ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠮᠣᠩᠭᠣᠯ ᠬᠡᠯᠡ ᠰᠣᠷᠣᠶ᠎ᠠ
ᠪᠣᠬᠢᠷᠳᠠᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠵᠢᠷᠤᠬᠲᠦ᠍ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠨᠤᠯ ᠰᠤᠷᠤᠯᠴᠠᠬᠤ ᠭᠣᠣᠯ ᠳᠤᠭᠤᠢ᠌ᠯᠠᠩ (ᠥᠷᠭᠡᠳᠬᠡᠭᠰᠡᠨ)᠎ᠤᠨ 2024 ᠣᠨ᠎ᠤ 12 ᠳ᠋ᠤᠭ᠋ᠠᠷ ᠤᠳᠠᠭ᠎ᠠ ᠵᠢᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-01-06

      12 ᠰᠠᠷ᠎ᠠ ᠵᠢᠨ 31᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ ᠤᠨᠤᠯ᠎ᠤᠨ ᠰᠤᠷᠤᠯᠴᠠᠯᠭ᠎ᠠ ᠵᠢᠨ ᠭᠣᠣᠯ ᠳᠤᠭᠤᠢ᠌ᠯᠠᠩ (ᠥᠷᠭᠡᠳᠬᠡᠭᠰᠡᠨ)᠎ᠤᠨ 2024 ᠣᠨ᠎ᠤ 12 ᠳ᠋ᠤᠭ᠋ᠠᠷ ᠤᠳᠠᠭ᠎ᠠ ᠵᠢᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ᠃ ᠬᠤᠷᠠᠯ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠠᠷᠪᠠᠨ ᠨᠠᠢ᠍ᠮᠠᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠳᠡᠭᠡᠷ᠎ᠡ ᠶᠠᠷᠢᠭᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠨᠠᠮ᠎ᠤᠨ ᠨᠢᠭᠡᠳᠦᠮᠡᠯ ᠹᠷᠣᠨᠲ᠎ᠤᠨ ᠠᠵᠢᠯ᠎ᠢ ᠰᠠᠶ᠋ᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠠᠵᠢᠯ᠎ᠢ ᠢᠯᠡ ᠪᠣᠯᠭ᠋ᠠᠬᠤ ᠳᠦᠷᠢᠮ (ᠲᠤᠷᠰᠢᠨ ᠬᠡᠷᠡᠭᠵᠢᠭᠦᠯᠬᠦ)》᠂ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠨᠢᠭᠤᠴᠠ ᠵᠢ ᠬᠠᠮᠠᠭ᠋ᠠᠯᠠᠬᠤ ᠬᠠᠤᠯᠢ》᠂ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠰᠦᠷᠳᠡᠭᠦᠯᠬᠦ ᠦᠵᠡᠯ᠎ᠢ ᠡᠰᠡᠷᠭᠦᠴᠡᠬᠦ ᠬᠠᠤᠯᠢ》 ᠵᠡᠷᠭᠡ ᠬᠠᠮᠢᠶ᠎ᠠ ᠪᠦᠬᠦᠢ ᠠᠭᠤᠯᠭ᠎ᠠ ᠵᠢ ᠬᠠᠮᠲᠤ᠎ᠪᠠᠷ ᠰᠣᠷᠣᠯᠴᠠᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠵᠣᠣ ᠱ᠌ᠢ ᠳ᠋ᠧ ᠨᠥᠬᠥᠷ ᠬᠤᠷᠠᠯ᠎ᠢ ᠡᠷᠭᠢᠯᠡᠪᠡ᠃
      ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠠᠷᠪᠠᠨ ᠨᠠᠢ᠍ᠮᠠᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠳᠡᠭᠡᠷ᠎ᠡ ᠶᠠᠷᠢᠭᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠤ᠂ ᠬᠢᠯᠢ ᠬᠢᠵᠠᠭ᠋ᠠᠷ᠎ᠢ ᠵᠠᠰᠠᠬᠤ ᠲᠤᠬᠠᠢ ᠨᠠᠮ᠎ᠤᠨ ᠲᠥᠪ ᠬᠣᠷᠢᠶᠠᠨ᠎ᠤ ᠡᠯ᠎ᠡ ᠵᠦᠢ᠍ᠯ᠎ᠤᠨ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠡᠷᠡᠰ ᠪᠠᠲᠤ ᠪᠤᠢ ᠪᠣᠯᠭ᠋ᠠᠵᠤ᠂ ᠤᠯᠤᠰ ᠲᠥᠷᠥ ᠵᠢᠨ ᠪᠠᠢ᠌ᠭᠤᠯᠭ᠎ᠠ ᠵᠢᠨ ᠤᠬᠠᠮᠰᠠᠷ᠎ᠤᠨ ᠬᠥᠮᠦᠵᠢᠯ᠂ ᠨᠠᠮ᠎ᠳᠤ ᠦᠨᠡᠨᠴᠢ ᠰᠢᠳᠤᠷᠭᠤ ᠪᠠᠶ᠋ᠢᠬᠤ ᠬᠥᠮᠦᠵᠢᠯ᠎ᠢ ᠪᠠᠢ᠌ᠩᠭᠤᠵᠢᠭᠤᠯᠤᠨ ᠥᠷᠨᠢᠭᠦᠯᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠡᠭᠦᠳᠦᠨ ᠪᠠᠢ᠌ᠭᠤᠯᠬᠤ ᠠᠵᠢᠯ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠢ ᠦᠷᠭᠦᠯᠵᠢᠯᠡᠨ ᠭᠦᠨᠵᠡᠭᠡᠢ᠌ᠷᠡᠭᠦᠯᠵᠦ᠂ ᠵᠢᠱ᠌ᠢᠶᠡᠴᠢ ᠪᠠᠢ᠌ᠭᠤᠯᠭ᠎ᠠ ᠵᠢᠨ ᠪᠠᠢ᠌ᠭᠤᠯᠤᠯᠲᠠ ᠵᠢ ᠭᠦᠨᠵᠡᠭᠡᠢ᠌ᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ 《ᠤᠮᠠᠷᠠᠲᠤ ᠬᠢᠯᠢ ᠵᠢᠨ ᠵᠢᠱ᠌ᠢᠶᠡᠴᠢ ᠪᠠᠢ᠌ᠭᠤᠯᠭ᠎ᠠ ᠵᠢᠨ ᠲᠡᠷᠢᠭᠦᠨ᠎ᠤ ᠪᠠᠢ᠌ᠭᠤᠯᠭ᠎ᠠ ᠵᠢ ᠡᠭᠦᠳᠦᠨ ᠪᠠᠢ᠌ᠭᠤᠯᠬᠤ》 ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠰᠠᠶ᠋ᠢᠲᠤᠷ ᠪᠠᠳᠠᠷᠠᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠨᠠᠮ᠎ᠤᠨ ᠨᠢᠭᠡᠳᠦᠮᠡᠯ ᠹᠷᠣᠨᠲ᠎ᠤᠨ ᠠᠵᠢᠯ᠎ᠢ ᠰᠠᠶ᠋ᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠵᠢ ᠣᠨᠣᠪᠴᠢᠲᠠᠢ ᠣᠢ᠌ᠯᠠᠭ᠋ᠠᠨ ᠡᠵᠡᠮᠰᠢᠵᠦ᠂ ᠨᠠᠮ᠎ᠤᠨ ᠨᠢᠭᠡᠳᠦᠮᠡᠯ ᠹᠷᠣᠨᠲ᠎ᠲᠠᠬᠢ ᠪᠦᠬᠦ ᠲᠠᠯ᠎ᠠ ᠵᠢᠨ ᠤᠳᠤᠷᠢᠳᠤᠯᠭ᠎ᠠ ᠵᠢ ᠥᠴᠥᠬᠡᠨ ᠴᠦ᠍ ᠭᠤᠶ᠋ᠢᠪᠢᠰᠢ ᠦᠭᠡᠢ ᠪᠠᠷᠢᠮᠲᠠᠯᠠᠵᠤ᠂ 《ᠬᠣᠶᠠᠷ᠎ᠢ ᠲᠣᠭᠲᠠᠭ᠋ᠠᠬᠤ》 ᠵᠢ ᠡᠷᠡᠰ ᠬᠦᠷᠢᠶᠡᠯᠡᠵᠦ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠪᠤᠢ ᠪᠣᠯᠭ᠋ᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠰᠡᠳᠬᠢᠯ ᠵᠶ᠋ᠡᠨ ᠨᠢᠭᠡᠳᠬᠡᠨ ᠰᠦᠭ ᠰᠦᠨᠡᠰᠦ ᠵᠢ ᠱᠤᠭᠤᠵᠤ᠂ ᠪᠦᠯᠬᠦᠮᠳᠡᠨ ᠡᠷᠴᠢ ᠵᠣᠷᠢᠭ ᠵᠶ᠋ᠠᠨ ᠬᠥᠪᠴᠢᠯᠡᠬᠦ᠂ ᠵᠥᠪ ᠴᠢᠭᠯᠡᠯ ᠵᠶ᠋ᠡᠷ ᠬᠥᠲᠥᠯᠥᠨ ᠳᠠᠭ᠋ᠠᠭᠤᠯᠬᠤ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠨᠢᠭᠤᠴᠠ ᠵᠢ ᠬᠠᠮᠠᠭ᠋ᠠᠯᠠᠬᠤ ᠬᠠᠤᠯᠢ》 ᠪᠣᠯᠣᠨ 《ᠨᠢᠭᠤᠴᠠ ᠵᠢ ᠬᠠᠮᠠᠭ᠋ᠠᠯᠠᠬᠤ ᠬᠠᠤᠯᠢ ᠵᠢ ᠬᠡᠷᠡᠭᠵᠢᠭᠦᠯᠬᠦ ᠳᠦᠷᠢᠮ》᠎ᠢ ᠦᠷᠭᠦᠯᠵᠢᠯᠡᠨ ᠰᠠᠶ᠋ᠢᠲᠤᠷ ᠲᠤᠭᠤᠰᠢᠯᠠᠭᠤᠯᠵᠤ᠂ ᠰᠠᠶ᠋ᠢᠲᠤᠷ ᠬᠡᠷᠡᠭᠵᠢᠭᠦᠯᠵᠦ᠂ ᠰᠠᠶ᠋ᠢᠲᠤᠷ ᠤᠬᠠᠭᠤᠯᠵᠤ᠂ ᠨᠢᠭᠤᠴᠠ ᠵᠢ ᠬᠠᠮᠠᠭ᠋ᠠᠯᠠᠬᠤ ᠬᠥᠮᠦᠵᠢᠯ᠎ᠢ ᠦᠨᠡᠨ ᠬᠦ᠌ ᠴᠢᠩᠭ᠋ᠠᠳᠬᠠᠨ᠂ ᠪᠥᠬᠥ ᠺᠠᠳ᠋ᠷ ᠠᠵᠢᠯᠲᠠᠨ ᠠᠵᠢᠯᠴᠢᠨ ᠪᠣᠯᠣᠨ ᠨᠢᠭᠤᠴᠠ᠎ᠳᠤ ᠬᠣᠯᠪᠣᠭᠳᠠᠬᠤ ᠬᠥᠮᠥᠰ᠎ᠤᠨ ᠨᠢᠭᠤᠴᠠ ᠵᠢ ᠬᠠᠮᠠᠭ᠋ᠠᠯᠠᠬᠤ ᠬᠠᠤᠯᠢ᠎ᠪᠠᠷ ᠵᠠᠰᠠᠬᠤ ᠤᠬᠠᠮᠰᠠᠷ᠎ᠢ ᠴᠢᠩᠭ᠋ᠠᠳᠬᠠᠵᠤ᠂ ᠨᠢᠭᠤᠴᠠ ᠵᠢ ᠬᠠᠮᠠᠭ᠋ᠠᠯᠠᠬᠤ ᠠᠵᠢᠯ᠎ᠤᠨ ᠵᠢᠷᠤᠮᠵᠢᠭᠤᠯᠤᠯᠲᠠ᠂ ᠳᠦᠷᠢᠮᠵᠢᠭᠦᠯᠦᠯᠲᠡ᠂ ᠰᠢᠨᠵᠢᠯᠡᠬᠦ ᠤᠬᠠᠭ᠋ᠠᠨᠴᠢᠯᠠᠯᠲᠠ ᠵᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠶ ᠭᠡᠵᠦ ᠱᠠᠭ᠋ᠠᠷᠳᠠᠵᠠᠢ᠃
      ᠬᠤᠷᠠᠯ᠎ᠠᠴᠠ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠠᠵᠢᠯ᠎ᠢ ᠢᠯᠡ ᠪᠣᠯᠭ᠋ᠠᠬᠤ ᠳᠦᠷᠢᠮ (ᠲᠤᠷᠰᠢᠨ ᠬᠡᠷᠡᠭᠵᠢᠭᠦᠯᠬᠦ)》᠎ᠤᠨ ᠦᠨᠳᠦᠰᠦᠨ ᠵᠣᠷᠢᠭ ᠰᠠᠨᠠᠭ᠎ᠠ᠂ ᠭᠣᠣᠯ ᠠᠭᠤᠯᠭ᠎ᠠ ᠪᠣᠯᠣᠨ ᠠᠵᠢᠯ᠎ᠤᠨ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠣᠨᠣᠪᠴᠢᠲᠠᠢ ᠡᠵᠡᠮᠰᠢᠬᠦ ᠬᠡᠷᠡᠭᠲᠡᠢ᠃ ᠨᠠᠮ᠎ᠤᠨ ᠠᠵᠢᠯ᠎ᠢ ᠢᠯᠡ ᠪᠣᠯᠭ᠋ᠠᠬᠤ ᠠᠵᠢᠯ᠎ᠤᠨ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠵᠤ᠂ ᠡᠯ᠎ᠡ ᠭᠠᠵᠠᠷ ᠲᠠᠰᠤᠭ᠂ ᠨᠢᠭᠡᠴᠢ ᠵᠢᠨ᠎ᠬᠢᠨ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠬᠠᠳᠠᠭ᠋ᠠᠰᠤ ᠬᠠᠳᠠᠬᠤ ᠵᠣᠷᠢᠭ ᠰᠠᠨᠠᠭ᠎ᠠ᠎ᠪᠠᠷ ᠨᠠᠮ᠎ᠤᠨ ᠠᠵᠢᠯ᠎ᠢ ᠢᠯᠡ ᠪᠣᠯᠭ᠋ᠠᠬᠤ ᠠᠵᠢᠯ᠎ᠢ ᠴᠢᠩᠭ᠎ᠠ ᠠᠳᠬᠤᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠬᠤᠷᠠᠯ᠎ᠠᠴᠠ᠂ ᠰᠦᠷᠳᠡᠭᠦᠯᠦᠯ᠎ᠢ ᠡᠰᠡᠷᠭᠦᠴᠡᠬᠦ ᠠᠵᠢᠯ᠎ᠤᠨ ᠬᠠᠮᠢᠶ᠎ᠠ ᠪᠦᠬᠦᠢ ᠬᠠᠤᠯᠢ ᠲᠣᠭᠲᠠᠭ᠋ᠠᠯ᠂ ᠪᠠᠷᠢᠮᠵᠢᠶ᠎ᠠ ᠵᠢ ᠦᠵᠡᠯ ᠤᠬᠠᠮᠰᠠᠷ᠎ᠤᠨ ᠬᠡᠯᠪᠡᠷᠢ ᠵᠢᠨ ᠤᠬᠠᠭᠤᠯᠭ᠎ᠠ ᠬᠥᠮᠦᠵᠢᠯ ᠪᠣᠯᠣᠨ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠠᠵᠢᠯ᠎ᠤᠨ ᠠᠭᠤᠯᠭ᠎ᠠ᠎ᠳᠤ ᠣᠷᠣᠭᠤᠯᠵᠤ᠂ ᠰᠦᠷᠳᠡᠭᠦᠯᠦᠯ᠎ᠢ ᠡᠰᠡᠷᠭᠦᠴᠡᠬᠦ ᠠᠵᠢᠯ᠎ᠤᠨ ᠴᠢᠬᠤᠯᠠ ᠠᠴᠢ ᠬᠣᠯᠪᠣᠭᠳᠠᠯ᠎ᠢ ᠭᠦᠢ᠍ᠴᠡᠳ ᠲᠠᠨᠢᠵᠤ᠂ ᠬᠠᠮᠢᠶ᠎ᠠ ᠪᠦᠬᠦᠢ ᠠᠵᠢᠯ᠎ᠢ ᠥᠨᠳᠥᠷ ᠪᠠᠷᠢᠮᠵᠢᠶ᠎ᠠ᠎ᠪᠠᠷ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号