ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ 2024 ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-03-05

      2 ᠰᠠᠷ᠎ᠠ ᠵᠢᠨ 18᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ 2024 ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠬᠤᠷᠠᠯᠳᠤᠭᠤᠯᠵᠤ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠲᠢᠩᠬᠢᠮ᠎ᠤᠨ ᠳᠠᠷᠤᠭ᠎ᠠ ᠵᠣᠣ ᠱ᠌ᠢ ᠳ᠋ᠧ ᠬᠤᠷᠠᠯ᠎ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ᠎ᠤ ᠨᠢᠭᠡᠳᠦᠭᠡᠷ ᠬᠢᠨᠠᠨ ᠵᠢᠯᠤᠭᠣᠳᠬᠤ ᠳᠤᠭᠤᠢ᠌ᠯᠠᠩ᠎ᠤᠨ ᠳᠠᠷᠤᠭ᠎ᠠ ᠵᠢᠶᠠᠩ ᠶᠠᠨ ᠸᠧᠨ ᠨᠠᠷ ᠬᠤᠷᠠᠯ᠎ᠳᠤ ᠣᠷᠣᠯᠴᠠᠨ ᠵᠢᠭ᠋ᠠᠨ ᠵᠢᠯᠣᠭᠣᠳᠪᠠ᠃
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠳᠤᠷᠢᠳᠬᠤ ᠪᠠᠭ ᠲᠤᠰ ᠤᠳᠠᠭ᠎ᠠ ᠵᠢᠨ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠰᠠᠶ᠋ᠢᠲᠤᠷ ᠬᠤᠷᠠᠯᠳᠤᠭᠤᠯᠬᠤ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠪᠠ᠃ ᠬᠤᠷᠠᠯ᠎ᠠᠴᠠ ᠡᠮᠦᠨ᠎ᠡ᠂ ᠲᠤᠰᠬᠠᠢ᠌ᠯᠠᠨ ᠲᠥᠰᠥᠯ ᠲᠣᠭᠲᠠᠭ᠋ᠠᠵᠤ᠂ ᠰᠤᠷᠤᠯᠴᠠᠵᠤ ᠰᠤᠳᠤᠯᠤᠨ ᠶᠠᠷᠢᠯᠴᠠᠬᠤ᠂ ᠰᠠᠨᠠᠯ ᠬᠤᠷᠢᠶᠠᠬᠤ᠂ ᠰᠡᠳᠬᠢᠯ᠎ᠤᠨ ᠦᠭᠡ᠎ᠪᠠᠨ ᠬᠡᠯᠡᠯᠴᠡᠨ ᠶᠠᠷᠢᠯᠴᠠᠬᠤ᠂ ᠠᠰᠠᠭᠤᠳᠠᠯ᠎ᠢ ᠡᠷᠢᠵᠦ ᠳᠡᠯᠭᠡᠬᠦ᠂ ᠬᠠᠷᠢᠴᠠᠭᠤᠯᠤᠨ ᠪᠠᠢ᠌ᠴᠠᠭ᠋ᠠᠬᠤ ᠵᠡᠷᠭᠡ ᠪᠡᠯᠡᠳᠬᠡᠯ ᠠᠵᠢᠯ᠎ᠢ ᠨᠠᠷᠢᠨ ᠬᠢᠨᠠᠮᠠᠭ᠋ᠠᠢ ᠥᠷᠨᠢᠭᠦᠯᠵᠦ᠂ ᠠᠷᠠᠳᠴᠢᠯᠠᠭᠰᠠᠨ ᠠᠮᠢᠳᠤᠷᠠᠯ᠎ᠤᠨ ᠬᠤᠷᠠᠯ᠎ᠢ ᠰᠠᠶ᠋ᠢᠲᠤᠷ ᠬᠤᠷᠠᠯᠳᠤᠭᠤᠯᠬᠤ᠎ᠳᠤ ᠰᠠᠢ᠍ᠢ᠍ᠨ ᠰᠠᠭᠤᠷᠢ ᠵᠢ ᠲᠠᠯᠪᠢᠭᠰᠠᠨ ᠪᠠᠢ᠌ᠨ᠎ᠠ᠃
      ᠬᠤᠷᠠᠯ᠎ᠠᠴᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠲᠤᠰᠬᠠᠢ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠤᠨ ᠴᠡᠭᠴᠡᠯᠡᠨ ᠰᠠᠢ᠌ᠵᠢᠷᠠᠭᠤᠯᠤᠭᠰᠠᠨ ᠪᠠᠶ᠋ᠢᠳᠠᠯ ᠪᠣᠯᠣᠨ ᠲᠤᠰ ᠤᠳᠠᠭ᠎ᠠ ᠵᠢᠨ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠤᠨ ᠰᠠᠨᠠᠯ ᠬᠤᠷᠢᠶᠠᠭᠰᠠᠨ ᠪᠠᠶ᠋ᠢᠳᠠᠯ᠎ᠢ ᠵᠠᠷᠯᠠᠨ ᠮᠡᠳᠡᠭᠳᠡᠪᠡ᠃ ᠵᠣᠣ ᠱ᠌ᠢ ᠳ᠋ᠧ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠳᠤᠷᠢᠳᠬᠤ ᠪᠠᠭ᠎ᠢ ᠲᠥᠯᠥᠭᠡᠯᠡᠨ ᠬᠠᠷᠢᠴᠠᠭᠤᠯᠤᠨ ᠪᠠᠢ᠌ᠴᠠᠭ᠋ᠠᠭᠰᠠᠨ ᠪᠥᠭᠡᠳ ᠲᠦᠷᠦᠭᠦᠯᠡᠨ ᠬᠤᠪᠢ ᠬᠥᠮᠥᠨ ᠬᠠᠷᠢᠴᠠᠭᠤᠯᠤᠨ ᠪᠠᠢ᠌ᠴᠠᠭ᠋ᠠᠵᠤ᠂ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠤᠰᠤᠳ ᠪᠦᠷᠢᠯᠳᠦᠬᠦᠨ ᠨᠠᠷ ᠨᠢᠭᠡᠳ ᠨᠢᠭᠡ᠎ᠪᠠᠷ ᠬᠤᠪᠢ ᠬᠥᠮᠥᠨ ᠬᠠᠷᠢᠴᠠᠭᠤᠯᠤᠨ ᠪᠠᠢ᠌ᠴᠠᠭ᠋ᠠᠪᠠ᠃ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ ᠨᠢᠭᠡᠪᠦᠷᠢ ᠶᠠᠷᠢᠶ᠎ᠠ ᠲᠠᠯᠪᠢᠭᠰᠠᠨ᠎ᠤ ᠳᠠᠷᠠᠭ᠎ᠠ᠂ ᠪᠤᠰᠤᠳ ᠨᠥᠬᠥᠳ ᠲᠡᠰ ᠳᠠᠷᠠᠭ᠋ᠠᠯᠠᠯ ᠵᠶ᠋ᠠᠷ ᠵᠶ᠋ᠠᠨ ᠰᠢᠭᠦᠮᠵᠢᠯᠡᠭᠰᠡᠨ ᠰᠠᠨᠠᠯ ᠵᠶ᠋ᠠᠨ ᠳᠤᠷᠠᠳᠴᠠᠢ᠃ ᠤᠯᠠᠨ ᠵᠶ᠋ᠠᠷ ᠵᠶ᠋ᠠᠨ ᠶᠠᠷᠢᠶ᠎ᠠ ᠲᠠᠯᠪᠢᠬᠤ᠎ᠳᠠᠭᠠᠨ ᠬᠤᠷᠠᠯ᠎ᠤᠨ ᠭᠣᠣᠯ ᠰᠡᠳᠦᠪ᠎ᠲᠠᠢ ᠨᠢᠭᠲᠠ ᠤᠶᠠᠯᠳᠤᠭᠤᠯᠤᠨ᠂ ᠪᠣᠳᠠᠲᠤ ᠪᠠᠶ᠋ᠢᠳᠠᠯ᠎ᠲᠠᠢ ᠨᠢᠭᠲᠠ ᠤᠶᠠᠯᠳᠤᠭᠤᠯᠵᠤ᠂ ᠳᠥᠷᠪᠡᠨ ᠲᠠᠯ᠎ᠠ ᠵᠢᠨ ᠲᠣᠪᠣᠢ᠌ᠮ᠎ᠠ ᠠᠰᠠᠭᠤᠳᠠᠯ ᠪᠠ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠡᠷᠭᠡ ᠠᠭᠤᠯᠭ᠎ᠠ ᠵᠢᠨ ᠲᠣᠭᠣᠷᠢᠨ᠎ᠳᠤ ᠭᠦᠨᠵᠡᠭᠡᠢ ᠪᠠᠢ᠌ᠴᠠᠭ᠋ᠠᠨ ᠳᠡᠯᠭᠡᠵᠦ᠂ ᠦᠨᠳᠦᠰᠦ ᠰᠤᠷᠪᠤᠯᠵᠢ ᠵᠢ᠎ᠨᠢ ᠭᠦᠨᠵᠡᠭᠡᠢ ᠵᠠᠳᠠᠯᠵᠤ᠂ ᠴᠢᠷᠮᠠᠢ᠌ᠬᠤ ᠴᠢᠭᠯᠡᠯ ᠪᠠ ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ ᠵᠢ ᠬᠠᠨᠳᠤᠯᠭ᠋ᠠᠲᠤ ᠴᠢᠨᠠᠷᠲᠠᠢ᠎ᠪᠠᠷ ᠳᠤᠷᠠᠳᠤᠨ ᠭᠠᠷᠭ᠋ᠠᠪᠠ᠃
      ᠵᠢᠶᠠᠩ ᠶᠠᠨ ᠸᠸᠨ ᠲᠤᠰ ᠤᠳᠠᠭ᠋ᠠᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠭᠦᠢ᠍ᠴᠡᠳ ᠨᠤᠲᠠᠯᠠᠭᠰᠠᠨ ᠪᠥᠭᠡᠳ ᠣᠷᠣᠰᠢᠵᠤ ᠪᠠᠢ᠌ᠭ᠎ᠠ ᠬᠦᠷᠦᠯᠴᠡᠬᠦ ᠦᠭᠡᠢ ᠲᠠᠯ᠎ᠠ᠎ᠳᠤ ᠴᠢᠭᠯᠡᠭᠦᠯᠦᠨ᠂ ᠲᠥᠪ ᠭᠣᠣᠯᠴᠢ ᠰᠠᠨᠠᠯ ᠳᠤᠷᠠᠳᠴᠤ᠂ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠦᠨ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠦᠷᠭᠦᠯᠵᠢᠯᠡᠨ ᠴᠡᠭᠴᠡᠯᠡᠨ ᠥᠭᠡᠷᠡᠴᠢᠯᠡᠬᠦ ᠠᠵᠢᠯ᠎ᠢ ᠰᠠᠶ᠋ᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠵᠠᠢ᠃
      ᠬᠤᠷᠠᠯ᠎ᠠᠴᠠ᠂ ᠤᠯᠠᠨ ᠵᠶ᠋ᠠᠷ ᠵᠶ᠋ᠠᠨ ᠲᠥᠪ ᠴᠢᠩᠭ᠎ᠠ ᠨᠠᠷᠢᠨ ᠬᠢᠨᠠᠮᠠᠭ᠋ᠠᠢ ᠰᠢᠭᠦᠮᠵᠢᠯᠡᠯ ᠪᠠ ᠥᠪᠡᠷ᠎ᠤᠨ ᠰᠢᠭᠦᠮᠵᠢᠯᠡᠯ᠎ᠤᠨ ᠳᠤᠮᠳᠠ ᠦᠵᠡᠯ ᠰᠠᠨᠠᠭ᠎ᠠ᠎ᠪᠠᠨ ᠰᠣᠯᠢᠯᠴᠠᠵᠤ᠂ ᠠᠰᠠᠭᠤᠳᠠᠯ᠎ᠢ ᠪᠠᠢ᠌ᠴᠠᠭ᠋ᠠᠨ ᠦᠵᠡᠵᠦ᠂ ᠴᠢᠭᠯᠡᠯ ᠵᠶ᠋ᠡᠨ ᠲᠣᠳᠣᠷᠬᠠᠢ᠌ᠯᠠᠵᠤ᠂ ᠦᠵᠡᠯ ᠰᠠᠨᠠᠭ᠎ᠠ᠎ᠪᠠᠨ ᠨᠢᠭᠡᠳᠬᠡᠬᠦ᠂ ᠲᠠᠨᠢᠯᠲᠠ᠎ᠪᠠᠨ ᠭᠦᠨᠵᠡᠭᠡᠢ᠌ᠷᠡᠭᠦᠯᠬᠦ᠂ ᠪᠦᠯᠬᠦᠮᠳᠡᠯ ᠵᠶ᠋ᠡᠨ ᠴᠢᠩᠭ᠋ᠠᠳᠬᠠᠬᠤ᠂ ᠬᠠᠮᠲᠤ᠎ᠪᠠᠷ ᠳᠡᠭᠡᠭᠰᠢᠯᠡᠭᠦᠯᠬᠦ ᠵᠣᠷᠢᠯᠭ᠎ᠠ᠎ᠳᠠᠭᠠᠨ ᠬᠦᠷᠴᠡᠢ ᠭᠡᠵᠦ ᠵᠢᠭ᠋ᠠᠵᠤ ᠭᠠᠷᠭ᠋ᠠᠪᠠ᠃
      ᠬᠤᠷᠠᠯ᠎ᠠᠴᠠ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠳᠤᠷᠢᠳᠬᠤ ᠪᠠᠭ ᠤᠨᠤᠯ ᠵᠶ᠋ᠠᠷ ᠵᠡᠪᠰᠡᠭᠯᠡᠬᠦ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠲᠤᠭ ᠲᠡᠮᠳᠡᠭ ᠲᠣᠳᠣᠷᠬᠠᠢ᠎ᠪᠠᠷ ᠤᠯᠤᠰ ᠲᠥᠷᠥ ᠵᠢ ᠡᠷᠬᠢᠮᠯᠡᠵᠦ᠂ 《ᠬᠣᠶᠠᠷ᠎ᠢ ᠲᠣᠭᠲᠠᠭ᠋ᠠᠬᠤ》 ᠵᠢᠨ ᠰᠢᠢ᠍ᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠢ᠌ᠯᠠᠭ᠋ᠠᠵᠤ᠂ 《ᠳᠥᠷᠪᠡᠨ ᠤᠬᠠᠮᠰᠠᠷ》 ᠵᠢᠨᠨ ᠴᠢᠩᠭ᠋ᠠᠳᠬᠠᠵᠤ᠂ 《ᠳᠥᠷᠪᠡᠨ ᠢᠲᠡᠭᠡᠯ》 ᠵᠢᠨᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠬᠦ ᠬᠡᠷᠡᠭᠲᠡᠢ᠃ ᠬᠠᠷᠢᠭᠤᠴᠠᠯᠭ᠎ᠠ ᠵᠢᠨ ᠤᠬᠠᠮᠰᠠᠷ ᠵᠶ᠋ᠠᠨ ᠦᠷᠭᠦᠯᠵᠢᠯᠡᠨ ᠴᠢᠩᠭ᠋ᠠᠳᠬᠠᠵᠤ᠂ ᠴᠡᠭᠴᠡᠯᠡᠨ ᠰᠠᠢ᠌ᠵᠢᠷᠠᠭᠤᠯᠬᠤ ᠵᠢ ᠴᠢᠩᠭ᠎ᠠ ᠪᠣᠳᠠᠲᠠᠢ ᠠᠳᠬᠤᠵᠤ᠂ 《ᠣᠳᠣᠬᠠᠨ᠎ᠳᠤ ᠥᠭᠡᠷᠡᠴᠢᠯᠡᠬᠦ》 ᠪᠠ 《ᠤᠷᠳᠤ ᠬᠤᠭᠤᠴᠠᠭ᠎ᠠ᠎ᠪᠠᠷ ᠲᠣᠭᠲᠠᠭ᠋ᠠᠬᠤ》 ᠵᠢ ᠤᠶᠠᠯᠳᠤᠭᠤᠯᠬᠤ ᠵᠢ ᠪᠠᠷᠢᠮᠲᠠᠯᠠᠵᠤ᠂ ᠬᠠᠮᠢᠶ᠎ᠠ ᠪᠦᠬᠦᠢ ᠳᠦᠷᠢᠮ ᠲᠣᠭᠲᠠᠭ᠋ᠠᠯ᠎ᠢ ᠴᠠᠭ ᠲᠤᠬᠠᠢ᠎ᠳᠤᠨᠢ ᠪᠠᠢ᠌ᠭᠤᠯᠤᠨ ᠪᠦᠷᠢᠨᠰᠢᠭᠦᠯᠵᠦ᠂ ᠴᠡᠭᠴᠡᠯᠡᠨ ᠰᠠᠢ᠌ᠵᠢᠷᠠᠭᠤᠯᠬᠤ ᠵᠢ ᠨᠠᠢ᠌ᠳᠠᠪᠤᠷᠢᠵᠢᠭᠤᠯᠤᠭᠰᠠᠨ ᠦᠷ᠎ᠡ ᠪᠦᠲᠦᠮᠵᠢ ᠵᠢ ᠪᠠᠲᠤᠳᠬᠠᠨ ᠪᠠᠷᠢᠮᠲᠠᠯᠠᠬᠤ ᠬᠡᠷᠡᠭᠲᠡᠢ᠃ ᠴᠢᠳᠠᠪᠤᠷᠢ ᠵᠢᠨ ᠬᠡᠪ ᠪᠣᠯᠪᠠᠰᠤᠷᠠᠯ ᠵᠶ᠋ᠠᠨ ᠦᠷᠭᠦᠯᠵᠢᠯᠡᠨ ᠳᠡᠭᠡᠭᠰᠢᠯᠡᠭᠦᠯᠵᠦ᠂ ᠰᠡᠳᠬᠢᠯ ᠵᠶ᠋ᠡᠨ ᠨᠢᠭᠡᠳᠬᠡᠨ ᠬᠦᠴᠦ᠎ᠪᠠᠨ ᠬᠠᠮᠲᠤᠳᠬᠠᠵᠤ ᠬᠥᠭᠵᠢᠯᠲᠡ ᠵᠢ ᠠᠬᠢᠭᠤᠯᠵᠤ᠂ ᠠᠩᠬᠠᠷᠤᠯ ᠵᠶ᠋ᠠᠨ ᠲᠥᠪᠯᠡᠷᠡᠭᠦᠯᠦᠨ ᠬᠦᠴᠦ᠎ᠪᠠᠨ ᠬᠠᠮᠲᠤᠳᠬᠠᠵᠤ ᠬᠣᠶᠠᠷ ᠶᠡᠬᠡ ᠶᠠᠪᠤᠳᠠᠯ᠎ᠢ ᠰᠠᠶ᠋ᠢᠲᠤᠷ ᠬᠢᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ ᠡᠨᠡ ᠬᠦ᠌ ᠴᠢᠬᠤᠯᠠ ᠶᠡᠬᠡ ᠤᠯᠤᠰ ᠲᠥᠷᠥ ᠵᠢᠨ ᠬᠠᠷᠢᠭᠤᠴᠠᠯᠭ᠎ᠠ᠎ᠪᠠᠨ ᠡᠷᠡᠰ ᠰᠠᠶ᠋ᠢᠲᠤᠷ ᠭᠦᠢ᠍ᠴᠡᠳᠬᠡᠵᠦ᠂ 《ᠵᠢᠷᠭᠤᠭ᠋ᠠᠨ ᠢᠨᠵᠧᠨᠧᠷᠢᠩ》᠎ᠢ ᠶᠡᠬᠡᠪᠡᠷ ᠠᠬᠢᠭᠤᠯᠬᠤ᠂ 《ᠵᠢᠷᠭᠤᠭ᠋ᠠᠨ ᠠᠵᠢᠯᠯᠠᠭ᠎ᠠ》 ᠵᠢ ᠯᠠᠪᠳᠠᠭᠤᠨ ᠪᠠᠲᠤᠲᠠᠢ ᠥᠷᠨᠢᠭᠦᠯᠬᠦ ᠳᠤᠮᠳᠠ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠰᠢᠨ᠎ᠡ ᠪᠠᠶ᠋ᠢᠳᠠᠯ᠎ᠢ ᠴᠢᠷᠮᠠᠢ᠌ᠨ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠬᠥᠬᠡᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠯᠧᠢ ᠹᠧᠩ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠠᠵᠤ ᠠᠬᠤᠢ᠌ᠯᠠᠯ᠎ᠤᠨ ᠬᠥᠭᠵᠢᠯᠲᠡ᠎ᠳᠤ ᠬᠦᠴᠦᠨ ᠨᠡᠮᠡᠷᠢᠯᠡᠪᠡ
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠬᠥᠬᠡᠬᠣᠲᠠ ᠵᠢᠨ ᠬᠤᠪᠢᠶᠠᠷᠢ ᠥᠷᠲᠡᠭᠡ ᠤᠷᠢᠳᠴᠢᠯᠠᠨ ᠲᠥᠯᠥᠪᠵᠢᠭᠦᠯᠵᠦ ᠡᠷᠲᠡ ᠪᠠᠢ᠌ᠷᠢᠯᠠᠭᠤᠯᠤᠨ ᠨᠠᠷᠢᠯᠢᠭ ᠣᠨᠣᠴᠠᠲᠠᠢ᠎ᠪᠠᠷ ᠬᠦᠴᠦᠯᠡᠨ ᠨᠠᠢ᠌ᠳᠠᠪᠤᠷᠢᠵᠢᠭᠤᠯᠤᠯᠲᠠ ᠵᠢ ᠠᠳᠬᠤᠵᠤ ᠪᠣᠢ
ᠬᠥᠯᠥᠨ ᠪᠣᠢ᠌ᠷ ᠬᠣᠲᠠ ᠠᠵᠤ ᠠᠬᠤᠢ᠌ᠯᠠᠯ᠎ᠢ ᠲᠤᠰᠠᠯᠠᠬᠤ ᠠᠵᠢᠯᠯᠠᠭ᠎ᠠ ᠵᠢ ᠯᠠᠪᠳᠠᠭᠤᠨ ᠪᠠᠲᠤᠲᠠᠢ ᠠᠬᠢᠭᠤᠯᠵᠤ᠂ ᠤᠯᠠᠨ ᠠᠷᠭ᠎ᠠ ᠬᠡᠮᠵᠢᠶ᠎ᠡ᠎ᠪᠠᠷ ᠠᠵᠤ ᠠᠬᠤᠢ᠌ᠯᠠᠯ᠎ᠤᠨ ᠬᠥᠭᠵᠢᠯᠲᠡ᠎ᠳᠤ ᠬᠦᠴᠦᠨ ᠨᠡᠮᠡᠷᠢᠯᠡᠪᠡ
ᠪᠠᠶᠠᠨᠨᠠᠭᠤᠷ᠄ ᠠᠮᠢ ᠠᠬᠤᠢ ᠵᠢᠨ ᠪᠢᠷ ᠵᠶ᠋ᠡᠷ ᠬᠠᠷᠠᠭ᠎ᠠ ᠳᠦᠭᠦᠷᠡᠩ ᠬᠥᠬᠡᠮᠳᠦᠭ ᠨᠣᠭᠣᠭ᠋ᠠᠨ᠎ᠢ ᠵᠢᠷᠤᠭᠯᠠᠨ᠎ᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠰᠤᠷᠤᠯᠴᠠᠬᠤ ᠠᠩᠭᠢ ᠡᠷᠬᠢᠯᠡᠪᠡ
 
             蒙ICP备05000248号