ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠭᠠᠯ ᠤᠨᠲᠠᠷᠠᠭ᠋ᠠᠬᠤ ᠪᠣᠯᠪᠠᠰᠤᠷᠠᠯ ᠵᠶ᠋ᠠᠷ ᠤᠬᠠᠮᠰᠠᠷ ᠵᠶ᠋ᠠᠨ ᠴᠢᠩᠭ᠋ᠠᠳᠬᠠᠵᠤ᠂ ᠪᠠᠴᠢᠮ ᠪᠠᠢ᠌ᠳᠠᠯ᠎ᠢ ᠠᠷᠭ᠋ᠠᠴᠠᠬᠤ ᠰᠣᠷᠢᠯᠲᠠ᠎ᠪᠠᠷ ᠰᠡᠷᠭᠡᠢ᠌ᠯᠡᠯᠲᠡ ᠵᠢᠨ ᠱᠤᠭᠤᠮ ᠪᠠᠢ᠌ᠭᠤᠯᠤᠨ᠎ᠠ — — ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠮ᠎ᠡ ᠬᠢᠭᠡᠳ ᠰᠠᠴᠤᠷᠠᠭ᠎ᠢ ᠬᠢᠨᠠᠨ ᠬᠡᠮᠵᠢᠬᠦ ᠲᠥᠪ ᠭᠠᠯ ᠤᠨᠲᠠᠷᠠᠭ᠋ᠠᠬᠤ ᠠᠮᠤᠷ ᠲᠦᠪᠰᠢᠨ᠎ᠤ ᠮᠡᠳᠡᠯᠭᠡ ᠵᠢᠨ ᠪᠣᠯᠪᠠᠰᠤᠷᠠᠯ ᠵᠢᠴᠢ ᠪᠠᠴᠢᠮ ᠪᠠᠢ᠌ᠳᠠᠯ᠎ᠢ ᠠᠷᠭ᠋ᠠᠴᠠᠬᠤ ᠰᠣᠷᠢᠯᠲᠠ ᠵᠢ ᠠᠮᠵᠢᠯᠲᠠ᠎ᠲᠠᠢ ᠡᠷᠭᠢᠯᠡᠪᠡ
ᠨᠡᠶ᠋ᠢᠲᠡᠯᠡᠭᠰᠡᠨ ᠴᠠᠭ᠄ 2025-05-15

      ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠤᠨ ᠲᠣᠬᠢᠷᠠᠭᠤᠯᠤᠯᠲᠠ ᠪᠠᠢ᠌ᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠠᠶᠤᠯᠭᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠪᠣᠳᠠᠲᠠᠢ᠌ᠵᠢᠭᠤᠯᠤᠨ᠂ ᠪᠥᠬᠥ ᠠᠵᠢᠯᠲᠠᠨ ᠠᠵᠢᠯᠴᠢᠨ᠎ᠤ ᠭᠠᠯ ᠤᠨᠲᠠᠷᠠᠭ᠋ᠠᠬᠤ ᠠᠮᠤᠷ ᠲᠦᠪᠰᠢᠨ᠎ᠤ ᠦᠵᠡᠯ ᠤᠬᠠᠮᠰᠠᠷ ᠪᠣᠯᠣᠨ ᠪᠠᠴᠢᠮ ᠪᠠᠢ᠌ᠳᠠᠯ᠎ᠢ ᠠᠷᠭ᠋ᠠᠴᠠᠨ ᠰᠢᠢ᠍ᠳᠪᠦᠷᠢᠯᠡᠬᠦ ᠴᠢᠳᠠᠪᠤᠷᠢ ᠵᠢ ᠨᠡᠮᠡᠭᠳᠡᠭᠦᠯᠬᠦ ᠵᠢᠨ ᠲᠤᠰᠠᠳᠠ᠂ 4 ᠰᠠᠷ᠎ᠠ ᠵᠢᠨ 14᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠮ᠎ᠡ ᠬᠢᠭᠡᠳ ᠰᠠᠴᠤᠷᠠᠭ᠎ᠢ ᠬᠢᠨᠠᠨ ᠬᠡᠮᠵᠢᠬᠦ ᠲᠥᠪ᠎ᠠᠴᠠ ᠭᠠᠯ ᠤᠨᠲᠠᠷᠠᠭ᠋ᠠᠬᠤ ᠠᠮᠤᠷ ᠲᠦᠪᠰᠢᠨ᠎ᠤ ᠮᠡᠳᠡᠯᠭᠡ ᠵᠢᠨ ᠪᠣᠯᠪᠠᠰᠤᠷᠠᠯ ᠵᠢᠴᠢ ᠪᠠᠴᠢᠮ ᠪᠠᠢ᠌ᠳᠠᠯ᠎ᠢ ᠠᠷᠭ᠋ᠠᠴᠠᠬᠤ ᠰᠣᠷᠢᠯᠲᠠ ᠵᠢ ᠠᠮᠵᠢᠯᠲᠠ᠎ᠲᠠᠢ ᠡᠷᠭᠢᠯᠡᠪᠡ᠃
      ᠲᠤᠰ ᠤᠳᠠᠭ᠋ᠠᠨ᠎ᠤ ᠪᠣᠯᠪᠠᠰᠤᠷᠠᠯ᠎ᠳᠤ ᠭᠦᠸᠧ ᠠᠨ ᠭᠠᠯ ᠤᠨᠲᠠᠷᠠᠭ᠋ᠠᠬᠤ ᠲᠥᠬᠦᠭᠡᠷᠦᠮᠵᠢ ᠵᠢᠨ ᠬᠠᠮᠠᠭ᠋ᠠᠯᠠᠯᠲᠠ ᠵᠢᠨ ᠬᠢᠵᠠᠭ᠋ᠠᠷᠲᠤ ᠺᠣᠮᠫᠠᠨᠢ ᠵᠢᠨ ᠲᠤᠰᠬᠠᠢ ᠮᠡᠷᠭᠡᠵᠢᠯ᠎ᠤᠨ ᠯᠧᠺᠲ᠋ᠣᠷ᠎ᠢ ᠤᠷᠢᠵᠤ ᠬᠢᠴᠢᠶᠡᠯ ᠵᠢᠭ᠋ᠠᠯᠭ᠋ᠠᠵᠤ᠂ ᠪᠣᠳᠠᠲᠤ ᠬᠡᠷᠡᠭ᠎ᠤᠨ ᠵᠢᠱ᠌ᠢᠶ᠎ᠡ᠎ᠲᠠᠢ ᠤᠶᠠᠯᠳᠤᠭᠤᠯᠤᠨ ᠠᠮᠢᠳᠤᠷᠠᠯ᠂ ᠠᠵᠢᠯ᠎ᠤᠨ ᠳᠤᠮᠳᠠᠬᠢ ᠭᠠᠯ ᠴᠠᠬᠢᠯᠭ᠋ᠠᠨ᠎ᠤ ᠦᠨᠳᠦᠰᠦᠨ ᠠᠮᠤᠷ ᠲᠦᠪᠰᠢᠨ᠎ᠤ ᠮᠡᠳᠡᠯᠭᠡ ᠵᠢᠴᠢ ᠭᠠᠯ ᠰᠡᠷᠭᠡᠢ᠌ᠯᠡᠨ ᠤᠨᠲᠠᠷᠠᠭ᠋ᠠᠬᠤ ᠠᠮᠤᠷ ᠲᠦᠪᠰᠢᠨ᠎ᠤ ᠢᠯᠡᠳᠬᠡᠮᠵᠢ ᠲᠡᠮᠳᠡᠭ᠎ᠢ ᠢᠯᠭ᠋ᠠᠨ ᠲᠠᠨᠢᠬᠤ᠂ ᠭᠠᠯ ᠰᠡᠷᠭᠡᠢ᠌ᠯᠡᠨ ᠤᠨᠲᠠᠷᠠᠭ᠋ᠠᠬᠤ ᠠᠮᠤᠷ ᠲᠦᠪᠰᠢᠨ᠎ᠤ ᠪᠠᠭ᠋ᠠᠵᠢ ᠬᠡᠷᠡᠭᠰᠡᠯ᠎ᠢ ᠬᠡᠷᠡᠭᠯᠡᠬᠦ ᠵᠡᠷᠭᠡ ᠵᠢ ᠨᠠᠷᠢᠨ ᠲᠠᠢ᠌ᠯᠪᠤᠷᠢᠯᠠᠵᠤ᠂ ᠭᠠᠯ ᠰᠡᠷᠭᠡᠢ᠌ᠯᠡᠨ ᠤᠨᠲᠠᠷᠠᠭ᠋ᠠᠬᠤ ᠠᠮᠤᠷ ᠲᠦᠪᠰᠢᠨ᠎ᠤ ᠤᠬᠠᠮᠰᠠᠷ᠎ᠢ ᠪᠠᠲᠤ ᠪᠡᠬᠢ ᠪᠤᠢ ᠪᠣᠯᠭ᠋ᠠᠵᠤ᠂ ᠡᠳᠦᠷ ᠲᠤᠳᠤᠮ᠎ᠤᠨ ᠠᠵᠢᠯ ᠠᠮᠢᠳᠤᠷᠠᠯ᠎ᠤᠨ ᠳᠤᠮᠳᠠ ᠴᠠᠬᠢᠯᠭ᠋ᠠᠨ ᠬᠡᠷᠡᠭᠯᠡᠬᠦ᠂ ᠭᠠᠯ ᠬᠡᠷᠡᠭᠯᠡᠬᠦ ᠠᠵᠢᠯᠯᠠᠭ᠎ᠠ ᠵᠢ ᠵᠢᠷᠤᠮᠵᠢᠭᠤᠯᠵᠤ᠂ ᠭᠠᠯ ᠰᠡᠷᠭᠡᠢ᠌ᠯᠡᠨ ᠤᠨᠲᠠᠷᠠᠭ᠋ᠠᠬᠤ ᠠᠮᠤᠷ ᠲᠦᠪᠰᠢᠨ᠎ᠤ ᠲᠠᠯᠳᠠ ᠭᠡᠮ᠎ᠢ ᠵᠢᠭᠰᠠᠭ᠋ᠠᠨ ᠪᠠᠢ᠌ᠴᠠᠭ᠋ᠠᠬᠤ ᠠᠵᠢᠯ᠎ᠢ ᠰᠠᠢ᠌ᠲᠤᠷ ᠬᠢᠵᠦ᠂ ᠭᠠᠯ ᠰᠡᠷᠭᠡᠢ᠌ᠯᠡᠨ ᠤᠨᠲᠠᠷᠠᠭ᠋ᠠᠬᠤ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠤᠯᠠᠨ᠎ᠳᠤ ᠰᠠᠨᠠᠭᠤᠯᠪᠠ᠃
      ᠳᠠᠷᠠᠭ᠎ᠠ᠎ᠪᠠᠷ᠎ᠨᠢ ᠴᠥᠮ᠎ᠡ ᠬᠢᠭᠡᠳ ᠰᠠᠴᠤᠷᠠᠭ᠎ᠢ ᠬᠢᠨᠠᠨ ᠬᠡᠮᠵᠢᠬᠦ ᠲᠥᠪ᠎ᠠᠴᠠ ᠭᠠᠯ ᠤᠨᠲᠠᠷᠠᠭ᠋ᠠᠬᠤ ᠪᠠᠴᠢᠮ ᠪᠠᠢ᠌ᠳᠠᠯ᠎ᠢ ᠠᠷᠭ᠋ᠠᠴᠠᠬᠤ ᠰᠣᠷᠢᠯᠲᠠ ᠵᠢ ᠵᠣᠬᠢᠶᠠᠨ ᠪᠠᠢ᠌ᠭᠤᠯᠵᠤ ᠥᠷᠨᠢᠭᠦᠯᠪᠡ᠃ ᠰᠣᠷᠢᠯᠲᠠ᠎ᠳᠤ ᠲᠤᠷᠰᠢᠯᠲᠠ ᠵᠢᠨ ᠠᠰᠠᠷ᠎ᠲᠤ ᠭᠠᠯ᠎ᠤᠨ ᠠᠶᠤᠯ ᠭᠠᠷᠤᠭᠰᠠᠨ ᠵᠶ᠋ᠠᠷ ᠲᠥᠰᠥᠭᠡᠯᠡᠵᠦ᠂ ᠭᠠᠯ ᠤᠨᠲᠠᠷᠠᠭ᠋ᠠᠬᠤ ᠷᠠᠳᠢᠣ᠋ ᠨᠡᠪᠲᠡᠷᠡᠭᠦᠯᠭᠡ ᠵᠢᠨ ᠳᠤᠤᠭ᠋ᠠᠷᠬᠤ ᠵᠢ ᠳᠠᠭ᠋ᠠᠯᠳᠤᠨ᠂ ᠠᠵᠢᠯᠲᠠᠳ ᠭᠠᠯ ᠤᠨᠲᠠᠷᠠᠭ᠋ᠠᠬᠤ ᠵᠠᠮ ᠵᠶ᠋ᠠᠷ ᠲᠦᠷᠭᠡᠨ ᠲᠠᠷᠬᠠᠵᠤ᠂ ᠣᠬᠣᠷᠬᠠᠨ ᠬᠤᠭᠤᠴᠠᠭ᠋ᠠᠨ᠎ᠳᠤ ᠲᠠᠷᠬᠠᠭ᠋ᠠᠨ ᠵᠠᠢ᠌ᠯᠠᠭᠤᠯᠬᠤ ᠵᠢᠨ ᠬᠠᠮᠲᠤ ᠲᠣᠭᠲᠠᠭᠰᠠᠨ ᠠᠮᠤᠷ ᠲᠦᠪᠰᠢᠨ ᠭᠠᠵᠠᠷ᠎ᠲᠤ ᠴᠤᠭᠯᠠᠷᠠᠬᠤ ᠵᠢ ᠪᠡᠶᠡᠯᠡᠭᠦᠯᠵᠡᠢ᠃ ᠭᠠᠯ ᠤᠨᠲᠠᠷᠠᠭ᠋ᠠᠭᠤᠷ᠎ᠢ ᠪᠣᠳᠠᠲᠠᠢ ᠬᠡᠷᠡᠭᠯᠡᠬᠦ ᠰᠤᠷᠭ᠋ᠠᠭᠤᠯᠢᠯᠠᠯ ᠬᠢᠬᠦ ᠶᠠᠪᠤᠴᠠ᠎ᠳᠤ᠂ ᠡᠩ ᠲᠡᠷᠢᠭᠦᠨ᠎ᠳᠤ ᠪᠣᠯᠪᠠᠰᠤᠷᠠᠯ᠎ᠤᠨ ᠯᠧᠺᠲ᠋ᠣᠷ᠎ᠠᠴᠠ ᠭᠠᠯ ᠤᠨᠲᠠᠷᠠᠭ᠋ᠠᠭᠤᠷ᠎ᠢ ᠲᠥᠷᠥᠯ ᠬᠤᠪᠢᠶᠠᠬᠤ᠂ ᠬᠡᠷᠡᠭᠯᠡᠬᠦ ᠠᠷᠭ᠎ᠠ᠂ ᠠᠩᠬᠠᠷᠬᠤ ᠵᠦᠢ᠍ᠯ ᠵᠡᠷᠭᠡ᠎ᠳᠤ ᠲᠤᠬᠠᠢ ᠵᠢᠨ ᠭᠠᠵᠠᠷ᠎ᠲᠤᠨᠢ ᠲᠠᠢ᠌ᠯᠪᠤᠷᠢᠯᠠᠨ ᠵᠢᠱ᠌ᠢᠶ᠎ᠡ ᠦᠵᠡᠭᠦᠯᠵᠦ᠂ ᠳᠠᠷᠠᠭ᠎ᠠ᠎ᠨᠢ ᠣᠯᠠᠨ᠎ᠢ ᠵᠢᠯᠣᠭᠣᠳᠤᠨ ᠪᠣᠳᠠᠲᠠᠢ ᠰᠤᠷᠭ᠋ᠠᠭᠤᠯᠢᠯᠠᠯ ᠬᠢᠯᠭᠡᠪᠡ᠃ ᠣᠯᠠᠨ ᠵᠶ᠋ᠠᠷ ᠵᠶ᠋ᠠᠨ ᠥᠪᠡᠷ᠎ᠤᠨ ᠪᠡᠶ᠎ᠡ᠎ᠪᠠᠷ ᠵᠶ᠋ᠡᠨ ᠥᠩᠭᠡᠷᠡᠭᠦᠯᠬᠦ᠎ᠪᠠᠷ ᠳᠡᠮᠵᠢᠨ᠂ ᠭᠠᠯ ᠤᠨᠲᠠᠷᠠᠭ᠋ᠠᠭᠤᠷ᠎ᠢ ᠬᠡᠷᠡᠭᠯᠡᠬᠦ ᠤᠷ᠎ᠠ ᠮᠡᠷᠭᠡᠵᠢᠯ᠎ᠢ ᠪᠣᠯᠪᠠᠰᠤᠷᠠᠩᠭᠤᠢ ᠡᠵᠡᠮᠰᠢᠭᠰᠡᠨ ᠵᠶ᠋ᠡᠷ ᠪᠠᠷᠠᠬᠤ ᠦᠭᠡᠢ᠂ ᠭᠠᠯ᠎ᠤᠨ ᠭᠠᠮᠰᠢᠭ᠎ᠲᠤ ᠬᠠᠨᠳᠤᠬᠤ ᠢᠲᠡᠭᠡᠯ ᠵᠣᠷᠢᠭ ᠪᠠ ᠪᠠᠴᠢᠮ ᠪᠠᠢ᠌ᠳᠠᠯ᠎ᠢ ᠠᠷᠭ᠋ᠠᠴᠠᠨ ᠰᠢᠢ᠍ᠳᠪᠦᠷᠢᠯᠡᠬᠦ ᠴᠢᠳᠠᠪᠤᠷᠢ᠎ᠪᠠᠨ ᠤᠯᠠᠮ ᠳᠡᠭᠡᠭᠰᠢᠯᠡᠭᠦᠯᠦᠭᠰᠡᠨ ᠪᠠᠢ᠌ᠨ᠎ᠠ᠃ ᠰᠣᠷᠢᠯᠲᠠ ᠵᠢᠨ ᠶᠠᠪᠤᠴᠠ᠎ᠨᠢ ᠪᠠᠴᠢᠮ ᠪᠥᠭᠡᠳ ᠡᠮᠬᠢ ᠵᠢᠷᠤᠮ᠎ᠲᠠᠢ᠂ ᠬᠡᠷᠡᠭᠯᠡᠭᠡᠨ᠎ᠤ ᠴᠢᠨᠠᠷ ᠵᠶ᠋ᠠᠷ ᠴᠢᠩᠭ᠎ᠠ ᠪᠠᠢ᠌ᠵᠤ᠂ ᠵᠢᠱ᠌ᠢᠭᠰᠡᠨ ᠦᠷ᠎ᠡ ᠪᠦᠲᠦᠮᠵᠢ᠎ᠳᠡᠭᠡᠨ ᠬᠦᠷᠦᠭᠰᠡᠨ ᠪᠠᠢ᠌ᠨ᠎ᠠ᠃
      ᠲᠣᠰ ᠤᠳᠠᠭ᠋ᠠᠨ᠎ᠤ ᠭᠠᠯ ᠤᠨᠲᠠᠷᠠᠭ᠋ᠠᠬᠤ ᠠᠮᠤᠷ ᠲᠦᠪᠰᠢᠨ᠎ᠤ ᠮᠡᠳᠡᠯᠭᠡ ᠵᠢᠨ ᠪᠣᠯᠪᠠᠰᠤᠷᠠᠯ ᠵᠢᠴᠢ ᠪᠠᠴᠢᠮ ᠪᠠᠢ᠌ᠳᠠᠯ᠎ᠢ ᠠᠷᠭ᠋ᠠᠴᠠᠬᠤ ᠰᠣᠷᠢᠯᠲᠠ᠎ᠪᠠᠷ ᠳᠡᠮᠵᠢᠨ᠂ ᠴᠥᠮ᠎ᠡ ᠬᠢᠭᠡᠳ ᠰᠠᠴᠤᠷᠠᠭ᠎ᠢ ᠬᠢᠨᠠᠨ ᠬᠡᠮᠵᠢᠬᠦ ᠲᠥᠪ᠎ᠤᠨ ᠪᠥᠬᠥ ᠠᠵᠢᠯᠲᠠᠨ ᠠᠵᠢᠯᠴᠢᠨ᠎ᠤ ᠭᠠᠯ ᠤᠨᠲᠠᠷᠠᠭ᠋ᠠᠬᠤ ᠠᠮᠤᠷ ᠲᠦᠪᠰᠢᠨ᠎ᠤ ᠤᠬᠠᠮᠰᠠᠷ ᠤᠯᠠᠮ ᠨᠢᠭᠡ ᠠᠯᠬᠤᠮ ᠳᠡᠭᠡᠭᠰᠢᠯᠡᠵᠦ᠂ ᠪᠠᠴᠢᠮ ᠪᠠᠢ᠌ᠳᠠᠯ᠎ᠢ ᠠᠷᠭ᠋ᠠᠴᠠᠨ ᠰᠢᠢ᠍ᠳᠪᠦᠷᠢᠯᠡᠬᠦ ᠴᠢᠳᠠᠪᠤᠷᠢ ᠪᠠ ᠥᠪᠡᠷ᠎ᠢ᠎ᠪᠠᠨ ᠰᠡᠷᠭᠡᠢ᠌ᠯᠡᠵᠦ ᠥᠪᠡᠷ᠎ᠢ᠎ᠪᠠᠨ ᠠᠪᠤᠷᠠᠬᠤ ᠴᠢᠳᠠᠪᠤᠷᠢ ᠴᠤ᠌ ᠪᠦᠲᠦᠮᠵᠢᠲᠡᠶ ᠪᠣᠯᠪᠠᠰᠤᠷᠠᠯ ᠭᠥᠷᠳᠡᠵᠦ᠂ 《ᠢᠯᠭ᠋ᠠᠨ ᠲᠠᠨᠢᠵᠤ ᠴᠢᠳᠠᠬᠤ᠂ ᠠᠵᠢᠯᠯᠠᠵᠤ ᠴᠢᠳᠠᠬᠤ᠂ ᠠᠷᠭ᠋ᠠᠴᠠᠵᠤ ᠴᠢᠳᠠᠬᠤ》 ᠵᠢᠱ᠌ᠢᠭᠰᠡᠨ ᠬᠠᠷᠠᠯᠲᠠ᠎ᠳᠤ ᠭᠦᠷᠦᠭᠰᠡᠨ ᠪᠠᠢ᠌ᠨ᠎ᠠ᠃ ᠬᠣᠢ᠌ᠰᠢᠳᠠ ᠵᠢᠨ ᠠᠵᠢᠯ᠎ᠤᠨ ᠳᠤᠮᠳᠠ᠂ ᠴᠥᠮ᠎ᠡ ᠬᠢᠭᠡᠳ ᠰᠠᠴᠤᠷᠠᠭ᠎ᠢ ᠬᠢᠨᠠᠨ ᠬᠡᠮᠵᠢᠬᠦ ᠲᠥᠪ᠎ᠨᠢ 《ᠠᠮᠤᠷ ᠲᠦᠪᠰᠢᠨ᠎ᠢ ᠲᠡᠷᠢᠭᠦᠨ᠎ᠳᠤ ᠲᠠᠯᠪᠢᠬᠤ᠂ ᠤᠷᠢᠳᠴᠢᠯᠠᠨ ᠰᠡᠷᠭᠡᠢ᠌ᠯᠡᠬᠦ᠎ᠪᠠᠷ ᠭᠣᠣᠯ ᠪᠣᠯᠭ᠋ᠠᠬᠤ᠂ ᠶᠡᠷᠦᠩᠬᠡᠢ᠌ᠯᠡᠨ ᠵᠠᠰᠠᠬᠤ》 ᠴᠢᠭᠯᠡᠯᠲᠡ ᠵᠢ ᠦᠷᠭᠦᠯᠵᠢᠯᠡᠨ ᠪᠠᠷᠢᠮᠲᠠᠯᠠᠵᠤ᠂ ᠭᠠᠯ ᠤᠨᠲᠠᠷᠠᠭ᠋ᠠᠬᠤ ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯ᠎ᠢ ᠦᠷᠭᠦᠯᠵᠢᠯᠡᠨ ᠴᠢᠩᠭ᠋ᠠᠳᠬᠠᠵᠤ᠂ ᠺᠠᠳ᠋ᠷ ᠠᠵᠢᠯᠲᠠᠨ ᠠᠵᠢᠯᠴᠢᠨ᠎ᠤ ᠭᠠᠯ ᠤᠨᠲᠠᠷᠠᠭ᠋ᠠᠬᠤ ᠠᠮᠤᠷ ᠲᠦᠪᠰᠢᠨ᠎ᠤ ᠤᠬᠠᠮᠰᠠᠷ ᠪᠠ ᠤᠷ᠎ᠠ ᠴᠢᠳᠠᠪᠤᠷᠢ ᠵᠢᠨ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠴᠥᠮ᠎ᠡ ᠪᠠ ᠰᠠᠴᠤᠷᠠᠭ᠎ᠢ ᠬᠢᠨᠠᠨ ᠬᠡᠮᠵᠢᠬᠦ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ᠎ᠳᠤ ᠠᠮᠤᠷ ᠲᠣᠭᠲᠠᠭᠤᠨ ᠣᠷᠴᠢᠨ ᠲᠣᠭᠣᠷᠢᠨ᠎ᠢ ᠪᠣᠶ ᠪᠣᠯᠭ᠋ᠠᠵᠤ᠂ ᠪᠥᠬᠥ ᠠᠵᠢᠯᠲᠠᠨ ᠠᠵᠢᠯᠴᠢᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠬᠠᠮᠠᠭ᠋ᠠᠯᠠᠬᠤ᠎ᠳᠤ ᠪᠠᠲᠤ ᠪᠡᠬᠢ ᠰᠡᠷᠭᠡᠢ᠌ᠯᠡᠯᠲᠡ ᠵᠢᠨ ᠱᠤᠭᠤᠮ᠎ᠢ ᠴᠣᠭᠴᠠᠯᠠᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
《ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠡᠶ᠎ᠡ ᠵᠢᠨ ᠪᠠᠶ᠋ᠢᠴᠠᠭ᠋ᠠᠯᠲᠠ》 + 《ᠨᠠᠷᠢᠯᠢᠭ ᠣᠨᠣᠪᠴᠢᠲᠠᠶ᠎ᠪᠠᠷ ᠠᠶᠠᠯᠠᠯ᠎ᠢ ᠬᠠᠮᠠᠭ᠋ᠠᠯᠠᠬᠤ》᠄ ᠤᠯᠠᠭ᠋ᠠᠨᠬᠠᠳᠠ ᠬᠣᠲᠠ ᠲᠣᠭᠲᠠᠮᠠᠯ ᠪᠣᠬᠢᠷᠲᠤᠯ᠎ᠤᠨ ᠡᠬᠢ ᠵᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠰᠢᠨ᠎ᠡ ᠵᠠᠭᠪᠤᠷ᠎ᠢ ᠨᠡᠭᠡᠭᠡᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2025 ᠣᠨ᠎ᠤ ᠣᠷᠣᠨ᠎ᠤ ᠰᠢᠭᠤᠳ ᠬᠠᠷᠢᠶ᠎ᠠ ᠪᠠᠶ᠋ᠢᠭᠤᠯᠭ᠎ᠠ ᠵᠢᠨ ᠺᠠᠳ᠋ᠷ ᠠᠵᠢᠯᠳᠠᠨ᠎ᠤ ᠲᠦᠮᠡᠨ ᠮᠧᠲᠷ᠎ᠤᠨ ᠪᠤᠤᠬᠢᠢ᠎ᠠ ᠤᠷᠤᠯᠳᠤᠭ᠋ᠠᠨ᠎ᠳᠤ ᠭᠠᠷᠮᠠᠭ᠋ᠠᠢ ᠪᠦᠯᠬᠦᠮ ᠨᠡᠶ᠋ᠢᠲᠡ ᠵᠢᠨ ᠴᠤᠭ ᠵᠢᠪᠬᠤᠭ᠎ᠠ᠎ᠪᠠᠨ ᠢᠯᠡᠷᠡᠭᠦᠯᠪᠡ
