ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠮᠣᠩᠭᠣᠯ ᠬᠡᠯᠡ ᠰᠣᠷᠣᠶ᠎ᠠ
ᠪᠣᠬᠢᠷᠳᠠᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠤᠷᠠᠳ᠎ᠤᠨ ᠬᠣᠢ᠌ᠲᠤ ᠬᠣᠰᠢᠭᠤᠨ᠎ᠤ ᠮᠧᠩ ᠨᠧᠩ᠎ᠤᠨ 100 ᠲᠦᠮᠡᠨ ᠺᠢᠯᠣᠸᠠᠲ᠎ᠤᠨ ᠰᠠᠯᠬᠢᠨ ᠬᠦᠴᠦᠨ᠎ᠤ ᠨᠥᠭᠡᠴᠡ ᠵᠢᠨ ᠰᠠᠭᠤᠷᠢᠨ ᠭᠠᠵᠠᠷ᠎ᠤᠨ ᠪᠠᠲᠤᠯᠠᠭ᠎ᠠ ᠵᠢᠨ ᠴᠢᠨᠠᠷᠲᠠᠢ ᠲᠥᠷᠥᠯ ᠵᠦᠢ᠍ᠯ᠎ᠤᠨ 220kV᠎ᠤᠨ ᠴᠠᠬᠢᠯᠭ᠋ᠠᠨ ᠳᠠᠮᠵᠢᠭᠤᠯᠬᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠴᠣᠬᠣᠯᠠᠪᠤᠷᠢ
ᠨᠡᠶ᠋ᠢᠲᠡᠯᠡᠭᠰᠡᠨ ᠴᠠᠭ᠄ 2024-11-06

  ᠥᠪᠥᠷ ᠮᠣᠩᠭᠣᠯ᠎ᠤᠨ ᠴᠠᠬᠢᠯᠭ᠋ᠠᠨ ᠬᠦᠴᠦᠨ (ᠪᠦᠯᠦᠭᠯᠡᠯ)᠎ᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠪᠠᠶᠠᠨᠨᠠᠭᠤᠷ᠎ᠤᠨ ᠴᠠᠬᠢᠯᠭ᠋ᠠᠨ ᠬᠠᠩᠭ᠋ᠠᠬᠤ ᠬᠤᠪᠢᠶᠠᠷᠢ ᠺᠣᠮᠫᠠᠨᠢ᠎ᠳᠤ᠄
      ᠲᠠᠨ᠎ᠤ ᠺᠣᠮᠫᠠᠨᠢ ᠵᠢᠨ ᠮᠡᠳᠡᠭᠦᠯᠦᠨ ᠬᠦᠷᠭᠡᠭᠰᠡᠨ 《ᠤᠷᠠᠳ᠎ᠤᠨ ᠬᠣᠢ᠌ᠲᠤ ᠬᠣᠰᠢᠭᠤᠨ᠎ᠤ ᠮᠧᠩ ᠨᠧᠩ᠎ᠤᠨ 100 ᠲᠦᠮᠡᠨ ᠺᠢᠯᠣᠸᠠᠲ᠎ᠤᠨ ᠰᠠᠯᠬᠢᠨ ᠬᠦᠴᠦᠨ᠎ᠤ ᠨᠥᠭᠡᠴᠡ ᠵᠢᠨ ᠰᠠᠭᠤᠷᠢᠨ ᠭᠠᠵᠠᠷ᠎ᠤᠨ ᠪᠠᠲᠤᠯᠠᠭ᠎ᠠ ᠵᠢᠨ ᠴᠢᠨᠠᠷᠲᠠᠢ ᠲᠥᠷᠥᠯ ᠵᠦᠢ᠍ᠯ᠎ᠤᠨ 220kV᠎ᠤᠨ ᠴᠠᠬᠢᠯᠭ᠋ᠠᠨ ᠳᠠᠮᠵᠢᠭᠤᠯᠬᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ》 (ᠳᠣᠷᠣᠭᠰᠢ 《ᠮᠡᠳᠡᠭᠦᠯᠦᠯᠲᠡ ᠵᠢᠨ ᠬᠦᠰᠦᠨᠦᠭᠲᠦ》 ᠭᠡᠵᠦ ᠲᠣᠪᠴᠢᠯᠠᠨ᠎ᠠ) ᠵᠢ ᠣᠯᠵᠤ ᠣᠢ᠌ᠯᠠᠭ᠋ᠠᠪᠠ᠃ ᠰᠤᠳᠤᠯᠬᠤ᠎ᠪᠠᠷ ᠳᠠᠮᠵᠢᠨ ᠳᠣᠣᠷᠠᠬᠢ ᠮᠡᠲᠦ ᠴᠣᠬᠣᠯᠠᠪᠤᠷᠢᠯᠠᠶ᠎ᠠ᠄
