3 ᠰᠠᠷ᠎ᠠ ᠵᠢᠨ 11᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠨᠢᠭᠡᠳᠦᠭᠡᠷ ᠨᠠᠮ᠎ᠤᠨ ᠪᠠᠢ᠌ᠭᠤᠯᠤᠯᠲᠠ ᠵᠢᠨ ᠬᠠᠷᠢᠯᠴᠠᠬᠤ ᠬᠡᠰᠡᠭ᠎ᠤᠨ ᠳᠤᠭᠤᠢ᠌ᠯᠠᠩ᠎ᠤᠨ ᠠᠵᠢᠯ᠎ᠢ ᠵᠣᠬᠢᠴᠠᠭᠤᠯᠬᠤ ᠬᠤᠷᠠᠯ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠳᠤ ᠬᠤᠷᠠᠯᠳᠤᠪᠠ᠃

ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠲᠢᠩᠬᠢᠮ᠎ᠤᠨ ᠳᠠᠷᠤᠭ᠎ᠠ ᠵᠤᠤ ᠱ᠌ᠢ᠎ᠳᠤ ᠬᠤᠷᠠᠯ᠎ᠢ ᠡᠷᠬᠢᠯᠡᠵᠦ᠂ ᠳᠤᠭᠤᠢ᠌ᠯᠠᠩ᠎ᠤᠨ ᠳᠣᠲᠣᠷᠠᠬᠢ 17 ᠨᠢᠭᠡᠴᠢ ᠵᠢᠨ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠲᠤᠰᠬᠠᠢ ᠬᠠᠷᠢᠭᠤᠴᠠᠯᠭ᠋ᠠᠲᠤ ᠪᠠᠢ᠌ᠭᠤᠯᠤᠮᠵᠢ ᠵᠢᠨ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠰᠢᠭᠤᠳ ᠬᠠᠷᠢᠶ᠎ᠠ ᠪᠠᠢ᠌ᠭᠤᠯᠭ᠎ᠠ ᠵᠢᠨ ᠠᠵᠢᠯ᠎ᠤᠨ ᠬᠣᠷᠢᠶ᠎ᠠ ᠵᠢᠨ ᠵᠣᠬᠢᠶᠠᠨ ᠪᠠᠢ᠌ᠭᠤᠯᠬᠤ ᠬᠡᠯᠲᠡᠰ᠎ᠤᠨ ᠳᠠᠷᠤᠭ᠎ᠠ ᠰᠢᠤᠸᠠᠢ ᠷᠦᠸᠸ᠋ ᠸᠧᠢ ᠵᠡᠷᠭᠡ ᠨᠥᠬᠥᠳ ᠬᠤᠷᠠᠯ᠎ᠳᠤ ᠣᠷᠣᠯᠴᠠᠨ ᠵᠢᠭ᠋ᠠᠨ ᠵᠢᠯᠣᠭᠣᠳᠪᠠ᠃
ᠬᠤᠷᠠᠯ᠎ᠠᠴᠠ 2025 ᠣᠨ᠎ᠤ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠨᠠᠮ᠎ᠤᠨ ᠠᠵᠢᠯ ᠵᠢᠴᠢ ᠰᠠᠬᠢᠯᠭ᠎ᠠ ᠪᠠᠲᠤ ᠪᠠᠢ᠌ᠴᠠᠭ᠋ᠠᠬᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠵᠤ᠂ ᠨᠠᠮ᠎ᠤᠨ ᠪᠠᠢ᠌ᠭᠤᠯᠤᠯᠲᠠ ᠵᠢᠨ ᠬᠠᠷᠢᠯᠴᠠᠬᠤ ᠬᠡᠰᠡᠭ᠎ᠤᠨ ᠳᠤᠭᠤᠢ᠌ᠯᠠᠩ᠎ᠤᠨ ᠠᠵᠢᠯᠯᠠᠭ᠎ᠠ ᠵᠢ ᠵᠢᠷᠤᠮᠵᠢᠭᠤᠯᠬᠤ᠂ ᠪᠦᠷᠢᠯᠳᠦᠬᠦᠨ ᠨᠢᠭᠡᠴᠢ ᠵᠡᠷᠭᠡ᠎ᠪᠡᠷ ᠤᠷᠤᠭᠰᠢᠯᠠᠬᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠭᠣᠣᠯᠳᠠᠯᠭ᠎ᠠ ᠵᠢᠨ ᠲᠣᠭᠣᠷᠢᠨ᠎ᠳᠤ ᠬᠣᠯᠪᠤᠭ᠋ᠠᠯᠠᠨ ᠰᠤᠷᠤᠯᠴᠠᠵᠤ ᠬᠠᠮᠲᠤ᠎ᠪᠠᠷ ᠪᠠᠢ᠌ᠭᠤᠯᠬᠤ ᠪᠣᠳᠠᠲᠠᠢ ᠱᠠᠭ᠋ᠠᠷᠳᠠᠯᠭ᠎ᠠ ᠵᠢ ᠳᠤᠷᠠᠳᠴᠠᠢ᠃
ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠳᠤᠭᠤᠢ᠌ᠯᠠᠩ᠎ᠤᠨ ᠳᠠᠷᠤᠭ᠎ᠠ ᠨᠢᠭᠡᠴᠢ ᠵᠢᠨ ᠬᠤᠪᠢ᠎ᠪᠠᠷ ᠡᠭᠦᠷᠭᠡ ᠴᠢᠳᠠᠪᠤᠷᠢ ᠵᠢᠨ ᠦᠢ᠍ᠯᠡᠳᠦᠯ ᠵᠶ᠋ᠡᠨ ᠰᠠᠶ᠋ᠢᠲᠤᠷ ᠪᠠᠳᠠᠷᠠᠭᠤᠯᠬᠤ ᠲᠤᠬᠠᠢ ᠣᠪᠣᠷ ᠵᠶ᠋ᠠᠨ ᠢᠯᠡᠳᠬᠡᠬᠦ ᠶᠠᠷᠢᠶ᠎ᠠ ᠲᠠᠯᠪᠢᠵᠤ᠂ ᠬᠠᠷᠢᠭᠤᠴᠠᠯᠭ᠎ᠠ ᠵᠢᠨ ᠨᠠᠢ᠌ᠳᠠᠪᠤᠷᠢᠵᠢᠭᠤᠯᠤᠯᠲᠠ ᠵᠢ ᠴᠢᠩᠭ᠋ᠠᠳᠬᠠᠬᠤ᠂ ᠬᠠᠮᠵᠢᠯᠴᠠᠨ ᠬᠠᠮᠲᠤᠷᠠᠯᠴᠠᠬᠤ ᠵᠢ ᠠᠬᠢᠭᠤᠯᠬᠤ᠂ ᠪᠣᠳᠠᠲᠠᠢ ᠠᠰᠠᠭᠤᠳᠠᠯ᠎ᠢ ᠰᠢᠢ᠍ᠳᠪᠦᠷᠢᠯᠡᠬᠦ ᠭᠤᠷᠪᠠᠨ ᠲᠠᠯ᠎ᠠ᠎ᠪᠠᠷ ᠬᠡᠰᠡᠭ᠎ᠤᠨ ᠳᠤᠭᠤᠢ᠌ᠯᠠᠩ᠎ᠤᠨ ᠠᠵᠢᠯ᠎ᠤᠨ ᠪᠦᠬᠦᠯᠢ ᠴᠣᠭᠴᠠ ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠲᠦᠯᠬᠢᠨ ᠠᠬᠢᠭᠤᠯᠵᠤ᠂ ᠳᠤᠭᠤᠢ᠌ᠯᠠᠩ᠎ᠤᠨ ᠳᠡᠳ᠋ ᠳᠠᠷᠤᠭ᠎ᠠ ᠨᠢᠭᠡᠴᠢ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ᠂ ᠪᠠᠢ᠌ᠭᠤᠯᠭ᠎ᠠ ᠵᠢᠨ ᠨᠠᠮ᠎ᠤᠨ ᠬᠣᠷᠢᠶᠠᠨ᠎ᠤ ᠳᠡᠳ᠋ ᠱᠦᠵᠢ ᠭᠥᠸᠧ ᠰᠢᠨ ᠢᠦᠢ ᠨᠥᠬᠥᠷ ᠬᠡᠰᠡᠭ᠎ᠤᠨ ᠳᠤᠭᠤᠢ᠌ᠯᠠᠩ᠎ᠤᠨ ᠨᠢᠭᠡᠴᠢ ᠵᠢᠨ ᠲᠣᠭᠣᠷᠢᠨ᠎ᠳᠤ ᠬᠠᠷᠢᠯᠴᠠᠨ ᠰᠤᠷᠤᠯᠴᠠᠵᠤ ᠬᠠᠷᠢᠯᠴᠠᠨ ᠯᠠᠪᠯᠠᠯᠲᠠ ᠪᠣᠯᠭ᠋ᠠᠬᠤ᠂ ᠬᠠᠷᠢᠯᠴᠠᠨ ᠠᠬᠢᠭᠤᠯᠵᠤ ᠬᠠᠮᠲᠤ᠎ᠪᠠᠷ ᠤᠷᠤᠭᠰᠢᠯᠠᠬᠤ ᠵᠢᠨ ᠲᠣᠭᠣᠷᠢᠨ᠎ᠳᠤ ᠦᠢ᠍ᠯᠡᠳᠦᠯ ᠵᠶ᠋ᠡᠨ ᠨᠠᠩ ᠰᠠᠶ᠋ᠢᠨ ᠪᠠᠳᠠᠷᠠᠭᠤᠯᠬᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ ᠵᠡᠷᠭᠡ ᠪᠦᠷᠢᠯᠳᠦᠬᠦᠨ ᠨᠢᠭᠡᠴᠢ ᠨᠠᠮ᠎ᠤᠨ ᠪᠠᠢ᠌ᠭᠤᠯᠤᠯᠲᠠ ᠵᠢᠨ ᠲᠠᠯ᠎ᠠ᠂ ᠲᠤᠬᠠᠢ᠌ᠯᠠᠭᠰᠠᠨ ᠠᠵᠢᠯ᠎ᠤᠨ ᠲᠠᠯ᠎ᠠ ᠵᠢᠨ ᠵᠢᠭᠰᠠᠭ᠋ᠠᠯ᠎ᠤᠨ ᠭᠠᠵᠠᠷ᠎ᠤᠨ ᠡᠬᠢ ᠪᠠᠶᠠᠯᠢᠭ᠎ᠢ ᠬᠤᠪᠢᠶᠠᠨ ᠡᠳ᠋ᠯᠡᠵᠦ᠂ ᠰᠠᠯᠠᠭ᠎ᠠ ᠮᠥᠴᠢᠷ ᠠᠯᠤᠰᠯᠠᠭᠰᠠᠨ ᠨᠠᠮ᠎ᠤᠨ ᠠᠵᠢᠯ᠎ᠢ ᠬᠠᠮᠲᠤᠷᠠᠨ ᠪᠠᠢ᠌ᠭᠤᠯᠬᠤ᠂ ᠲᠤᠬᠠᠢ᠌ᠯᠠᠭᠰᠠᠨ ᠠᠵᠢᠯ᠎ᠤᠨ ᠲᠠᠯ᠎ᠠ᠎ᠪᠠᠷ ᠬᠠᠮᠵᠢᠯᠴᠠᠬᠤ᠂ ᠰᠡᠳᠦᠪ᠎ᠢ ᠬᠣᠯᠪᠣᠯᠳᠤᠭᠤᠯᠬᠤ ᠬᠡᠷᠡᠭᠴᠡᠭᠡ ᠱᠠᠭ᠋ᠠᠷᠳᠠᠯᠭ᠎ᠠ ᠪᠠ ᠰᠠᠨᠠᠭᠤᠯᠭ᠎ᠠ ᠳᠤᠷᠠᠳᠴᠤ᠂ ᠬᠤᠷᠠᠯ᠎ᠳᠤ ᠣᠷᠣᠯᠴᠠᠭᠰᠠᠳ᠎ᠲᠤ ᠮᠠᠰᠢ ᠶᠡᠬᠡ ᠰᠡᠩᠬᠡᠷᠡᠭᠦᠯᠦᠯ ᠣᠯᠭᠣᠵᠤ᠂ ᠭᠣᠣᠯᠳᠠᠯᠭ᠎ᠠ ᠵᠢᠨ ᠲᠣᠭᠣᠷᠢᠨ᠎ᠳᠤ ᠰᠡᠳᠬᠢᠯ ᠵᠶ᠋ᠡᠨ ᠨᠢᠭᠡᠳᠬᠡᠨ ᠬᠦᠴᠦᠨ ᠵᠶ᠋ᠡᠨ ᠬᠠᠮᠲᠤᠳᠬᠠᠵᠤ᠂ 《ᠨᠢᠭᠡ ᠴᠣᠭᠴᠠᠵᠢᠭᠤᠯᠬᠤ》 ᠰᠡᠳᠬᠢᠬᠦᠢ᠎ᠪᠠᠷ ᠨᠢᠭᠡᠳᠦᠯᠲᠡᠢ ᠲᠥᠯᠥᠪᠯᠡᠨ ᠲᠥᠯᠥᠪᠵᠢᠭᠦᠯᠵᠦ᠂ ᠪᠡᠬᠢᠯᠡᠯᠲᠡ ᠵᠢ ᠡᠪᠳᠡᠵᠦ᠂ ᠬᠠᠮᠵᠢᠯᠴᠠᠨ ᠬᠠᠮᠲᠤᠷᠠᠯᠴᠠᠵᠤ᠂ ᠵᠡᠷᠭᠡ᠎ᠪᠡᠷ ᠤᠷᠤᠭᠰᠢᠯᠠᠵᠤ᠂ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ ᠭᠡᠵᠦ ᠢᠯᠡᠳᠬᠡᠵᠡᠭᠡᠪᠡ᠃

ᠬᠤᠷᠠᠯ᠎ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠪᠣᠯᠣᠨ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠨᠠᠮ᠎ᠤᠨ ᠭᠡᠰᠢᠭᠦᠨ ᠲᠤᠬᠠᠢ᠌ᠯᠠᠭᠰᠠᠨ ᠠᠵᠢᠯ᠎ᠤᠨ ᠭᠣᠣᠯᠯᠠᠭᠴᠢ᠎ᠠᠴᠠ ᠬᠤᠷᠠᠯ᠎ᠳᠤ ᠣᠷᠣᠯᠴᠠᠭᠰᠠᠨ ᠨᠥᠬᠥᠳ᠎ᠲᠤ 《ᠨᠢᠭᠡ ᠵᠢᠷᠤᠭ᠂ ᠨᠢᠭᠡ ᠲᠣᠣᠷ᠂ ᠨᠢᠭᠡ ᠱᠤᠭᠤᠮ》᠎ᠤᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠣᠣᠷ ᠵᠢᠴᠢ ᠲᠤᠬᠠᠢ ᠵᠢᠨ ᠲᠠᠯᠠᠪᠠᠢ ᠵᠢᠨ ᠪᠤᠰᠤ ᠬᠢᠨᠠᠨ ᠬᠠᠮᠢᠶᠠᠷᠤᠯᠲᠠ ᠵᠢᠨ ᠠᠷᠭ᠎ᠠ ᠪᠠᠷᠢᠯ᠎ᠤᠨ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠦᠯᠲᠡ᠎ᠳᠠᠬᠢ ᠬᠡᠷᠡᠭᠯᠡᠯᠲᠡ ᠵᠢ ᠲᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠨ ᠪᠠᠢ᠌ᠭᠤᠯᠬᠤ ᠪᠦᠲᠦᠭᠡᠨ ᠪᠠᠢ᠌ᠭᠤᠯᠤᠯᠲᠠ ᠵᠢᠨ ᠠᠵᠢᠯ᠎ᠤᠨ ᠪᠠᠶ᠋ᠢᠳᠠᠯ᠎ᠢ ᠬᠠᠮᠲᠤ᠎ᠪᠠᠷ ᠰᠣᠯᠢᠯᠴᠠᠪᠠ᠃
ᠬᠡᠰᠡᠭ᠎ᠤᠨ ᠳᠤᠭᠤᠢ᠌ᠯᠠᠩ᠎ᠤᠨ ᠡᠯ᠎ᠡ ᠪᠦᠷᠢᠯᠳᠦᠬᠦᠨ ᠨᠢᠭᠡᠴᠢ ᠵᠢᠨ ᠡᠪᠯᠡᠯ᠎ᠤᠨ ᠵᠠᠯᠠᠭᠤᠴᠤᠳ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠰᠤᠯᠠ ᠣᠷᠣᠯᠴᠠᠪᠠ᠃