ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠮᠣᠩᠭᠣᠯ ᠬᠡᠯᠡ ᠰᠣᠷᠣᠶ᠎ᠠ
ᠪᠣᠬᠢᠷᠳᠠᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠰᠤᠷᠤᠯᠴᠠᠬᠤ ᠠᠩᠭᠢ ᠡᠷᠬᠢᠯᠡᠪᠡ
ᠨᠡᠶ᠋ᠢᠲᠡᠯᠡᠭᠰᠡᠨ ᠴᠠᠭ᠄ 2025-04-17

      3 ᠰᠠᠷ᠎ᠠ ᠵᠢᠨ 27᠎ᠤ ᠡᠳᠦᠷ᠎ᠤᠨ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠰᠤᠷᠤᠯᠴᠠᠬᠤ ᠠᠩᠭᠢ ᠬᠢᠴᠢᠶᠡᠯ ᠡᠬᠢᠯᠡᠵᠦ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠴᠢ ᠹᠧᠢ ᠶᠦᠨ ᠬᠤᠷᠠᠯ᠎ᠢ ᠡᠷᠭᠢᠯᠡᠪᠡ᠃
      ᠲᠣᠰ ᠤᠳᠠᠭ᠋ᠠᠨ᠎ᠤ ᠰᠤᠷᠤᠯᠴᠠᠬᠤ ᠠᠩᠭᠢ᠎ᠨᠢ ᠬᠣᠶᠠᠷ ᠡᠳᠦᠷ᠎ᠤᠨ ᠬᠤᠭᠤᠴᠠᠭ᠎ᠠ᠎ᠲᠠᠢ ᠶᠠᠪᠤᠭᠳᠠᠵᠤ᠂ ᠲᠤᠰᠬᠠᠢ ᠰᠡᠳᠦᠪ ᠵᠶ᠋ᠡᠷ ᠬᠠᠪᠰᠤᠷᠤᠨ ᠵᠢᠯᠤᠭᠣᠳᠬᠤ᠂ ᠲᠥᠪᠯᠡᠷᠡᠭᠦᠯᠦᠨ ᠰᠤᠷᠤᠯᠴᠠᠬᠤ᠂ ᠰᠤᠳᠤᠯᠤᠨ ᠶᠠᠷᠢᠯᠴᠠᠵᠤ ᠰᠣᠯᠢᠯᠴᠠᠬᠤ ᠵᠡᠷᠭᠡ ᠠᠷᠭ᠎ᠠ ᠮᠠᠶᠢᠭ ᠵᠶ᠋ᠠᠷ ᠶᠠᠪᠤᠭᠳᠠᠬᠤ ᠪᠣᠯᠣᠨ᠎ᠠ᠃
      ᠬᠤᠷᠠᠯ᠎ᠠᠴᠠ᠂ ᠲᠢᠩᠬᠢᠮ᠎ᠤᠨ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ᠎ᠤᠨ ᠮᠡᠳᠡᠭᠳᠡᠯ᠎ᠤᠨ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠦᠵᠡᠯ ᠰᠠᠨᠠᠭ᠎ᠠ ᠪᠣᠯᠣᠨ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠣᠬᠢᠷᠠᠭᠤᠯᠤᠯᠲᠠ ᠶᠣᠰᠣᠭ᠋ᠠᠷ᠂ ᠰᠤᠷᠤᠯᠴᠠᠯᠭ᠎ᠠ ᠬᠥᠮᠦᠵᠢᠯ᠎ᠤᠨ ᠭᠦᠨᠵᠡᠭᠡᠢ᠌ᠷᠡᠨ ᠪᠣᠳᠠᠲᠠᠢ᠌ᠵᠢᠬᠤ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠬᠤᠷᠠᠯ᠎ᠠᠴᠠ᠂ ᠤᠯᠤᠰ ᠲᠦᠷᠦ᠎ᠪᠠᠷ ᠬᠥᠲᠥᠯᠥᠨ ᠳᠠᠭ᠋ᠠᠭᠤᠯᠬᠤ ᠵᠢ ᠴᠢᠩᠭ᠋ᠠᠳᠬᠠᠵᠤ᠂ ᠦᠵᠡᠯ ᠰᠠᠨᠠᠭ᠋ᠠᠨ᠎ᠤ ᠰᠠᠭᠤᠷᠢ ᠵᠢ ᠪᠡᠬᠢᠵᠢᠭᠦᠯᠬᠦ ᠬᠡᠷᠡᠭᠲᠡᠢ᠃ 《ᠰᠢ ᠵᠢᠨ ᠫᠢᠩ᠎ᠤᠨ ᠨᠠᠮ᠎ᠤᠨ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠥᠭᠦᠯᠡᠯᠲᠡ ᠵᠢᠨ ᠲᠡᠭᠦᠪᠦᠷᠢ》 ᠵᠢᠨ ᠤᠭ ᠵᠣᠬᠢᠶᠠᠯ᠎ᠤᠨ ᠤᠭ ᠶᠣᠰᠣ ᠵᠢ ᠣᠨᠣᠪᠴᠢᠲᠠᠢ ᠡᠵᠡᠮᠰᠢᠵᠦ᠂ ᠭᠣᠣᠯ ᠴᠢᠮᠦᠭᠡ ᠴᠢᠬᠤᠯᠠ ᠠᠭᠤᠯᠭ᠎ᠠ ᠵᠢ ᠭᠦᠨᠵᠡᠭᠡᠢ ᠣᠢ᠌ᠯᠠᠭ᠋ᠠᠨ᠂ ᠦᠨᠡᠨ ᠬᠦ᠌ ᠰᠤᠷᠤᠯᠴᠠᠨ ᠣᠢ᠌ᠯᠠᠭ᠋ᠠᠵᠤ ᠨᠡᠪᠲᠡᠷᠡᠲᠡᠯ᠎ᠡ ᠣᠢ᠌ᠯᠠᠭ᠋ᠠᠵᠤ ᠪᠣᠳᠠᠲᠠᠢ᠌ᠵᠢᠭᠤᠯᠬᠤ᠂ ᠲᠠᠷᠢᠬᠢᠨ᠎ᠳᠠᠭᠠᠨ ᠬᠠᠳᠠᠩᠰᠢᠭᠤᠯᠵᠤ ᠰᠡᠳᠬᠢᠯ᠎ᠳᠡᠭᠡᠨ ᠬᠠᠳᠠᠩᠰᠢᠭᠤᠯᠵᠤ ᠠᠵᠢᠯᠯᠠᠭ᠎ᠠ᠎ᠳᠠᠭᠠᠨ ᠬᠠᠳᠠᠩᠰᠢᠭᠤᠯᠬᠤ ᠵᠢ ᠪᠡᠶᠡᠯᠡᠭᠦᠯᠬᠦ ᠬᠡᠷᠡᠭᠲᠡᠢ᠃ ᠠᠵᠢᠯ᠎ᠤᠨ ᠱᠠᠭ᠋ᠠᠷᠳᠠᠯᠭ᠎ᠠ ᠵᠢ ᠡᠵᠡᠮᠳᠡᠵᠦ᠂ ᠰᠤᠷᠤᠯᠴᠠᠬᠤ ᠪᠠᠢ᠌ᠴᠠᠭ᠋ᠠᠬᠤ ᠥᠭᠡᠷᠡᠴᠢᠯᠡᠬᠦ ᠵᠢ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ᠃ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠴᠢᠩᠭ᠋ᠠᠳᠬᠠᠵᠤ᠂ ᠰᠤᠷᠤᠯᠴᠠᠯᠭ᠎ᠠ ᠬᠥᠮᠦᠵᠢᠯ ᠵᠶ᠋ᠡᠷ ᠬᠥᠭᠵᠢᠯᠲᠡ ᠵᠢᠨ ᠬᠦᠴᠢᠷ ᠠᠰᠠᠭᠤᠳᠠᠯ᠎ᠢ ᠰᠢᠢ᠍ᠳᠪᠦᠷᠢᠯᠡᠵᠦ᠂ ᠰᠤᠷᠤᠯᠴᠠᠬᠤ ᠵᠢᠨ ᠳᠠᠭ᠋ᠠᠤ ᠬᠠᠷᠢᠴᠠᠭᠤᠯᠬᠤ᠂ ᠪᠠᠢ᠌ᠴᠠᠭ᠋ᠠᠬᠤ ᠵᠢᠨ ᠳᠠᠭ᠋ᠠᠤ ᠴᠡᠭᠴᠡᠯᠡᠨ ᠰᠠᠢ᠌ᠵᠢᠷᠠᠭᠤᠯᠬᠤ ᠵᠢ ᠪᠠᠷᠢᠮᠲᠠᠯᠠᠬᠤ ᠬᠡᠷᠡᠭᠲᠡᠢ᠃ ᠠᠷᠠᠳ ᠲᠦᠮᠡᠨ ᠵᠶ᠋ᠡᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠡᠷᠡᠰ ᠦᠢ᠍ᠯᠡᠳᠦᠯᠭᠡᠵᠢᠭᠦᠯᠵᠦ᠂ ᠨᠡᠭᠡᠭᠡᠯᠲᠡᠲᠤ ᠬᠥᠮᠦᠵᠢᠯ᠎ᠢ ᠪᠠᠷᠢᠮᠲᠠᠯᠠᠵᠤ᠂ ᠤᠯᠠᠨ ᠲᠦᠮᠡᠨ᠎ᠤ ᠬᠢᠨᠠᠯᠲᠠ ᠵᠢ ᠤᠬᠠᠮᠰᠠᠷ᠎ᠠᠴᠠ᠎ᠪᠠᠨ ᠬᠦᠯᠢᠶᠡᠬᠦ ᠬᠡᠷᠡᠭᠲᠡᠢ᠃ ᠨᠢᠭᠡᠳᠦᠯᠲᠡᠢ ᠲᠥᠯᠥᠪᠯᠡᠵᠦ ᠨᠡᠢ᠍ᠢ᠍ᠲᠡ᠎ᠳᠤᠨᠢ ᠬᠠᠷᠠᠭ᠋ᠠᠯᠵᠠᠬᠤ ᠵᠢ ᠴᠢᠬᠤᠯᠠᠴᠢᠯᠠᠵᠤ᠂ ᠠᠵᠢᠯ᠎ᠤᠨ ᠪᠣᠳᠠᠲᠤ ᠦᠷ᠎ᠡ ᠪᠦᠲᠦᠮᠵᠢ ᠵᠢ ᠨᠡᠮᠡᠭᠳᠡᠭᠦᠯᠬᠦ ᠬᠡᠷᠡᠭᠲᠡᠢ᠃ ᠰᠤᠷᠤᠯᠴᠠᠯᠭ᠎ᠠ ᠬᠥᠮᠦᠵᠢᠯ ᠥᠷᠨᠢᠭᠦᠯᠬᠦ ᠵᠢ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ᠎ᠲᠠᠢ ᠤᠶᠠᠯᠳᠤᠭᠤᠯᠵᠤ᠂ ᠨᠢᠭᠡᠨ ᠭᠣᠣᠯ ᠰᠢᠵᠢᠮ᠎ᠢ ᠲᠤᠭᠤᠰᠢᠯᠠᠭᠤᠯᠵᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠵᠦ᠂ 《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠂ 《ᠵᠢᠷᠭᠤᠭ᠋ᠠᠨ ᠢᠨᠵᠧᠨᠧᠷᠢᠩ》᠎ᠢ ᠬᠡᠷᠡᠭᠵᠢᠭᠦᠯᠵᠦ᠂ 《ᠵᠢᠷᠭᠤᠭ᠋ᠠᠨ ᠠᠵᠢᠯᠯᠠᠭ᠎ᠠ》 ᠵᠢ ᠥᠷᠨᠢᠭᠦᠯᠬᠦ᠎ᠲᠠᠢ ᠤᠶᠠᠯᠳᠤᠭᠤᠯᠵᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠨᠠᠭᠤᠷ ᠡᠪᠡᠰᠦ ᠡᠯᠡᠰᠦ ᠵᠢ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠵᠢ ᠨᠢᠭᠡᠳᠦᠯᠲᠡᠢ ᠲᠥᠯᠥᠪᠵᠢᠭᠦᠯᠵᠦ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢ ᠥᠨᠳᠥᠷ ᠪᠠᠷᠢᠮᠵᠢᠶ᠎ᠠ᠎ᠪᠠᠷ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠡᠷᠡᠰ ᠪᠠᠲᠤ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠰᠤᠷᠤᠯᠴᠠᠬᠤ ᠠᠩᠭᠢ᠎ᠳᠤ ᠥᠪᠥᠷ ᠮᠣᠩᠭᠣᠯ᠎ᠤᠨ ᠨᠠᠮ᠎ᠤᠨ ᠰᠤᠷᠭ᠋ᠠᠭᠤᠯᠢ ᠵᠢᠨ ᠬᠠᠤᠯᠢ ᠵᠢᠨ ᠤᠬᠠᠭ᠋ᠠᠨ᠎ᠤ ᠵᠢᠭ᠋ᠠᠨ ᠰᠤᠳᠤᠯᠬᠤ ᠬᠡᠯᠲᠡᠰ᠎ᠤᠨ ᠳᠡᠳ᠋ ᠫᠷᠤᠹᠸᠰᠰᠤᠷ ᠵᠠᠩ ᠯᠧᠢ 《ᠲᠥᠪ ᠬᠣᠷᠢᠶᠠᠨ᠎ᠤ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠶ᠎ᠠ — ᠨᠠᠮ᠎ᠤᠨ ᠰᠤᠷᠲᠠᠯ᠎ᠤᠨ ᠪᠠᠢ᠌ᠭᠤᠯᠤᠯᠲᠠ ᠵᠢᠨ ᠲᠡᠦᠬᠡᠨ ᠯᠣᠭᠢᠭ᠂ ᠣᠨᠣᠯ᠎ᠤᠨ ᠯᠣᠭᠢᠭ ᠪᠠ ᠦᠢ᠍ᠯᠡᠳᠦᠯᠭᠡ ᠵᠢᠨ ᠯᠣᠭᠢᠭ》 ᠭᠡᠬᠦ ᠲᠤᠰᠬᠠᠢ ᠰᠡᠳᠦᠪ ᠵᠶ᠋ᠡᠷ ᠬᠠᠪᠰᠤᠷᠤᠨ ᠵᠢᠯᠣᠭᠣᠳᠪᠠ᠃
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠭᠡᠷ᠎ᠲᠡᠭᠡᠨ ᠪᠠᠢ᠌ᠭ᠎ᠠ ᠲᠢᠩᠬᠢᠮ᠎ᠤᠨ ᠤᠳᠤᠷᠢᠳᠤᠯᠭ᠎ᠠ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠂ ᠪᠠᠢ᠌ᠭᠤᠯᠭ᠎ᠠ ᠵᠢᠨ ᠪᠦᠬᠦ ᠺᠠᠳ᠋ᠷ᠂ ᠲᠢᠩᠬᠢᠮ᠎ᠤᠨ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠰᠠᠯᠠᠭ᠎ᠠ ᠵᠢᠨ ᠲᠡᠰ᠎ᠠᠴᠠ ᠳᠡᠭᠡᠭᠰᠢᠬᠢ ᠺᠠᠳ᠋ᠷ ᠨᠠᠷ ᠰᠤᠷᠤᠯᠴᠠᠬᠤ ᠠᠩᠭᠢ᠎ᠳᠤ ᠣᠷᠣᠯᠴᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号