7 ᠰᠠᠷ᠎ᠠ᠎ᠶᠢᠨ 22᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ 2026 ᠣᠨ᠎ᠤ ᠰᠠᠯᠠᠭ᠎ᠠ ᠮᠥᠴᠢᠷ᠎ᠦᠨ ᠲᠥᠰᠦᠪ᠎ᠢ ᠨᠠᠶ᠋ᠢᠷᠠᠭᠤᠯᠤᠨ ᠵᠣᠬᠢᠶᠠᠬᠤ ᠪᠠᠶ᠋ᠢᠷᠢᠯᠠᠭᠤᠯᠤᠯᠲᠠ ᠳᠠᠶ᠋ᠢᠴᠢᠯᠠᠯᠲᠠ᠎ᠶᠢᠨ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠦᠨ ᠬᠠᠮᠢᠶ᠎ᠠ ᠪᠦᠬᠦᠢ ᠭᠠᠵᠠᠷ ᠭᠡᠷ᠎ᠦᠨ ᠬᠠᠷᠢᠭᠤᠴᠠᠯᠭᠠᠲᠠᠨ ᠨᠥᠬᠥᠳ᠎ᠢ ᠤᠷᠢᠵᠤ ᠬᠤᠷᠠᠯ᠎ᠳᠤ ᠣᠷᠣᠯᠴᠠᠭᠤᠯᠤᠨ ᠵᠢᠭᠠᠨ ᠵᠢᠯᠣᠭᠣᠳᠤᠯᠭ᠎ᠠ ᠬᠢᠯᠭᠡᠵᠦ᠂ ᠲᠢᠩᠬᠢᠮ᠎ᠦᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠳᠠᠷᠤᠭ᠎ᠠ ᠸᠠᠩ ᠢ ᠯᠢᠩ ᠬᠤᠷᠠᠯ᠎ᠳᠤ ᠣᠷᠣᠯᠴᠠᠭᠰᠠᠨ ᠪᠥᠭᠡᠳ 2026 ᠣᠨ᠎ᠤ ᠲᠥᠰᠦᠪ᠎ᠢ ᠨᠠᠶ᠋ᠢᠷᠠᠭᠤᠯᠤᠨ ᠵᠣᠬᠢᠶᠠᠬᠤ ᠠᠵᠢᠯ᠎ᠤᠨ ᠲᠠᠢ᠍ᠢᠴᠢᠯᠠᠯᠳᠠ ᠪᠠᠶ᠋ᠢᠷᠢᠯᠠᠭᠤᠯᠤᠯᠲᠠ ᠬᠢᠵᠡᠢ᠃
ᠬᠤᠷᠠᠯ᠎ᠠᠴᠠ᠂ 2026 ᠣᠨ ᠪᠣᠯ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶᠢᠨ ᠡᠬᠢᠯᠡᠯᠲᠡ᠎ᠶᠢᠨ ᠵᠢᠯ ᠪᠣᠯᠤᠨ᠎ᠠ᠂ ᠲᠥᠰᠦᠪ᠎ᠢ ᠨᠠᠶ᠋ᠢᠷᠠᠭᠤᠯᠤᠨ ᠵᠣᠬᠢᠶᠠᠬᠤ ᠠᠵᠢᠯ᠎ᠢ ᠪᠦᠬᠦ ᠲᠠᠯ᠎ᠠ᠎ᠪᠠᠷ ᠵᠢᠷᠤᠮᠵᠢᠭᠤᠯᠤᠨ ᠰᠠᠶ᠋ᠢᠲᠤᠷ ᠬᠢᠬᠦ ᠨᠢ 2026 ᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠠᠵᠢᠯ᠎ᠢ ᠰᠢᠨᠵᠢᠯᠡᠬᠦ ᠤᠬᠠᠭᠠᠨᠴᠢ᠎ᠪᠠᠷ ᠥᠨᠳᠥᠷ ᠲᠦᠪᠰᠢᠨ᠎ᠢᠶᠡᠷ ᠥᠷᠨᠢᠭᠦᠯᠬᠦ᠎ᠶᠢ ᠪᠠᠲᠤᠯᠠᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ ᠡᠯ᠎ᠡ ᠭᠠᠵᠠᠷ ᠬᠡᠷ᠂ ᠨᠢᠭᠡᠴᠢ᠎ᠨᠦᠭᠦᠳ ᠲᠠᠨᠢᠯᠲᠠ᠎ᠪᠠᠨ ᠳᠡᠭᠡᠭᠰᠢᠯᠡᠭᠦᠯᠵᠦ᠂ ᠵᠣᠬᠢᠶᠠᠨ ᠪᠠᠶ᠋ᠢᠭᠤᠯᠤᠯᠲᠠ᠎ᠶᠢᠨ ᠤᠳᠤᠷᠢᠳᠤᠯᠭ᠎ᠠ᠎ᠪᠠᠨ ᠴᠢᠩᠭᠠᠳᠬᠠᠨ᠂ ᠭᠣᠥᠯ ᠴᠣᠭᠴᠠ᠎ᠶᠢᠨ ᠬᠠᠷᠢᠭᠤᠴᠠᠯᠭ᠎ᠠ᠎ᠪᠡᠨ ᠪᠣᠳᠠᠲᠠᠶ᠋ᠢᠵᠢᠭᠤᠯᠵᠤ᠂ ᠴᠠᠭ ᠬᠤᠭᠤᠴᠠᠭ᠎ᠠ᠎ᠶᠢᠨ ᠵᠠᠩᠭᠢᠯᠠᠭ᠎ᠠ᠎ᠶᠢᠨ ᠴᠡᠭ᠎ᠢ ᠴᠢᠩᠭ᠎ᠠ ᠠᠳᠬᠤᠨ᠂ ᠠᠵᠢᠯ᠎ᠤᠨ ᠡᠭᠦᠷᠭᠡ ᠪᠠ ᠪᠡᠶᠡᠯᠡᠭᠦᠯᠬᠦ ᠴᠠᠭ᠎ᠤᠨ ᠬᠢᠵᠠᠭᠠᠷ᠎ᠢ ᠨᠠᠷᠢᠯᠢᠬ᠍ᠵᠢᠭᠤᠯᠵᠤ᠂ 2026 ᠣᠨ᠎ᠤ ᠰᠠᠯᠠᠭ᠎ᠠ ᠮᠥᠴᠢᠷ᠎ᠦᠨ ᠲᠥᠰᠦᠪ᠎ᠢ ᠨᠠᠶ᠋ᠢᠷᠠᠭᠤᠯᠤᠨ ᠵᠣᠬᠢᠶᠠᠬᠤ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠶᠡᠬᠡ ᠶᠠᠪᠤᠳᠠᠯ ᠴᠢᠬᠤᠯᠠ ᠶᠠᠪᠤᠳᠠᠯ᠎ᠤᠨ ᠪᠠᠲᠤᠯᠠᠭ᠎ᠠ᠎ᠶᠢᠨ ᠨᠠᠷᠢᠨ ᠲᠠᠩᠰᠠ᠎ᠶᠢ ᠨᠠᠷᠢᠨ ᠬᠢᠨᠠᠮᠠᠭᠠᠶ ᠲᠠᠭᠯᠠᠨ ᠮᠡᠳᠡᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠳᠣᠭᠢᠷᠠᠭᠤᠯᠤᠨ ᠪᠠᠶ᠋ᠢᠷᠢᠯᠠᠭᠤᠯᠤᠭᠰᠠᠨ ᠭᠣᠥᠯᠳᠠᠯᠭ᠎ᠠ᠎ᠲᠠᠢ ᠡᠭᠦᠷᠭᠡ᠎ᠶᠢᠨ ᠨᠠᠶ᠋ᠢᠳᠠᠪᠤᠷᠢᠵᠢᠭᠤᠯᠤᠯᠲᠠ᠎ᠶᠢ ᠭᠣᠥᠯᠳᠠᠯᠭ᠎ᠠ᠎ᠲᠠᠢ ᠪᠠᠲᠤᠯᠠᠬᠤ ᠬᠡᠷᠡᠭᠲᠡᠶ᠃ ᠲᠥᠰᠦᠪ᠎ᠢ ᠮᠡᠳᠡᠭᠦᠯᠬᠦ ᠦᠨᠳᠦᠰᠦ ᠪᠠᠷᠢᠮᠲᠠ᠎ᠶᠢ ᠨᠠᠷᠢᠯᠢᠭ᠋ ᠣᠨᠣᠴᠠᠲᠠᠶ᠎ᠪᠠᠷ ᠬᠠᠩᠭᠠᠵᠤ᠂ ᠪᠡᠯᠡ ᠮᠥᠩᠭᠥᠨ᠎ᠦ ᠬᠡᠷᠡᠭᠴᠡᠭᠡ᠎ᠶᠢ ᠰᠢᠨᠵᠢᠯᠡᠬᠦ ᠤᠬᠠᠭᠠᠨᠴᠢ᠎ᠪᠠᠷ ᠲᠥᠰᠦᠭᠡᠯᠡᠨ ᠪᠤᠳᠤᠵᠤ᠂ ᠲᠥᠰᠦᠪ᠎ᠢ ᠨᠠᠶ᠋ᠢᠷᠠᠭᠤᠯᠤᠨ ᠵᠣᠬᠢᠶᠠᠬᠤ ᠶᠠᠰᠤ ᠴᠢᠨᠠᠷ᠎ᠢ ᠳᠡᠭᠡᠭᠰᠢᠯᠡᠭᠦᠯᠦᠨ᠂ ᠵᠢᠱ᠌ᠢᠭᠰᠡᠨ ᠠᠮᠵᠢᠯᠲᠠ ᠪᠦᠲᠦᠮᠵᠢ᠎ᠶᠢᠨ ᠬᠠᠷᠠᠯᠲᠠ᠎ᠪᠠᠨ ᠪᠡᠶᠡᠯᠡᠭᠦᠯᠬᠦ᠎ᠶᠢ ᠦᠨᠡᠨ ᠬᠦ᠌ ᠪᠠᠲᠤᠯᠠᠬᠤ ᠬᠡᠷᠡᠭᠲᠡᠶ᠃ ᠲᠥᠪ᠎ᠦᠨ ᠨᠠᠢ᠍ᠮᠠᠨ ᠵᠦᠢᠯ᠎ᠦᠨ ᠲᠣᠭᠲᠠᠭᠠᠯ᠎ᠤᠨ ᠵᠣᠷᠢᠭ᠋ ᠰᠠᠨᠠᠭ᠎ᠠ ᠪᠣᠯᠤᠨ 《ᠨᠠᠮ ᠵᠠᠰᠠᠭ᠎ᠤᠨ ᠪᠠᠶ᠋ᠢᠭᠤᠯᠭ᠎ᠠ ᠠᠷᠪᠢᠯᠠᠨ ᠭᠠᠮᠨᠠᠬᠤ᠎ᠶᠢ ᠡᠷᠬᠢᠮᠯᠡᠵᠦ ᠪᠦᠷᠢᠯᠭᠡᠨ ᠰᠦᠢᠳᠬᠡᠬᠦ᠎ᠶᠢ ᠡᠰᠡᠷᠭᠦᠴᠡᠬᠦ》 