ᠬᠥᠬᠡᠬᠣᠲᠠ ᠵᠢᠨ ᠠᠮᠢ ᠠᠬᠤᠶ ᠣᠷᠴᠢᠨ ᠲᠣᠭᠣᠷᠢᠨ᠎ᠤ ᠲᠣᠪᠴᠢᠶ᠎ᠠ 《ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠠᠢ᠌ᠭᠤᠯᠬᠤ᠎ᠳᠤ ᠪᠢᠳᠡ ᠤᠷᠢᠳᠠᠪᠠᠷ ᠬᠥᠳᠡᠯᠦᠯᠴᠡᠶ᠎ᠡ》 ᠭᠡᠬᠦ ᠰᠦᠯᠵᠢᠶᠡᠨ᠎ᠤ ᠰᠣᠳᠣᠨ ᠬᠥᠮᠦᠰ᠎ᠤᠨ ᠰᠠᠯᠤᠨ ᠠᠵᠢᠯᠯᠠᠭ᠎ᠠ ᠵᠢ ᠡᠷᠭᠢᠯᠡᠪᠡ
ᠠᠮᠢ ᠠᠬᠤᠶ ᠵᠢᠨ ᠣᠷᠴᠢᠨ ᠲᠣᠭᠣᠷᠢᠨ᠎ᠤ ᠶᠠᠮᠤᠨ ᠲᠦᠩᠯᠢᠶᠣᠤ ᠬᠣᠲᠠ᠎ᠳᠤ ᠠᠮᠢ ᠠᠬᠤᠢ ᠵᠢᠨ ᠣᠷᠴᠢᠨ ᠲᠣᠭᠣᠷᠢᠨ᠎ᠤ ᠬᠦᠷᠢᠶᠡᠨ᠎ᠳᠠᠬᠢ ᠦᠨᠳᠦᠰᠦᠨ ᠱᠠᠲᠤᠨ᠎ᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠢ ᠪᠠᠷᠢᠮᠵᠢᠶᠠᠵᠢᠭᠤᠯᠬᠤ ᠪᠠ ᠵᠢᠷᠤᠮᠵᠢᠭᠤᠯᠬᠤ ᠲᠤᠷᠰᠢᠯᠲᠠ ᠵᠢᠨ ᠴᠢᠭ᠎ᠤᠨ ᠠᠵᠢᠯ᠎ᠢ ᠪᠠᠶ᠋ᠢᠴᠠᠭ᠋ᠠᠨ ᠰᠤᠳᠤᠯᠵᠤ ᠬᠢᠨᠠᠨ ᠵᠢᠯᠣᠭᠣᠳᠪᠠ
ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠪᠠᠶ᠋ᠢᠴᠠᠭ᠋ᠠᠬᠤ ᠳᠤᠭᠤᠶ᠋ᠢᠯᠠᠩ ᠬᠥᠬᠡᠬᠣᠲᠠ᠎ᠳᠤ ᠲᠥᠪᠯᠡᠷᠡᠩᠭᠦᠢ ᠮᠠᠶᠢᠭ᠎ᠤᠨ ᠤᠤᠭᠤᠬᠤ ᠤᠰᠤᠨ᠎ᠤ ᠡᠬᠢ ᠰᠤᠷᠪᠤᠯᠵᠢ ᠵᠢᠨ ᠭᠠᠵᠠᠷ᠎ᠤᠨ ᠣᠷᠴᠢᠨ ᠲᠣᠭᠣᠷᠢᠨ ᠎ᠢ ᠬᠠᠮᠠᠭ᠋ᠠᠯᠠᠬᠤ ᠠᠰᠠᠭᠤᠳᠠᠯ᠎ᠢ ᠴᠡᠭᠴᠡᠯᠡᠨ ᠥᠭᠡᠷᠡᠴᠢᠯᠡᠵᠦ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠪᠠᠶ᠋ᠢᠴᠠᠭ᠋ᠠᠪᠠ
 
             蒙ICP备05000248号