ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2025 ᠣᠨ᠎ᠤ ᠣᠷᠣᠨ᠎ᠤ ᠰᠢᠭᠤᠳ ᠬᠠᠷᠢᠶ᠎ᠠ ᠪᠠᠶ᠋ᠢᠭᠤᠯᠭ᠎ᠠ ᠵᠢᠨ ᠺᠠᠳ᠋ᠷ ᠠᠵᠢᠯᠳᠠᠨ᠎ᠤ ᠲᠦᠮᠡᠨ ᠮᠧᠲᠷ᠎ᠤᠨ ᠪᠤᠤᠬᠢᠢ᠎ᠠ ᠤᠷᠤᠯᠳᠤᠭ᠋ᠠᠨ᠎ᠳᠤ ᠭᠠᠷᠮᠠᠭ᠋ᠠᠢ ᠪᠦᠯᠬᠦᠮ ᠨᠡᠶ᠋ᠢᠲᠡ ᠵᠢᠨ ᠴᠤᠭ ᠵᠢᠪᠬᠤᠭ᠎ᠠ᠎ᠪᠠᠨ ᠢᠯᠡᠷᠡᠭᠦᠯᠪᠡ
ᠨᠡᠶ᠋ᠢᠲᠡᠯᠡᠭᠰᠡᠨ ᠴᠠᠭ᠄ 2025-06-03

      4 ᠰᠠᠷ᠎ᠠ ᠵᠢᠨ 30᠎ᠤ ᠡᠳᠦᠷ᠎ᠤᠨ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ 2025 ᠣᠨ᠎ᠤ ᠣᠷᠣᠨ᠎ᠤ ᠰᠢᠭᠤᠳ ᠬᠠᠷᠢᠶ᠎ᠠ ᠪᠠᠶ᠋ᠢᠭᠤᠯᠭ᠎ᠠ ᠵᠢᠨ ᠺᠠᠳ᠋ᠷ ᠠᠵᠢᠯᠲᠠᠨ᠎ᠤ ᠲᠦᠮᠡᠨ ᠮᠧᠲᠷ᠎ᠤᠨ ᠪᠤᠤᠬᠢᠢ᠎ᠠ ᠤᠷᠤᠯᠳᠤᠭ᠋ᠠᠨ᠎ᠳᠤ ᠳᠤᠭᠤᠶ᠋ᠢᠯᠠᠩ ᠪᠠᠶ᠋ᠢᠭᠤᠯᠤᠨ ᠣᠷᠣᠯᠴᠠᠵᠤ᠂ ᠣᠷᠣᠨ᠎ᠤ ᠰᠢᠭᠤᠳ ᠬᠠᠷᠢᠶ᠎ᠠ 47 ᠨᠢᠭᠡᠴᠢ ᠵᠢᠨ ᠲᠥᠯᠥᠭᠡᠯᠡᠭᠴᠢᠳ᠎ᠤᠨ ᠠᠩᠭᠢ ᠬᠥᠬᠡᠲᠠᠯ᠎ᠠ᠎ᠳᠤ ᠴᠤᠭᠯᠠᠷᠠᠵᠤ᠂ ᠤᠷᠤᠯᠳᠤᠭ᠋ᠠᠨ᠎ᠨᠢ 《400 ᠮᠧᠲᠷ ×25》 ᠵᠢᠨ ᠪᠤᠤᠬᠢᠢ᠎ᠠ ᠤᠷᠤᠯᠳᠤᠭ᠋ᠠᠨ᠎ᠤ ᠬᠡᠯᠪᠡᠷᠢ᠎ᠪᠠᠷ ᠶᠠᠪᠤᠭᠳᠠᠪᠠ᠃
      ᠳᠣᠬᠢᠶᠠᠨ᠎ᠤ ᠫᠤᠤ ᠵᠢᠨ ᠳᠤᠤᠭ᠋ᠠᠷᠬᠤ ᠵᠢ ᠳᠠᠭ᠋ᠠᠯᠳᠤᠨ᠂ ᠡᠯ᠎ᠡ ᠠᠩᠭᠢ ᠵᠢᠨ ᠲᠠᠮᠢᠷᠴᠢᠨ ᠶᠠᠭ ᠯᠠ ᠬᠥᠪᠴᠢ᠎ᠠᠴᠠ᠎ᠪᠠᠨ ᠰᠠᠯᠤᠭᠰᠠᠨ ᠰᠤᠮᠤ ᠮᠡᠲᠦ ᠡᠬᠢᠯᠡᠯᠲᠡ ᠵᠢᠨ ᠱᠤᠭᠤᠮ᠎ᠠᠴᠠ ᠰᠢᠪᠲᠤᠯᠤᠨ ᠭᠠᠷᠪᠠ᠃ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠤᠷᠤᠯᠳᠤᠭ᠋ᠠᠨ᠎ᠳᠤ ᠣᠷᠣᠯᠴᠠᠭᠰᠠᠳ ᠡᠷᠡᠯᠬᠡᠭᠯᠡᠨ ᠲᠡᠮᠡᠴᠡᠵᠦ᠂ ᠪᠦᠬᠦ ᠬᠦᠴᠦᠨ ᠵᠶ᠋ᠡᠷ ᠵᠶ᠋ᠡᠨ ᠴᠢᠷᠮᠠᠶ᠋ᠢᠵᠤ᠂ ᠪᠣᠷᠣᠣᠬᠠᠢ᠎ᠪᠠᠨ ᠲᠤᠰᠢᠶᠠᠵᠤ ᠳᠤᠰᠬᠤ᠎ᠳᠠᠭᠠᠨ ᠰᠡᠳᠬᠢᠯ ᠨᠢᠭᠡᠳᠦᠨ ᠬᠠᠮᠵᠢᠯᠴᠠᠵᠤ᠂ ᠲᠠᠮᠢᠷᠴᠢᠨ ᠨᠢᠭᠡᠪᠦᠷᠢ ᠪᠦᠬᠦ ᠬᠦᠴᠦ᠎ᠪᠠᠨ ᠰᠢᠪᠬᠠᠵᠤ᠂ ᠬᠤᠪᠢ ᠬᠥᠮᠦᠨ᠎ᠤ ᠬᠠᠮᠤᠭ ᠰᠠᠢ᠍ᠢ᠍ᠨ ᠪᠠᠶ᠋ᠢᠳᠠᠯ ᠵᠶ᠋ᠠᠨ ᠭᠦᠢ᠍ᠴᠡᠳ ᠪᠠᠳᠠᠷᠠᠭᠤᠯᠪᠠ᠃ ᠡᠴᠦᠰ᠎ᠲᠡᠭᠡᠨ 25 ᠪᠣᠷᠣᠣᠬᠠᠢ ᠵᠢᠨ ᠰᠢᠷᠦᠭᠦᠨ ᠥᠷᠢᠰᠥᠯᠳᠦᠭᠡᠨ ᠵᠶ᠋ᠡᠷ ᠳᠠᠮᠵᠢᠭ᠋ᠠᠳ᠂ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠤᠨ ᠲᠥᠯᠥᠭᠡᠯᠡᠭᠴᠢᠳ᠎ᠤᠨ ᠠᠩᠭᠢ 16 ᠳ᠋ᠤᠭ᠋ᠠᠷ ᠨᠡᠷᠡᠰ᠎ᠤᠨ ᠰᠢᠯᠢᠳᠡᠭ ᠬᠢᠷᠢ ᠪᠦᠲᠦᠮᠵᠢ᠎ᠪᠠᠷ ᠤᠷᠤᠯᠳᠤᠭ᠋ᠠᠨ ᠵᠶ᠋ᠠᠨ ᠳᠠᠭᠤᠰᠬᠠᠪᠠ᠃ ᠤᠷᠤᠯᠳᠤᠭ᠋ᠠᠨ᠎ᠤ ᠳᠠᠷᠠᠭ᠎ᠠ᠂ ᠠᠩᠭᠢ ᠵᠢᠨ ᠭᠡᠰᠢᠭᠦᠳ᠂ ᠤᠷᠤᠯᠳᠤᠭ᠋ᠠᠨ ᠵᠶ᠋ᠠᠷ ᠪᠣᠯᠪᠠᠰᠤᠷᠠᠯ᠎ᠢ ᠠᠬᠢᠭᠤᠯᠵᠤ᠂ ᠬᠤᠪᠢ ᠬᠥᠮᠦᠨ᠎ᠤ ᠬᠢᠷᠢ ᠪᠦᠲᠦᠮᠵᠢ᠎ᠪᠠᠨ ᠴᠢᠷᠮᠠᠶ᠋ᠢᠨ ᠳᠡᠭᠡᠭᠰᠢᠯᠡᠭᠦᠯᠵᠦ᠂ ᠪᠦᠯᠬᠦᠮ᠎ᠤᠨ ᠬᠠᠮᠵᠢᠯᠴᠠᠬᠤ ᠴᠢᠳᠠᠪᠤᠷᠢ᠎ᠪᠠᠨ ᠳᠡᠭᠡᠭᠰᠢᠯᠡᠭᠦᠯᠵᠦ᠂ ᠢᠷᠡᠬᠦ ᠵᠢᠯ᠎ᠳᠤ ᠳᠠᠬᠢᠨᠲᠠ ᠰᠢᠯᠢᠳᠡᠭ ᠬᠢᠷᠢ ᠪᠦᠲᠦᠮᠵᠢ ᠭᠠᠷᠭ᠋ᠠᠬᠤ᠎ᠪᠠᠷ ᠴᠢᠷᠮᠠᠶ᠋ᠢᠨ᠎ᠠ ᠭᠡᠵᠦ ᠰᠠᠨᠠᠯ ᠨᠢᠭᠡᠲᠡᠶ ᠢᠯᠡᠷᠬᠡᠶ᠋ᠢᠯᠡᠪᠡ᠃
      ᠠᠮᠢ ᠠᠬᠤᠶ ᠣᠷᠴᠢᠨ ᠲᠣᠭᠣᠷᠢᠨ᠎ᠤ ᠲᠢᠩᠬᠢᠮ ᠡᠭᠦᠨ ᠵᠶ᠋ᠡᠷ ᠰᠢᠨ᠎ᠡ ᠭᠠᠷᠤᠭ᠎ᠠ ᠪᠣᠯᠭ᠋ᠠᠵᠤ᠂ ᠪᠦᠬᠦ ᠰᠢᠰᠲ᠋ᠧᠮ᠎ᠤᠨ ᠺᠠᠳ᠋ᠷ ᠠᠵᠢᠯᠲᠠᠨ ᠠᠵᠢᠯᠴᠢᠨ᠎ᠢ ᠤᠷᠢᠶᠠᠯᠠᠨ ᠪᠦᠬᠦ ᠠᠷᠠᠳ᠎ᠤᠨ ᠪᠡᠶ᠎ᠡ ᠮᠠᠬᠠᠪᠣᠳ ᠵᠶ᠋ᠠᠨ ᠴᠢᠭᠢᠷᠠᠭᠵᠢᠭᠤᠯᠬᠤ ᠬᠥᠳᠡᠯᠭᠡᠭᠡᠨ᠎ᠳᠤ ᠢᠳᠡᠪᠬᠢᠲᠡᠶ ᠣᠷᠣᠯᠴᠠᠭᠤᠯᠵᠤ᠂ ᠰᠢᠨᠵᠢᠯᠡᠬᠦ ᠤᠬᠠᠭ᠋ᠠᠨᠴᠢ᠎ᠪᠠᠷ ᠳᠠᠪᠲᠠᠨ ᠪᠣᠯᠪᠠᠰᠤᠷᠠᠭᠤᠯᠬᠤ᠎ᠪᠠᠷ ᠳᠠᠮᠵᠢᠨ ᠪᠡᠶ᠎ᠡ ᠮᠠᠬᠠᠪᠣᠳ᠎ᠤᠨ ᠬᠡᠪ ᠴᠢᠨᠠᠷ ᠵᠶ᠋ᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠩ ᠴᠤᠭ ᠪᠠᠳᠠᠷᠠᠩᠭᠤᠢ ᠲᠡᠮᠡᠴᠡᠯ᠎ᠤᠨ ᠵᠣᠷᠢᠭ᠂ ᠨᠡᠩ ᠪᠣᠳᠠᠲᠠᠢ ᠵᠢ ᠡᠷᠬᠢᠮᠯᠡᠬᠦ ᠰᠤᠷᠲᠠᠯ᠂ ᠨᠡᠩ ᠲᠡᠭᠦᠰ ᠲᠡᠭᠦᠯᠳᠡᠷ ᠤᠶᠤᠨ ᠰᠠᠨᠠᠭ᠋ᠠᠨ᠎ᠤ ᠳᠦᠷᠰᠦ ᠪᠠᠶ᠋ᠢᠳᠠᠯ ᠵᠶ᠋ᠠᠷ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠦᠶ᠎ᠡ ᠭᠡᠵᠦ ᠤᠷᠢᠶᠠᠯᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠬᠥᠬᠡᠬᠣᠲᠠ ᠵᠢᠨ ᠠᠮᠢ ᠠᠬᠤᠶ ᠣᠷᠴᠢᠨ ᠲᠣᠭᠣᠷᠢᠨ᠎ᠤ ᠲᠣᠪᠴᠢᠶ᠎ᠠ 《ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠠᠢ᠌ᠭᠤᠯᠬᠤ᠎ᠳᠤ ᠪᠢᠳᠡ ᠤᠷᠢᠳᠠᠪᠠᠷ ᠬᠥᠳᠡᠯᠦᠯᠴᠡᠶ᠎ᠡ》 ᠭᠡᠬᠦ ᠰᠦᠯᠵᠢᠶᠡᠨ᠎ᠤ ᠰᠣᠳᠣᠨ ᠬᠥᠮᠦᠰ᠎ᠤᠨ ᠰᠠᠯᠤᠨ ᠠᠵᠢᠯᠯᠠᠭ᠎ᠠ ᠵᠢ ᠡᠷᠭᠢᠯᠡᠪᠡ
ᠠᠮᠢ ᠠᠬᠤᠶ ᠵᠢᠨ ᠣᠷᠴᠢᠨ ᠲᠣᠭᠣᠷᠢᠨ᠎ᠤ ᠶᠠᠮᠤᠨ ᠲᠦᠩᠯᠢᠶᠣᠤ ᠬᠣᠲᠠ᠎ᠳᠤ ᠠᠮᠢ ᠠᠬᠤᠢ ᠵᠢᠨ ᠣᠷᠴᠢᠨ ᠲᠣᠭᠣᠷᠢᠨ᠎ᠤ ᠬᠦᠷᠢᠶᠡᠨ᠎ᠳᠠᠬᠢ ᠦᠨᠳᠦᠰᠦᠨ ᠱᠠᠲᠤᠨ᠎ᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠢ ᠪᠠᠷᠢᠮᠵᠢᠶᠠᠵᠢᠭᠤᠯᠬᠤ ᠪᠠ ᠵᠢᠷᠤᠮᠵᠢᠭᠤᠯᠬᠤ ᠲᠤᠷᠰᠢᠯᠲᠠ ᠵᠢᠨ ᠴᠢᠭ᠎ᠤᠨ ᠠᠵᠢᠯ᠎ᠢ ᠪᠠᠶ᠋ᠢᠴᠠᠭ᠋ᠠᠨ ᠰᠤᠳᠤᠯᠵᠤ ᠬᠢᠨᠠᠨ ᠵᠢᠯᠣᠭᠣᠳᠪᠠ
ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠪᠠᠶ᠋ᠢᠴᠠᠭ᠋ᠠᠬᠤ ᠳᠤᠭᠤᠶ᠋ᠢᠯᠠᠩ ᠬᠥᠬᠡᠬᠣᠲᠠ᠎ᠳᠤ ᠲᠥᠪᠯᠡᠷᠡᠩᠭᠦᠢ ᠮᠠᠶᠢᠭ᠎ᠤᠨ ᠤᠤᠭᠤᠬᠤ ᠤᠰᠤᠨ᠎ᠤ ᠡᠬᠢ ᠰᠤᠷᠪᠤᠯᠵᠢ ᠵᠢᠨ ᠭᠠᠵᠠᠷ᠎ᠤᠨ ᠣᠷᠴᠢᠨ ᠲᠣᠭᠣᠷᠢᠨ ᠎ᠢ ᠬᠠᠮᠠᠭ᠋ᠠᠯᠠᠬᠤ ᠠᠰᠠᠭᠤᠳᠠᠯ᠎ᠢ ᠴᠡᠭᠴᠡᠯᠡᠨ ᠥᠭᠡᠷᠡᠴᠢᠯᠡᠵᠦ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠪᠠᠶ᠋ᠢᠴᠠᠭ᠋ᠠᠪᠠ
ᠳᠥᠷᠪᠡᠳᠦᠭᠡᠷ ᠬᠤᠭᠤᠴᠠᠭ᠋ᠠᠨ᠎ᠤ ᠪᠥᠬᠥ ᠣᠷᠣᠨ᠎ᠤ ᠣᠷᠴᠢᠨ ᠲᠣᠭᠣᠷᠢᠨ᠎ᠢ ᠬᠠᠮᠠᠭ᠋ᠠᠯᠠᠬᠤ ᠰᠢᠰᠲ᠋ᠧᠮ᠎ᠤᠨ 《ᠣᠷᠴᠢᠨ ᠠᠬᠤᠶ ᠵᠢᠨ ᠬᠠᠮᠠᠭ᠋ᠠᠯᠠᠯᠲᠠ ᠵᠢᠨ ᠬᠤᠨᠳᠠᠭ᠋ᠠᠲᠤ》 ᠫᠢᠩᠫᠠᠩ ᠪᠥᠮᠪᠥᠭᠡ ᠵᠢᠨ ᠤᠷᠤᠯᠳᠤᠭ᠋ᠠᠨ ᠠᠮᠵᠢᠯᠲᠠ ᠎ᠲᠠᠢ ᠥᠨᠳᠥᠷᠯᠡᠪᠡ ᠲᠠᠪᠤᠳᠤᠭ᠋ᠠᠷ ᠬᠤᠭᠤᠴᠠᠭ᠋ᠠᠨ᠎ᠤ 《ᠣᠷᠴᠢᠨ ᠠᠬᠤᠶ ᠵᠢᠨ ᠬᠠᠮᠠᠭ᠋ᠠᠯᠠᠯᠲᠠ ᠵᠢᠨ ᠬᠤᠨᠳᠠᠭ᠋ᠠᠲᠤ》 ᠫᠢᠩᠫᠠᠩ ᠪᠥᠮᠪᠥᠭᠡ ᠵᠢᠨ ᠤᠷᠤᠯᠳᠤᠭ᠋ᠠᠨ ᠬᠥᠯᠥᠨ ᠪᠣᠶ᠋ᠢᠷ ᠬᠣᠲᠠ᠎ᠳᠤ ᠶᠠᠪᠤᠭᠳᠠᠬᠤ᠎ᠪᠠᠷ ᠪᠠᠢ᠌ᠨ᠎ᠠ
ᠬᠥᠯᠥᠨ ᠪᠤᠢ᠍ᠢ᠍ᠷ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠤᠪᠤᠢ᠍ᠢ᠍ᠮ᠎ᠠ ᠠᠰᠠᠭᠤᠳᠠᠯ᠎ᠢ ᠢᠯᠭ᠋ᠠᠨ ᠪᠠᠶ᠋ᠢᠴᠠᠭ᠋ᠠᠵᠤ ᠵᠠᠰᠠᠬᠤ 《ᠵᠠᠭᠤᠨ ᠡᠳᠦᠷ᠎ᠤᠨ ᠪᠣᠭᠣᠮᠲᠠ ᠰᠢᠪᠲᠤᠯᠬᠤ》 ᠲᠤᠰᠬᠠᠶ ᠠᠵᠢᠯᠯᠠᠭ᠎ᠠ ᠬᠠᠮᠲᠤᠷᠠᠭᠰᠠᠨ ᠬᠤᠷᠠᠯ ᠬᠤᠷᠠᠯᠳᠤᠭᠤᠯᠪᠠ
 
             蒙ICP备05000248号