      ᠨᠢᠭᠡ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠦᠨᠳᠦᠰᠦᠨ ᠪᠠᠶ᠋ᠢᠳᠠᠯ
      (ᠨᠢᠭᠡ) ᠬᠦᠴᠦᠳᠡᠯ ᠥᠭᠡᠷᠡᠴᠢᠯᠡᠬᠦ ᠢᠨᠵᠧᠨᠧᠷᠢᠩ᠃ ᠤᠷᠠᠳ᠎ᠤᠨ ᠬᠣᠢ᠌ᠲᠤ ᠬᠣᠰᠢᠭᠤᠨ᠎ᠤ 220kV ᠨᠡᠭᠡᠭᠡᠵᠦ ᠬᠠᠭ᠋ᠠᠬᠤ ᠥᠷᠲᠡᠭᠡ᠎ᠳᠤ 220kV ᠎ᠤᠨ ᠴᠠᠬᠢᠯᠭ᠋ᠠᠨ ᠳᠠᠮᠵᠢᠭᠤᠯᠬᠤ 2 ᠬᠡᠯᠬᠢᠶ᠎ᠡ ᠵᠢ ᠦᠷᠭᠡᠳᠭᠡᠨ ᠪᠠᠢ᠌ᠭᠤᠯᠤᠨ᠎ᠠ᠃
      (ᠬᠣᠶᠠᠷ) ᠴᠠᠬᠢᠯᠭ᠋ᠠᠨ ᠳᠠᠮᠵᠢᠭᠤᠯᠬᠤ ᠱᠤᠭᠤᠮ᠎ᠤᠨ ᠪᠠᠷᠢᠯᠭ᠎ᠠ᠃ (1) 1# ᠬᠦᠴᠦᠳᠡᠯ ᠳᠡᠭᠡᠭᠰᠢᠯᠡᠭᠦᠯᠬᠦ ᠥᠷᠲᠡᠭᠡ — ᠤᠷᠠᠳ᠎ᠤᠨ ᠬᠣᠢ᠌ᠲᠤ ᠬᠣᠰᠢᠭᠤᠨ᠎ᠤ ᠨᠡᠭᠡᠭᠡᠵᠦ ᠬᠠᠭ᠋ᠠᠬᠤ ᠥᠷᠲᠡᠭᠡ ᠵᠢᠨ 220kV᠎ᠤᠨ ᠴᠠᠬᠢᠯᠭ᠋ᠠᠨ ᠳᠠᠮᠵᠢᠭᠤᠯᠬᠤ ᠱᠤᠭᠤᠮ᠎ᠢ ᠰᠢᠨ᠎ᠡ᠎ᠪᠠᠷ ᠪᠠᠢ᠌ᠭᠤᠯᠤᠨ᠎ᠠ᠃ ᠪᠥᠬᠥ ᠣᠷᠳᠣ᠎ᠨᠢ 19.9 km ᠪᠠᠢ᠌ᠵᠤ᠂ ᠡᠭᠦᠨ᠎ᠳᠤ ᠲᠠᠩ ᠪᠢᠲᠡᠭᠦᠦ ᠬᠡᠯᠬᠢᠶ᠎ᠡ᠎ᠨᠢ 13.2 km ᠪᠠᠢ᠌ᠵᠤ᠂ ᠪᠠᠢ᠌ᠭᠤᠯᠬᠤ᠎ᠪᠠᠷ ᠪᠠᠢ᠌ᠭ᠎ᠠ 2 # ᠬᠦᠴᠦᠳᠡᠯ ᠳᠡᠭᠡᠭᠰᠢᠯᠡᠭᠦᠯᠬᠦ ᠥᠷᠲᠡᠭᠡ᠎ᠠᠴᠠ ᠤᠷᠠᠳ᠎ᠤᠨ ᠬᠣᠢ᠌ᠲᠤ ᠬᠣᠰᠢᠭᠤᠨ᠎ᠤ ᠨᠡᠭᠡᠭᠡᠵᠦ ᠬᠠᠭ᠋ᠠᠬᠤ ᠥᠷᠲᠡᠭᠡ ᠬᠦᠷᠬᠦ 220kV᠎ᠤᠨ ᠱᠤᠭᠤᠮ᠎ᠳᠤ ᠢᠵᠢᠯᠢ ᠰᠤᠪᠤᠷᠭ᠎ᠠ ᠵᠢᠨ ᠬᠣᠣᠰ ᠪᠢᠲᠡᠭᠦᠦ ᠬᠡᠯᠬᠢᠶ᠎ᠡ ᠵᠢ 6.4km ᠲᠠᠲᠠᠵᠤ᠂ ᠨᠢᠭᠡᠨᠲᠡ ᠪᠠᠢ᠌ᠭᠤᠯᠤᠭᠰᠠᠨ ᠬᠣᠣᠰ ᠪᠢᠲᠡᠭᠦᠦ ᠬᠡᠯᠬᠢᠶ᠎ᠡ ᠵᠢᠨ ᠥᠷᠥᠭᠡᠰᠦᠨ ᠲᠠᠯ᠎ᠠ ᠵᠢᠨ 0.3km ᠱᠤᠭᠤᠮ᠎ᠢ ᠠᠰᠢᠭᠯᠠᠨ᠎ᠠ᠃ (2) 2 # ᠬᠦᠴᠦᠳᠡᠯ ᠳᠡᠭᠡᠭᠰᠢᠯᠡᠭᠦᠯᠬᠦ ᠥᠷᠲᠡᠭᠡ — ᠤᠷᠠᠳ᠎ᠤᠨ ᠬᠣᠢ᠌ᠲᠤ ᠬᠣᠰᠢᠭᠤᠨ᠎ᠤ ᠨᠡᠭᠡᠭᠡᠵᠦ ᠬᠠᠭ᠋ᠠᠬᠤ ᠥᠷᠲᠡᠭᠡ ᠵᠢᠨ 220kV᠎ᠤᠨ ᠴᠠᠬᠢᠯᠭ᠋ᠠᠨ ᠳᠠᠮᠵᠢᠭᠤᠯᠬᠤ ᠱᠤᠭᠤᠮ᠎ᠢ ᠰᠢᠨ᠎ᠡ᠎ᠪᠠᠷ ᠪᠠᠢ᠌ᠭᠤᠯᠤᠨ᠎ᠠ᠃ ᠪᠥᠬᠥ ᠣᠷᠳᠣ᠎ᠨᠢ 29.4km᠂ ᠡᠭᠦᠨ᠎ᠳᠤ ᠲᠠᠩ ᠪᠢᠲᠡᠭᠦᠦ ᠬᠡᠯᠬᠢᠶ᠎ᠡ᠎ᠨᠢ 23km ᠪᠠᠢ᠌ᠵᠤ᠂ ᠪᠠᠢ᠌ᠭᠤᠯᠬᠤ᠎ᠪᠠᠷ ᠪᠠᠢ᠌ᠭ᠎ᠠ 1# ᠬᠦᠴᠦᠳᠡᠯ ᠳᠡᠭᠡᠭᠰᠢᠯᠡᠭᠦᠯᠬᠦ ᠥᠷᠲᠡᠭᠡ᠎ᠠᠴᠠ ᠤᠷᠠᠳ᠎ᠤᠨ ᠬᠣᠢ᠌ᠲᠤ ᠬᠣᠰᠢᠭᠤᠨ᠎ᠤ ᠨᠡᠭᠡᠭᠡᠵᠦ ᠬᠠᠭ᠋ᠠᠬᠤ ᠥᠷᠲᠡᠭᠡ ᠬᠦᠷᠬᠦ 220kV᠎ᠤᠨ ᠴᠠᠬᠢᠯᠭ᠋ᠠᠨ ᠬᠡᠯᠬᠢᠶ᠎ᠡ ᠵᠢᠨ ᠢᠵᠢᠯᠢ ᠰᠤᠪᠤᠷᠭ᠎ᠠ ᠵᠢᠨ ᠬᠣᠣᠰ ᠪᠢᠲᠡᠭᠦᠦ ᠬᠡᠯᠬᠢᠶ᠎ᠡ ᠵᠢ 6.4km ᠲᠠᠲᠠᠨ᠎ᠠ᠃ ᠲᠣᠰ ᠢᠨᠵᠧᠨᠧᠷᠢᠩ᠎ᠤᠨ ᠪᠥᠬᠥ ᠱᠤᠭᠤᠮ᠎ᠳᠤ ᠪᠠᠷᠤᠭ 118 ᠰᠠᠭᠤᠷᠢ ᠰᠢᠨ᠎ᠡ ᠲᠡᠮᠦᠷ ᠰᠤᠪᠤᠷᠭ᠎ᠠ ᠪᠣᠰᠬᠠᠨ᠎ᠠ᠃
      ᠲᠣᠰ ᠢᠨᠵᠧᠨᠧᠷᠢᠩ᠎ᠤᠨ ᠴᠠᠬᠢᠯᠭ᠋ᠠᠨ ᠳᠠᠮᠵᠢᠭᠤᠯᠬᠤ ᠱᠤᠭᠤᠮ᠎ᠨᠢ ᠵᠠᠢ᠌ᠯᠠᠬᠤ ᠵᠢᠨ ᠠᠷᠭ᠎ᠠ ᠦᠭᠡᠢ᠎ᠪᠠᠷ ᠤᠷᠠᠳ᠎ᠤᠨ ᠬᠣᠢ᠌ᠲᠤ ᠬᠣᠰᠢᠭᠤᠨ᠎ᠤ ᠰᠠᠯᠬᠢ ᠵᠢ ᠬᠠᠯᠬᠠᠯᠠᠵᠤ ᠡᠯᠡᠰᠦ ᠵᠢ ᠲᠣᠭᠲᠠᠪᠤᠷᠢᠵᠢᠭᠤᠯᠬᠤ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ 12.4 km  ᠰᠤᠨᠳᠠᠯᠠᠨ ᠥᠩᠭᠡᠷᠡᠵᠦ᠂ 35 ᠰᠠᠭᠤᠷᠢ ᠰᠤᠪᠤᠷᠭ᠎ᠠ ᠪᠣᠰᠬᠠᠨ᠎ᠠ᠃
      ᠲᠣᠰ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠭᠠᠵᠠᠷ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶᠠᠨᠨᠠᠭᠤᠷ ᠬᠣᠲᠠ ᠵᠢᠨ ᠤᠷᠠᠳ᠎ᠤᠨ ᠬᠣᠢ᠌ᠲᠤ ᠬᠣᠰᠢᠭᠤᠨ᠎ᠤ ᠬᠢᠯᠢ᠎ᠳᠤ ᠪᠤᠢ᠃
      ᠬᠣᠶᠠᠷ᠂ ᠶᠡᠷᠦᠩᠬᠡᠢ ᠰᠠᠨᠠᠯ
      ᠲᠣᠰ ᠲᠥᠷᠥᠯ ᠵᠦᠢ᠍ᠯ᠎ᠳᠤ 《ᠮᠡᠳᠡᠭᠦᠯᠦᠯᠲᠡ ᠵᠢᠨ ᠬᠦᠰᠦᠨᠦᠭᠲᠦ》᠎ᠳᠤ ᠳᠤᠷᠠᠳᠤᠭᠰᠠᠨ ᠡᠯ᠎ᠡ ᠵᠦᠢ᠍ᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠪᠠ ᠳᠣᠣᠷᠠᠬᠢ ᠮᠡᠲᠦ ᠠᠵᠢᠯ᠎ᠤᠨ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠤᠭᠰᠠᠨ᠎ᠤ ᠳᠠᠷᠠᠭ᠎ᠠ᠂ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠪᠠᠷᠢᠮᠵᠢᠶ᠎ᠠ ᠵᠢᠨ ᠱᠠᠭ᠋ᠠᠷᠳᠠᠯᠭ᠎ᠠ ᠵᠢ ᠬᠠᠩᠭ᠋ᠠᠵᠤ ᠪᠣᠯᠣᠨ᠎ᠠ᠃ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠠᠯ᠎ᠠ᠎ᠠᠴᠠ ᠵᠠᠳᠠᠯᠪᠠᠯ᠂ ᠮᠠᠨ᠎ᠤ ᠲᠢᠩᠬᠢᠮ ᠲᠣᠰ ᠲᠥᠷᠥᠯ ᠵᠦᠢ᠍ᠯ᠎ᠢ 《ᠮᠡᠳᠡᠭᠦᠯᠦᠯᠲᠡ ᠵᠢᠨ ᠬᠦᠰᠦᠨᠦᠭᠲᠦ》᠎ᠳᠤ ᠵᠢᠭᠰᠠᠭ᠋ᠠᠭᠰᠠᠨ ᠰᠢᠨᠵᠢ ᠴᠢᠨᠠᠷ᠂ ᠬᠡᠪᠴᠢᠶ᠎ᠡ᠂ ᠭᠠᠵᠠᠷ ᠣᠷᠣᠨ ᠪᠠ ᠠᠪᠬᠤ᠎ᠪᠠᠷ ᠪᠠᠢ᠌ᠭ᠎ᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢᠨ ᠶᠣᠰᠣᠭ᠋ᠠᠷ ᠪᠦᠲᠦᠭᠡᠨ ᠪᠠᠢ᠌ᠭᠤᠯᠬᠤ ᠵᠢ ᠵᠠᠷᠴᠢᠮ ᠳᠡᠭᠡᠷ᠎ᠡ᠎ᠪᠠᠨ ᠵᠥᠪᠰᠢᠶᠡᠷᠡᠪᠡ᠃
      ᠭᠤᠷᠪᠠ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠴᠢ ᠠᠵᠢᠯᠯᠠᠭ᠋ᠠᠨ᠎ᠤ ᠬᠤᠭᠤᠴᠠᠭ᠋ᠠᠨ᠎ᠳᠤ ᠰᠠᠶ᠋ᠢᠲᠤᠷ ᠬᠢᠪᠡᠰᠦ ᠵᠣᠬᠢᠬᠤ ᠠᠵᠢᠯ
      (ᠨᠢᠭᠡ) ᠲᠥᠷᠥᠯ ᠵᠦᠢ᠍ᠯ᠎ᠤᠨ ᠪᠠᠷᠢᠯᠭ᠎ᠠ ᠵᠢᠨ ᠬᠤᠭᠤᠴᠠᠭ᠎ᠠ᠂ ᠡᠵᠡᠩᠨᠡᠯᠲᠡ ᠵᠢᠨ ᠬᠤᠭᠤᠴᠠᠭ᠋ᠠᠨ᠎ᠳᠠᠬᠢ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠵᠤ᠂ ᠠᠮᠢ ᠠᠬᠤᠢ ᠵᠢ ᠬᠠᠮᠠᠭ᠋ᠠᠯᠠᠬᠤ ᠪᠠ ᠰᠡᠷᠭᠦᠭᠡᠬᠦ ᠠᠵᠢᠯ᠎ᠢ ᠰᠠᠶ᠋ᠢᠲᠤᠷ ᠬᠢᠨ᠎ᠡ᠃ ᠪᠠᠷᠢᠯᠭ᠎ᠠ ᠪᠠᠷᠢᠬᠤ ᠬᠤᠭᠤᠴᠠᠭ᠋ᠠᠨ᠎ᠳᠤ ᠪᠠᠷᠢᠯᠭ᠎ᠠ ᠪᠠᠷᠢᠬᠤ ᠠᠵᠢᠯᠯᠠᠭ᠎ᠠ ᠵᠢᠨ ᠬᠡᠪᠴᠢᠶ᠎ᠡ ᠵᠢ ᠴᠢᠩᠭ᠎ᠠ ᠬᠢᠵᠠᠭ᠋ᠠᠷᠯᠠᠵᠤ᠂ ᠵᠦᠢ ᠵᠣᠬᠢᠰᠲᠠᠢ ᠪᠠᠢ᠌ᠷᠢᠯᠠᠭᠤᠯᠤᠨ᠂ ᠭᠠᠵᠠᠷ ᠰᠢᠷᠣᠢ ᠵᠢ ᠡᠵᠡᠯᠡᠨ ᠬᠡᠷᠡᠭᠯᠡᠬᠦ ᠪᠠ ᠤᠷᠭᠤᠮᠠᠯ᠎ᠤᠨ ᠬᠤᠴᠢᠯᠭ᠎ᠠ ᠵᠢ ᠡᠪᠳᠡᠬᠦ ᠵᠢ ᠠᠯᠢ ᠴᠢᠳᠠᠬᠤ᠎ᠪᠠᠷ ᠪᠠᠭ᠋ᠠᠰᠬᠠᠬᠤ ᠬᠡᠷᠡᠭᠲᠡᠶ᠃
      (ᠬᠣᠶᠠᠷ) 《ᠮᠡᠳᠡᠭᠦᠯᠦᠯᠲᠡ ᠵᠢᠨ ᠬᠦᠰᠦᠨᠦᠭᠲᠦ》᠎ᠳᠤ ᠳᠤᠷᠠᠳᠤᠭᠰᠠᠨ ᠠᠵᠢᠯᠯᠠᠭ᠋ᠠᠨ᠎ᠤ ᠳᠠᠪᠲᠠᠮᠵᠢ ᠵᠢᠨ ᠴᠠᠬᠢᠯᠭ᠋ᠠᠨ ᠣᠷᠣᠨ᠂  ᠠᠵᠢᠯᠯᠠᠭ᠋ᠠᠨ᠎ᠤ ᠳᠠᠪᠲᠠᠮᠵᠢ ᠵᠢᠨ ᠰᠣᠷᠢᠨᠵᠢᠨ ᠣᠷᠣᠨ᠎ᠤ ᠡᠷᠬᠢᠨ ᠲᠣᠭᠣᠷᠢᠨ᠎ᠤ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡᠯᠡᠯ᠎ᠢ ᠡᠵᠡᠮᠳᠡᠬᠦ ᠪᠠ ᠰᠠᠢ᠌ᠵᠢᠷᠠᠭᠤᠯᠬᠤ ᠠᠷᠭ᠎ᠠ ᠬᠡᠮᠵᠢᠶ᠎ᠡ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠬᠢᠨᠠᠨ ᠬᠡᠮᠵᠢᠭᠰᠡᠨ ᠬᠡᠮᠵᠢᠭᠳᠡᠯ᠎ᠨᠢ 《ᠴᠠᠬᠢᠯᠭ᠋ᠠᠨ ᠰᠣᠷᠢᠨᠵᠢᠨ᠎ᠤ ᠣᠷᠴᠢᠨ ᠲᠣᠭᠣᠷᠢᠨ᠎ᠢ ᠡᠵᠡᠮᠳᠡᠬᠦ ᠬᠢᠵᠠᠭ᠋ᠠᠷ ᠬᠡᠮᠵᠢᠭᠳᠡᠯ》 (GB8702 — 2014)᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠶ᠋ᠢᠬᠤ ᠬᠡᠷᠡᠭᠲᠡᠶ᠃
      (ᠭᠤᠷᠪᠠ) ᠲᠥᠷᠥᠯ ᠵᠦᠢ᠍ᠯ᠎ᠤᠨ ᠪᠠᠷᠢᠯᠭ᠎ᠠ ᠵᠢᠨ ᠬᠤᠭᠤᠴᠠᠭ᠎ᠠ ᠵᠢᠴᠢ ᠠᠵᠢᠯᠯᠠᠭ᠋ᠠᠨ᠎ᠤ ᠬᠤᠭᠤᠴᠠᠭ᠋ᠠᠨ᠎ᠳᠠᠬᠢ ᠱᠤᠤᠭᠢᠶᠠᠨ᠎ᠤ ᠬᠡᠮᠵᠢᠭᠳᠡᠯ ᠵᠢᠴᠢ ᠱᠤᠤᠭᠢᠶᠠᠨ᠎ᠢ ᠰᠡᠷᠭᠡᠢ᠌ᠯᠡᠬᠦ ᠠᠷᠭ᠎ᠠ ᠬᠡᠮᠵᠢᠶ᠎ᠡ᠎ᠨᠢ 《ᠮᠡᠳᠡᠭᠦᠯᠦᠯᠲᠡ ᠵᠢᠨ ᠬᠦᠰᠦᠨᠦᠭᠲᠦ》᠎ᠳᠤ ᠳᠤᠷᠠᠳᠤᠭᠰᠠᠨ ᠱᠠᠭ᠋ᠠᠷᠳᠠᠯᠭ᠎ᠠ ᠵᠢ ᠬᠠᠩᠭ᠋ᠠᠵᠤ᠂ ᠬᠢᠨᠠᠨ ᠬᠡᠮᠵᠢᠭᠰᠡᠨ ᠬᠡᠮᠵᠢᠭᠳᠡᠯ᠎ᠨᠢ ᠤᠯᠤᠰ᠎ᠤᠨ ᠦᠨᠡᠯᠡᠬᠦ ᠪᠠᠷᠢᠮᠵᠢᠶ᠎ᠠ ᠵᠢᠨ ᠬᠢᠵᠠᠭ᠋ᠠᠷ ᠬᠡᠮᠵᠢᠭᠳᠡᠯ᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠶ᠋ᠢᠬᠤ ᠬᠡᠷᠡᠭᠲᠡᠶ᠃
      (ᠳᠥᠷᠪᠡ) ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢ ᠵᠥᠪᠰᠢᠶᠡᠷᠡᠭᠦᠯᠦᠭᠰᠡᠨ᠎ᠤ ᠳᠠᠷᠠᠭ᠎ᠠ᠂ ᠲᠥᠷᠥᠯ ᠵᠦᠢ᠍ᠯ᠎ᠤᠨ ᠰᠢᠨᠵᠢ ᠴᠢᠨᠠᠷ᠂ ᠬᠡᠪᠴᠢᠶ᠎ᠡ᠂ ᠭᠠᠵᠠᠷ ᠣᠷᠣᠨ ᠪᠤᠶᠤ ᠠᠮᠢ ᠠᠬᠤᠢ ᠵᠢᠨ ᠬᠠᠮᠠᠭ᠋ᠠᠯᠠᠯᠲᠠ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠠᠷᠭ᠎ᠠ ᠬᠡᠮᠵᠢᠶ᠎ᠡ᠎ᠳᠤ ᠴᠢᠬᠤᠯᠠ ᠶᠡᠬᠡ ᠬᠤᠪᠢᠷᠠᠯᠲᠠ ᠭᠠᠷᠪᠠᠯ᠂ ᠱᠠᠭ᠋ᠠᠷᠳᠠᠯᠭ᠎ᠠ ᠶᠣᠰᠣᠭ᠋ᠠᠷ ᠳᠠᠬᠢᠵᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃
      ᠳᠥᠷᠪᠡ᠂ ᠪᠦᠲᠦᠭᠡᠨ ᠪᠠᠢ᠌ᠭᠤᠯᠬᠤ ᠨᠢᠭᠡᠴᠢ ᠲᠣᠭᠲᠠᠭᠰᠠᠨ ᠲᠠᠰ ᠳᠠᠷᠠᠭ᠋ᠠᠯᠠᠯ ᠵᠶ᠋ᠠᠷ ᠪᠠᠷᠢᠯᠭ᠎ᠠ ᠳᠠᠭᠤᠰᠤᠭᠰᠠᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠯᠭ᠋ᠠᠨ ᠬᠤᠷᠢᠶᠠᠬᠤ ᠵᠢ ᠪᠡᠶᠡᠯᠡᠭᠦᠯᠦᠭᠰᠡᠨ᠎ᠤ ᠳᠠᠷᠠᠭ᠎ᠠ᠂ ᠲᠥᠷᠥᠯ ᠵᠦᠢ᠍ᠯ᠎ᠢ ᠰᠠᠶᠢ ᠵᠢᠩᠬᠢᠨᠢ᠎ᠪᠠᠷ ᠠᠰᠢᠭᠯᠠᠯᠲᠠ᠎ᠳᠤ ᠣᠷᠣᠭᠤᠯᠵᠤ ᠪᠣᠯᠣᠨ᠎ᠠ᠃
      ᠲᠠᠪᠤ᠂ ᠮᠠᠨ᠎ᠤ ᠲᠢᠩᠬᠢᠮ᠎ᠠᠴᠠ ᠪᠠᠶᠠᠨᠨᠠᠭᠤᠷ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠳᠤ ᠨᠠᠶ᠋ᠢᠳᠠᠵᠤ ᠲᠤᠰ ᠲᠥᠷᠥᠯ ᠵᠦᠢ᠍ᠯ᠎ᠤᠨ ᠪᠠᠷᠢᠯᠭ᠎ᠠ ᠵᠢᠨ ᠬᠤᠭᠤᠴᠠᠭ᠋ᠠᠨ᠎ᠳᠤ ᠬᠢᠨᠠᠯᠲᠠ ᠲᠠᠯᠪᠢᠵᠤ ᠪᠠᠢ᠌ᠴᠠᠭ᠋ᠠᠬᠤ ᠠᠵᠢᠯ᠎ᠢ ᠬᠠᠷᠢᠭᠤᠴᠠᠭᠤᠯᠤᠨ᠎ᠠ᠃
          ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ
                        2024 ᠣᠨ᠎ᠤ 8 ᠰᠠᠷ᠎ᠠ ᠵᠢᠨ 21᠎ᠤ ᠡᠳᠦᠷ

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号