ᠱᠠᠭᠠᠷᠳᠠᠯᠭ᠎ᠠ᠎ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠡᠳ᠋᠎ᠦᠨ ᠵᠠᠰᠠᠭ᠎ᠤᠨ ᠪᠡᠯᠡ ᠮᠥᠩᠭᠥ᠎ᠶᠢᠨ ᠬᠡᠷᠡᠭᠯᠡᠯᠲᠡ᠎ᠶᠢᠨ ᠴᠢᠨᠠᠷ ᠴᠢᠨᠰᠠᠭ᠎ᠠ ᠦᠷ᠎ᠡ ᠠᠰᠢᠭ᠋᠎ᠢ ᠦᠨᠡᠨ ᠬᠦ᠌ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠦᠨ ᠪᠠᠶ᠋ᠢᠭᠠᠯᠢ᠎ᠶᠢᠨ ᠡᠬᠢ ᠪᠠᠶᠠᠯᠢᠭ᠋ ᠪᠠ ᠠᠮᠢ ᠠᠬᠤᠢ ᠣᠷᠴᠢᠨ ᠲᠣᠭᠣᠷᠢᠨ᠎ᠤ ᠭᠠᠵᠠᠷ᠎ᠤᠨ ᠬᠠᠷᠢᠭᠤᠴᠠᠯᠭᠠᠲᠠᠨ 2025 ᠣᠨ᠎ᠤ ᠲᠥᠰᠦᠪ᠎ᠢ ᠨᠠᠶ᠋ᠢᠷᠠᠭᠤᠯᠤᠨ ᠵᠣᠬᠢᠶᠠᠵᠤ ᠬᠢᠨᠠᠨ ᠬᠠᠷᠭᠤᠭᠤᠯᠬᠤ ᠳᠤᠮᠳᠠ ᠢᠯᠡᠷᠡᠭᠦᠯᠦᠭᠰᠡᠨ ᠠᠰᠠᠭᠤᠳᠠᠯ᠎ᠳᠤ ᠴᠢᠭᠯᠡᠭᠦᠯᠦᠨ᠂ 2026 ᠣᠨ᠎ᠤ ᠲᠥᠰᠦᠪ᠎ᠢ ᠨᠠᠶ᠋ᠢᠷᠠᠭᠤᠯᠤᠨ ᠵᠣᠬᠢᠶᠠᠬᠤ ᠠᠵᠢᠯ᠎ᠢ ᠰᠠᠶ᠋ᠢᠲᠤᠷ ᠬᠢᠬᠦ᠎ᠳᠦ ᠠᠩᠬᠠᠷᠬᠤ ᠵᠦᠢᠯᠡᠰ᠎ᠢ ᠬᠠᠪᠰᠤᠷᠤᠨ ᠵᠢᠯᠣᠭᠣᠳᠪᠠ᠃
ᠲᠢᠩᠬᠢᠮ᠎ᠦᠨ ᠪᠠᠶ᠋ᠢᠭᠤᠯᠭ᠎ᠠ᠎ᠶᠢᠨ ᠡᠯ᠎ᠡ ᠭᠠᠵᠠᠷ ᠬᠡᠷ ᠪᠣᠯᠤᠨ ᠬᠠᠷᠢᠶ᠎ᠠ ᠬᠣᠶᠠᠳᠤᠭᠠᠷ ᠳᠡᠰ᠎ᠤᠨ ᠲᠥᠰᠦᠪ᠎ᠦᠨ ᠰᠠᠯᠠᠭ᠎ᠠ ᠮᠥᠴᠢᠷ (ᠨᠢᠭᠡᠴᠢ)᠎ᠤᠨ ᠭᠣᠥᠯ ᠬᠠᠷᠢᠭᠤᠴᠠᠯᠭᠠᠲᠠᠨ ᠵᠢᠴᠢ ᠡᠳ᠋᠎ᠦᠨ ᠶᠠᠪᠤᠳᠠᠯ᠎ᠤᠨ ᠠᠵᠢᠯᠲᠠᠨ ᠨᠡᠶ᠋ᠢᠲᠡ 50 ᠭᠠᠷᠤᠶ ᠬᠥᠮᠦᠨ ᠬᠤᠷᠠᠯ᠎ᠳᠤ ᠣᠷᠣᠯᠴᠠᠵᠠᠶ᠃