ᠮᠠᠨ᠎ᠤ ᠬᠣᠲᠠ᠎ᠶᠢᠨ ᠠᠮᠢ ᠠᠬᠤᠢ ᠣᠷᠴᠢᠨ ᠲᠣᠭᠣᠷᠢᠨ᠎ᠤ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠦᠯᠲᠡ᠎ᠶᠢᠨ ᠣᠨᠣᠪᠴᠢᠲᠠᠶ ᠬᠠᠮᠢᠶᠠᠷᠤᠨ ᠡᠵᠡᠮᠳᠡᠬᠦ ᠠᠵᠢᠯ᠎ᠤᠨ ᠰᠢᠰᠲᠧᠮᠵᠢ᠎ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠬᠦ ᠠᠵᠢᠯ᠎ᠤᠨ ᠪᠠᠷᠢᠮᠵᠢᠶᠠᠵᠢᠭ᠍ᠰᠠᠨ᠂ ᠵᠢᠷᠤᠮᠵᠢᠭ᠍ᠰᠠᠨ᠂ ᠨᠠᠷᠢᠯᠢᠭ᠍ᠵᠢᠭ᠍ᠰᠠᠨ ᠬᠥᠭᠵᠢᠯᠲᠡ᠎ᠶᠢ ᠠᠬᠢᠭᠤᠯᠬᠤ᠎ᠶᠢᠨ ᠲᠤᠰᠠᠳᠠ᠃ ᠣᠢᠷ᠎ᠠ᠎ᠳᠤ ᠂ ᠤᠯᠠᠭᠠᠨᠬᠠᠳᠠ ᠬᠣᠲᠠ᠎ᠶᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠶᠡᠷᠦᠩᠬᠡᠢᠯᠡᠭᠰᠡᠨ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ 12 ᠬᠣᠰᠢᠭᠤ ᠰᠢᠶᠠᠨ ᠲᠣᠭᠣᠷᠢᠭ᠋᠎ᠤᠨ ᠶᠡᠬᠡ ᠠᠩᠭᠢ᠎ᠶᠢ ᠵᠣᠬᠢᠶᠠᠨ ᠪᠠᠢᠭᠤᠯᠵᠤ ᠤᠷᠢᠳ ᠬᠣᠵᠢᠳ ᠪᠠᠭᠠᠷᠢᠨ ᠪᠠᠷᠠᠭᠤᠨ ᠬᠣᠰᠢᠭᠤ ᠪᠠ ᠶᠤᠸᠠᠨ ᠪᠦᠦ ᠱᠠᠨ ᠲᠣᠭᠣᠷᠢᠭ᠋᠎ᠲᠤ 《 ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢᠯᠡᠭᠰᠡᠨ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠦᠯᠲᠡ᠎ᠶᠢᠨ ᠨᠠᠷᠢᠯᠢᠭ᠋ ᠣᠨᠣᠴᠠᠲᠠᠢ᠎ᠪᠠᠷ ᠬᠠᠮᠢᠶᠠᠷᠤᠨ ᠡᠵᠡᠮᠳᠡᠬᠦ ᠠᠵᠢᠯ᠎ᠤᠨ ᠵᠢᠷᠤᠮᠵᠢᠯ 》 ( ᠳᠣᠷᠣᠭ᠍ᠰᠢ 《 ᠵᠢᠷᠤᠮᠵᠢᠯ 》 ᠭᠡᠵᠦ ᠲᠣᠪᠴᠢᠯᠠᠨ᠎ᠠ )᠎ᠤᠨ ᠶᠠᠪᠤᠴᠠ᠎ᠶᠢᠨ ᠰᠣᠷᠢᠯᠲᠠ᠎ᠶᠢᠨ ᠬᠤᠷᠠᠯ ᠥᠷᠨᠢᠭᠦᠯᠪᠡ᠃ ᠬᠣᠲᠠ᠎ᠶᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠶᠢᠨ ᠳᠡᠳ᠋ ᠳᠠᠷᠤᠭ᠎ᠠ᠂ ᠬᠣᠲᠠ᠎ᠶᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠶᠡᠷᠦᠩᠬᠡᠢᠯᠡᠭᠰᠡᠨ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ᠎ᠶᠢᠨ ᠳᠠᠷᠤᠭ᠎ᠠ ᠶᠠᠩ ᡁᠢ ᠮᠢᠨ ᠬᠤᠷᠠᠯ᠎ᠢ ᠡᠷᠭᠢᠯᠡᠵᠦ᠂ ᠰᠠᠯᠪᠤᠷᠢ ᠠᠩᠭᠢ᠎ᠶᠢᠨ ᠤᠳᠤᠷᠢᠳᠬᠤ ᠪᠠᠭ᠂ ᠬᠣᠲᠠ᠎ᠶᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠶᠢᠨ ᠬᠠᠤᠯᠢ ᠲᠣᠭᠲᠠᠭᠠᠯ ᠬᠢᠭᠡᠳ ᠬᠢᠨᠠᠨ ᠬᠡᠮᠵᠢᠬᠦ ᠰᠠᠯᠠᠭ᠎ᠠ᠎ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠥᠳ ᠵᠢᠴᠢ ᠡᠯ᠎ᠡ ᠬᠣᠰᠢᠭᠤ ᠰᠢᠶᠠᠨ᠎ᠤ ᠬᠤᠪᠢᠶᠠᠷᠢ ᠲᠣᠪᠴᠢᠶ᠎ᠠ᠎ᠶᠢᠨ ᠬᠠᠤᠯᠢ ᠬᠡᠷᠡᠭᠵᠢᠭᠦᠯᠬᠦ ᠭᠣᠣᠯᠯᠠᠭ᠍ᠴᠢ ᠬᠦᠴᠦᠨ᠂ ᠬᠠᠤᠯᠢ ᠲᠣᠭᠲᠠᠭᠠᠯ᠎ᠤᠨ ᠲᠠᠰᠤᠭ᠎ᠤᠨ ᠬᠠᠷᠢᠭᠤᠴᠠᠯᠭᠠᠲᠠᠨ ᠬᠤᠷᠠᠯ᠎ᠳᠤ ᠣᠷᠣᠯᠴᠠᠵᠤ᠂ ᠨᠠᠷᠢᠯᠢᠭ᠋ ᠣᠨᠣᠴᠠᠲᠠᠢ᠎ᠪᠠᠷ ᠬᠠᠮᠢᠶᠠᠷᠤᠨ ᠡᠵᠡᠮᠳᠡᠬᠦ ᠠᠵᠢᠯ᠎ᠤᠨ ᠪᠥᠬᠥ ᠶᠠᠪᠤᠴᠠ᠎ᠶᠢᠨ ᠲᠣᠭᠣᠷᠢᠨ᠎ᠳᠤ ᠭᠦᠨᠵᠡᠭᠡᠢ ᠰᠤᠳᠤᠯᠤᠨ ᠶᠠᠷᠢᠯᠴᠠᠬᠤ᠎ᠶᠢᠨ ᠬᠠᠮᠲᠤ ᠰᠣᠷᠢᠯᠲᠠ ᠬᠢᠵᠡᠢ᠃
ᠬᠤᠷᠠᠯ᠎ᠠᠴᠠ ᠡᠩ ᠲᠡᠷᠢᠭᠦᠨ᠎ᠳᠦ ᠳᠡᠭᠡᠳᠦ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠦᠯᠲᠡ᠎ᠶᠢ ᠵᠢᠷᠤᠮᠵᠢᠭᠤᠯᠬᠤ ᠪᠦᠲᠦᠭᠡᠨ ᠪᠠᠢᠭᠤᠯᠤᠯᠲᠠ᠎ᠶᠢ ᠴᠢᠩᠭᠠᠳᠬᠠᠬᠤ ᠲᠤᠬᠠᠢ ᠰᠢᠢᠳᠪᠦᠷᠢ ᠵᠣᠷᠢᠭ᠋᠎ᠢ ᠤᠯᠠᠮᠵᠢᠯᠠᠵᠤ᠂ ᠲᠤᠷᠰᠢᠨ ᠬᠡᠷᠡᠭᠵᠢᠭᠦᠯᠬᠦ᠎ᠪᠡᠷ ᠪᠠᠢᠭ᠎ᠠ 《 ᠵᠢᠷᠤᠮᠵᠢᠯ 》᠎ᠤᠨ ᠲᠥᠰᠥᠯ᠎ᠦᠨ ᠭᠣᠣᠯ ᠭᠣᠣᠯ ᠰᠡᠳᠦᠪ᠎ᠢ ᠲᠠᠨᠢᠯᠴᠠᠭᠤᠯᠵᠤ᠂ ᠣᠳᠣᠬᠠᠨ᠎ᠤ ᠪᠥᠬᠥ ᠬᠣᠲᠠ᠎ᠶᠢᠨ ᠬᠠᠤᠯᠢ ᠬᠡᠷᠡᠭᠵᠢᠭᠦᠯᠬᠦ ᠠᠵᠢᠯ᠎ᠤᠨ ᠳᠤᠮᠳᠠ ᠣᠷᠣᠰᠢᠵᠤ ᠪᠠᠢᠭ᠎ᠠ ᠶᠠᠪᠤᠴᠠ ᠨᠢᠭᠡᠳᠦᠯ ᠦᠭᠡᠢ᠂ ᠪᠠᠷᠢᠮᠵᠢᠶ᠎ᠠ ᠨᠠᠷᠢᠯᠢᠭ᠍ᠵᠢᠭᠤᠯᠬᠤ ᠦᠭᠡᠢ᠂ ᠪᠠᠢᠴᠠᠭᠠᠨ ᠰᠢᠢᠳᠪᠦᠷᠢᠯᠡᠬᠦ᠎ᠶᠢ ᠰᠠᠯᠭᠠᠬᠤ ᠦᠭᠡᠢ ᠵᠡᠷᠭᠡ ᠲᠣᠪᠣᠢᠮ᠎ᠠ ᠠᠰᠠᠭᠤᠳᠠᠯ᠎ᠢ ᠵᠠᠷᠯᠠᠨ ᠮᠡᠳᠡᠭᠳᠡᠵᠦ᠂ ᠲᠣᠰ ᠤᠳᠠᠭᠠᠨ᠎ᠤ ᠬᠤᠷᠠᠯ᠎ᠤᠨ ᠵᠣᠷᠢᠯᠭ᠎ᠠ ᠨᠢ ᠦᠨᠳᠦᠰᠦᠨ ᠱᠠᠲᠤᠨ᠎ᠤ ᠦᠢᠯᠡᠳᠦᠯᠭᠡ᠎ᠶᠢᠨ ᠵᠦᠷᠢᠶᠡᠴᠢᠯᠡᠭᠰᠡᠨ ᠲᠤᠷᠰᠢᠯᠭ᠎ᠠ᠎ᠶᠢ ᠨᠢᠭ᠍ᠲᠠᠷᠠᠭᠤᠯᠵᠤ᠂ ᠤᠯᠠᠭᠠᠨᠬᠠᠳᠠ᠎ᠶᠢᠨ ᠪᠣᠳᠠᠲᠠᠢ᠎ᠳᠤ ᠨᠠᠩ ᠨᠡᠢᠴᠡᠬᠦ ᠬᠠᠤᠯᠢ ᠬᠡᠷᠡᠭᠵᠢᠭᠦᠯᠬᠦ ᠠᠵᠢᠯ᠎ᠤᠨ ᠵᠢᠷᠤᠮᠵᠢᠯ᠎ᠢ ᠲᠣᠭᠲᠠᠭᠠᠬᠤ᠎ᠳᠤ ᠰᠠᠭᠤᠷᠢ ᠲᠠᠯᠪᠢᠵᠤ ᠥᠭᠬᠦ᠎ᠶᠢᠨ ᠲᠥᠯᠥᠭᠡ ᠶᠤᠮ ᠭᠡᠵᠦ ᠲᠣᠳᠣᠷᠬᠠᠢ ᠲᠣᠭᠲᠠᠭᠠᠪᠠ᠃
