ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠪᠠᠢᠭᠤᠯᠤᠮᠵᠢ᠎ᠶᠢᠨ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠵᠤ᠂ ᠬᠢᠨᠠᠨ ᠬᠡᠮᠵᠢᠯᠲᠡ᠎ᠶᠢᠨ ᠵᠠᠬ᠎ᠠ ᠳᠡᠯᠭᠡᠭᠦᠷ᠎ᠦᠨ ᠡᠮᠬᠢ ᠳᠢᠭ᠌ᠯᠢᠮ᠎ᠢ ᠵᠢᠷᠤᠮᠵᠢᠭᠤᠯᠵᠤ᠂ ᠬᠢᠨᠠᠨ ᠬᠡᠮᠵᠢᠯᠲᠡ᠎ᠶᠢᠨ ᠲᠣᠭ᠎ᠠ ᠪᠠᠷᠢᠮᠲᠠ᠎ᠶᠢᠨ ᠦᠨᠡᠨ ᠪᠣᠳᠠᠲᠠᠢ ᠨᠠᠢᠳᠠᠪᠤᠷᠢᠲᠠᠢ ᠪᠠᠢᠬᠤ᠎ᠶᠢ ᠪᠠᠲᠤᠯᠠᠬᠤ᠎ᠶᠢᠨ ᠲᠥᠯᠥᠭᠡ᠂ 2025 ᠣᠨ᠎ᠤ 12 ᠰᠠᠷ᠎ᠠ᠎ᠶᠢᠨ 23᠎ᠤ ᠡᠳᠦᠷ᠂ ᠤᠯᠠᠭᠠᠨᠬᠠᠳᠠ ᠬᠤᠳᠠ᠎ᠶᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ 2025 ᠣᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠬᠠᠮᠲᠤᠷᠠᠭᠰᠠᠨ ᠪᠠᠢᠴᠠᠭᠠᠯᠲᠠ᠎ᠶᠢᠨ ᠦᠷ᠎ᠡ ᠳ᠋ᠦᠩ᠎ᠢ ᠮᠡᠳᠡᠭᠳᠡᠬᠦ ᠵᠢᠴᠢ 《 ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠳᠦᠷᠢᠮ 》᠎ᠢ ᠤᠬᠠᠭᠤᠯᠤᠨ ᠲᠤᠭᠤᠰᠢᠯᠠᠭᠤᠯᠬᠤ ᠬᠤᠷᠠᠯ᠎ᠢ ᠵᠣᠬᠢᠶᠠᠨ ᠪᠠᠢᠭᠤᠯᠵᠤ ᠬᠤᠷᠠᠯᠳᠤᠭᠤᠯᠪᠠ᠃ ᠪᠦᠬᠦ ᠬᠤᠳᠠ᠎ᠶᠢᠨ 16 ᠨᠡᠢᠭᠡᠮᠴᠢᠯᠡᠭᠰᠡᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠪᠠᠢᠭᠤᠯᠤᠮᠵᠢ᠎ᠶᠢᠨ ᠭᠣᠣᠯ ᠬᠠᠷᠢᠭᠤᠴᠠᠯᠭᠠᠲᠠᠨ ᠵᠢᠴᠢ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ᠎ᠳᠤ ᠣᠷᠣᠯᠴᠠᠪᠠ᠃
ᠬᠤᠷᠠᠯ᠎ᠠᠴᠠ ᠡᠩ ᠲᠡᠷᠢᠭᠦᠨ᠎ᠳᠦ 2025 ᠣᠨ᠎ᠤ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠬᠢᠭᠡᠳ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠠᠴᠠ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠪᠠᠢᠭᠤᠯᠤᠮᠵᠢ᠎ᠳᠤ ᠬᠠᠮᠲᠤᠷᠠᠭᠰᠠᠨ ᠪᠠᠢᠴᠠᠭᠠᠯᠲᠠ ᠬᠢᠭᠰᠡᠨ ᠦᠷ᠎ᠡ ᠳ᠋ᠦᠩ᠎ᠢ ᠨᠡᠢᠲᠡᠯᠡᠵᠦ᠂ ᠬᠡᠰᠡᠭ ᠪᠠᠢᠭᠤᠯᠤᠮᠵᠢ᠎ᠶᠢᠨ ᠬᠠᠮᠢᠶᠠᠷᠤᠯᠲᠠ᠎ᠶᠢᠨ ᠰᠢᠰᠲᠧᠮ᠂ ᠠᠩᠬᠠᠨ᠎ᠤ ᠲᠡᠮᠳᠡᠭᠯᠡᠯ᠂ ᠬᠡᠮᠵᠢᠭᠦᠷᠯᠢᠭ ᠲᠥᠬᠦᠭᠡᠷᠦᠮᠵᠢ ᠵᠢᠴᠢ ᠬᠤᠪᠢᠶᠠᠨ ᠳᠠᠭᠠᠭᠠᠴᠢᠯᠠᠬᠤ ᠬᠠᠮᠢᠶᠠᠷᠤᠯᠲᠠ ᠵᠡᠷᠭᠡ ᠲᠠᠯ᠎ᠠ᠎ᠪᠠᠷ ᠲᠣᠭᠲᠠᠭᠠᠯ᠎ᠠᠴᠠ ᠵᠥᠷᠢᠴᠡᠭᠰᠡᠨ ᠠᠰᠠᠭᠤᠳᠠᠯ ᠣᠷᠣᠰᠢᠵᠤ ᠪᠠᠢᠨ᠎ᠠ ᠭᠡᠵᠦ ᠵᠢᠭᠠᠵᠤ ᠭᠠᠷᠭᠠᠪᠠ᠃ ᠪᠠᠢᠴᠠᠭᠠᠯᠲᠠ᠎ᠳᠤ ᠢᠯᠡᠷᠡᠭᠦᠯᠦᠭᠰᠡᠨ ᠠᠰᠠᠭᠤᠳᠠᠯ᠎ᠳᠤ ᠴᠢᠭᠯᠡᠭᠦᠯᠦᠨ᠂ ᠬᠤᠷᠠᠯ᠎ᠠᠴᠠ ᠬᠣᠯᠪᠣᠭᠳᠠᠯ ᠪᠦᠬᠦᠢ ᠪᠠᠢᠭᠤᠯᠤᠮᠵᠢ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ᠂ ᠭᠦᠨᠵᠡᠭᠡᠢ ᠲᠤᠩᠭᠠᠨ ᠪᠣᠳᠣᠯᠬᠢᠯᠠᠵᠤ᠂ ᠬᠣᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠮᠡᠷᠭᠡᠵᠢᠯ᠎ᠦᠨ ᠵᠢᠷᠤᠮᠵᠢᠯ ᠵᠢᠴᠢ ᠪᠠᠷᠢᠮᠵᠢᠶ᠎ᠠ᠎ᠶᠢᠨ ᠱᠠᠭᠠᠷᠳᠠᠯᠭ᠎ᠠ᠎ᠶᠢ ᠴᠢᠩᠭ᠎ᠠ ᠵᠢᠷᠤᠮᠯᠠᠨ ᠥᠪᠡᠰᠦᠪᠡᠨ ᠪᠠᠢᠴᠠᠭᠠᠵᠤ ᠥᠪᠡᠰᠦᠪᠡᠨ ᠵᠠᠯᠠᠷᠠᠭᠤᠯᠬᠤ ᠠᠵᠢᠯ᠎ᠢ ᠪᠥᠬᠥ ᠲᠠᠯ᠎ᠠ᠎ᠪᠠᠷ ᠥᠷᠨᠢᠭᠦᠯᠵᠦ᠂ ᠴᠡᠭᠴᠡᠯᠡᠨ ᠥᠭᠡᠷᠡᠴᠢᠯᠡᠬᠦ ᠬᠠᠷᠢᠭᠤᠴᠠᠯᠭᠠᠲᠠᠨ᠂ ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ ᠪᠠ ᠪᠡᠶᠡᠯᠡᠭᠦᠯᠬᠦ ᠴᠠᠭ᠎ᠤᠨ ᠬᠢᠵᠠᠭᠠᠷ᠎ᠢ ᠲᠣᠳᠣᠷᠬᠠᠢ ᠪᠣᠯᠭᠠᠵᠤ᠂ ᠠᠰᠠᠭᠤᠳᠠᠯ᠎ᠢ ᠪᠣᠳᠠᠲᠠᠢ᠎ᠪᠠᠷ ᠴᠡᠭᠴᠡᠯᠡᠨ ᠰᠠᠢᠵᠢᠷᠠᠭᠤᠯᠵᠤ᠂ ᠪᠣᠳᠠᠲᠤ ᠦᠷ᠎ᠡ ᠪᠦᠲᠦᠮᠵᠢ ᠣᠯᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
ᠬᠤᠷᠠᠯ᠎ᠠᠴᠠ 2026 ᠣᠨ᠎ᠤ 1 ᠰᠠᠷ᠎ᠠ᠎ᠶᠢᠨ 1᠎ᠦ ᠡᠳᠦᠷ ᠬᠡᠷᠡᠭᠵᠢᠭᠦᠯᠬᠦ᠎ᠪᠡᠷ ᠪᠠᠢᠭ᠎ᠠ 《 ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠳᠦᠷᠢᠮ 》᠎ᠢ ᠲᠤᠰᠬᠠᠢ ᠰᠡᠳᠦᠪ᠎ᠢᠶᠡᠷ ᠤᠬᠠᠭᠤᠯᠤᠨ ᠲᠤᠭᠤᠰᠢᠯᠠᠭᠤᠯᠪᠠ᠃ 《 ᠳᠦᠷᠢᠮ》᠎ᠳᠡᠬᠢ ᠮᠡᠷᠭᠡᠵᠢᠯ᠎ᠦᠨ ᠦᠢᠯᠡᠴᠢᠯᠡᠭᠡᠨ᠎ᠦ ᠪᠠᠢᠭᠤᠯᠤᠮᠵᠢ᠎ᠲᠠᠢ ᠨᠢᠭ᠍ᠲᠠ ᠬᠣᠯᠪᠣᠭ᠎ᠠ᠎ᠲᠠᠢ ᠬᠠᠷᠢᠭᠤᠴᠠᠯᠭ᠎ᠠ᠂ ᠡᠭᠦᠷᠭᠡ ᠵᠢᠴᠢ ᠬᠠᠤᠯᠢ᠎ᠶᠢ ᠵᠥᠷᠢᠴᠡᠭᠰᠡᠨ᠎ᠢ ᠲᠣᠷᠭᠠᠬᠤ ᠳᠦᠷᠢᠮ᠎ᠢ ᠭᠣᠣᠯᠳᠠᠯᠭ᠎ᠠ᠎ᠲᠠᠢ ᠲᠠᠢᠯᠪᠤᠷᠢᠯᠠᠵᠤ᠂ ᠡᠯ᠎ᠡ ᠬᠢᠨᠠᠨ ᠬᠡᠮᠵᠢᠬᠦ ᠪᠠᠢᠭᠤᠯᠤᠮᠵᠢ᠎ᠨᠤᠭᠤᠳ 《 ᠳᠦᠷᠢᠮ 》᠎ᠤᠨ ᠱᠠᠭᠠᠷᠳᠠᠯᠭ᠎ᠠ᠎ᠶᠢ ᠴᠢᠩᠭ᠎ᠠ ᠵᠢᠷᠤᠮᠯᠠᠨ᠂ ᠳᠣᠲᠣᠭᠠᠳᠤ᠎ᠶᠢᠨ ᠶᠠᠰᠤ ᠴᠢᠨᠠᠷ᠎ᠤᠨ ᠡᠵᠡᠮᠳᠡᠯ᠎ᠦᠨ ᠰᠢᠰᠲᠧᠮᠵᠢ᠎ᠶᠢ ᠲᠡᠭᠦᠯᠳᠡᠷᠵᠢᠭᠦᠯᠵᠦ᠂ ᠬᠢᠨᠠᠨ ᠬᠡᠮᠵᠢᠬᠦ ᠠᠵᠢᠯᠯᠠᠭ᠎ᠠ᠎ᠶᠢᠨ ᠪᠥᠬᠥ ᠶᠠᠪᠤᠴᠠ᠎ᠶᠢ ᠵᠢᠷᠤᠮᠵᠢᠭᠤᠯᠤᠨ᠂ ᠬᠢᠨᠠᠨ ᠬᠡᠮᠵᠢᠭᠰᠡᠨ ᠲᠣᠭ᠎ᠠ ᠪᠠᠷᠢᠮᠲᠠ᠎ᠶᠢᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ᠂ ᠪᠦᠷᠢᠨ ᠪᠦᠲᠦᠨ ᠴᠢᠨᠠᠷ ᠪᠠ ᠨᠡᠬᠡᠮᠵᠢᠯᠡᠵᠦ ᠪᠣᠯᠬᠤᠢᠴᠠ ᠴᠢᠨᠠᠷ᠎ᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠪᠣᠳᠠᠲᠤ ᠬᠡᠷᠡᠭ᠎ᠦᠨ ᠵᠢᠱ᠌ᠢᠶ᠎ᠡ᠎ᠲᠠᠢ ᠤᠶᠠᠯᠳᠤᠭᠤᠯᠤᠨ᠂ ᠬᠢᠨᠠᠨ ᠰᠢᠯᠭᠠᠬᠤ ᠲᠥᠰᠥᠯ ᠲᠣᠭᠲᠠᠭᠠᠬᠤ᠂ ᠥᠯᠢᠭᠡᠷ ᠡᠳ᠋ ᠴᠤᠭᠯᠠᠭᠤᠯᠬᠤ ᠪᠠ ᠲᠡᠭᠡᠭᠡᠪᠦᠷᠢᠯᠡᠬᠦ᠂ ᠬᠡᠮᠵᠢᠭᠦᠷᠯᠢᠭ᠎ᠢ ᠬᠠᠷᠭᠤᠭᠤᠯᠬᠤ᠂ ᠲᠣᠭ᠎ᠠ ᠪᠠᠷᠢᠮᠲᠠ᠎ᠶᠢ ᠵᠠᠳᠠᠯᠤᠨ ᠮᠡᠳᠡᠭᠦᠯᠬᠦ ᠵᠡᠷᠭᠡ ᠭᠣᠭᠴᠣᠭ᠎ᠠ᠎ᠶᠢᠨ ᠲᠣᠭᠲᠠᠭᠠᠯ᠎ᠳᠤ ᠨᠡᠢᠴᠡᠬᠦ ᠪᠣᠳᠠᠲᠠᠢ ᠭᠣᠣᠯᠳᠠᠯᠭ᠎ᠠ᠎ᠶᠢ ᠨᠠᠷᠢᠨ ᠲᠣᠳᠣᠷᠬᠠᠢᠯᠠᠨ ᠥᠭᠦᠯᠡᠵᠦ᠂ ᠡᠯ᠎ᠡ ᠪᠠᠢᠭᠤᠯᠤᠮᠵᠢ᠎ᠶᠢᠨ ᠡᠷᠬᠡᠪᠰᠢ ᠬᠠᠤᠯᠢ ᠴᠠᠭᠠᠵᠠ᠎ᠶᠢᠨ ᠦᠵᠡᠯ ᠤᠬᠠᠮᠰᠠᠷ ᠪᠠ ᠬᠠᠷᠢᠭᠤᠴᠠᠯᠭ᠎ᠠ ᠡᠭᠦᠷᠭᠡᠯᠡᠯ᠎ᠢᠶᠡᠨ ᠴᠢᠩᠭᠠᠳᠬᠠᠵᠤ᠂ ᠲᠣᠭ᠎ᠠ ᠪᠠᠷᠢᠮᠲᠠ᠎ᠶᠢ ᠬᠠᠭᠤᠷᠮᠠᠭ᠎ᠢᠶᠠᠷ ᠵᠣᠬᠢᠶᠠᠬᠤ᠂ ᠪᠦᠷᠢᠨ ᠪᠤᠰᠤ ᠲᠡᠮᠳᠡᠭᠯᠡᠬᠦ᠂ ᠵᠢᠷᠤᠮᠵᠢᠭᠤᠨ ᠪᠤᠰᠤ ᠠᠵᠢᠯᠯᠠᠬᠤ ᠵᠡᠷᠭᠡ ᠬᠠᠤᠯᠢ ᠲᠣᠭᠲᠠᠭᠠᠯ᠎ᠠᠴᠠ ᠵᠥᠷᠢᠴᠡᠭᠰᠡᠨ ᠦᠶ᠋ᠯᠡ ᠠᠵᠢᠯᠯᠠᠭ᠎ᠠ᠎ᠶᠢ ᠡᠷᠡᠰ ᠬᠣᠷᠢᠭ᠍ᠯᠠᠬᠤ ᠬᠡᠷᠡᠭᠲᠡᠢ ᠭᠡᠵᠦ ᠰᠡᠷᠡᠮᠵᠢᠯᠡᠭᠦᠯᠪᠡ᠃
ᠡᠯ᠎ᠡ ᠪᠠᠢᠭᠤᠯᠤᠮᠵᠢ᠎ᠶᠢᠨ 《 ᠳᠦᠷᠢᠮ 》᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠣᠢᠯᠠᠭᠠᠬᠤ᠎ᠳᠤ ᠬᠠᠪᠰᠤᠷᠬᠤ᠎ᠶᠢᠨ ᠲᠥᠯᠥᠭᠡ᠂ ᠬᠤᠷᠠᠯ᠎ᠤᠨ ᠬᠤᠭᠤᠴᠠᠭᠠᠨ᠎ᠳᠤ ᠬᠤᠷᠠᠯ᠎ᠳᠤ ᠣᠷᠣᠯᠴᠠᠭᠰᠠᠳ᠎ᠲᠤ 《 ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠳᠦᠷᠢᠮ 》᠎ᠤᠨ ᠭᠠᠷ ᠳᠡᠪᠲᠡᠷ᠎ᠢ ᠲᠠᠷᠬᠠᠭᠠᠵᠠᠢ᠃ ᠬᠤᠷᠠᠯ᠎ᠤᠨ ᠳᠠᠷᠠᠭ᠎ᠠ᠂ ᠬᠣᠲᠠ᠎ᠶᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠶᠢᠨ ᠬᠠᠮᠢᠶ᠎ᠠ ᠪᠦᠬᠦᠢ ᠬᠥᠮᠥᠰ ᠬᠤᠷᠠᠯ᠎ᠳᠤ ᠣᠷᠣᠯᠴᠠᠭᠰᠠᠳ᠎ᠲᠠᠢ ᠰᠠᠨᠠᠯ᠎ᠢᠶᠠᠨ ᠭᠦᠨᠵᠡᠭᠡᠢ ᠰᠣᠯᠢᠯᠴᠠᠵᠤ᠂ ᠪᠠᠢᠭᠤᠯᠤᠮᠵᠢ᠎ᠶᠢᠨ ᠳᠠᠩᠰᠠᠯᠠᠭᠤᠯᠤᠨ ᠬᠠᠮᠢᠶᠠᠷᠬᠤ᠂ ᠬᠢᠷᠢ ᠬᠡᠮ᠎ᠢ ᠵᠣᠬᠢᠴᠠᠭᠤᠯᠬᠤ᠂ ᠦᠯᠢᠭᠡᠷ ᠠᠪᠬᠤ᠎ᠶᠢ ᠵᠢᠷᠤᠮᠵᠢᠭᠤᠯᠬᠤ᠂ ᠳᠠᠩᠰᠠ ᠡᠪᠬᠡᠮᠡᠯ᠎ᠢ ᠬᠠᠳᠠᠭᠠᠯᠠᠬᠤ ᠵᠡᠷᠭᠡ ᠲᠠᠯ᠎ᠠ᠎ᠪᠠᠷ ᠬᠢ ᠮᠠᠳᠠᠭ᠎ᠲᠠᠢ ᠠᠰᠠᠭᠤᠳᠠᠯ᠎ᠢ ᠬᠦᠯᠢᠴᠡᠩᠭᠦᠢ᠎ᠪᠡᠷ ᠬᠠᠷᠢᠭᠤᠯᠵᠤ᠂ ᠡᠯ᠎ᠡ ᠪᠠᠢᠭᠤᠯᠤᠮᠵᠢ᠎ᠶᠢᠨ ᠳᠤᠷᠠᠳᠤᠭᠰᠠᠨ ᠰᠠᠨᠠᠯ ᠰᠠᠨᠠᠭᠤᠯᠭ᠎ᠠ᠎ᠶᠢ ᠨᠠᠷᠢᠨ ᠬᠢᠨᠠᠮᠠᠭᠠᠢ ᠴᠤᠭᠯᠠᠭᠤᠯᠬᠤ᠎ᠶᠢᠨ ᠬᠠᠮᠲᠤ᠂ ᠬᠤᠷᠠᠯ᠎ᠳᠤ ᠣᠷᠣᠯᠴᠠᠭᠰᠠᠨ ᠡᠯ᠎ᠡ ᠪᠠᠢᠭᠤᠯᠤᠮᠵᠢ 《 ᠳᠦᠷᠢᠮ 》᠎ᠢ ᠬᠡᠷᠡᠭᠵᠢᠭᠦᠯᠬᠦ᠎ᠪᠡᠷ ᠠᠵᠠ ᠲᠣᠬᠢᠶᠠᠯ ᠪᠣᠯᠭᠠᠵᠤ᠂ 《 ᠡᠬᠢ ᠡᠭᠦᠰᠦᠯ᠎ᠡᠴᠡ ᠨᠢ ᠳᠦᠷᠢᠮ ᠲᠣᠭᠲᠠᠭᠠᠯ᠎ᠳᠤ ᠨᠡᠢᠴᠡᠭᠦᠯᠬᠦ 》 ᠶ᠋ᠢ ᠴᠢᠩᠭᠠᠳᠬᠠᠵᠤ᠂ ᠳᠠᠩᠰᠠᠯᠠᠬᠤ ᠱᠠᠭᠠᠷᠳᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠵᠤ᠂ ᠬᠢᠷᠢ ᠴᠢᠳᠠᠮᠵᠢ ᠴᠢᠳᠠᠪᠤᠷᠢ ᠪᠣᠯᠣᠨ ᠲᠤᠬᠠᠢᠯᠠᠭᠰᠠᠨ ᠠᠵᠢᠯ᠎ᠤᠨ ᠬᠦᠷᠢᠶ᠎ᠡ ᠬᠡᠪᠴᠢᠶ᠎ᠡ᠎ᠶᠢ ᠵᠣᠬᠢᠴᠠᠭᠤᠯᠬᠤ᠎ᠶᠢ ᠪᠠᠲᠤᠯᠠᠵᠤ᠂ ᠲᠣᠭ᠎ᠠ ᠪᠠᠷᠢᠮᠲᠠ᠎ᠶᠢ ᠬᠠᠭᠤᠷᠮᠠᠭ᠎ᠢᠶᠠᠷ ᠵᠣᠬᠢᠶᠠᠬᠤ ᠵᠡᠷᠭᠡ ᠬᠠᠤᠯᠢ ᠲᠣᠭᠲᠠᠭᠠᠯ᠎ᠠᠴᠠ ᠵᠥᠷᠢᠴᠡᠭᠰᠡᠨ ᠠᠵᠢᠯᠯᠠᠭ᠎ᠠ᠎ᠶᠢ ᠡᠷᠡᠰ ᠬᠣᠷᠢᠭ᠍ᠯᠠᠬᠤ ᠬᠡᠷᠡᠭᠲᠡᠢ; 《 ᠶᠠᠪᠤᠴᠠ᠎ᠶᠢ ᠲᠣᠭᠲᠠᠭᠠᠯ᠎ᠳᠤ ᠨᠡᠢᠴᠡᠭᠦᠯᠬᠦ 》᠎ᠶᠢ ᠴᠢᠩᠭ᠎ᠠ ᠡᠵᠡᠮᠳᠡᠵᠦ᠂ ᠥᠯᠢᠭᠡᠷ ᠠᠪᠬᠤ᠂ ᠵᠠᠳᠠᠯᠤᠯᠲᠠ ᠬᠢᠬᠦ᠂ ᠲᠣᠭ᠎ᠠ ᠪᠠᠷᠢᠮᠲᠠ᠎ᠶᠢ ᠡᠷᠭᠢᠯᠳᠦᠭᠦᠯᠬᠦ ᠵᠡᠷᠭᠡ ᠪᠥᠬᠥ ᠭᠣᠭᠴᠣᠭᠠᠨᠤ ᠠᠵᠢᠯᠯᠠᠭ᠎ᠠ᠎ᠶᠢ ᠵᠢᠷᠤᠮᠵᠢᠭᠤᠯᠤᠨ᠂ ᠲᠣᠭ᠎ᠠ ᠪᠠᠷᠢᠮᠲᠠ᠎ᠶᠢ ᠮᠥᠷᠳᠡᠵᠦ ᠪᠣᠯᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ ; 《 ᠲᠠᠩᠰᠠ ᠡᠪᠬᠡᠮᠡᠯ᠎ᠢ ᠲᠣᠭᠲᠠᠭᠠᠯ᠎ᠳᠤ ᠨᠡᠢᠴᠡᠭᠦᠯᠬᠦ》᠎ᠶᠢ ᠴᠢᠩᠭ᠎ᠠ ᠠᠳᠬᠤᠵᠤ᠂ ᠬᠠᠮᠢᠶ᠎ᠠ ᠪᠦᠬᠦᠢ ᠪᠠᠷᠢᠮᠵᠢᠶ᠎ᠠ᠎ᠶᠢᠨ ᠰᠢᠰᠲᠧᠮ᠎ᠦᠨ ᠲᠠᠩᠰᠠ ᠡᠪᠬᠡᠮᠡᠯ᠎ᠳᠦ ᠣᠷᠣᠭᠤᠯᠵᠤ ᠬᠢᠨᠠᠨ ᠬᠡᠮᠵᠢᠬᠦ ᠭᠡᠷ᠎ᠡ᠂ ᠠᠩᠬᠠᠨ᠎ᠤ ᠲᠡᠮᠳᠡᠭᠯᠡᠯ᠂ ᠬᠠᠷᠭᠤᠭᠤᠯᠤᠭᠰᠠᠨ ᠦᠨᠡᠮᠯᠡᠯ ᠵᠡᠷᠭᠡ ᠮᠠᠲᠧᠷᠢᠶᠠᠯ᠎ᠢ ᠴᠢᠩᠭ᠎ᠠ ᠠᠳᠬᠤᠵᠤ ᠂ ᠲᠤᠬᠠᠢᠯᠠᠭᠰᠠᠨ ᠠᠵᠢᠯ᠎ᠤᠨ ᠪᠥᠬᠥ ᠶᠠᠪᠤᠴᠠ᠎ᠶᠢ ᠮᠥᠷᠳᠡᠵᠦ ᠪᠣᠯᠬᠤ᠎ᠶᠢ ᠪᠠᠲᠤᠯᠠᠬᠤ ᠬᠡᠷᠡᠭᠲᠡᠢ ᠭᠡᠵᠦ ᠳᠠᠬᠢᠨᠲᠠ ᠴᠢᠬᠤᠯᠠᠴᠢᠯᠠᠪᠠ᠃
