ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠳᠦᠷᠢᠮ (ᠲᠥᠰᠥᠯ)》᠎ᠤᠨ ᠬᠠᠤᠯᠢ ᠲᠣᠭᠲᠠᠭ᠋ᠠᠬᠤ ᠪᠠᠢ᠌ᠴᠠᠭ᠋ᠠᠨ ᠰᠤᠳᠤᠯᠤᠯᠲᠠ ᠥᠷᠨᠢᠭᠦᠯᠪᠡ
ᠨᠡᠶ᠋ᠢᠲᠡᠯᠡᠭᠰᠡᠨ ᠴᠠᠭ᠄ 2025-04-21

      ᠮᠠᠨ᠎ᠤ ᠣᠷᠣᠨ᠎ᠤ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠢ ᠴᠢᠩᠭ᠋ᠠᠳᠬᠠᠵᠤ᠂ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠬᠠᠤᠯᠢ ᠴᠠᠭ᠋ᠠᠵᠠ ᠵᠢᠨ ᠳᠦᠷᠢᠮ᠎ᠤᠨ ᠰᠢᠰᠲ᠋ᠧᠮᠵᠢ ᠵᠢ ᠪᠦᠷᠢᠨᠰᠢᠭᠦᠯᠦᠨ ᠲᠡᠭᠦᠯᠳᠡᠷᠵᠢᠭᠦᠯᠬᠦ ᠵᠢᠨ ᠲᠥᠯᠥᠭᠡ᠂ ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠠᠮᠲᠤᠷᠠᠭᠰᠠᠨ ᠪᠠᠢ᠌ᠴᠠᠭ᠋ᠠᠨ ᠰᠤᠳᠤᠯᠬᠤ ᠳᠤᠭᠤᠢ᠌ᠯᠠᠩ ᠪᠠᠢ᠌ᠭᠤᠯᠵᠤ᠂ ᠱᠠᠩᠬᠠᠢ ᠬᠣᠲᠠ᠂ ᠵᠢᠶᠠᠩᠰᠤ ᠮᠤᠵᠢ᠂ ᠪᠤᠭᠤᠲᠤ ᠬᠣᠲᠠ᠂ ᠣᠷᠳᠣᠰ ᠬᠣᠲᠠ᠎ᠳᠤ ᠬᠦᠷᠴᠦ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠳᠦᠷᠢᠮ (ᠲᠥᠰᠥᠯ)》᠎ᠤᠨ ᠲᠤᠬᠠᠢ ᠬᠠᠤᠯᠢ ᠲᠣᠭᠲᠠᠭ᠋ᠠᠬᠤ ᠪᠠᠢ᠌ᠴᠠᠭ᠋ᠠᠨ ᠰᠤᠳᠤᠯᠤᠯᠲᠠ ᠥᠷᠨᠢᠭᠦᠯᠪᠡ᠃
      ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠲᠤᠬᠠᠢ ᠵᠢᠨ ᠲᠠᠯᠠᠪᠤᠷ᠎ᠲᠤ ᠶᠠᠷᠢᠯᠴᠠᠬᠤ᠂ ᠲᠤᠬᠠᠢ ᠵᠢᠨ ᠭᠠᠵᠠᠷ᠎ᠲᠤᠨᠢ ᠰᠢᠨᠵᠢᠯᠡᠨ ᠪᠠᠢ᠌ᠴᠠᠭ᠋ᠠᠬᠤ ᠵᠡᠷᠭᠡ ᠬᠡᠯᠪᠡᠷᠢ᠎ᠪᠠᠷ ᠳᠠᠮᠵᠢᠭᠤᠯᠤᠨ᠂ ᠣᠷᠣᠨ᠎ᠤ ᠳᠣᠲᠣᠷ᠎ᠠ ᠭᠠᠳᠠᠨᠠᠬᠢ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠤᠨ ᠬᠠᠮᠢᠶ᠎ᠠ ᠪᠦᠬᠦᠢ ᠪᠠᠢ᠌ᠳᠠᠯ᠂ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠢᠴᠢ ᠲᠦᠷᠦ ᠵᠢᠨ ᠪᠣᠳᠣᠯᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠤᠭᠰᠠᠨ ᠪᠠᠢ᠌ᠳᠠᠯ᠂ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ ᠵᠢᠴᠢ ᠨᠠᠢ᠌ᠳᠠᠪᠤᠷᠢᠵᠢᠭᠤᠯᠤᠭᠰᠠᠨ ᠪᠠᠢ᠌ᠳᠠᠯ᠂ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠳᠦᠷᠢᠮ ᠪᠤᠶᠤ ᠬᠠᠮᠢᠶ᠎ᠠ ᠪᠦᠬᠦᠢ ᠲᠦᠷᠦ ᠵᠢᠨ ᠪᠣᠳᠣᠯᠭ᠎ᠠ ᠵᠢ ᠲᠣᠭᠲᠠᠭ᠋ᠠᠵᠤ ᠵᠠᠰᠠᠪᠤᠷᠢ ᠣᠷᠣᠭᠤᠯᠤᠭᠰᠠᠨ ᠪᠠᠢ᠌ᠳᠠᠯ ᠵᠢᠴᠢ ᠨᠡᠢ᠌ᠭᠡᠮ᠎ᠤᠨ ᠠᠮᠢᠳᠤᠷᠠᠯ᠂ ᠪᠠᠷᠢᠯᠭ᠎ᠠ ᠵᠢᠨ ᠠᠵᠢᠯ᠂ ᠵᠠᠮ ᠲᠡᠭᠡᠭᠡᠪᠦᠷᠢ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ ᠵᠡᠷᠭᠡ ᠲᠠᠭᠤ ᠱᠤᠤᠭᠢᠶᠠᠨ᠎ᠢ ᠵᠠᠰᠠᠬᠤ ᠪᠠ ᠬᠢᠨᠠᠯᠲᠠ ᠬᠠᠮᠢᠶᠠᠷᠤᠯᠲᠠ ᠵᠢᠨ ᠲᠠᠯ᠎ᠠ᠎ᠪᠠᠷ ᠣᠷᠣᠰᠢᠵᠤ ᠪᠠᠢ᠌ᠭ᠎ᠠ ᠭᠣᠣᠯ ᠠᠰᠠᠭᠤᠳᠠᠯ᠂ ᠰᠢᠯᠲᠠᠭ᠋ᠠᠨ ᠬᠢᠭᠡᠳ ᠰᠢᠢ᠍ᠳᠪᠦᠷᠢᠯᠡᠬᠦ ᠠᠷᠭ᠎ᠠ ᠬᠡᠮᠵᠢᠶ᠎ᠡ ᠵᠡᠷᠭᠡ ᠵᠢ ᠭᠦᠨᠵᠡᠭᠡᠢ ᠣᠢ᠌ᠯᠠᠭ᠋ᠠᠪᠠ᠃
      ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠱᠠᠩᠬᠠᠢ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠲᠠᠢ ᠶᠠᠷᠢᠯᠴᠠᠵᠤ ᠰᠠᠨᠠᠯ ᠵᠶ᠋ᠠᠨ ᠰᠣᠯᠢᠯᠴᠠᠪᠠ
      ᠲᠤᠬᠠᠢ ᠵᠢᠨ ᠲᠠᠯᠠᠪᠤᠷ᠎ᠲᠤ ᠪᠤᠭᠤᠲᠤ ᠬᠣᠲᠠ ᠵᠢᠨ ᠳᠠᠭᠤᠨ᠎ᠤ ᠣᠷᠴᠢᠨ ᠲᠣᠭᠣᠷᠢᠨ᠎ᠤ ᠴᠢᠳᠠᠮᠵᠢᠲᠤ ᠲᠣᠭᠣᠷᠢᠭ᠎ᠤᠨ ᠠᠦ᠋ᠲ᠋ᠣ᠋ ᠬᠢᠨᠠᠨ ᠬᠡᠮᠵᠢᠬᠦ ᠥᠷᠲᠡᠭᠡ ᠴᠡᠭ᠎ᠤᠨ ᠠᠵᠢᠯᠯᠠᠭ᠋ᠠᠨ᠎ᠤ ᠪᠠᠢ᠌ᠳᠠᠯ᠎ᠢ ᠪᠠᠢ᠌ᠴᠠᠭ᠋ᠠᠨ ᠰᠤᠳᠤᠯᠪᠠ
      ᠪᠠᠢ᠌ᠴᠠᠭ᠋ᠠᠨ ᠰᠤᠳᠤᠯᠤᠯᠲᠠ᠎ᠪᠠᠷ ᠲᠠᠮᠵᠢᠨ᠂ ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠪᠤᠰᠤᠳ ᠮᠤᠵᠢ ᠬᠣᠲᠠ ᠵᠢᠨ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ ᠵᠢᠴᠢ ᠬᠠᠤᠯᠢ ᠲᠣᠭᠲᠠᠭ᠋ᠠᠬᠤ ᠠᠵᠢᠯ᠎ᠤᠨ ᠲᠡᠷᠢᠭᠦᠨ᠎ᠤ ᠲᠤᠷᠰᠢᠯᠭ᠎ᠠ ᠵᠢ ᠰᠤᠷᠤᠯᠴᠠᠬᠤ᠎ᠪᠠᠷ ᠳᠡᠮᠵᠢᠨ᠂ ᠮᠠᠨ᠎ᠤ ᠣᠷᠣᠨ᠎ᠤ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ᠎ᠳᠤ ᠣᠷᠣᠰᠢᠵᠤ ᠪᠠᠢ᠌ᠭ᠎ᠠ ᠨᠡᠢ᠌ᠳᠡᠮ᠎ᠤᠨ ᠠᠰᠠᠭᠤᠳᠠᠯ ᠪᠠ ᠠᠵᠢᠯ᠎ᠤᠨ ᠳᠤᠲᠠᠭᠤᠳᠠᠯ᠎ᠢ ᠣᠢ᠌ᠯᠠᠭ᠋ᠠᠪᠠ᠃ ᠲᠠᠷᠠᠭ᠋ᠠᠴᠢ ᠵᠢᠨ ᠠᠯᠬᠤᠮ᠎ᠳᠤ ᠬᠠᠤᠯᠢ ᠲᠣᠭᠲᠠᠭ᠋ᠠᠯᠲᠠ ᠵᠢᠨ ᠪᠠᠢ᠌ᠴᠠᠭ᠋ᠠᠨ ᠰᠤᠳᠤᠯᠤᠯᠲᠠ ᠵᠢᠨ ᠦᠷ᠎ᠡ ᠪᠦᠲᠦᠭᠡᠯ᠎ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠳᠦᠷᠢᠮ᠎ᠤᠨ ᠬᠠᠮᠢᠶ᠎ᠠ ᠪᠦᠬᠦᠢ ᠵᠦᠢ᠍ᠯ ᠵᠤᠷᠪᠤᠰ᠎ᠢ ᠴᠠᠭ ᠲᠤᠬᠠᠢ᠎ᠳᠤᠨᠢ ᠵᠠᠰᠠᠨ ᠲᠡᠭᠦᠯᠳᠡᠷᠵᠢᠭᠦᠯᠵᠦ᠂ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠤᠨ ᠬᠠᠮᠢᠶᠠᠷᠤᠯᠲᠠ ᠵᠢᠨ ᠬᠦᠴᠢᠷᠳᠡᠯ᠂ ᠪᠠᠴᠢᠮ ᠰᠢᠢ᠍ᠳᠪᠦᠷᠢᠯᠡᠬᠦ ᠴᠢᠬᠤᠯᠠᠲᠠᠢ ᠭᠣᠣᠯᠳᠠᠯᠭ᠎ᠠ᠂ ᠠᠷᠠᠳ ᠣᠯᠠᠨ᠎ᠤ ᠠᠩᠬᠠᠷᠤᠯ ᠲᠠᠯᠪᠢᠵᠤ ᠪᠠᠢ᠌ᠭ᠎ᠠ ᠬᠠᠯᠠᠮᠰᠢᠯ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠡᠯ᠎ᠡ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ ᠵᠢ ᠲᠣᠳᠣᠷᠬᠠᠢ᠌ᠯᠠᠵᠤ᠂ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠴᠢᠩᠭ᠋ᠠᠳᠬᠠᠨ᠂ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠳᠦᠷᠢᠮ᠎ᠤᠨ ᠬᠠᠨᠳᠤᠯᠭ᠋ᠠᠲᠤ ᠴᠢᠨᠠᠷ ᠪᠠ ᠬᠡᠷᠡᠭᠵᠢᠭᠦᠯᠵᠦ ᠪᠣᠯᠬᠤᠢ᠌ᠴᠠ ᠴᠢᠨᠠᠷ᠎ᠢ ᠴᠢᠩᠭ᠋ᠠᠷᠠᠭᠤᠯᠤᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠭᠠᠯ ᠤᠨᠲᠠᠷᠠᠭ᠋ᠠᠬᠤ ᠪᠣᠯᠪᠠᠰᠤᠷᠠᠯ ᠵᠶ᠋ᠠᠷ ᠤᠬᠠᠮᠰᠠᠷ ᠵᠶ᠋ᠠᠨ ᠴᠢᠩᠭ᠋ᠠᠳᠬᠠᠵᠤ᠂ ᠪᠠᠴᠢᠮ ᠪᠠᠢ᠌ᠳᠠᠯ᠎ᠢ ᠠᠷᠭ᠋ᠠᠴᠠᠬᠤ ᠰᠣᠷᠢᠯᠲᠠ᠎ᠪᠠᠷ ᠰᠡᠷᠭᠡᠢ᠌ᠯᠡᠯᠲᠡ ᠵᠢᠨ ᠱᠤᠭᠤᠮ ᠪᠠᠢ᠌ᠭᠤᠯᠤᠨ᠎ᠠ — — ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠮ᠎ᠡ ᠬᠢᠭᠡᠳ ᠰᠠᠴᠤᠷᠠᠭ᠎ᠢ ᠬᠢᠨᠠᠨ ᠬᠡᠮᠵᠢᠬᠦ ᠲᠥᠪ ᠭᠠᠯ ᠤᠨᠲᠠᠷᠠᠭ᠋ᠠᠬᠤ ᠠᠮᠤᠷ ᠲᠦᠪᠰᠢᠨ᠎ᠤ ᠮᠡᠳᠡᠯᠭᠡ ᠵᠢᠨ ᠪᠣᠯᠪᠠᠰᠤᠷᠠᠯ ᠵᠢᠴᠢ ᠪᠠᠴᠢᠮ ᠪᠠᠢ᠌ᠳᠠᠯ᠎ᠢ ᠠᠷᠭ᠋ᠠᠴᠠᠬᠤ ᠰᠣᠷᠢᠯᠲᠠ ᠵᠢ ᠠᠮᠵᠢᠯᠲᠠ᠎ᠲᠠᠢ ᠡᠷᠭᠢᠯᠡᠪᠡ
《ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠡᠶ᠎ᠡ ᠵᠢᠨ ᠪᠠᠶ᠋ᠢᠴᠠᠭ᠋ᠠᠯᠲᠠ》 + 《ᠨᠠᠷᠢᠯᠢᠭ ᠣᠨᠣᠪᠴᠢᠲᠠᠶ᠎ᠪᠠᠷ ᠠᠶᠠᠯᠠᠯ᠎ᠢ ᠬᠠᠮᠠᠭ᠋ᠠᠯᠠᠬᠤ》᠄ ᠤᠯᠠᠭ᠋ᠠᠨᠬᠠᠳᠠ ᠬᠣᠲᠠ ᠲᠣᠭᠲᠠᠮᠠᠯ ᠪᠣᠬᠢᠷᠲᠤᠯ᠎ᠤᠨ ᠡᠬᠢ ᠵᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠰᠢᠨ᠎ᠡ ᠵᠠᠭᠪᠤᠷ᠎ᠢ ᠨᠡᠭᠡᠭᠡᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2025 ᠣᠨ᠎ᠤ ᠣᠷᠣᠨ᠎ᠤ ᠰᠢᠭᠤᠳ ᠬᠠᠷᠢᠶ᠎ᠠ ᠪᠠᠶ᠋ᠢᠭᠤᠯᠭ᠎ᠠ ᠵᠢᠨ ᠺᠠᠳ᠋ᠷ ᠠᠵᠢᠯᠳᠠᠨ᠎ᠤ ᠲᠦᠮᠡᠨ ᠮᠧᠲᠷ᠎ᠤᠨ ᠪᠤᠤᠬᠢᠢ᠎ᠠ ᠤᠷᠤᠯᠳᠤᠭ᠋ᠠᠨ᠎ᠳᠤ ᠭᠠᠷᠮᠠᠭ᠋ᠠᠢ ᠪᠦᠯᠬᠦᠮ ᠨᠡᠶ᠋ᠢᠲᠡ ᠵᠢᠨ ᠴᠤᠭ ᠵᠢᠪᠬᠤᠭ᠎ᠠ᠎ᠪᠠᠨ ᠢᠯᠡᠷᠡᠭᠦᠯᠪᠡ
ᠬᠥᠬᠡᠬᠣᠲᠠ ᠵᠢᠨ ᠠᠮᠢ ᠠᠬᠤᠶ ᠣᠷᠴᠢᠨ ᠲᠣᠭᠣᠷᠢᠨ᠎ᠤ ᠲᠣᠪᠴᠢᠶ᠎ᠠ 《ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠠᠢ᠌ᠭᠤᠯᠬᠤ᠎ᠳᠤ ᠪᠢᠳᠡ ᠤᠷᠢᠳᠠᠪᠠᠷ ᠬᠥᠳᠡᠯᠦᠯᠴᠡᠶ᠎ᠡ》 ᠭᠡᠬᠦ ᠰᠦᠯᠵᠢᠶᠡᠨ᠎ᠤ ᠰᠣᠳᠣᠨ ᠬᠥᠮᠦᠰ᠎ᠤᠨ ᠰᠠᠯᠤᠨ ᠠᠵᠢᠯᠯᠠᠭ᠎ᠠ ᠵᠢ ᠡᠷᠭᠢᠯᠡᠪᠡ
ᠠᠮᠢ ᠠᠬᠤᠶ ᠵᠢᠨ ᠣᠷᠴᠢᠨ ᠲᠣᠭᠣᠷᠢᠨ᠎ᠤ ᠶᠠᠮᠤᠨ ᠲᠦᠩᠯᠢᠶᠣᠤ ᠬᠣᠲᠠ᠎ᠳᠤ ᠠᠮᠢ ᠠᠬᠤᠢ ᠵᠢᠨ ᠣᠷᠴᠢᠨ ᠲᠣᠭᠣᠷᠢᠨ᠎ᠤ ᠬᠦᠷᠢᠶᠡᠨ᠎ᠳᠠᠬᠢ ᠦᠨᠳᠦᠰᠦᠨ ᠱᠠᠲᠤᠨ᠎ᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠢ ᠪᠠᠷᠢᠮᠵᠢᠶᠠᠵᠢᠭᠤᠯᠬᠤ ᠪᠠ ᠵᠢᠷᠤᠮᠵᠢᠭᠤᠯᠬᠤ ᠲᠤᠷᠰᠢᠯᠲᠠ ᠵᠢᠨ ᠴᠢᠭ᠎ᠤᠨ ᠠᠵᠢᠯ᠎ᠢ ᠪᠠᠶ᠋ᠢᠴᠠᠭ᠋ᠠᠨ ᠰᠤᠳᠤᠯᠵᠤ ᠬᠢᠨᠠᠨ ᠵᠢᠯᠣᠭᠣᠳᠪᠠ
 
             蒙ICP备05000248号