ᠬᠤᠷᠠᠯ ᠨᠢ ᠭᠣᠣᠯᠳᠠᠭᠤ 《 ᠳᠦᠷᠢᠮᠵᠢᠭᠦᠯᠦᠭᠰᠡᠨ 》 ᠲᠠᠢᠯᠪᠤᠷᠢᠯᠠᠯᠲᠠ ᠪᠠ ᠮᠠᠳᠠᠭ᠎ᠲᠠᠢ ᠠᠰᠠᠭᠤᠳᠠᠯ᠎ᠢ ᠰᠢᠢᠳᠪᠦᠷᠢᠯᠡᠬᠦ ᠬᠡᠯᠪᠡᠷᠢ᠎ᠪᠡᠷ᠂ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠪᠥᠬᠥ ᠶᠠᠪᠤᠴᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠰᠦᠪᠡᠭᠴᠢ᠎ᠶᠢ ᠰᠢᠢᠳᠪᠦᠷᠢᠯᠡᠬᠦ︱ᠠᠩᠬ᠎ᠠ ᠠᠯᠬᠤᠮ᠎ᠤᠨ ᠬᠢᠨᠠᠨ ᠪᠠᠢᠴᠠᠭᠠᠯᠲᠠ︱ᠬᠡᠷᠡᠭ ᠪᠣᠯᠭᠠᠨ ᠳᠠᠩᠰᠠᠯᠠᠬᠤ︱ᠪᠠᠢᠴᠠᠭᠠᠵᠤ ᠭᠡᠷᠡᠴᠢ ᠠᠪᠬᠤ︱ᠬᠡᠷᠡᠭ᠎ᠢ ᠬᠢᠨᠠᠨ ᠪᠠᠢᠴᠠᠭᠠᠬᠤ︱ᠲᠣᠭᠲᠠᠭᠠᠯ ᠭᠠᠷᠭᠠᠵᠤ ᠭᠦᠢᠴᠡᠳᠬᠡᠬᠦ︱ᠬᠡᠷᠡᠭ᠎ᠢ ᠲᠠᠩᠰᠠ ᠡᠪᠬᠡᠮᠡᠯ᠎ᠳᠦ ᠣᠷᠣᠭᠤᠯᠬᠤ ᠵᠡᠷᠭᠡ ᠲᠤᠯᠤᠭᠠᠨ ᠵᠠᠩᠭᠢᠯᠠᠭ᠎ᠠ᠎ᠶᠢᠨ ᠭᠣᠭᠴᠣᠭ᠎ᠠ᠎ᠠᠴᠠ ᠨᠠᠷᠢᠨ ᠲᠠᠢᠯᠤᠮᠵᠢ ᠪᠠ ᠲᠤᠷᠰᠢᠯᠭ᠎ᠠ᠎ᠪᠠᠨ ᠰᠣᠯᠢᠯᠴᠠᠵᠤ᠂ ᠠᠳᠠᠯᠢ ᠪᠤᠰᠤ ᠬᠡᠮᠵᠢᠶᠡᠨ᠎ᠦ ᠰᠦᠪᠡᠭᠴᠢ᠎ᠶᠢᠨ ᠳᠣᠣᠷᠠᠬᠢ ᠬᠠᠤᠯᠢ ᠬᠡᠷᠡᠭᠵᠢᠭᠦᠯᠬᠦ ᠠᠯᠬᠤᠮ ᠳᠠᠷᠠᠭ᠎ᠠ ᠪᠠ ᠠᠩᠬᠠᠷᠬᠤ ᠵᠦᠢᠯᠡᠰ᠎ᠢ ᠭᠣᠣᠯᠳᠠᠯᠭ᠎ᠠ᠎ᠲᠠᠢ ᠢᠯᠭᠠᠵᠤ᠂ ᠡᠷᠬᠡ ᠬᠠᠷᠢᠭᠤᠴᠠᠯᠭ᠎ᠠ᠎ᠶᠢᠨ ᠵᠠᠭᠠᠭ ᠬᠢᠵᠠᠭᠠᠷ᠎ᠢ ᠲᠣᠳᠣᠷᠬᠠᠢᠯᠠᠨ᠂ ᠪᠤᠳᠤᠯᠢᠶᠠᠨᠲᠠᠢ ᠬᠡᠷᠡᠭ᠎ᠢ ᠰᠢᠢᠳᠪᠦᠷᠢᠯᠡᠬᠦ ᠦᠢᠯᠡᠳᠦᠯ ᠴᠢᠳᠠᠪᠤᠷᠢ᠎ᠶᠢ ᠳᠡᠭᠡᠭᠰᠢᠯᠡᠭᠦᠯᠪᠡ᠃
ᠬᠤᠷᠠᠯ ᠳᠡᠭᠡᠷ᠎ᠡ᠂ ᠬᠤᠷᠠᠯ᠎ᠳᠤ ᠣᠷᠣᠯᠴᠠᠭᠰᠠᠳ ᠢᠳᠡᠪᠬᠢᠲᠡᠢ᠎ᠪᠡᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠬᠤᠷᠠᠯ᠎ᠤᠨ ᠲᠠᠯᠠᠪᠠᠢ᠎ᠶᠢᠨ ᠠᠭᠤᠷ ᠠᠮᠢᠰᠬᠤᠯ ᠬᠦᠷ ᠬᠥᠭᠵᠢᠶᠡᠨ᠎ᠲᠠᠢ ᠪᠠᠢᠯ᠎ᠠ᠃ ᠦᠨᠳᠦᠰᠦᠨ ᠱᠠᠲᠤᠨ᠎ᠤ ᠬᠠᠤᠯᠢ ᠬᠡᠷᠡᠭᠵᠢᠭᠦᠯᠬᠦ ᠠᠵᠢᠯᠲᠠᠨ ᠪᠣᠳᠠᠲᠤ ᠬᠡᠷᠡᠭ᠎ᠦᠨ ᠵᠢᠱ᠌ᠢᠶ᠎ᠡ᠎ᠲᠠᠢ᠎ᠪᠡᠨ ᠤᠶᠠᠯᠳᠤᠭᠤᠯᠤᠨ᠂ ᠬᠠᠤᠯᠢ ᠬᠡᠷᠡᠭᠵᠢᠭᠦᠯᠬᠦ ᠶᠠᠪᠤᠴᠠ᠎ᠳᠤ ᠲᠤᠯᠭᠠᠷᠠᠭᠰᠠᠨ ᠪᠡᠷᠬᠡ ᠠᠰᠠᠭᠤᠳᠠᠯ᠎ᠢ ᠬᠤᠪᠢᠶᠠᠯᠴᠠᠨ ᠡᠳ᠋ᠯᠡᠵᠦ᠂ ᠬᠣᠲᠠ᠎ᠶᠢᠨ ᠰᠠᠯᠪᠤᠷᠢ ᠠᠩᠭᠢ᠂ ᠬᠣᠲᠠ᠎ᠶᠢᠨ ᠲᠣᠪᠴᠢᠶ᠎ᠠ᠎ᠶᠢᠨ ᠬᠠᠤᠯᠢ ᠲᠣᠭᠲᠠᠭᠠᠯ ᠪᠠ ᠬᠢᠨᠠᠨ ᠬᠡᠮᠵᠢᠬᠦ ᠰᠠᠯᠠᠭ᠎ᠠ᠎ᠶᠢᠨ ᠲᠥᠯᠥᠭᠡᠯᠡᠭᠴᠢ ᠠᠵᠢᠯᠲᠠᠨ ᠨᠢᠭᠡᠳ ᠨᠢᠭᠡ᠎ᠪᠡᠷ ᠵᠠᠳᠠᠯᠤᠨ ᠰᠤᠳᠤᠯᠵᠤ ᠮᠠᠭᠠᠳᠯᠠᠭᠠᠳ᠂ ᠬᠠᠨᠳᠤᠯᠭᠠᠲᠤ ᠴᠢᠨᠠᠷᠲᠠᠢ᠎ᠪᠠᠷ ᠰᠢᠢᠳᠪᠦᠷᠢᠯᠡᠬᠦ ᠰᠠᠨᠠᠯ᠎ᠢ ᠪᠣᠶ ᠪᠣᠯᠭᠠᠪᠠ᠃ ᠬᠤᠷᠠᠯ᠎ᠠᠴᠠ᠂ 《 ᠵᠢᠷᠤᠮᠵᠢᠯ 》᠎ᠢ ᠲᠣᠭᠲᠠᠭᠠᠬᠤ᠎ᠳᠤ ᠡᠷᠬᠡᠪᠰᠢ ᠤᠯᠠᠭᠠᠨᠬᠠᠳᠠ᠎ᠶᠢᠨ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠠᠵᠢᠯ᠎ᠤᠨ ᠪᠣᠳᠠᠲᠤ ᠪᠠᠢᠳᠠᠯ᠎ᠳᠤ ᠰᠠᠭᠤᠷᠢᠯᠠᠵᠤ᠂ ᠬᠠᠤᠯᠢ ᠴᠠᠭᠠᠵᠠ ᠬᠠᠤᠯᠢ ᠲᠣᠭᠲᠠᠭᠠᠯ᠎ᠤᠨ ᠱᠠᠭᠠᠷᠳᠠᠯᠭ᠎ᠠ᠎ᠳᠤ ᠨᠡᠢᠴᠡᠬᠦ ᠬᠡᠷᠡᠭᠲᠡᠢ ᠮᠥᠷᠲᠡᠭᠡᠨ ᠪᠠᠰᠠ ᠦᠨᠳᠦᠰᠦᠨ ᠱᠠᠲᠤᠨ᠎ᠤ ᠦᠢᠯᠡᠳᠦᠯᠭᠡ᠎ᠶᠢᠨ ᠲᠦᠭᠦᠮ ᠴᠢᠨᠠᠷ᠎ᠢ ᠬᠠᠮᠲᠤ ᠳ᠋ᠤᠨᠢ ᠬᠠᠷᠠᠭᠠᠯᠵᠠᠵᠤ᠂ ᠬᠠᠤᠯᠢ ᠬᠡᠷᠡᠭᠵᠢᠭᠦᠯᠬᠦ ᠠᠵᠢᠯᠲᠠᠳ᠎ᠲᠤ ᠲᠣᠳᠣᠷᠬᠠᠢ ᠵᠢᠯᠣᠭᠣᠳᠤᠯᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃
ᠲᠤᠰ ᠤᠳᠠᠭᠠᠨ᠎ᠤ ᠲᠥᠪᠯᠡᠷᠡᠭᠦᠯᠦᠨ ᠰᠤᠳᠤᠯᠤᠨ ᠶᠠᠷᠢᠯᠴᠠᠬᠤ᠎ᠪᠠᠷ ᠳᠡᠮᠵᠢᠨ᠂ ᠨᠢᠭᠡᠳᠦᠭᠡᠷ ᠹᠷᠣᠨᠲ᠎ᠳᠤ ᠤᠷᠲᠤ ᠬᠤᠭᠤᠴᠠᠭ᠎ᠠ᠎ᠪᠠᠷ ᠠᠵᠢᠯᠯᠠᠭᠰᠠᠨ ᠦᠨᠳᠦᠰᠦᠨ ᠱᠠᠲᠤᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠬᠡᠷᠡᠭ᠎ᠢ ᠪᠠᠢᠴᠠᠭᠠᠨ ᠰᠢᠢᠳᠪᠦᠷᠢᠯᠡᠬᠦ᠂ ᠲᠤᠬᠠᠢ᠎ᠶᠢᠨ ᠭᠠᠵᠠᠷ ᠲᠤᠨᠢ ᠬᠢᠨᠠᠨ ᠬᠠᠮᠢᠶᠠᠷᠬᠤ ᠵᠡᠷᠭᠡ ᠠᠵᠢᠯ᠎ᠤᠨ ᠳᠤᠮᠳᠠᠬᠢ ᠪᠣᠳᠠᠲᠠᠢ ᠲᠤᠷᠰᠢᠯᠭ᠎ᠠ᠎ᠶᠢ ᠰᠢᠩᠭᠡᠬᠡᠨ ᠠᠪᠴᠤ᠂ ᠪᠥᠬᠥ ᠬᠣᠲᠠ᠎ᠶᠢᠨ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠡᠩᠨᠡᠭᠡ᠎ᠶᠢᠨ ᠬᠣᠢᠰᠢᠳᠠ᠎ᠶᠢᠨ ᠬᠠᠤᠯᠢ ᠬᠡᠷᠡᠭᠵᠢᠭᠦᠯᠦᠯᠲᠡ᠎ᠶᠢᠨ ᠨᠠᠷᠢᠯᠢᠭ᠋ ᠣᠨᠣᠴᠠᠲᠠᠢ᠎ᠪᠠᠷ ᠬᠠᠮᠢᠶᠠᠷᠤᠨ ᠡᠵᠡᠮᠳᠡᠬᠦ ᠠᠵᠢᠯ᠎ᠤᠨ ᠲᠤᠬᠠᠢ ᠲᠠᠨᠢᠯᠲᠠ᠎ᠶᠢ ᠳᠡᠭᠡᠭᠰᠢᠯᠡᠭᠦᠯᠵᠦ᠂ 《 ᠵᠢᠷᠤᠮᠵᠢᠯ 》᠎ᠤᠨ ᠠᠬᠤᠢ ᠲᠠᠯᠠᠪᠤᠷ᠎ᠤᠨ ᠬᠡᠷᠡᠭᠯᠡᠯᠲᠡ᠂ ᠶᠠᠪᠤᠴᠠ᠎ᠶᠢ ᠨᠠᠷᠢᠯᠢᠭ᠍ᠵᠢᠭᠤᠯᠬᠤ ᠵᠡᠷᠭᠡ ᠲᠠᠯ᠎ᠠ᠎ᠪᠠᠷ ᠬᠢ ᠬᠦᠷᠦᠯᠴᠡᠬᠦ ᠦᠭᠡᠢ ᠲᠠᠯ᠎ᠠ᠎ᠶᠢ ᠲᠡᠭᠦᠯᠳᠡᠷᠵᠢᠭᠦᠯᠦᠨ᠂ 《 ᠵᠢᠷᠤᠮᠵᠢᠯ 》᠎ᠢ ᠦᠨᠳᠦᠰᠦᠨ ᠱᠠᠲᠤᠨ᠎ᠤ ᠪᠣᠳᠠᠲᠤ ᠪᠠᠢᠳᠠᠯ᠎ᠳᠤ ᠨᠠᠩ ᠢᠯᠡᠭᠦᠦ ᠨᠡᠢᠴᠡᠭᠦᠯᠵᠦ᠂ ᠬᠣᠢᠰᠢᠳᠠ᠎ᠶᠢᠨ ᠲᠤᠷᠰᠢᠨ ᠬᠡᠷᠡᠭᠵᠢᠭᠦᠯᠬᠦ᠎ᠳᠦ ᠪᠠᠲᠤ ᠴᠢᠩᠭ᠎ᠠ ᠲᠤᠯᠭᠠᠭᠤᠷᠢᠯᠠᠯ ᠬᠠᠩᠭᠠᠭᠰᠠᠨ ᠪᠠᠢᠨ᠎ᠠ᠃
ᠲᠠᠷᠠᠭᠠᠴᠢ᠎ᠶᠢᠨ ᠠᠯᠬᠤᠮ᠎ᠳᠤ᠂ ᠬᠣᠲᠠ᠎ᠶᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠶᠡᠷᠦᠩᠬᠡᠢᠯᠡᠭᠰᠡᠨ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠲᠣᠰ ᠤᠳᠠᠭᠠᠨ᠎ᠤ ᠰᠤᠳᠤᠯᠤᠨ ᠶᠠᠷᠢᠯᠴᠠᠭᠰᠠᠨ ᠦᠷ᠎ᠡ ᠪᠦᠲᠦᠭᠡᠯ᠎ᠢ ᠡᠮᠬᠢᠯᠡᠨ ᠬᠤᠷᠢᠶᠠᠩᠭᠤᠢᠯᠠᠵᠤ᠂ 《 ᠵᠢᠷᠤᠮᠵᠢᠯ 》᠎ᠤᠨ ᠲᠥᠰᠥᠯ᠎ᠢ ᠲᠦᠷᠭᠡᠪᠴᠢᠯᠡᠨ ᠲᠡᠭᠦᠯᠳᠡᠷᠵᠢᠭᠦᠯᠵᠦ᠂ 《 ᠵᠢᠷᠤᠮᠵᠢᠯ 》᠎ᠢ ᠲᠦᠷᠭᠡᠬᠡᠨ ᠨᠡᠢᠲᠡᠯᠡᠨ ᠬᠡᠷᠡᠭᠵᠢᠭᠦᠯᠬᠦ᠎ᠶᠢ ᠲᠦᠯᠬᠢᠨ ᠠᠬᠢᠭᠤᠯᠵᠤ᠂ ᠪᠥᠬᠥ ᠬᠣᠲᠠ᠎ᠶᠢᠨ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠬᠢᠷᠢ ᠲᠦᠪᠰᠢᠨ᠎ᠢ ᠳᠡᠭᠡᠭᠰᠢᠯᠡᠭᠦᠯᠬᠦ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠬᠦ᠎ᠳᠦ ᠪᠠᠲᠤ ᠪᠡᠬᠢ ᠳᠦᠷᠢᠮ᠎ᠦᠨ ᠪᠠᠲᠤᠯᠠᠭ᠎ᠠ ᠬᠠᠩᠭᠠᠨ᠎ᠠ᠃