ᠲᠣᠰ ᠤᠳᠠᠭᠠᠨ᠎ᠤ ᠬᠤᠷᠠᠯᠳᠤᠭᠠᠨ᠎ᠢ ᠬᠤᠷᠠᠯᠳᠤᠭᠤᠯᠤᠭᠰᠠᠨ ᠨᠢ ᠬᠢᠨᠠᠨ ᠬᠡᠮᠵᠢᠬᠦ ᠪᠠᠢᠭᠤᠯᠤᠮᠵᠢ᠎ᠳᠤ ᠣᠷᠣᠰᠢᠵᠤ ᠪᠠᠢᠭ᠎ᠠ ᠲᠣᠪᠣᠢᠮ᠎ᠠ ᠠᠰᠠᠭᠤᠳᠠᠯ᠎ᠢ ᠴᠠᠭ ᠲᠤᠬᠠᠢ ᠳ᠋ᠤᠨᠢ ᠵᠠᠷᠯᠠᠨ ᠮᠡᠳᠡᠭᠳᠡᠵᠦ᠂ ᠴᠡᠭᠴᠡᠯᠡᠨ ᠥᠭᠡᠷᠡᠴᠢᠯᠡᠬᠦ ᠪᠠ ᠬᠢᠨᠠᠨ ᠬᠠᠮᠢᠶᠠᠷᠬᠤ ᠱᠠᠭᠠᠷᠳᠠᠯᠭ᠎ᠠ᠎ᠶᠢ ᠲᠣᠳᠣᠷᠬᠠᠢ ᠪᠣᠯᠭᠠᠭᠰᠠᠨ ᠮᠥᠷᠲᠡᠭᠡᠨ ᠪᠠᠰᠠ 《 ᠳᠦᠷᠢᠮ 》᠎ᠢ ᠤᠷᠤᠭᠰᠢᠲᠠᠢ ᠬᠡᠷᠡᠭᠵᠢᠭᠦᠯᠬᠦ᠎ᠳᠦ ᠪᠠᠲᠤ ᠪᠡᠬᠢ ᠰᠠᠭᠤᠷᠢ᠎ᠶᠢ ᠲᠠᠯᠪᠢᠭ᠍ᠰᠠᠨ ᠪᠠᠢᠨ᠎ᠠ᠃ ᠬᠤᠷᠠᠯ᠎ᠳᠤ ᠣᠷᠣᠯᠴᠠᠭᠰᠠᠨ ᠡᠯ᠎ᠡ ᠪᠠᠢᠭᠤᠯᠤᠮᠵᠢ᠎ᠶᠢᠨ ᠬᠢᠨ᠂ ᠳᠣᠲᠣᠭᠠᠳᠤ᠎ᠶᠢᠨ ᠰᠤᠷᠤᠯᠴᠠᠯᠭ᠎ᠠ᠎ᠶᠢ ᠨᠠᠷᠢᠨ ᠬᠢᠨᠠᠮᠠᠭᠠᠢ ᠵᠣᠬᠢᠶᠠᠨ ᠪᠠᠢᠭᠤᠯᠵᠤ᠂ ᠥᠪᠡᠷ᠎ᠢ᠎ᠪᠡᠨ ᠪᠠᠢᠴᠠᠭᠠᠵᠤ ᠴᠡᠭᠴᠡᠯᠡᠨ ᠰᠠᠢᠵᠢᠷᠠᠭᠤᠯᠬᠤ᠎ᠶᠢ ᠴᠢᠩᠭ᠎ᠠ ᠬᠠᠷᠢᠴᠠᠭᠤᠯᠤᠨ᠂ ᠲᠣᠭᠲᠠᠭᠠᠯ᠎ᠳᠤ ᠨᠡᠢᠴᠡᠭᠰᠡᠨ ᠡᠵᠡᠩᠨᠡᠯᠲᠡ᠎ᠶᠢᠨ ᠬᠣᠷᠢᠭ᠎ᠠ ᠱᠤᠭᠤᠮ᠎ᠢ ᠴᠢᠩᠭ᠎ᠠ ᠰᠠᠬᠢᠵᠤ᠂ ᠵᠢᠷᠤᠮᠵᠢᠭ᠍ᠰᠠᠨ ᠡᠮᠬᠢ ᠳᠢᠭ᠌ᠯᠢᠮ᠎ᠲᠠᠢ ᠬᠢᠨᠠᠨ ᠬᠡᠮᠵᠢᠬᠦ ᠵᠠᠬ᠎ᠠ ᠳᠡᠯᠭᠡᠭᠦᠷ᠎ᠦᠨ ᠡᠮᠬᠢ ᠳᠢᠭ᠌ᠯᠢᠮ᠎ᠢ ᠬᠠᠮᠲᠤ᠎ᠪᠠᠷ ᠬᠠᠮᠠᠭᠠᠯᠠᠵᠤ᠂ ᠪᠦᠬᠦ ᠬᠤᠳᠠ᠎ᠶᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ᠎ᠳᠤ ᠨᠠᠢᠳᠠᠪᠤᠷᠢᠲᠠᠢ ᠲᠣᠭ᠎ᠠ ᠪᠠᠷᠢᠮᠲᠠ᠎ᠶᠢᠨ ᠲᠤᠯᠭᠠᠭᠤᠷᠢᠯᠠᠯ ᠬᠠᠩᠭᠠᠨ᠎ᠠ ᠭᠡᠵᠦ ᠢᠯᠡᠳᠬᠡᠵᠡᠭᠡᠪᠡ᠃