ᠴᠢᠨᠠᠷ᠎ᠤᠨ ᠬᠠᠮᠢᠶᠠᠷᠤᠯᠲᠠ ᠵᠢᠨ ᠰᠢᠰᠲ᠋ᠧᠮᠵᠢ ᠵᠢᠨ ᠠᠵᠢᠯᠯᠠᠭ᠋ᠠᠨ᠎ᠢ ᠴᠢᠩᠭ᠋ᠠᠷᠠᠭᠤᠯᠤᠨ᠂ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠪᠥᠬᠥ ᠶᠠᠪᠤᠴᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢ ᠪᠣᠳᠠᠲᠠᠢ᠌ᠵᠢᠭᠤᠯᠵᠤ᠂ 2025 ᠣᠨ᠎ᠤ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ ᠪᠠ ᠦᠨᠡᠮᠯᠡᠯ᠎ᠲᠠᠢ᠎ᠪᠠᠷ ᠠᠵᠢᠯ᠎ᠤᠨ ᠪᠠᠶ᠋ᠢᠷᠢ᠎ᠳᠤ ᠭᠠᠷᠬᠤ ᠵᠢ ᠬᠢᠨᠠᠨ ᠰᠢᠯᠭ᠋ᠠᠬᠤ ᠠᠵᠢᠯ᠎ᠤᠨ ᠲᠡᠭᠦᠰ ᠠᠮᠵᠢᠯᠲᠠ᠎ᠲᠠᠢ ᠪᠡᠶᠡᠯᠡᠭᠳᠡᠬᠦ ᠵᠢ ᠦᠨᠡᠨ ᠬᠦ᠌ ᠪᠠᠲᠤᠯᠠᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠬᠥᠯᠥᠨ ᠪᠣᠢ᠌ᠷ ᠬᠣᠲᠠ ᠠᠵᠤ ᠠᠬᠤᠢ᠌ᠯᠠᠯ᠎ᠢ ᠲᠤᠰᠠᠯᠠᠬᠤ ᠠᠵᠢᠯᠯᠠᠭ᠎ᠠ ᠵᠢ ᠯᠠᠪᠳᠠᠭᠤᠨ ᠪᠠᠲᠤᠲᠠᠢ ᠠᠬᠢᠭᠤᠯᠵᠤ᠂ ᠤᠯᠠᠨ ᠠᠷᠭ᠎ᠠ ᠬᠡᠮᠵᠢᠶ᠎ᠡ᠎ᠪᠠᠷ ᠠᠵᠤ ᠠᠬᠤᠢ᠌ᠯᠠᠯ᠎ᠤᠨ ᠬᠥᠭᠵᠢᠯᠲᠡ᠎ᠳᠤ ᠬᠦᠴᠦᠨ ᠨᠡᠮᠡᠷᠢᠯᠡᠪᠡ
ᠪᠠᠶᠠᠨᠨᠠᠭᠤᠷ᠄ ᠠᠮᠢ ᠠᠬᠤᠢ ᠵᠢᠨ ᠪᠢᠷ ᠵᠶ᠋ᠡᠷ ᠬᠠᠷᠠᠭ᠎ᠠ ᠳᠦᠭᠦᠷᠡᠩ ᠬᠥᠬᠡᠮᠳᠦᠭ ᠨᠣᠭᠣᠭ᠋ᠠᠨ᠎ᠢ ᠵᠢᠷᠤᠭᠯᠠᠨ᠎ᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠰᠤᠷᠤᠯᠴᠠᠬᠤ ᠠᠩᠭᠢ ᠡᠷᠬᠢᠯᠡᠪᠡ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠳᠦᠷᠢᠮ (ᠲᠥᠰᠥᠯ)》᠎ᠤᠨ ᠬᠠᠤᠯᠢ ᠲᠣᠭᠲᠠᠭ᠋ᠠᠬᠤ ᠪᠠᠢ᠌ᠴᠠᠭ᠋ᠠᠨ ᠰᠤᠳᠤᠯᠤᠯᠲᠠ ᠥᠷᠨᠢᠭᠦᠯᠪᠡ
ᠭᠠᠯ ᠤᠨᠲᠠᠷᠠᠭ᠋ᠠᠬᠤ ᠪᠣᠯᠪᠠᠰᠤᠷᠠᠯ ᠵᠶ᠋ᠠᠷ ᠤᠬᠠᠮᠰᠠᠷ ᠵᠶ᠋ᠠᠨ ᠴᠢᠩᠭ᠋ᠠᠳᠬᠠᠵᠤ᠂ ᠪᠠᠴᠢᠮ ᠪᠠᠢ᠌ᠳᠠᠯ᠎ᠢ ᠠᠷᠭ᠋ᠠᠴᠠᠬᠤ ᠰᠣᠷᠢᠯᠲᠠ᠎ᠪᠠᠷ ᠰᠡᠷᠭᠡᠢ᠌ᠯᠡᠯᠲᠡ ᠵᠢᠨ ᠱᠤᠭᠤᠮ ᠪᠠᠢ᠌ᠭᠤᠯᠤᠨ᠎ᠠ — — ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠮ᠎ᠡ ᠬᠢᠭᠡᠳ ᠰᠠᠴᠤᠷᠠᠭ᠎ᠢ ᠬᠢᠨᠠᠨ ᠬᠡᠮᠵᠢᠬᠦ ᠲᠥᠪ ᠭᠠᠯ ᠤᠨᠲᠠᠷᠠᠭ᠋ᠠᠬᠤ ᠠᠮᠤᠷ ᠲᠦᠪᠰᠢᠨ᠎ᠤ ᠮᠡᠳᠡᠯᠭᠡ ᠵᠢᠨ ᠪᠣᠯᠪᠠᠰᠤᠷᠠᠯ ᠵᠢᠴᠢ ᠪᠠᠴᠢᠮ ᠪᠠᠢ᠌ᠳᠠᠯ᠎ᠢ ᠠᠷᠭ᠋ᠠᠴᠠᠬᠤ ᠰᠣᠷᠢᠯᠲᠠ ᠵᠢ ᠠᠮᠵᠢᠯᠲᠠ᠎ᠲᠠᠢ ᠡᠷᠭᠢᠯᠡᠪᠡ
 
             蒙ICP备05000248号